ᠤᠷᠤᠭ ᠢ ᠬᠦᠴᠦᠨ ᠦᠭᠡᠢ ᠪᠣᠯᠭᠠᠬᠤ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2017/11/23
      ᠨᠢᠭᠡ᠂ ᠤᠷᠤᠭ ᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠨᠥᠬᠦᠴᠡᠯ ᠳᠤ ᠲᠣᠭᠲᠠᠭᠠᠭᠰᠠᠨ ᠭᠡᠷᠡᠴᠢ ᠪᠢᠴᠢᠭ ᠪᠠ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠰᠢᠯᠭᠠᠨ᠎ᠠ︔      ᠬᠤᠶᠠᠷ᠂ ᠲᠤᠬᠠᠶᠢᠲᠠᠢ ᠬᠥᠮᠦᠨ ᠨᠢ ᠤᠷᠤᠭ ᠳᠠᠩᠰᠠᠯᠠᠭᠴᠢ ᠶᠢᠨ ᠳᠡᠷᠭᠡᠳᠡ ︽ᠤᠷᠤᠭ ᠢ ᠬᠦᠴᠦᠨ ᠦᠭᠡᠢ ᠪᠣᠯᠭᠠᠬᠤ ᠭᠤᠶᠤᠴᠢᠯᠠᠯ ᠤᠨ ᠪᠢᠴᠢᠭ︾᠎ ᠢ ᠪᠡᠶ᠎ᠡ ᠪᠠᠷ ᠢᠶᠠᠨ ᠲᠠᠭᠯᠠᠨ ᠪᠢᠴᠢᠨ᠎ᠡ︔ ᠬᠤᠶᠠᠷ ᠲᠠᠯ᠎ᠠ ᠶᠢᠨ ᠲᠤᠬᠠᠶᠢᠲᠠᠢ ᠬᠥᠮᠦᠨ ᠨᠢ ︽ᠢᠯᠡᠷᠬᠡᠶᠢᠯᠡᠭᠴᠢ︾ ᠭᠡᠰᠡᠨ ᠬᠦᠰᠥᠨᠥᠭ ᠲᠤ ᠭᠠᠷ ᠤᠨ ᠦᠰᠦᠭ ᠵᠢᠷᠤᠨ᠎ᠠ᠃      ᠭᠤᠷᠪᠠ᠂ ᠲᠤᠬᠠᠶᠢᠲᠠᠢ ᠬᠥᠮᠦᠨ ᠥᠪᠡᠷ ᠤᠨ ᠭᠤᠶᠤᠴᠢᠯᠠᠯ ᠤᠨ ᠪᠢᠴᠢᠭ ᠢᠶᠠᠨ ᠵᠠᠷᠯᠠᠨ ᠤᠩᠰᠢᠵᠦ᠂ ᠤᠷᠤᠭ ᠳᠠᠩᠰᠠᠯᠠᠭᠴᠢ ᠠᠨᠳᠠᠭᠠᠢ ᠬᠢᠨᠠᠬᠴᠢ ᠪᠣᠯᠬᠤ ᠶᠢᠨ ᠬᠠᠮᠲᠦ ᠠᠨᠳᠠᠭᠠᠢ ᠬᠢᠨᠠᠬᠴᠢ ᠭᠡᠰᠡᠨ ᠬᠥᠰᠥᠨᠥᠭ ᠲᠤ ᠭᠠᠷ ᠤᠨ ᠦᠰᠦᠭ ᠵᠢᠷᠤᠨ᠎ᠠ᠃      ᠳᠥᠷᠪᠡ᠂ ᠤᠷᠤᠭ ᠳᠠᠠᠩᠰᠠᠯᠠᠬᠤ ᠭᠠᠵᠠᠷ ︽× × × ᠪᠣᠯᠣᠨ × × ×᠎ ᠤ ᠤᠷᠤᠭ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾᠎ ᠢ ᠲᠤᠭᠤᠷᠪᠢᠨ ᠪᠢᠴᠢᠭᠡᠳ ᠬᠠᠷᠢᠶ᠎ᠡ ᠪᠦᠬᠦᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠣᠶᠤ ᠰᠢᠶᠠᠩ ︵ᠪᠠᠯᠭᠠᠰᠤ︶᠎ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ︔ ᠬᠦᠴᠦᠨ ᠦᠭᠡᠢ ᠪᠣᠯᠭᠠᠬᠤ ᠨᠥᠬᠦᠴᠡᠯ ᠳᠤ ᠨᠡᠶᠢᠴᠡᠬᠦ ᠶᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠣᠶᠤ ᠰᠢᠶᠠᠩ ︵ᠪᠠᠯᠭᠠᠰᠤ︶᠎ ᠤᠨ ᠠᠷᠠᠳ ᠤᠨ ᠵᠠᠰᠠᠭ ᠤᠨ ᠣᠷᠳᠣᠨ ᠵᠦᠪᠰᠢᠶᠡᠷᠡᠬᠦ ᠬᠡᠷᠡᠭᠲᠡᠢ ᠪᠥᠭᠡᠳ ᠬᠦᠴᠦᠨ ᠦᠭᠡᠢ ᠪᠣᠯᠭᠠᠬᠤ ᠲᠣᠭᠲᠠᠭᠠᠯ ᠢ ᠳᠠᠷᠤᠮᠠᠯᠯᠠᠨ ᠲᠠᠷᠬᠠᠭᠠᠨ᠎ᠠ᠃       ᠲᠠᠪᠤ᠂ ᠤᠷᠤᠭ ᠳᠠᠩᠰᠠᠯᠠᠬᠤ ᠭᠠᠵᠠᠷ ︽× × × ᠪᠣᠯᠣᠨ × × ×᠎ ᠤ ᠤᠷᠤᠭ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾᠎ ᠢ ᠲᠤᠬᠠᠶᠢᠲᠠᠢ ᠬᠥᠮᠦᠨ ᠬᠤᠶᠠᠷ ᠲᠠᠯ᠎ᠠ ᠳᠤ ᠬᠦᠷᠭᠡᠵᠦ ᠦᠭᠬᠦ ᠬᠡᠷᠡᠭᠲᠡᠢ ᠪᠥᠭᠡᠳ ᠣᠷᠤᠭ ᠳᠠᠩᠰᠠᠯᠠᠭᠰᠠᠨ ᠠᠯᠪᠠᠨ ᠵᠠᠷ ᠤᠨ ᠪᠣᠯᠣᠩ ᠳᠤ 30 ᠡᠳᠦᠷ ᠵᠠᠷᠯᠠᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1