ᠣᠷᠤᠭ ᠢ ᠬᠦᠴᠦᠨ ᠦᠭᠡᠢ ᠪᠣᠯᠭᠠᠬᠤ ᠨᠥᠬᠦᠴᠡᠯ
ᠨᠡᠶᠢᠲᠡᠯᠡᠭᠰᠡᠨ ᠴᠠᠭ᠄
2017/11/23
    ᠨᠢᠭᠡ᠂ ᠤᠷᠤᠭ ᠳᠠᠩᠰᠠᠯᠠᠬᠤ ᠭᠠᠵᠠᠷ ᠬᠠᠷᠢᠶᠠᠯᠠᠬᠤ ᠡᠷᠬᠡ ᠲᠠᠢ︔     ᠬᠤᠶᠠᠷ᠂ ᠠᠯᠪᠠᠳᠠᠭᠳᠠᠨ ᠰᠦᠷᠳᠡᠭᠦᠯᠦᠭᠳᠡᠭᠰᠡᠨ ᠨᠢᠭᠡ ᠡᠲᠡᠭᠡᠳ ᠨᠢ ᠨᠥᠭᠦᠭᠡ ᠡᠲᠡᠭᠡᠳ ᠲᠠᠢ ᠪᠠᠨ ᠬᠠᠮᠲᠤ ᠤᠷᠤᠭ ᠳᠠᠩᠰᠠᠯᠠᠬᠤ ᠪᠠᠶᠢᠭᠤᠯᠭ᠎ᠠ ᠳᠤ ᠬᠦᠷᠴᠦ ᠬᠤᠶᠠᠷ ᠲᠠᠯ᠎ᠠ ᠶᠢᠨ ᠦᠷ᠎ᠡ ᠬᠡᠦᠬᠡᠳ ᠢᠶᠠᠨ ᠠᠷᠠᠴᠢᠯᠠᠨ ᠲᠡᠵᠢᠭᠡᠬᠦ᠂ ᠡᠳ᠋ ᠬᠤᠭᠰᠢᠯ ᠪᠣᠯᠣᠨ ᠦᠷᠢ ᠰᠢᠷᠢ ᠶᠢᠨ ᠠᠰᠠᠭᠤᠳᠠᠯ ᠦᠭᠡᠢ ᠶᠢᠨ ᠢᠯᠡᠷᠬᠡᠶᠢᠯᠡᠯᠲᠡ ᠳᠤ ᠭᠠᠷ ᠤᠨ ᠦᠰᠦᠭ ᠵᠢᠷᠤᠨ᠎ᠠ     ᠭᠤᠷᠪᠡ᠂ ᠭᠤᠶᠤᠴᠢᠯᠠᠬᠤ ᠴᠠᠭ ᠬᠤᠭᠤᠴᠠᠭᠠᠨ ᠤ ᠵᠠᠢ ᠶᠢ ᠣᠷᠤᠭ ᠳᠠᠩᠰᠠᠯᠠᠭᠤᠯᠤᠭᠰᠠᠨ ᠡᠳᠦᠷ ᠪᠣᠶᠤ ᠠᠯᠪᠠᠳᠠᠭᠳᠠᠨ ᠰᠦᠷᠳᠡᠭᠦᠯᠦᠭᠳᠡᠭᠰᠡᠨ ᠡᠲᠡᠬᠡᠳ ᠤᠨ ᠪᠡᠶ᠎ᠡ ᠶᠢᠨ ᠡᠷᠬᠡ ᠴᠢᠯᠦᠭᠡ ᠶᠢ ᠰᠡᠷᠭᠦᠭᠡᠭᠰᠡᠨ ᠡᠳᠦᠷ ᠠᠴᠠ 1 ᠵᠢᠯ ᠢ ᠳᠠᠪᠠᠭᠤᠯᠬᠤ ᠦᠭᠡᠢ︔     ᠳᠥᠷᠪᠡ᠂ ᠣᠷᠤᠭ ᠢ ᠬᠦᠴᠦᠨ ᠦᠭᠡᠢ ᠪᠣᠯᠭᠠᠬᠤ ᠶᠢ ᠭᠤᠶᠣᠴᠢᠯᠠᠭᠰᠠᠨ ᠲᠤᠬᠠᠶᠢᠲᠠᠢ ᠬᠥᠮᠦᠨ ᠳᠤ ᠪᠠᠶᠢᠪᠠᠰᠦ ᠵᠣᠬᠢᠬᠤ ᠵᠦᠢᠯ      ︵ᠨᠢᠭᠡ︶ ᠲᠣᠰ ᠬᠥᠮᠦᠨ ᠤ ᠪᠡᠶ᠎ᠡ ᠶᠢᠨ ᠦᠨᠡᠮᠯᠡᠯ᠂ ᠤᠷᠤᠭᠯᠠᠭᠰᠠᠨ ᠦᠨᠡᠮᠯᠡᠯ︔      ︵ᠬᠤᠶᠠᠷ︶ ᠣᠷᠤᠭ ᠢ ᠬᠦᠴᠦᠨ ᠦᠭᠡᠢ ᠪᠣᠯᠭᠠᠬᠤ ᠶᠢ ᠱᠠᠭᠠᠷᠳᠠᠭᠰᠠᠨ ᠪᠢᠴᠢᠭᠯᠡᠭᠰᠡᠨ ᠭᠤᠶᠤᠴᠢᠯᠠᠯ︔      ︵ᠭᠤᠷᠪᠡ︶ ᠲᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ ᠥᠭᠭᠦᠭᠰᠡᠨ ᠲᠤᠬᠠᠶᠢᠲᠠᠢ ᠬᠥᠮᠦᠨ ᠤ ᠮᠡᠬᠡᠯᠡᠭᠳᠡᠨ ᠬᠤᠳᠠᠯᠳᠤᠭᠳᠠᠭᠰᠠᠨ᠂ ᠠᠪᠤᠷᠠᠭᠳᠠᠭᠰᠠᠨ ᠭᠡᠷᠡᠴᠢ᠂ ᠡᠰᠡᠭᠦᠯ᠎ᠡ ᠠᠷᠠᠳ ᠤᠨ ᠰᠢᠭᠦᠬᠦ ᠬᠤᠷᠢᠶ᠎ᠠ ᠶᠢᠨ ᠬᠢᠭᠰᠡᠨ ᠲᠤᠬᠠᠶᠢᠲᠠᠢ ᠬᠥᠮᠦᠨ ᠤ ᠠᠯᠪᠠᠳᠠᠭᠳᠠᠨ ᠰᠦᠷᠳᠡᠭᠦᠯᠦᠭᠳᠡᠭᠡᠳ ᠤᠷᠤᠭᠯᠠᠭᠰᠠᠨ ᠭᠡᠳᠡᠭ ᠢ ᠭᠡᠷᠡᠴᠢᠯᠡᠵᠦ ᠳᠡᠶᠢᠯᠬᠦ ᠲᠠᠰᠤᠯᠤᠯᠲᠠ ᠶᠢᠨ ᠪᠢᠴᠢᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1