ᠤᠯᠤᠰ ᠤᠨ ᠱᠠᠲᠤᠨ ᠤ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠬᠤ ᠠᠵᠢᠯ ᠤᠨ ᠵᠢᠱᠢᠶ᠎ᠡ ᠦᠵᠡᠬᠦᠯᠬᠦ ᠰᠢᠶᠠᠨ ᠢ ᠬᠢᠨᠠᠬᠤ᠂ ᠮᠡᠳᠡᠭᠦᠯᠬᠦ
ᠨᠡᠶᠢᠲᠡᠯᠡᠭᠰᠡᠨ ᠴᠠᠭ᠄
2017/11/23
      ᠵᠦᠢᠯᠡᠰ ᠤᠨ ᠳ᠋ᠤᠭᠠᠷᠯᠠᠯ᠄      ᠦᠢᠯᠡᠴᠢᠯᠡᠭᠦᠯᠦᠭᠴᠢ᠄ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠲᠤᠷᠠᠬᠢ ᠬᠤᠰᠢᠭᠤ ᠰᠢᠶᠠᠨ ︵ᠲᠤᠭᠤᠷᠢᠭ︶᠃     ᠬᠦᠯᠢᠶᠡᠨ ᠠᠪᠴᠤ ᠬᠦᠢᠴᠡᠳᠭᠡᠬᠦ ᠰᠠᠯᠠᠭ᠎ᠠ ᠮᠦᠴᠢᠷ᠄ ᠮᠠᠯᠴᠢᠨ ᠲᠡᠷᠢᠶᠠᠴᠢᠨ ᠬᠦᠴᠦ ᠶᠠᠪᠤᠭᠰᠠᠳ ᠤᠨ ᠬᠠᠮᠢᠶᠠᠷᠤᠯᠲᠠ ᠶᠢᠨ ᠭᠠᠵᠠᠷ᠃      ᠬᠦᠯᠢᠶᠡᠨ ᠠᠪᠴᠤ ᠬᠦᠢᠴᠡᠳᠭᠡᠬᠦ ᠬᠠᠶ᠋ᠢᠭ᠄   ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯ ᠤᠯᠭᠤᠬᠤ ᠦᠢᠯᠡᠴᠢᠯᠡᠭᠡᠨ ᠤ ᠲᠤᠪᠴᠢᠶ᠎ᠠ ︵ᠰᠢᠤᠳᠠᠨ ᠳ᠋ᠤᠭᠠᠷ᠄ 010010︶     ᠬᠠᠷᠢᠯᠴᠠᠬᠤ ᠬᠦᠮᠦᠨ᠄      ᠬᠠᠤᠯᠢ ᠪᠠᠷ ᠲᠤᠭᠲᠠᠭᠠᠭᠰᠠᠨ ᠬᠦᠢᠴᠡᠳᠭᠡᠬᠦ ᠴᠠᠭ ᠤᠨ ᠬᠢᠵᠠᠭᠠᠷ᠄ 15 ᠠᠵᠢᠯᠯᠠᠬᠤ ᠡᠳᠦᠷ᠂ ᠬᠠᠮᠤᠭ ᠤᠨ ᠤᠷᠲᠤ ᠳᠠᠭᠠᠨ 30 ᠠᠵᠢᠯᠯᠠᠬᠤ ᠡᠳᠦᠷ     ᠬᠠᠷᠢᠯᠴᠠᠬᠤ ᠳ᠋ᠢᠶᠠᠩᠬᠤᠸᠠ᠄ 0471-6606150     ᠬᠢᠨᠠᠯᠲᠠ ᠲᠠᠯᠪᠢᠵᠤ ᠵᠠᠭᠠᠯᠳᠤᠬᠤ ᠳ᠋ᠢᠶᠠᠩᠬᠤᠸᠠ᠄     ᠠᠮᠠᠯᠠᠭᠰᠠᠨ ᠬᠦᠢᠴᠡᠳᠭᠡᠬᠦ ᠴᠠᠭ ᠤᠨ ᠬᠢᠵᠠᠭᠠᠷ᠄ ᠠᠶᠢᠮᠠᠭ ᠬᠤᠲᠠ ᠪᠠᠷ ᠵᠦᠪᠰᠢᠶᠡᠷᠡᠭᠦᠯᠥᠭᠰᠡᠨ ᠮᠡᠳᠡᠭᠦᠯᠬᠦ ᠮᠠᠲ᠋ᠧᠷᠢᠶᠠᠯ ᠢ ᠬᠦᠯᠢᠶᠡᠨ ᠠᠪᠤᠭᠰᠠᠨ ᠡᠳᠥᠷ ᠠᠴᠠ ᠡᠬᠢᠯᠡᠨ 15 ᠠᠵᠢᠯᠯᠠᠬᠤ ᠡᠳᠦᠷ ᠤᠨ ᠳᠤᠲᠤᠷ᠎ᠠ ᠬᠢᠨᠠᠬᠤ᠂ ᠮᠡᠳᠡᠭᠦᠯᠬᠦ ᠶᠢ ᠳᠠᠭᠤᠰᠬᠠᠨ᠎ᠠ᠃      ᠪᠠᠶᠢᠭᠤᠯᠤᠭᠰᠠᠨ ᠦᠨᠳᠦᠰᠦᠯᠡᠯ᠄ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠳᠦᠷᠢᠮ ᠢ ᠬᠡᠷᠡᠭᠵᠢᠭᠦᠯᠬᠦ ᠠᠰᠠᠭᠤᠳᠠᠯ ᠤᠳ ᠤᠨ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾᠃ ᠬᠦᠯᠢᠶᠡᠨ ᠠᠪᠴᠤ ᠬᠦᠢᠴᠡᠳᠭᠡᠬᠦ ᠨᠦᠬᠦᠴᠡᠯ᠄ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠲᠤᠷ᠎ᠠ ᠤᠤᠯ ᠤᠨ ᠬᠦᠳᠡᠯᠮᠦᠷᠢ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ︽ᠬᠦᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠶᠢᠨ ᠵᠢᠱᠢᠶ᠎ᠡ ᠦᠵᠡᠬᠦᠯᠬᠦ ᠰᠢᠶᠠᠨ ᠢ ᠡᠭᠦᠳᠥᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠬᠦᠳᠡᠯᠮᠦᠷᠢ ᠨᠡᠶᠢᠭᠡᠮ ᠲᠢᠩᠬᠢᠮ ᠵᠠᠬᠢᠲᠠᠯ ﹇2005﹈ 453 ᠳ᠋ᠤᠭᠠᠷ ᠲᠤᠭᠠᠲᠤ︶ ᠪᠣᠯᠣᠨ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ︽ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠬᠦᠯᠦᠨ ᠠᠵᠢᠯ ᠤᠯᠭᠤᠬᠤ ᠠᠵᠢᠯ ᠤᠨ ᠵᠢᠱᠢᠶ᠎ᠡ ᠦᠵᠡᠬᠦᠯᠬᠦ ᠰᠢᠶᠠᠨ ᠢ ᠪᠠᠲᠤᠯᠠᠨ ᠲᠠᠨᠢᠯᠴᠠᠭᠤᠯᠬᠤ ᠲᠤᠬᠠᠢ ᠮᠡᠳᠡᠭᠳᠡᠯ︾ ︵ᠬᠦᠮᠦᠨ ᠨᠡᠶᠢᠭᠡᠮ ᠲᠢᠩᠬᠢᠮ ᠵᠠᠬᠢᠲᠠᠯ ﹇2010﹈ 189 ᠳ᠋ᠤᠭᠡᠷ ᠲᠤᠭᠠᠲᠤ︶ ᠬᠢᠭᠡᠳ ︽ᠬᠦᠳᠡᠭᠡ ᠲᠤᠰᠬᠤᠨ ᠤ ᠬᠦᠳᠡᠯᠮᠦᠷᠢ ᠬᠦᠴᠥᠨ ᠢ ᠰᠢᠯᠵᠢᠭᠦᠯᠦᠨ ᠠᠵᠢᠯ ᠤᠯᠭᠤᠬᠤ ᠠᠵᠢᠯ ᠤᠨ ᠵᠢᠱᠢᠶ᠎ᠡ ᠦᠵᠡᠬᠦᠯᠬᠦ ᠰᠢᠶᠠᠨ ᠢ ᠡᠭᠦᠳᠦᠨ ᠪᠠᠶᠢᠭᠤᠯᠬᠤ ᠲᠤᠬᠠᠢ ᠮᠡᠳᠡᠭᠳᠡᠯ︾ ︵ᠬᠦᠮᠦᠨ ᠨᠡᠶᠢᠭᠡᠮ ᠲᠢᠩᠬᠢᠮ ᠲᠠᠷᠬᠠᠭᠠᠭᠰᠠᠨ ﹇2010﹈ 93 ᠳ᠋ᠤᠭᠠᠷ ᠲᠤᠭᠠᠲᠤ︶᠎ ᠤᠨ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠬᠦᠳᠡᠯᠮᠦᠷᠢ ᠬᠦᠴᠥᠨ ᠢ ᠰᠢᠯᠵᠢᠭᠦᠯᠦᠨ ᠠᠵᠢᠯ ᠤᠯᠭᠤᠬᠰᠠᠨ ᠵᠢᠱᠢᠶ᠎ᠡ ᠦᠵᠡᠬᠦᠯᠬᠦ ᠬᠤᠰᠢᠭᠤ ᠰᠢᠶᠠᠨ ᠲᠤᠭᠤᠷᠢᠭ ᠢᠶᠠᠷ ᠮᠡᠳᠡᠭᠦᠯᠦᠭᠰᠡᠨ ᠪᠠᠶᠢᠬᠤ ᠬᠡᠷᠡᠭᠲᠠᠢ᠃ ᠭᠤᠶᠤᠴᠢᠯᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠬᠦ ᠶᠢᠨ ᠲᠤᠰᠠᠳᠠ᠂ ᠭᠤᠶᠤᠴᠢᠯᠠᠭᠴᠢ ᠬᠡᠷᠡᠭᠴᠡᠭᠡ ᠪᠦᠬᠦᠢ ᠮᠡᠳᠡᠭᠡ ᠵᠠᠩᠬᠢ ᠳᠤ ᠠᠯᠢ ᠪᠣᠯᠬᠤᠶᠢᠴᠠ ᠨᠠᠷᠢᠨ᠂ ᠲᠣᠳᠤᠷᠬᠠᠢ ᠳᠦᠷᠰᠦᠯᠡᠨ ᠲᠤᠭᠠᠴᠢᠯᠲᠠ ᠬᠢᠬᠦ ᠬᠡᠷᠡᠭᠲᠡᠢ︔ ᠪᠣᠯᠤᠮᠵᠢ ᠲᠠᠢ ᠪᠣᠯ ᠲᠤᠰ ᠮᠡᠳᠡᠭᠡ ᠵᠠᠩᠬᠢ ᠶᠢᠨ ᠰᠡᠳᠥᠪ᠂ ᠨᠡᠶᠢᠲᠡᠯᠡᠭᠰᠡᠨ ᠴᠠᠭ ᠬᠤᠭᠤᠴᠠᠭ᠎ᠠ᠂ ᠪᠢᠴᠢᠭ ᠮᠠᠲ᠋ᠧᠷᠢᠶᠠᠯ ᠤᠨ ᠳ᠋ᠤᠭᠠᠷ ᠪᠤᠶᠤ ᠲᠤᠰ ᠪᠠᠶᠢᠭᠤᠯᠭ᠎ᠠ ᠮᠡᠳᠡᠭᠡ ᠵᠠᠩᠬᠢ ᠶᠢᠨ ᠠᠴᠢᠶᠠᠯᠠᠪᠥᠷᠢ ᠶᠢ ᠲᠣᠭᠲᠠᠭᠠᠬᠤ ᠳᠤ ᠬᠠᠪᠰᠤᠷᠤᠮᠵᠢ ᠪᠤᠯᠬᠤ ᠪᠤᠰᠤᠳ ᠰᠠᠨᠠᠭᠤᠯᠤᠮᠵᠢ ᠶᠢ ᠬᠠᠨᠭ᠍ᠭᠠᠬᠤ ᠪᠣᠯᠪᠠᠤ᠃ ᠭᠤᠶᠤᠴᠢᠯᠠᠭᠴᠢ ᠲᠤᠰ ᠪᠡᠶ᠎ᠡ ᠯᠦᠭᠡ ᠪᠠᠨ ᠬᠠᠮᠢᠶ᠎ᠠ ᠲᠠᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠤᠯᠬᠤ ᠪᠠᠷ ᠭᠤᠶᠤᠴᠢᠯᠠᠪᠠᠯ᠂ ᠬᠦᠴᠦᠨ ᠪᠦᠬᠦᠢ ᠬᠡᠷᠡᠴᠢ ᠲᠠᠢ ᠪᠠᠶᠢᠬᠤ ᠬᠡᠷᠡᠭᠲᠡᠢ ᠪᠦᠭᠡᠳ ᠪᠢᠴᠢᠭᠯᠡᠭᠰᠡᠨ ᠭᠤᠶᠤᠴᠢᠯᠠᠯ ᠢᠶᠠᠨ ᠨᠢᠭᠤᠷᠳᠠᠨ ᠲᠤᠰᠢᠶᠠᠬᠤ ᠬᠡᠷᠡᠭᠲᠡᠢ ᠃ ᠲᠤᠰ ᠪᠠᠶᠢᠭᠤᠯᠭ᠎ᠠ ᠳ᠋ᠢᠶᠠᠩᠬᠤᠸᠠ ᠪᠠᠷ ᠭᠤᠶᠤᠴᠢᠯᠠᠯ ᠭᠠᠷᠭᠠᠬᠤ ᠶᠢ ᠰᠢᠭᠤᠳ ᠬᠦᠯᠢᠶᠡᠨ ᠠᠪᠴᠤ ᠬᠦᠢᠴᠡᠳᠭᠡᠬᠦ ᠦᠭᠡᠢ᠂ ᠬᠡᠪᠡᠴᠦ ᠭᠤᠶᠤᠴᠢᠯᠠᠭᠴᠢ ᠬᠠᠮᠢᠶ᠎ᠠ ᠪᠦᠬᠦᠢ ᠦᠢᠯᠡᠴᠢᠯᠡᠬᠡᠨ ᠤ ᠲᠤᠬᠠᠶᠢᠯᠠᠭᠰᠠᠨ ᠠᠵᠢᠯ ᠢ ᠳ᠋ᠢᠶᠠᠩᠬᠤᠸᠠ ᠪᠠᠷ ᠠᠰᠠᠭᠤᠨ ᠯᠠᠪᠯᠠᠵᠤ ᠪᠤᠯᠤᠨ᠎ᠠ᠃ ᠭᠤᠶᠤᠴᠢᠯᠠᠯ ᠤᠨ ᠮᠠᠲ᠋ᠧᠷᠢᠶᠠᠯ᠄ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠨ᠎ᠠ᠃ ︽ᠭᠤᠶᠤᠴᠢᠯᠠᠯ ᠤᠨ ᠬᠦᠰᠦᠨᠦᠭᠲᠦ︾᠎ ᠶᠢᠨ ᠪᠠᠭᠤᠯᠭᠠᠪᠥᠷᠢ ᠨᠢ ᠬᠦᠴᠦᠨ ᠲᠠᠢ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠫᠤᠷᠲ᠋ᠧᠯ ᠰᠠᠶᠢᠲ ᠤᠨ ᠲᠡᠷᠢᠭᠦᠨ ᠨᠢᠭᠤᠷ ᠤᠨ ︽ᠵᠠᠰᠠᠭ ᠤᠨ ᠤᠷᠳᠤᠨ ᠤ ᠢᠯᠡ ᠮᠡᠳᠡᠭᠡ ᠵᠠᠩᠬᠢ︾ ᠪᠤᠯᠤᠩ ᠠᠴᠠ ᠪᠠᠭᠤᠯᠭᠠᠵᠤ ᠪᠤᠯᠤᠨ᠎ᠠ᠃ ᠡᠯᠧᠺᠳ᠋ᠷᠤᠨ ᠰᠢᠤᠳᠠᠨ ᠬᠠᠶᠢᠷᠴᠠᠭ᠂ ᠵᠠᠬᠢᠲᠠᠯ᠂ ᠹᠠᠺᠰ ︵0471 — 6606150︶ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠯ ᠤᠨ ᠪᠢᠴᠢᠭ ᠢᠶᠠᠨ ᠲᠤᠰᠢᠶᠠᠵᠤ ᠪᠤᠯᠤᠨ᠎ᠠ᠃     ᠬᠦᠢᠴᠡᠳᠭᠡᠬᠦ ᠴᠤᠪᠤᠷᠠᠯ᠄ 1. ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠪᠤᠶᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠭᠤᠶᠤᠴᠢᠯᠠᠯ ᠳᠤᠷᠠᠳᠤᠨ᠎ᠠ︔ 2. ᠪᠦᠷᠢᠳᠭᠡᠨ ᠳᠠᠩᠰᠠᠯᠠᠵᠦ ᠬᠢᠨᠠᠨ ᠪᠠᠶᠢᠴᠠᠭᠠᠨ᠎ᠠ᠃ ᠨᠦᠬᠦᠴᠡᠯ ᠨᠢ ᠪᠦᠷᠢᠨ ᠲᠡᠭᠦᠯᠳᠡᠷ ᠦᠭᠡᠢ ᠭᠤᠶᠤᠴᠢᠯᠠᠯ ᠢ ᠪᠤᠴᠠᠭᠠᠬᠤ ᠶᠢᠨ ᠬᠠᠮᠲᠤ᠂ ᠪᠤᠷᠤᠭᠤ ᠳᠤᠲᠠᠭᠤ ᠵᠦᠢᠯᠡᠰ ᠢ ᠨᠢᠭᠡ ᠤᠳᠠᠭ᠎ᠠ ᠳᠤ ᠪᠦᠬᠦᠨ ᠢ ᠮᠡᠳᠡᠭᠳᠡᠵᠤ᠂ ᠭᠤᠶᠤᠴᠢᠯᠠᠭᠴᠢ ᠶᠢ ᠨᠦᠬᠦᠪᠦᠷᠢᠯᠡᠬᠦᠯᠬᠦ ᠪᠠᠷ ᠱᠠᠭᠠᠷᠳᠠᠨ᠎ᠠ᠃ 3. ᠪᠤᠳᠠᠲᠠᠢ ᠬᠦᠢᠴᠡᠳᠭᠡᠨ᠎ᠡ᠃ ᠲᠡᠷᠡ ᠳᠠᠷᠤᠢ ᠳᠤᠨᠢ ᠬᠠᠷᠢᠭᠤ ᠦᠭᠴᠤ ᠳᠡᠶᠢᠯᠬᠦ ᠳᠤᠨᠢ ᠲᠡᠷᠡ ᠳᠠᠷᠤᠢ ᠳᠤᠨᠢ ᠬᠠᠷᠢᠭᠤ ᠦᠭᠭᠦᠨ᠎ᠡ︔ ᠲᠡᠷᠡ ᠳᠠᠷᠤᠢ ᠳᠤᠨᠢ ᠬᠠᠷᠢᠬᠤ ᠦᠭᠴᠦ ᠳᠡᠶᠢᠯᠬᠦ ᠦᠭᠡᠢ ᠳᠤᠨᠢ᠂ ᠪᠦᠷᠢᠳᠭᠡᠨ ᠳᠠᠩᠰᠠᠯᠠᠭᠰᠠᠨ ᠡᠳᠥᠷ ᠠᠴᠠ ᠡᠬᠢᠯᠡᠨ 12 ᠠᠵᠢᠯᠯᠠᠬᠤ ᠡᠳᠦᠷ ᠤᠨ ᠳᠤᠲᠤᠷ᠎ᠠ ᠪᠢᠴᠢᠭ ᠢᠶᠠᠷ ᠬᠠᠷᠢᠭᠤ ᠦᠭᠭᠦᠨ᠎ᠡ᠃ ᠵᠦᠢ ᠶᠤᠰᠤᠨ ᠤ ᠰᠢᠯᠲᠠᠭᠠᠨ ᠠᠴᠠ ᠪᠣᠯᠤᠭᠠᠳ ᠲᠤᠭᠲᠠᠭᠰᠠᠨ ᠬᠤᠭᠤᠴᠠᠭᠠᠨ ᠳᠠᠭᠠᠨ ᠬᠠᠷᠢᠭᠤ ᠦᠭᠴᠦ ᠳᠡᠶᠢᠯᠬᠦ ᠦᠭᠡᠢ ᠳᠤᠨᠢ᠂ ᠬᠦᠯᠢᠶᠡᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠷᠢᠭᠤᠴᠠᠯᠭᠠᠲᠠᠨ ᠢᠶᠠᠷ ᠵᠦᠪᠰᠢᠶᠡᠷᠡᠭᠦᠯᠦᠭᠡᠳ᠂ ᠬᠠᠷᠢᠭᠤ ᠦᠭᠭᠦ ᠬᠤᠭᠤᠴᠠᠭ᠎ᠠ ᠬᠢᠵᠠᠭᠠᠷ ᠢ ᠵᠣᠬᠢᠰᠲᠠᠢ ᠤᠷᠳᠤᠳᠬᠠᠵᠦ ᠪᠣᠯᠬᠤ ᠶᠢᠨ ᠬᠠᠮᠲᠤ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠂ ᠤᠷᠲᠤᠳᠬᠠᠬᠤ ᠴᠠᠭ ᠬᠤᠭᠤᠴᠠᠭ᠎ᠠ ᠶᠢ ᠬᠠᠮᠤᠭ ᠤᠨ ᠤᠷᠲᠦ ᠳᠠᠭᠠᠨ 15 ᠠᠵᠢᠯᠯᠠᠬᠤ ᠡᠳᠦᠷ ᠠᠴᠠ ᠳᠠᠪᠠᠭᠤᠯᠬᠤ ᠦᠭᠡᠢ᠃ ᠳᠠᠭᠠᠭᠠᠵᠦ ᠳᠡᠶᠢᠯᠬᠦ ᠦᠭᠡᠢ ᠬᠦᠴᠥᠨ ᠪᠤᠶᠤ ᠪᠤᠰᠤᠳ ᠬᠠᠤᠯᠢ ᠪᠠᠷ ᠲᠤᠭᠲᠠᠭᠠᠭᠰᠠᠨ ᠤᠴᠢᠷ ᠠᠴᠠ ᠪᠣᠯᠤᠭᠠᠳ ᠲᠤᠭᠲᠠᠭᠰᠠᠨ ᠬᠤᠭᠤᠴᠠᠭᠠᠨ ᠳᠠᠭᠠᠨ ᠭᠤᠶᠤᠴᠢᠯᠠᠭᠴᠢ ᠳᠤ ᠬᠠᠷᠢᠭᠤ ᠦᠭᠴᠦ ᠳᠡᠶᠢᠯᠬᠦ ᠦᠭᠡᠢ ᠳᠤᠨᠢ᠂ ᠬᠤᠭᠤᠴᠠᠭ᠎ᠠ ᠬᠢᠵᠠᠭᠠᠷ ᠢ ᠳᠤᠮᠳᠠ ᠠᠴᠠ ᠨᠢ ᠵᠣᠭᠰᠤᠭᠠᠵᠦ᠂ ᠬᠠᠷᠰᠢ ᠰᠠᠭᠠᠳ ᠢ ᠠᠷᠢᠯᠭᠠᠭᠰᠠᠨ ᠤ ᠳᠠᠷᠠᠭ᠎ᠠ ᠰᠡᠷᠭᠦᠭᠡᠭᠰᠡᠨ ᠢᠶᠠᠷ ᠪᠣᠳᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1