| | ᠦᠨᠳᠦᠰᠦᠯᠡᠯ | 1. ︽ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ︾ ︵ | ᠬᠦᠳᠡᠯᠮᠦᠷᠢ ᠨᠡᠶᠢᠭᠡᠮ ᠶᠠᠮᠤᠨ ᠲᠠᠷᠬᠠᠭᠠᠭᠰᠠᠨ ﹇1999﹈ 14 ᠳ᠋ᠤᠭᠡᠷ ᠲᠤᠭᠠᠲᠤ︶︔ | 2. ︽ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠪᠤᠨ ᠠᠵᠢᠯ ᠤᠨ ᠲᠦᠰᠦᠯ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ︵ᠦᠪᠦᠷ ᠬᠦᠮᠦᠨ ᠨᠡᠶᠢᠭᠡᠮ ᠲᠠᠷᠬᠠᠭᠠᠭᠰᠠᠨ ︵2012︶ 43 ᠳ᠋ᠤᠭᠠᠷ ᠲᠤᠭᠠᠲᠤ︶︔ | ᠬᠦᠯᠢᠶᠡᠨ ᠠᠪᠬᠤ ᠨᠦᠬᠦᠴᠡᠯ᠄ | 1. ᠤᠷᠤᠨ ᠨᠤᠲᠤᠭ ᠤᠨ ᠡᠮᠴᠢᠯᠡᠭᠡᠨ ᠤ ᠪᠠᠶᠢᠭᠤᠯᠤᠮᠵᠢ ᠶᠢᠨ ᠲᠤᠬᠢᠷᠠᠭᠤᠯᠭ᠎ᠠ ᠶᠢᠨ ᠲᠦᠯᠦᠪᠯᠡᠭᠡ ᠳᠤ | ᠨᠡᠶᠢᠴᠡᠭᠰᠡᠨ ᠪᠠᠶᠢᠬᠤ︔ | 2. ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠤᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔ | 3. ᠤᠯᠤᠰ ᠤᠨ ᠡᠮᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠬᠠᠤᠯᠢ ᠴᠠᠭᠠᠵᠠ᠂ | ᠬᠠᠤᠯᠢ ᠲᠤᠭᠲᠠᠭᠠᠯ ᠪᠠ ᠪᠠᠷᠢᠮᠵᠢᠶ᠎ᠠ ᠶᠢ ᠵᠢᠷᠤᠮᠯᠠᠵᠤ᠂ ᠪᠦᠷᠢᠨ ᠲᠡᠭᠦᠯᠳᠡᠷ ᠡᠮᠴᠢᠯᠡᠭᠡ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠳᠦᠷᠢᠮ ᠲᠠᠢ ᠪᠠᠶᠢᠬᠤ︔ | 4. ᠤᠯᠤᠰ᠂ ᠦᠪᠡᠷᠲᠡᠭᠡᠨ ᠵᠠᠰᠠᠬᠤ ᠤᠷᠤᠨ ᠤ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠤᠨ | ᠲᠤᠭᠲᠠᠭᠠᠭᠰᠠᠨ ᠡᠮᠴᠢᠯᠡᠭᠡ ᠶᠢᠨ ᠦᠢᠯᠡᠴᠢᠯᠡᠭᠡᠨ ᠪᠤᠯᠤᠨ ᠡᠮ ᠤᠨ ᠵᠦᠢᠯ ᠤᠨ ᠦᠨ᠎ᠡ ᠶᠢᠨ ᠲᠦᠷᠦ ᠶᠢᠨ | ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠢᠶᠠᠷ ᠬᠢᠨᠠᠭᠤᠯᠵᠤ | ᠪᠠᠶᠢᠴᠠᠭᠠᠯᠭᠠᠭᠠᠳ ᠬᠢᠷᠢ ᠳᠤ ᠳᠡᠩᠴᠡᠭᠰᠡᠨ ᠪᠠᠶᠢᠬᠤ︔ | 5. ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠳᠦᠷᠢᠮ ᠤᠨ | ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠭᠲᠠᠭᠠᠯ ᠢ ᠴᠢᠩᠭ᠎ᠠ ᠬᠡᠷᠡᠭᠵᠢᠬᠦᠯᠵᠤ᠂ ᠦᠨᠳᠦᠰᠦᠨ | ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠯᠤᠭ᠎ᠠ ᠵᠤᠬᠢᠴᠠᠭᠰᠠᠨ ᠳᠤᠲᠤᠭᠠᠲᠤ ᠬᠠᠮᠢᠶᠠᠷᠤᠯᠲᠠ ᠶᠢᠨ ᠳᠦᠷᠢᠮ ᠢ | ᠲᠤᠭᠲᠠᠭᠠᠨ᠂ ᠬᠡᠷᠡᠭᠴᠡᠭᠡ ᠪᠦᠬᠦᠢ ᠬᠠᠮᠢᠶᠠᠷᠤᠯᠲᠠ ᠶᠢᠨ ᠠᠵᠢᠯᠲᠠᠨ ᠪᠠ ᠪᠡᠯᠡᠳᠭᠡᠮᠵᠢ ᠶᠢ ᠲᠤᠬᠢᠷᠠᠭᠤᠯᠤᠭᠰᠠᠨ ᠪᠠᠶᠢᠬᠤ᠃ | | ᠭᠤᠶᠤᠴᠢᠯᠠᠬᠤ ᠮᠠᠲ᠋ᠧᠷᠢᠶᠠᠯ᠄ | 1. ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠠᠵᠢᠯᠲᠠᠨ | ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ | ᠭᠤᠶᠤᠴᠢᠯᠠᠯ ᠤᠨ ᠪᠢᠴᠢᠭ︾︔ | 2. ᠠᠵᠢᠯ ᠡᠷᠬᠢᠯᠡᠬᠦ ᠵᠦᠪᠰᠢᠶᠡᠷᠡᠯ ᠤᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ︔ | 3. ᠲᠤᠮᠤ ᠬᠡᠯᠪᠡᠷᠢ ᠶᠢᠨ ᠡᠮᠴᠢᠯᠡᠭᠡᠨ ᠤ ᠬᠡᠮᠵᠢᠭᠦᠷᠯᠢᠭ ᠪᠡᠯᠡᠳᠭᠡᠮᠵᠢ ᠶᠢᠨ ᠨᠠᠷᠢᠨ ᠳᠠᠩᠰᠠ︔ | 4. ᠳᠡᠭᠡᠷ᠎ᠡ ᠨᠢᠭᠡ ᠵᠢᠯ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠪᠠ ᠡᠭᠦᠳᠡᠨ | ᠡᠮᠨᠡᠯᠭᠡ᠂ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠦᠢᠯᠡᠴᠢᠯᠡᠭᠡᠨ ᠤ ᠬᠡᠮᠵᠢᠶ᠎ᠡ ︵ᠡᠬᠦᠨ ᠳᠤ ᠡᠬᠦᠳᠡᠨ ᠡᠮᠨᠡᠯᠭᠡ ᠳᠤ | ᠡᠮᠨᠡᠭᠦᠯᠦᠭᠰᠡᠨ ᠬᠦᠮᠦᠨ ᠤᠳᠠᠭ᠎ᠠ᠂ ᠤᠳᠠᠭ᠎ᠠ ᠪᠦᠷᠢ ᠶᠢᠨ ᠳᠤᠮᠳᠠᠴᠢ ᠡᠮ ᠡᠮᠨᠡᠯᠬᠡ ᠶᠢᠨ ᠵᠠᠷᠤᠳᠠᠯ᠂ ᠡᠮᠨᠡᠯᠭᠡ ᠳᠤ | ᠰᠠᠭᠤᠭᠰᠠᠨ ᠬᠦᠮᠦᠨ ᠤ ᠲᠤᠭ᠎ᠠ᠂ ᠡᠮᠨᠡᠯᠭᠡ ᠳᠤ ᠰᠠᠭᠤᠭᠰᠠᠨ ᠳᠤᠮᠳᠠᠴᠢ ᠡᠳᠦᠷ᠂ ᠤᠳᠠᠭ᠎ᠠ ᠪᠦᠷᠢ ᠶᠢᠨ ᠡᠮᠨᠡᠯᠭᠡ ᠳᠤ | ᠰᠠᠭᠤᠭᠰᠠᠨ ᠳᠤᠮᠳᠠᠴᠢ ᠡᠮ ᠡᠮᠨᠡᠯᠭᠡ ᠶᠢᠨ ᠵᠠᠷᠤᠳᠠᠯ᠂ ᠡᠳᠦᠷ ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠡᠮ | ᠡᠮᠨᠡᠯᠬᠡ ᠶᠢᠨ ᠵᠠᠷᠤᠳᠠᠯ ᠵᠡᠷᠭᠡ ᠪᠠᠭᠲᠠᠨ᠎ᠠ︶᠂ ᠬᠢᠭᠡᠳ ᠦᠨᠳᠦᠰᠦᠨ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡ | ᠳᠠᠭᠠᠭᠠᠴᠢᠯᠠᠬᠤ ᠴᠢᠳᠠᠪᠤᠷᠢ︔ | 5. ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠤᠭᠳᠠᠭᠠᠬᠤ ᠪᠠᠷᠢᠮᠵᠢᠶ᠎ᠠ ᠳᠤ ᠨᠡᠶᠢᠴᠡᠭᠰᠡᠨ ᠬᠡᠷᠡᠴᠢ | ᠮᠠᠲ᠋ᠧᠷᠢᠶᠠᠯ ᠤᠨ ᠬᠠᠭᠤᠯᠪᠤᠷᠢ︔ | 6. ᠡᠮ ᠤᠨ ᠵᠦᠢᠯ ᠳᠠᠬᠢ ᠬᠢᠨᠠᠯᠲᠠ ᠬᠠᠮᠢᠶᠠᠷᠤᠯᠲᠠ ᠪᠠ ᠪᠠᠷᠠᠭ᠎ᠠ ᠶᠢᠨ ᠦᠨ᠎ᠡ ᠶᠢᠨ ᠰᠠᠯᠠᠭ᠎ᠠ ᠮᠦᠴᠢᠷ ᠤᠨ | ᠬᠢᠨᠠᠨ ᠪᠠᠶᠢᠴᠠᠭᠠᠯᠳᠠ ᠳᠤ ᠬᠢᠷᠢ ᠳᠤ ᠲᠡᠩᠴᠡᠭᠰᠡᠨ ᠬᠡᠷᠡᠴᠢ ᠮᠠᠲ᠋ᠧᠷᠢᠶᠠᠯ︔ | 7. ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠤᠨ ᠲᠤᠭᠲᠠᠭᠠᠭᠰᠠᠨ ᠪᠤᠰᠤᠳ ᠮᠠᠲ᠋ᠧᠷᠢᠶᠠᠯ︔ | ᠬᠦᠢᠴᠡᠳᠭᠡᠬᠦ ᠴᠤᠪᠤᠷᠠᠯ᠄ 1. ᠬᠦᠢᠴᠡᠳᠭᠡᠬᠦ ᠴᠠᠭ ᠬᠤᠭᠤᠴᠠᠭ᠎ᠠ᠄ ᠦᠪᠡᠷᠲᠡᠭᠡᠨ ᠵᠠᠰᠠᠬᠤ ᠤᠷᠤᠨ ᠤ ᠲᠤᠰ | ᠱᠠᠲᠤᠨ ᠤ ᠴᠢᠭ᠋ ᠢᠶᠠᠷ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠢᠭ᠋ ᠢᠶᠠᠷ ᠲᠤᠭᠲᠠᠭᠠᠭᠰᠠᠨ ᠬᠢᠷᠢ ᠬᠡᠮ ᠤᠨ | ᠪᠠᠶᠢᠭᠤᠯᠤᠮᠵᠢ ᠨᠢ ᠵᠢᠯ ᠪᠦᠷᠢ ᠶᠢᠨ ᠨᠢᠭᠡ᠂ ᠬᠤᠶᠠᠷ᠂ ᠭᠤᠷᠪᠠᠳᠤᠭᠠᠷ ᠤᠯᠠᠷᠢᠯ ᠳᠤ ᠲᠤᠰ ᠪᠦᠷᠢ ᠨᠢᠭᠡ ᠤᠳᠠᠭ᠎ᠠ | ᠭᠤᠶᠤᠴᠢᠯᠠᠨ ᠮᠡᠳᠡᠭᠦᠯᠵᠤ ᠬᠦᠢᠴᠡᠳᠭᠡᠨ᠎ᠡ᠃ 2. ᠪᠠᠶᠢᠭᠤᠯᠭ᠎ᠠ ᠨᠢᠭᠡᠴᠡ ᠭᠤᠶᠤᠴᠢᠯᠠᠬᠤ᠄ ᠡᠮᠴᠢᠯᠡᠭᠡᠨ ᠤ | ᠪᠠᠶᠢᠭᠤᠯᠤᠮᠵᠢ ᠭᠤᠶᠤᠴᠢᠯᠠᠯ ᠭᠠᠷᠭᠠᠵᠦ᠂ ᠬᠠᠮᠢᠶ᠎ᠠ ᠪᠦᠬᠦᠢ ᠮᠠᠲ᠋ᠧᠷᠢᠶᠠᠯ ᠢ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠡᠮᠨᠡᠯᠭᠡ ᠶᠢᠨ ᠳᠠᠭᠠᠳᠬᠠᠯ ᠤᠨ ᠭᠠᠵᠠᠷ ᠲᠤ ᠲᠤᠰᠢᠶᠠᠨ᠎ᠠ︔ 3. | ᠮᠠᠲ᠋ᠧᠷᠢᠶᠠᠯ ᠢ ᠬᠦᠯᠢᠶᠡᠨ ᠠᠪᠬᠤ᠄ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠡᠮᠨᠡᠯᠭᠡ ᠶᠢᠨ ᠳᠠᠭᠠᠳᠬᠠᠯ ᠤᠨ ᠭᠠᠵᠠᠷ ᠤᠨ ᠠᠵᠢᠯᠲᠠᠨ ᠭᠤᠶᠤᠴᠢᠯᠠᠯ ᠤᠨ ᠮᠠᠲ᠋ᠧᠷᠢᠶᠠᠯ ᠢ ᠪᠠᠶᠢᠴᠠᠭᠠᠵᠤ᠂ | ᠮᠠᠲ᠋ᠧᠷᠢᠶᠠᠯ ᠨᠢ ᠪᠦᠷᠢᠨ ᠬᠦᠢᠴᠡᠳ ᠪᠠᠶᠢᠪᠠᠯ ᠮᠠᠲ᠋ᠧᠷᠢᠶᠠᠯ ᠢ ᠨᠢ ᠬᠦᠯᠢᠶᠡᠨ ᠠᠪᠤᠨ᠎ᠠ︔ 4. ᠬᠢᠷᠢ ᠬᠡᠮ ᠢ ᠠᠩᠬ᠎ᠠ | ᠬᠢᠨᠠᠬᠤ᠄ ︽ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠬᠦᠯᠬᠦ ᠠᠷᠭ᠎ᠠ︾ ︵ | ᠬᠦᠳᠡᠯᠮᠦᠷᠢ ᠨᠡᠶᠢᠭᠡᠮ ᠶᠠᠮᠤᠨ ᠲᠠᠷᠬᠠᠭᠠᠭᠰᠠᠨ ﹇1999﹈ 14 ᠳ᠋ᠤᠭᠡᠷ ᠲᠤᠭᠠᠲᠤ︶ ᠤᠨ ᠱᠠᠭᠠᠷᠳᠠᠯᠭ᠎ᠠ ᠶᠤᠰᠤᠭᠠᠷ᠂ | ᠭᠤᠶᠤᠴᠢᠯᠠᠯ ᠭᠠᠷᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠩᠬ᠎ᠠ ᠬᠢᠨᠠᠯᠲᠠ ᠬᠢᠵᠦ᠂ ᠱᠠᠭᠠᠷᠳᠠᠯᠭ᠎ᠠ ᠳᠤ ᠨᠡᠶᠢᠴᠡᠬᠦ | ᠦᠭᠡᠢ ᠶᠢ ᠨᠢ ᠳᠠᠬᠢᠨ ᠲᠠᠭᠯᠠᠭᠤᠯᠤᠨ᠎ᠠ᠃ ᠡᠭᠦᠨ ᠤ ᠬᠠᠮᠲᠤ ᠲᠤᠰᠬᠠᠢ ᠬᠦᠮᠦᠨ ᠲᠤᠮᠢᠯᠡᠵᠤ ᠭᠤᠶᠤᠴᠢᠯᠠᠨ | ᠮᠡᠳᠡᠭᠦᠯᠦᠭᠰᠡᠨ ᠪᠠᠶᠢᠭᠤᠯᠤᠮᠵᠢ ᠶᠢᠨ ᠲᠤᠬᠠᠢ ᠶᠢᠨ ᠭᠠᠵᠠᠷ ᠲᠤ ᠤᠴᠢᠭᠤᠯᠵᠦ᠂ ᠭᠤᠶᠤᠴᠢᠯᠠᠨ ᠮᠡᠳᠡᠭᠦᠯᠦᠭᠰᠡᠨ | ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠪᠠ ᠭᠤᠶᠤᠴᠢᠯᠠᠨ ᠮᠡᠳᠡᠭᠦᠯᠦᠭᠰᠡᠨ ᠪᠠᠶᠢᠭᠤᠯᠤᠮᠵᠢ ᠶᠢᠨ ᠦᠢᠯᠡᠴᠢᠯᠡᠭᠡᠨ ᠤ | ᠴᠢᠳᠠᠪᠤᠷᠢ ᠵᠡᠷᠭᠡ ᠠᠭᠤᠯᠭ᠎ᠠ ᠶᠢ ᠬᠢᠨᠠᠨ ᠪᠠᠶᠢᠴᠠᠭᠠᠯᠭᠠᠨ᠎ᠠ᠃ ᠲᠤᠬᠠᠢ ᠶᠢᠨ ᠭᠠᠵᠠᠷ ᠲᠤ ᠬᠦᠷᠴᠤ ᠬᠢᠨᠠᠨ ᠪᠠᠶᠢᠴᠠᠭᠠᠬᠤ | ᠠᠵᠢᠯᠲᠠᠨ ᠠᠳᠠᠭ ᠪᠠᠭ᠎ᠠ ᠳᠠᠭᠠᠨ 2 ᠬᠦᠮᠦᠨ ᠪᠠᠶᠢᠵᠤ᠂ ᠵᠢᠯ ᠪᠦᠷᠢ ᠶᠢᠨ 2᠂ 5᠂ 8 ᠳ᠋ᠤᠭᠠᠷ ᠰᠠᠷ᠎ᠠ ᠳᠤ ᠬᠢᠨᠠᠨ | ᠪᠠᠶᠢᠴᠠᠭᠠᠨ᠎ᠠ᠃ 5. ᠬᠢᠨᠠᠨ ᠵᠦᠪᠰᠢᠶᠡᠷᠡᠬᠦ᠄ ᠴᠢᠭ᠋ ᠢᠶᠠᠷ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠲᠤᠬᠠᠢ ᠶᠢᠨ ᠭᠠᠵᠠᠷ ᠲᠤᠨᠢ ᠬᠢᠨᠠᠨ | ᠪᠠᠶᠢᠴᠠᠭᠠᠭᠰᠠᠨ ᠤ ᠰᠡᠭᠦᠯᠡᠷ᠂ ᠭᠠᠵᠠᠷ ᠤᠨ ᠶᠠᠪᠤᠳᠠᠯ ᠤᠨ ᠬᠤᠷᠠᠯ ᠬᠢᠵᠦ᠂ ᠴᠢᠭ᠋ ᠢᠶᠠᠷ ᠲᠤᠭᠲᠠᠭᠠᠭᠰᠠᠨ ᠬᠢᠷᠢ | ᠬᠡᠮ ᠤᠨ ᠪᠠᠶᠢᠭᠤᠯᠤᠮᠵᠢ ᠶᠢᠨ ᠭᠤᠶᠤᠴᠢᠯᠠᠯ ᠢ ᠬᠢᠨᠠᠨ ᠬᠠᠷᠭᠤᠭᠤᠯᠤᠭᠰᠠᠨ᠂ ᠲᠤᠬᠠᠢ ᠶᠢᠨ ᠭᠠᠵᠠᠷ ᠲᠤᠨᠢ ᠬᠢᠨᠠᠨ | ᠪᠠᠶᠢᠴᠠᠭᠠᠭᠰᠠᠨ ᠦᠷ᠎ᠡ ᠳ᠋ᠦᠡᠭ ᠢ ᠰᠤᠳᠤᠯᠵᠤ᠂ ᠪᠠᠳᠤᠯᠠᠭᠰᠠᠨ ᠨᠡᠷᠡᠰ ᠢ ᠭᠠᠷᠭᠠᠵᠦ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠳᠤ ᠮᠡᠳᠡᠭᠦᠯᠵᠤ ᠬᠢᠨᠠᠨ ᠵᠦᠪᠰᠢᠶᠡᠷᠡᠭᠦᠯᠦᠨ᠎ᠡ᠃ 6. ᠨᠡᠶᠢᠲᠡ ᠳᠤ ᠵᠠᠷᠯᠠᠬᠤ ᠪᠠ ᠫᠠᠶᠢᠰᠠ | ᠢᠯᠡᠷᠬᠡᠶᠢᠯᠡᠯ ᠤᠯᠭᠤᠬᠤ᠄ ᠪᠠᠳᠤᠯᠠᠭᠳᠠᠭᠰᠠᠨ ᠨᠡᠷᠡᠰ ᠢ ᠨᠡᠶᠢᠭᠡᠮ ᠨᠡᠶᠢᠲᠡ ᠳᠤ 5 ᠠᠵᠢᠯᠯᠠᠬᠤ ᠡᠳᠦᠷ ᠨᠡᠶᠢᠳᠡᠯᠠᠨ᠎ᠠ᠃ | ᠨᠡᠶᠢᠲᠡ ᠳᠤ ᠵᠠᠷᠯᠠᠨ ᠨᠡᠶᠢᠳᠡᠯᠡᠭᠡᠳ ᠲᠠᠭᠤᠰᠤᠭᠰᠠᠨ ᠤ ᠰᠡᠭᠦᠯᠡᠷ᠂ ᠬᠢᠷᠢ ᠲᠡᠩᠴᠡᠭᠰᠡᠳ ᠲᠤ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ | ᠳᠠᠭᠠᠳᠬᠠᠯ ᠤᠨ ᠲᠤᠭᠲᠠᠭᠰᠠᠨ ᠴᠢᠭᠲᠦ ᠡᠮᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠤᠨ ᠪᠢᠴᠢᠭ︾ | ᠢ ᠤᠯᠭᠤᠬᠤ ᠶᠢᠨ ᠬᠠᠮᠲᠤ᠂ ᠫᠠᠶᠢᠰᠠ ᠢᠯᠡᠷᠭᠡᠶᠢᠯᠡᠯ ᠢ ᠤᠯᠭᠤᠨ᠎ᠠ᠃ ᠴᠠᠭ ᠬᠤᠭᠤᠴᠠᠭ᠎ᠠ ᠨᠢ ᠵᠢᠯ ᠪᠦᠷᠢ ᠶᠢᠨ 3᠂ | 6᠂ 9 ᠳ᠋ᠤᠭᠡᠷ ᠰᠠᠷ᠎ᠠ᠃ | |