| | ᠵᠦᠢᠯᠡᠰ ᠤᠨ ᠳ᠋ᠤᠭᠠᠷᠯᠠᠯ᠄ | ᠦᠢᠯᠡᠴᠢᠯᠡᠬᠦᠯᠦᠭᠴᠢ᠄ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠲᠤᠷ᠎ᠠ ᠬᠠᠤᠯᠢ | ᠶᠤᠰᠤᠭᠠᠷ ᠪᠠᠶᠢᠭᠤᠯᠤᠭᠰᠠᠨ ᠬᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ | ᠬᠦᠯᠢᠶᠡᠨ ᠠᠪᠴᠤ ᠬᠦᠢᠴᠡᠳᠭᠡᠬᠦ ᠰᠠᠯᠠᠭ᠎ᠠ ᠮᠦᠴᠢᠷ᠄ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠬᠠᠮᠢᠶᠠᠷᠤᠯᠲᠠ ᠶᠢᠨ ᠭᠠᠵᠠᠷ | ᠬᠠᠶ᠋ᠢᠭ᠄ ᠬᠦᠳᠡᠯᠮᠦᠷᠢ ᠬᠦᠴᠦᠨ ᠤ ᠵᠠᠬ᠎ᠠ ᠳᠡᠯᠭᠡᠭᠦᠷ | ᠬᠠᠷᠢᠯᠴᠠᠬᠤ ᠬᠦᠮᠦᠨ᠄ | ᠬᠠᠤᠯᠢ ᠪᠠᠷ ᠲᠤᠭᠲᠠᠭᠠᠭᠰᠠᠨ ᠬᠦᠢᠴᠡᠳᠭᠡᠬᠦ ᠴᠠᠭ ᠤᠨ ᠬᠢᠵᠠᠭᠠᠷ᠄ 15 ᠠᠵᠢᠯᠯᠠᠬᠤ ᠡᠳᠦᠷ᠂ ᠬᠠᠮᠤᠭ ᠤᠨ | ᠤᠷᠲᠤ ᠳᠠᠭᠠᠨ 30 ᠠᠵᠢᠯᠯᠠᠬᠤ ᠡᠳᠦᠷ | ᠬᠠᠷᠢᠯᠴᠠᠬᠤ ᠳ᠋ᠢᠶᠠᠩᠬᠤᠸᠠ᠄ 0471 — 6606150 | ᠠᠮᠠᠯᠠᠭᠰᠠᠨ ᠬᠦᠢᠴᠡᠳᠭᠡᠬᠦ ᠴᠠᠭ ᠤᠨ ᠬᠢᠵᠠᠭᠠᠷ᠄ ᠮᠡᠳᠡᠭᠦᠯᠦᠭᠰᠡᠨ ᠮᠠᠲ᠋ᠧᠷᠢᠶᠠᠯ ᠢ ᠬᠦᠯᠢᠶᠡᠨ ᠠᠪᠤᠭᠰᠠᠨ | ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠤᠲᠤᠷ᠎ᠠ ᠬᠢᠨᠠᠬᠤ᠂ ᠮᠡᠳᠡᠭᠦᠯᠬᠦ ᠶᠢ ᠳᠠᠭᠤᠰᠬᠠᠨ᠎ᠠ᠃ | ᠬᠢᠨᠠᠯᠲᠠ ᠲᠠᠯᠪᠢᠵᠤ ᠵᠠᠭᠠᠯᠳᠤᠬᠤ ᠳ᠋ᠢᠶᠠᠩᠬᠤᠸᠠ᠄ | ᠦᠨᠳᠦᠰᠦᠯᠡᠯ᠄ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠢᠯᠡ ᠪᠤᠯᠭᠠᠬᠤ ᠳᠦᠷᠢᠮ ᠢ ᠬᠡᠷᠡᠭᠵᠢᠭᠦᠯᠬᠦ ᠠᠰᠠᠭᠤᠳᠠᠯ ᠤᠳ ᠤᠨ ᠲᠤᠬᠠᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠬᠦᠯᠢᠶᠡᠨ ᠠᠪᠴᠤ ᠬᠦᠢᠴᠡᠳᠭᠡᠬᠦ ᠨᠦᠬᠦᠴᠡᠯ᠄ ᠦᠪᠡᠷᠲᠡᠭᠡᠨ ᠵᠠᠰᠠᠬᠤ ᠤᠷᠤᠨ ᠤ ᠵᠠᠰᠠᠭ | ᠵᠠᠬᠢᠷᠭᠠᠨ ᠤ ᠣᠷᠣᠨ ᠤ ᠲᠣᠲᠤᠷ᠎ᠠ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠠᠯᠪᠠᠨ ᠲᠢᠩᠬᠢᠮ ᠤᠨ ︽ᠮᠢᠩᠭᠠᠨ ᠡᠷᠦᠬᠡ ᠵᠠᠭᠤᠨ ᠬᠦᠴᠦᠷᠭᠡᠭ ᠬᠡᠷ ᠪᠦᠯᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠭᠦᠯᠬᠦ ᠲᠤᠬᠠᠢ ᠮᠡᠳᠡᠭᠳᠡᠯ︾ ︵ᠬᠦᠮᠦᠨ ᠨᠡᠶᠢᠭᠡᠮ ᠲᠢᠩᠬᠢᠮ | ᠲᠠᠷᠬᠠᠭᠠᠭᠰᠠᠨ ﹇2011﹈ 49 ᠳ᠋ᠤᠭᠡᠷ ᠲᠤᠭᠠᠲᠤ︶ ᠤᠨ ᠱᠠᠭᠠᠷᠳᠠᠯᠭ᠎ᠠ ᠶᠤᠰᠤᠭᠠᠷ᠂ ᠨᠢᠭᠡᠨᠲᠡ ᠮᠡᠳᠡᠭᠦᠯᠦᠭᠰᠡᠨ | ᠬᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ᠃ ᠭᠤᠶᠤᠴᠢᠯᠠᠯ ᠢ ᠰᠢᠢᠳᠪᠥᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠶᠢᠨ ᠲᠤᠯᠠᠳᠠ᠂ ᠭᠤᠶᠤᠴᠢᠯᠠᠭᠴᠢ ᠬᠡᠷᠡᠭᠴᠡᠭᠡ ᠪᠦᠬᠦᠢ ᠮᠡᠳᠡᠭᠡ ᠵᠠᠩᠬᠢ ᠶᠢ ᠠᠯᠢ ᠪᠣᠯᠬᠤᠶᠢᠴᠠ ᠨᠠᠷᠢᠨ | ᠂ ᠲᠤᠲᠤᠷᠬᠠᠢ ᠳᠦᠷᠰᠥᠯᠡᠨ ᠲᠤᠭᠠᠴᠢᠬᠤ ᠬᠡᠷᠡᠭᠲᠡᠢ︔ ᠪᠣᠯᠣᠮᠵᠢ ᠲᠠᠢ ᠪᠣᠯ ᠮᠡᠳᠡᠭᠡ ᠵᠠᠩᠬᠢ ᠶᠢᠨ ᠰᠡᠳᠥᠪ᠂ | ᠨᠡᠶᠢᠲᠡᠯᠡᠭᠰᠡᠨ ᠴᠠᠭ ᠬᠤᠭᠤᠴᠠᠭ᠎ᠠ᠂ ᠪᠢᠴᠢᠭ ᠮᠠᠲ᠋ᠧᠷᠢᠶᠠᠯ ᠤᠨ ᠳ᠋ᠤᠭᠠᠷ ᠪᠤᠶᠤ ᠲᠤᠰ ᠪᠠᠶᠢᠭᠤᠯᠭ᠎ᠠ ᠮᠡᠳᠡᠭᠡ ᠵᠠᠩᠬᠢ ᠶᠢᠨ | ᠠᠴᠢᠶᠠᠯᠠᠪᠥᠷᠢ ᠶᠢ ᠲᠤᠲᠤᠯᠠᠬᠤ ᠳᠤ ᠲᠤᠰᠠ ᠪᠣᠯᠬᠤ ᠪᠤᠰᠤᠳ ᠰᠠᠨᠠᠭᠤᠯᠤᠮᠵᠢ ᠶᠢ ᠬᠠᠨᠭ᠍ᠭᠠᠬᠤ ᠪᠣᠯᠪᠠᠤ᠃ | ᠭᠤᠶᠤᠴᠢᠯᠠᠭᠴᠢ ᠲᠤᠰ ᠪᠡᠶ᠎ᠡ ᠯᠦᠭᠡ ᠪᠠᠨ ᠬᠠᠮᠢᠶ᠎ᠠ ᠲᠠᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠣᠯᠬᠤ ᠪᠠᠷ | ᠭᠤᠶᠤᠴᠢᠯᠠᠪᠠᠯ᠂ ᠬᠦᠴᠦᠨ ᠪᠦᠬᠦᠢ ᠬᠡᠷᠡᠴᠢ ᠲᠠᠢ ᠪᠠᠶᠢᠵᠦ᠂ ᠪᠢᠴᠢᠭᠯᠡᠭᠰᠡᠨ ᠭᠤᠶᠤᠴᠢᠯᠠᠯ ᠢᠶᠠᠨ ᠨᠢᠭᠤᠷᠳᠠᠨ | ᠲᠤᠰᠢᠶᠠᠬᠤ ᠬᠡᠷᠡᠭᠲᠡᠢ᠃ ᠳ᠋ᠢᠶᠠᠩᠬᠤᠸᠠ ᠪᠠᠷ ᠭᠤᠶᠤᠴᠢᠯᠠᠬᠰᠠᠨ ᠢ ᠲᠤᠰ ᠪᠠᠶᠢᠭᠤᠯᠭ᠎ᠠ ᠰᠢᠭᠤᠳ ᠬᠦᠯᠢᠶᠡᠨ ᠠᠪᠬᠤ | ᠦᠭᠡᠢ᠂ ᠬᠡᠪᠡᠴᠦ ᠭᠤᠶᠤᠴᠢᠯᠠᠭᠴᠢ ᠵᠣᠬᠢᠴᠠᠩᠭᠤᠢ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠳ᠋ᠢᠶᠠᠩᠬᠤᠸᠠ ᠪᠠᠷ | ᠠᠰᠠᠭᠤᠨ ᠯᠠᠪᠯᠠᠵᠤ ᠪᠤᠯᠤᠨ᠎ᠠ᠃ ᠭᠤᠶᠤᠴᠢᠯᠠᠯ ᠤᠨ ᠮᠠᠲ᠋ᠧᠷᠢᠶᠠᠯ᠄ ︽ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ᠃ ︽ | ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠨ ᠠᠪᠤᠭᠰᠠᠨ ᠴᠦ ᠬᠦᠴᠦᠨ ᠲᠠᠢ᠂ ᠦᠪᠡᠷᠲᠡᠭᠡᠨ ᠵᠠᠰᠠᠬᠤ | ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠫᠤᠷᠲ᠋ᠧᠯ | ᠰᠠᠶᠢᠲ ᠤᠨ ᠲᠡᠷᠢᠭᠦᠨ ᠨᠢᠭᠤᠷ ᠤᠨ ︽ᠵᠠᠰᠠᠭ ᠤᠨ ᠤᠷᠳᠤᠨ ᠤ ᠢᠯᠡ ᠮᠡᠳᠡᠭᠡ ᠵᠠᠩᠬᠢ︾ ᠪᠤᠯᠤᠩ ᠠᠴᠠ ᠲᠠᠲᠠᠵᠦ | ᠪᠣᠯᠤᠨ᠎ᠠ᠃ ᠡᠯᠧᠺᠳ᠋ᠷᠤᠨ ᠰᠢᠤᠳᠠᠨ ᠬᠠᠶᠢᠷᠴᠠᠭ᠂ ᠵᠠᠬᠢᠲᠠᠯ᠂ ᠲᠦᠷᠰᠥᠲᠦ ᠴᠠᠬᠢᠯᠭᠠᠨ ︵0471 — | 6606150︶ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠯ ᠤᠨ ᠪᠢᠴᠢᠭ ᠢᠶᠠᠨ ᠲᠤᠰᠢᠶᠠᠨ᠎ᠠ᠃ | ᠬᠦᠢᠴᠡᠳᠭᠡᠬᠦ ᠴᠤᠪᠤᠷᠠᠯ᠄ 1. ᠬᠡᠷ ᠪᠦᠯᠢ ᠶᠢᠨ ᠦᠢᠯᠡᠴᠢᠯᠡᠬᠡᠨ ᠤ ᠠᠵᠤ ᠠᠬᠤᠶᠢᠯᠠᠯ ᠭᠤᠶᠤᠴᠢᠯᠠᠯ ᠢᠶᠠᠨ | ᠳᠤᠷᠠᠳᠤᠨ᠎ᠠ︔ 2. ᠪᠦᠷᠢᠳᠭᠡᠨ ᠳᠠᠩᠰᠠᠯᠠᠵᠦ ᠬᠢᠨᠠᠨ ᠪᠠᠶᠢᠴᠠᠭᠠᠨ᠎ᠠ᠃ ᠨᠦᠬᠦᠴᠡᠯ ᠨᠢ ᠪᠦᠷᠢᠨ ᠬᠦᠢᠴᠡᠳ | ᠦᠭᠡᠢ ᠶᠢᠨ ᠭᠤᠶᠤᠴᠢᠯᠠᠯ ᠢ ᠨᠢ ᠪᠤᠴᠠᠭᠠᠬᠤ ᠶᠢᠨ ᠬᠠᠮᠲᠤ᠂ ᠪᠤᠷᠤᠭᠤ ᠳᠤᠲᠠᠭᠤ ᠵᠦᠢᠯᠡᠰ ᠢ ᠨᠢᠭᠡ ᠤᠳᠠᠭ᠎ᠠ ᠳᠤ | ᠪᠦᠬᠦᠨ ᠢ ᠮᠡᠳᠡᠭᠳᠡᠵᠤ᠂ ᠭᠤᠶᠤᠴᠢᠯᠠᠭᠴᠢ ᠶᠢ ᠨᠦᠬᠦᠪᠦᠷᠢᠯᠡᠬᠦᠯᠬᠦ ᠪᠠᠷ ᠱᠠᠭᠠᠷᠳᠠᠨ᠎ᠠ᠃ 3. ᠪᠤᠳᠠᠲᠠᠢ ᠬᠦᠢᠴᠡᠳᠭᠡᠨ᠎ᠡ᠃ | ᠲᠡᠷᠡ ᠳᠠᠷᠤᠢ ᠳᠤᠨᠢ ᠬᠠᠷᠢᠭᠤ ᠦᠭᠴᠦ ᠳᠡᠶᠢᠯᠬᠦ ᠳᠤᠨᠢ ᠲᠡᠷᠡ ᠳᠠᠷᠤᠢ ᠳᠤᠨᠢ ᠬᠠᠷᠢᠭᠤ ᠦᠭᠭᠦᠨ᠎ᠡ︔ ᠲᠡᠷᠡ | ᠳᠠᠷᠤᠢ ᠳᠤᠨᠢ ᠬᠠᠷᠢᠭᠤ ᠦᠭᠴᠦ ᠳᠡᠶᠢᠯᠬᠦ ᠦᠭᠡᠢ ᠳᠤᠨᠢ᠂ ᠪᠦᠷᠢᠳᠭᠡᠯᠭᠡᠨ ᠳᠠᠩᠰᠠᠯᠠᠭᠤᠯᠤᠭᠰᠠᠨ ᠡᠳᠥᠷ ᠠᠴᠠ ᠡᠬᠢᠯᠡᠨ | 12 ᠠᠵᠢᠯᠯᠠᠬᠤ ᠡᠳᠦᠷ ᠤᠨ ᠳᠤᠲᠤᠷ᠎ᠠ ᠪᠢᠴᠢᠭ ᠢᠶᠠᠷ ᠬᠠᠷᠢᠭᠤ ᠦᠭᠭᠦᠨ᠎ᠡ᠃ ᠵᠦᠢ ᠶᠤᠰᠤᠨ ᠤ ᠰᠢᠯᠲᠠᠭᠠᠨ ᠠᠴᠠ | ᠪᠤᠯᠵᠤ ᠲᠤᠭᠲᠠᠭᠰᠠᠨ ᠬᠤᠭᠤᠴᠠᠭᠠᠨ ᠳᠤ ᠬᠠᠷᠢᠭᠤ ᠦᠭᠴᠦ ᠳᠡᠶᠢᠯᠬᠦ ᠦᠭᠡᠢ ᠳᠤᠨᠢ ᠪᠣᠯ ᠨᠢᠭᠡᠴᠡ ᠶᠢᠨ | ᠬᠠᠷᠢᠭᠤᠴᠠᠯᠭᠠᠲᠠᠨ ᠢᠶᠠᠷ ᠢᠶᠠᠨ ᠵᠦᠪᠰᠢᠶᠡᠷᠡᠭᠦᠯᠦᠭᠡᠳ᠂ ᠬᠠᠷᠢᠭᠤ ᠦᠭᠭᠦ ᠬᠤᠭᠤᠴᠠᠭ᠎ᠠ ᠶᠢ ᠵᠣᠬᠢᠰᠲᠠᠢ ᠤᠷᠳᠤᠳᠬᠠᠵᠤ | ᠪᠤᠯᠬᠤ ᠶᠢᠨ ᠬᠠᠮᠲᠦ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠂ ᠤᠷᠲᠤᠳᠬᠠᠬᠤ ᠬᠤᠭᠤᠴᠠᠭ᠎ᠠ ᠶᠢ | ᠬᠠᠮᠤᠭ ᠤᠨ ᠤᠷᠲᠦ ᠳᠠᠭᠠᠨ 15 ᠠᠵᠢᠯᠯᠠᠬᠤ ᠡᠳᠦᠷ ᠠᠴᠠ ᠳᠠᠪᠠᠭᠤᠯᠬᠤ ᠦᠭᠡᠢ᠃ ᠳᠠᠭᠠᠭᠠᠵᠦ ᠳᠡᠶᠢᠯᠬᠦ ᠦᠭᠡᠢ | ᠬᠦᠴᠥᠨ ᠪᠤᠶᠤ ᠪᠤᠰᠤᠳ ᠤᠴᠢᠷ ᠠᠴᠠ ᠪᠣᠯᠤᠭᠠᠳ ᠬᠠᠤᠯᠢ ᠪᠠᠷ ᠲᠤᠭᠲᠠᠭᠠᠭᠰᠠᠨ ᠬᠤᠭᠤᠴᠠᠭᠠᠨ ᠳᠤ | ᠭᠤᠶᠤᠴᠢᠯᠠᠭᠴᠢ ᠳᠤ ᠬᠠᠷᠢᠭᠤ ᠦᠭᠴᠦ ᠳᠡᠶᠢᠯᠬᠦ ᠦᠭᠡᠢ ᠪᠤᠯ ᠬᠤᠭᠤᠴᠠᠭ᠎ᠠ ᠬᠢᠵᠠᠭᠠᠷ ᠢ ᠳᠤᠮᠳᠠ ᠠᠴᠠ ᠨᠢ | ᠵᠤᠭᠰᠤᠭᠠᠵᠤ᠂ ᠰᠠᠭᠠᠳ ᠢ ᠠᠷᠢᠯᠭᠠᠭᠰᠠᠨ ᠤ ᠳᠠᠷᠠᠭ᠎ᠠ ᠰᠡᠷᠭᠦᠭᠡᠭᠰᠡᠨ ᠢᠶᠠᠷ ᠪᠤᠳᠤᠨ᠎ᠠ᠃ | |