| ᠵᠦᠢᠯᠡᠰ ᠤᠨ ᠳ᠋ᠤᠭᠠᠷᠯᠠᠯ᠄ | ᠦᠢᠯᠡᠴᠢᠯᠡᠭᠦᠯᠦᠭᠴᠢ᠄ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠲᠤᠷᠠᠬᠢ | ᠬᠤᠰᠢᠭᠤ ᠰᠢᠶᠠᠨ ︵ᠲᠤᠭᠤᠷᠢᠭ︶᠂ ᠰᠤᠮᠤ ︵ᠰᠢᠶᠠᠩ ᠪᠠᠯᠭᠠᠰᠤ︶᠂ ᠭᠠᠴᠠᠭ᠎ᠠ ︵ᠲᠤᠰᠬᠤᠨ︶ | ᠬᠦᠯᠢᠶᠡᠨ ᠠᠪᠴᠤ ᠬᠦᠢᠴᠡᠳᠭᠡᠬᠦ ᠰᠠᠯᠠᠭ᠎ᠠ ᠮᠦᠴᠢᠷ᠄ ᠮᠠᠯᠴᠢᠨ ᠲᠡᠷᠢᠶᠠᠴᠢᠨ ᠬᠦᠴᠦ ᠶᠠᠪᠤᠭᠰᠠᠳ ᠤᠨ | ᠬᠠᠮᠢᠶᠠᠷᠤᠯᠲᠠ ᠶᠢᠨ ᠭᠠᠵᠠᠷ᠃ | ᠬᠦᠯᠢᠶᠡᠨ ᠠᠪᠴᠤ ᠬᠦᠢᠴᠡᠳᠭᠡᠬᠦ ᠬᠠᠶ᠋ᠢᠭ᠄ ᠠᠵᠢᠯ ᠤᠯᠭᠤᠬᠤ ᠦᠢᠯᠡᠴᠢᠯᠡᠭᠡᠨ ᠤ ᠲᠤᠪᠴᠢᠶ᠎ᠠ | ᠬᠠᠷᠢᠯᠴᠠᠬᠤ ᠬᠦᠮᠦᠨ᠄ | ᠬᠠᠷᠢᠯᠴᠠᠬᠤ ᠳ᠋ᠢᠶᠠᠩᠬᠤᠸᠠ᠄ 0471-6606150 | ᠬᠠᠤᠯᠢ ᠪᠠᠷ ᠲᠤᠭᠲᠠᠭᠠᠭᠰᠠᠨ ᠬᠦᠢᠴᠡᠳᠭᠡᠬᠦ ᠴᠠᠭ ᠤᠨ ᠬᠢᠵᠠᠭᠠᠷ᠄ 15 ᠠᠵᠢᠯᠯᠠᠬᠤ ᠡᠳᠦᠷ᠂ ᠬᠠᠮᠤᠭ ᠤᠨ | ᠤᠷᠲᠤ ᠳᠠᠭᠠᠨ 30 ᠠᠵᠢᠯᠯᠠᠬᠤ ᠡᠳᠦᠷ | ᠠᠮᠠᠯᠳᠠᠭᠰᠠᠨ ᠬᠦᠢᠴᠡᠳᠭᠡᠬᠦ ᠴᠠᠭ ᠤᠨ ᠬᠢᠵᠠᠭᠠᠷ᠄ ᠬᠢᠨᠠᠨ ᠰᠢᠯᠭᠠᠬᠤ᠂ ᠰᠢᠯᠭᠠᠨ ᠠᠪᠬᠤ ᠮᠡᠳᠡᠭᠳᠡᠯ | ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠤᠲᠤᠷ᠎ᠠ ᠮᠡᠳᠡᠭᠦᠯᠥᠭᠰᠡᠨ ᠲᠦᠷᠦᠯ ᠵᠦᠢᠯ ᠢ | ᠬᠢᠨᠠᠨ ᠰᠢᠯᠭᠠᠵᠤ᠂ ᠰᠢᠯᠭᠠᠨ ᠠᠪᠴᠦ᠂ ᠬᠢᠨᠠᠨ ᠰᠢᠯᠭᠠᠵᠦ ᠰᠢᠯᠭᠠᠨ ᠠᠪᠬᠤ ᠶᠠᠪᠤᠳᠠᠯ ᠳᠠᠭᠤᠰᠤᠭᠰᠠᠨ ᠤ ᠳᠠᠷᠠᠭ᠎ᠠ 5 | ᠠᠵᠢᠯᠯᠠᠬᠤ ᠡᠳᠦᠷ ᠤᠨ ᠳᠤᠲᠤᠷ᠎ᠠ ᠰᠢᠯᠭᠠᠨ ᠬᠤᠷᠢᠶᠠᠭᠰᠠᠨ ᠦᠷ᠎ᠡ ᠳ᠋ᠦᠡᠭ ᠢ ᠨᠡᠶᠢᠲᠡᠯᠡᠬᠦ ᠶᠢᠨ ᠬᠠᠮᠲᠤ ᠦᠨᠡᠮᠰᠢᠭᠰᠡᠨ | ᠦᠨᠡᠮᠯᠡᠯ ᠣᠯᠭᠤᠨ᠎ᠠ᠃ | ᠬᠢᠨᠠᠯᠲᠠ ᠲᠠᠯᠪᠢᠵᠤ ᠵᠠᠭᠠᠯᠳᠤᠬᠤ ᠳ᠋ᠢᠶᠠᠩᠬᠤᠸᠠ᠄ | ᠪᠠᠶᠢᠭᠤᠯᠤᠭᠰᠠᠨ ᠦᠨᠳᠦᠰᠦᠯᠡᠯ᠄ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ | ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠳᠦᠷᠢᠮ ᠢ ᠬᠡᠷᠡᠭᠵᠢᠭᠦᠯᠬᠦ ᠠᠰᠠᠭᠤᠳᠠᠯ ᠤᠳ ᠤᠨ ᠲᠤᠬᠠᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾᠃ ᠬᠦᠯᠢᠶᠡᠨ ᠠᠪᠴᠤ ᠬᠦᠢᠴᠡᠳᠭᠡᠬᠦ | ᠨᠦᠬᠦᠴᠡᠯ᠄ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠲᠤᠷ᠎ᠠ ︽ᠪᠦᠬᠦ ᠤᠷᠤᠨ ᠤ | ᠬᠡᠪᠴᠢᠶᠡᠨ ᠳᠤ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠤᠯᠭᠤᠬᠤ ︿ᠭᠤᠷᠪᠠᠨ ᠱᠠᠲᠦ ᠪᠠᠷ ᠢᠶᠠᠨ ᠬᠠᠮᠲᠤᠷᠠᠨ | ᠡᠭᠦᠳᠭᠦ﹀ ᠠᠵᠢᠯᠯᠠᠭ᠎ᠠ ᠶᠢᠨ ᠵᠢᠯᠤᠭᠤᠳᠬᠤ ᠰᠠᠨᠠᠯ︾ ︵ᠦᠪᠦᠷ ᠬᠦᠳᠡᠯᠮᠦᠷᠢ ᠨᠡᠶᠢᠭᠡᠮ ᠠᠯᠪᠠᠨ ᠦᠰᠦᠭ ﹇2010 | ﹈ 69 ᠳ᠋ᠤᠭᠡᠷ ᠲᠤᠭᠠᠲᠤ︶ ᠪᠣᠯᠣᠨ ︽2012 ᠤᠨ ᠤ ᠦᠪᠡᠷᠲᠡᠭᠡᠨ ᠵᠠᠰᠠᠬᠤ ᠤᠷᠤᠨ ᠤ ᠱᠠᠲᠤᠨ ᠤ ᠮᠠᠯᠴᠢᠨ | ᠲᠠᠷᠢᠶᠠᠴᠢᠳ ᠢ ᠰᠢᠯᠵᠢᠭᠦᠯᠦᠨ ᠠᠵᠢᠯ ᠤᠯᠭᠤᠬᠤ ︿ᠭᠤᠷᠪᠠᠨ ᠱᠠᠲᠦ ᠪᠠᠷ ᠢᠶᠠᠨ ᠬᠠᠮᠲᠤᠷᠠᠨ ᠡᠭᠦᠳᠭᠦ﹀ ᠡᠭᠦᠳᠦᠨ | ᠪᠠᠶᠢᠭᠤᠯᠬᠤ ᠠᠵᠢᠯᠯᠠᠭ᠎ᠠ ᠦᠷᠨᠢᠬᠦᠯᠬᠦ ᠲᠤᠬᠠᠢ ᠮᠡᠳᠡᠭᠳᠡᠯ︾ ︵ᠦᠪᠦᠷ ᠬᠦᠮᠦᠨ ᠨᠡᠶᠢᠭᠡᠮ ᠠᠯᠪᠠᠨ ᠲᠠᠷᠬᠠᠭᠠᠭᠰᠠᠨ ﹇ | 2012﹈ 94 ᠳ᠋ᠤᠭᠡᠷ ᠲᠤᠭᠠᠲᠤ︶ ᠤᠨ ᠱᠠᠭᠠᠷᠳᠠᠯᠭ᠎ᠠ ᠶᠤᠰᠤᠭᠠᠷ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ | ᠤᠯᠭᠤᠬᠰᠠᠨ ᠵᠢᠱᠢᠶ᠎ᠡ ᠦᠵᠡᠬᠦᠯᠬᠦ ᠬᠤᠰᠢᠭᠤ ᠰᠢᠶᠠᠨ ︵ᠲᠤᠭᠤᠷᠢᠭ︶᠂ ᠰᠤᠮᠤ ︵ᠰᠢᠶᠠᠩ ᠪᠠᠯᠭᠠᠰᠤ︶᠂ ᠭᠠᠴᠠᠭ᠎ᠠ | ︵ᠲᠤᠰᠬᠤᠨ︶ ᠪᠠᠷ ᠮᠡᠳᠡᠭᠦᠯᠦᠭᠰᠡᠨ ᠪᠠᠶᠢᠬᠤ ᠬᠡᠷᠡᠭᠲᠠᠢ᠃ ᠭᠤᠶᠤᠴᠢᠯᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠶᠢᠨ ᠲᠤᠰᠠᠳᠠ᠂ ᠭᠤᠶᠤᠴᠢᠯᠠᠭᠴᠢ ᠬᠡᠷᠡᠭᠴᠡᠭᠡ ᠪᠦᠬᠦᠢ ᠮᠡᠳᠡᠭᠡ ᠵᠠᠩᠬᠢ ᠳᠤ ᠠᠯᠢ ᠴᠢᠳᠠᠬᠤᠶᠢᠴᠠ | ᠨᠠᠷᠢᠨ᠂ ᠲᠣᠳᠤᠷᠬᠠᠢ ᠳᠦᠷᠰᠦᠯᠡᠨ ᠲᠤᠭᠠᠴᠢᠯᠲᠠ ᠬᠢᠨ᠎ᠠ︔ ᠬᠡᠷᠪᠡ ᠪᠣᠯᠤᠯᠴᠠᠭ᠎ᠠ ᠲᠠᠢ ᠪᠣᠯ ᠲᠤᠰ ᠮᠡᠳᠡᠭᠡ | ᠵᠠᠩᠬᠢ ᠶᠢᠨ ᠭᠠᠷᠴᠠᠭ᠂ ᠨᠡᠶᠢᠲᠡᠯᠡᠭᠰᠡᠨ ᠴᠠᠭ ᠬᠤᠭᠤᠴᠠᠭ᠎ᠠ᠂ ᠪᠢᠴᠢᠭ ᠤᠨ ᠳ᠋ᠤᠭᠠᠷ ᠪᠤᠶᠤ ᠲᠤᠰ ᠪᠠᠶᠢᠭᠤᠯᠭ᠎ᠠ ᠮᠡᠳᠡᠭᠡ | ᠵᠠᠩᠬᠢ ᠶᠢᠨ ᠠᠴᠢᠶᠠᠯᠠᠪᠥᠷᠢ ᠶᠢ ᠲᠣᠭᠲᠠᠭᠠᠬᠤ ᠳᠤ ᠬᠠᠪᠰᠤᠷᠤᠮᠵᠢ ᠪᠤᠯᠬᠤ ᠪᠤᠰᠤᠳ ᠰᠠᠨᠠᠭᠤᠯᠤᠮᠵᠢ ᠶᠢ ᠬᠠᠨᠭ᠍ᠭᠠᠬᠤ | ᠪᠣᠯᠪᠠᠤ᠃ ᠭᠤᠶᠤᠴᠢᠯᠠᠭᠴᠢ ᠲᠤᠰ ᠪᠡᠶ᠎ᠡ ᠯᠦᠭᠡ ᠪᠠᠨ ᠬᠠᠮᠢᠶ᠎ᠠ ᠲᠠᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠤᠯᠬᠤ ᠪᠠᠷ ᠭᠤᠶᠤᠴᠢᠯᠠᠪᠠᠯ᠂ ᠬᠦᠴᠦᠨ ᠪᠦᠬᠦᠢ ᠬᠡᠷᠡᠴᠢ ᠲᠠᠢ ᠪᠠᠶᠢᠬᠤ ᠬᠡᠷᠡᠭᠲᠡᠢ ᠪᠦᠭᠡᠳ ᠪᠢᠴᠢᠭᠯᠡᠭᠰᠡᠨ | ᠭᠤᠶᠤᠴᠢᠯᠠᠯ ᠢᠶᠠᠨ ᠨᠢᠭᠤᠷᠳᠠᠨ ᠲᠤᠰᠢᠶᠠᠬᠤ ᠬᠡᠷᠡᠭᠲᠡᠢ᠃ ᠲᠤᠰ ᠪᠠᠶᠢᠭᠤᠯᠭ᠎ᠠ ᠳ᠋ᠢᠶᠠᠩᠬᠤᠸᠠ ᠪᠠᠷ ᠭᠤᠶᠤᠴᠢᠯᠠᠯ | ᠭᠠᠷᠭᠠᠬᠤ ᠶᠢ ᠰᠢᠭᠤᠳ ᠬᠦᠯᠢᠶᠡᠨ ᠠᠪᠴᠤ ᠬᠦᠢᠴᠡᠳᠭᠡᠬᠦ ᠦᠭᠡᠢ᠂ ᠬᠡᠪᠡᠴᠦ ᠭᠤᠶᠤᠴᠢᠯᠠᠭᠴᠢ ᠬᠠᠮᠢᠶ᠎ᠠ ᠪᠦᠬᠦᠢ | ᠦᠢᠯᠡᠴᠢᠯᠡᠬᠡᠨ ᠤ ᠲᠤᠬᠠᠶᠢᠯᠠᠭᠰᠠᠨ ᠠᠵᠢᠯ ᠢ ᠳ᠋ᠢᠶᠠᠩᠬᠤᠸᠠ ᠪᠠᠷ ᠠᠰᠠᠭᠤᠨ ᠯᠠᠪᠯᠠᠵᠤ ᠪᠤᠯᠤᠨ᠎ᠠ᠃ ᠭᠤᠶᠤᠴᠢᠯᠠᠯ ᠤᠨ | ᠮᠠᠲ᠋ᠧᠷᠢᠶᠠᠯ᠄ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ | ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ᠃ ︽ᠭᠤᠶᠤᠴᠢᠯᠠᠯ ᠤᠨ ᠬᠦᠰᠦᠨᠦᠭᠲᠦ︾ ᠶᠢᠨ ᠬᠠᠭᠤᠯᠪᠤᠷᠢ ᠨᠢ | ᠬᠦᠴᠦᠨ ᠲᠠᠢ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠫᠤᠷᠲ᠋ᠧᠯ ᠰᠦᠯᠵᠢᠶ᠎ᠡ ᠶᠢᠨ ᠲᠡᠷᠢᠭᠦᠨ ᠨᠢᠭᠤᠷ ᠤᠨ ︽ᠵᠠᠰᠠᠭ ᠤᠨ ᠤᠷᠳᠤᠨ ᠤ ᠢᠯᠡ | ᠮᠡᠳᠡᠭᠡ ᠵᠠᠩᠬᠢ︾ ᠪᠤᠯᠤᠩ ᠠᠴᠠ ᠪᠠᠭᠤᠯᠭᠠᠵᠤ ᠪᠤᠯᠤᠨ᠎ᠠ᠃ ᠡᠯᠧᠺᠳ᠋ᠷᠤᠨ ᠰᠢᠤᠳᠠᠨ ᠬᠠᠶᠢᠷᠴᠠᠭ᠂ ᠵᠠᠬᠢᠲᠠᠯ᠂ ᠹᠠᠺᠰ ︵ | 0471 — 6606150︶ ᠵᠡᠷᠭᠡ ᠬᠡᠯᠪᠡᠷᠢ ᠪᠠᠷ ᠭᠤᠶᠤᠴᠢᠯᠠᠯ ᠤᠨ ᠪᠢᠴᠢᠭ ᠢ ᠲᠤᠰᠢᠶᠠᠵᠤ ᠪᠤᠯᠤᠨ᠎ᠠ᠃ | ᠬᠦᠢᠴᠡᠳᠭᠡᠬᠦ ᠴᠤᠪᠤᠷᠠᠯ᠄ | 1. ᠬᠤᠰᠢᠭᠤ ᠰᠢᠶᠠᠨ ︵ᠲᠤᠭᠤᠷᠢᠭ︶᠂ ᠰᠤᠮᠤ ︵ᠰᠢᠶᠠᠩ ᠪᠠᠯᠭᠠᠰᠤ︶ ᠶᠢᠨ ᠠᠷᠠᠳ ᠤᠨ ᠵᠠᠰᠠᠭ ᠤᠨ | ᠤᠷᠳᠤᠨ ᠪᠤᠶᠤ ᠭᠠᠴᠠᠭ᠎ᠠ ︵ᠲᠤᠰᠬᠤᠨ︶ ᠶᠢᠨ ᠵᠦᠪᠯᠡᠯ ᠭᠤᠶᠤᠴᠢᠯᠠᠯ ᠭᠠᠷᠭᠠᠨ᠎ᠠ︔ | 2. ᠪᠦᠷᠢᠳᠭᠡᠵᠦ ᠬᠢᠨᠠᠨ ᠪᠠᠶᠢᠴᠠᠭᠠᠨ᠎ᠠ᠃ ᠨᠦᠬᠦᠴᠡᠯ ᠨᠢ ᠪᠦᠷᠢᠨ ᠲᠡᠭᠦᠯᠳᠡᠷ ᠦᠭᠡᠢ ᠭᠤᠶᠤᠴᠢᠯᠠᠯ ᠢ | ᠪᠤᠴᠠᠭᠠᠬᠤ ᠶᠢᠨ ᠬᠠᠮᠲᠤ᠂ ᠪᠤᠷᠤᠭᠤ ᠳᠤᠲᠠᠭᠤ ᠵᠦᠢᠯᠡᠰ ᠢ ᠨᠢᠭᠡ ᠯᠡ ᠤᠳᠠᠭ᠎ᠠ ᠳᠤ ᠮᠡᠳᠡᠭᠳᠡᠵᠤ᠂ | ᠭᠤᠶᠤᠴᠢᠯᠠᠭᠴᠢ ᠶᠢ ᠨᠦᠬᠦᠪᠦᠷᠢᠯᠡᠬᠦᠯᠬᠦ ᠪᠠᠷ ᠱᠠᠭᠠᠷᠳᠠᠨ᠎ᠠ᠃ | 3. ᠪᠤᠳᠠᠲᠠᠢ ᠬᠦᠢᠴᠡᠳᠭᠡᠨ᠎ᠡ᠃ ᠲᠡᠷᠡ ᠳᠠᠷᠤᠢ ᠳᠤᠨᠢ ᠬᠠᠷᠢᠭᠤ ᠦᠭᠴᠤ ᠳᠡᠶᠢᠯᠬᠦ ᠳᠤᠨᠢ ᠲᠡᠷᠡ ᠳᠠᠷᠤᠢ ᠳᠤᠨᠢ | ᠬᠠᠷᠢᠭᠤ ᠦᠭᠭᠦᠨ᠎ᠡ︔ ᠲᠡᠷᠡ ᠳᠠᠷᠤᠢ ᠳᠤᠨᠢ ᠬᠠᠷᠢᠬᠤ ᠦᠭᠴᠦ ᠳᠡᠶᠢᠯᠬᠦ ᠦᠭᠡᠢ ᠳᠤᠨᠢ᠂ ᠪᠦᠷᠢᠳᠭᠡᠭᠰᠡᠨ | ᠡᠳᠥᠷ ᠠᠴᠠ ᠡᠬᠢᠯᠡᠨ 12 ᠠᠵᠢᠯᠯᠠᠬᠤ ᠡᠳᠦᠷ ᠤᠨ ᠳᠤᠲᠤᠷ᠎ᠠ ᠪᠢᠴᠢᠭ ᠢᠶᠠᠷ ᠬᠠᠷᠢᠭᠤ ᠦᠭᠭᠦᠨ᠎ᠡ᠃ ᠵᠦᠢ ᠶᠤᠰᠤᠨ ᠤ | ᠤᠴᠢᠷ ᠰᠢᠯᠲᠠᠭᠠᠨ ᠠᠴᠠ ᠪᠣᠯᠤᠭᠠᠳ ᠲᠤᠭᠲᠠᠭᠰᠠᠨ ᠬᠤᠭᠤᠴᠠᠭᠠᠨ ᠳᠠᠭᠠᠨ ᠬᠠᠷᠢᠭᠤ ᠦᠭᠴᠦ ᠳᠡᠶᠢᠯᠬᠦ ᠦᠭᠡᠢ ᠳᠤᠨᠢ᠂ | ᠬᠦᠯᠢᠶᠡᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠷᠢᠭᠤᠴᠠᠯᠭᠠᠲᠠᠨ ᠢᠶᠠᠷ ᠵᠦᠪᠰᠢᠶᠡᠷᠡᠭᠦᠯᠦᠭᠡᠳ᠂ ᠬᠠᠷᠢᠭᠤ ᠦᠭᠭᠦ | ᠴᠠᠭ ᠤᠨ ᠬᠢᠵᠠᠭᠠᠷ ᠢ ᠵᠣᠬᠢᠬᠤ ᠬᠡᠮᠵᠢᠶ᠎ᠡ ᠪᠠᠷ ᠤᠷᠳᠤᠳᠬᠠᠬᠤ ᠶᠢᠨ ᠬᠠᠮᠲᠤ᠂ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠵᠤ᠂ ᠤᠷᠲᠤᠳᠬᠠᠭᠰᠠᠨ ᠴᠠᠭ ᠢ 15 ᠠᠵᠢᠯᠯᠠᠬᠤ ᠡᠳᠦᠷ ᠠᠴᠠ ᠬᠡᠲᠦᠷᠡᠭᠦᠯᠬᠦ ᠦᠭᠡᠢ᠃ ᠳᠠᠭᠠᠭᠠᠵᠦ ᠳᠡᠶᠢᠯᠬᠦ | ᠦᠭᠡᠢ ᠬᠦᠴᠥᠨ ᠪᠤᠶᠤ ᠪᠤᠰᠤᠳ ᠬᠠᠤᠯᠢ ᠪᠠᠷ ᠲᠤᠭᠲᠠᠭᠠᠭᠰᠠᠨ ᠤᠴᠢᠷ ᠰᠢᠯᠲᠠᠭᠠᠨ ᠠᠴᠠ ᠪᠣᠯᠤᠭᠠᠳ ᠲᠤᠭᠲᠠᠭᠰᠠᠨ | ᠬᠤᠭᠤᠴᠠᠭᠠᠨ ᠳᠠᠭᠠᠨ ᠭᠤᠶᠤᠴᠢᠯᠠᠭᠴᠢ ᠳᠤ ᠬᠠᠷᠢᠭᠤ ᠦᠭᠴᠦ ᠳᠡᠶᠢᠯᠬᠦ ᠦᠭᠡᠢ ᠳᠤᠨᠢ᠂ ᠴᠠᠭ ᠤᠨ ᠬᠢᠵᠠᠭᠠᠷ ᠢ | ᠳᠤᠮᠳᠠ ᠠᠴᠠ ᠨᠢ ᠵᠣᠭᠰᠤᠭᠠᠵᠦ᠂ ᠬᠠᠷᠰᠢ ᠰᠠᠭᠠᠳ ᠢ ᠠᠷᠢᠯᠭᠠᠭᠰᠠᠨ ᠤ ᠳᠠᠷᠠᠭ᠎ᠠ ᠰᠡᠷᠭᠦᠭᠡᠭᠰᠡᠨ ᠢᠶᠠᠷ ᠪᠣᠳᠤᠨ᠎ᠠ᠃ | |