| | ᠨᠢᠭᠡ᠂ ᠲᠤᠬᠢᠷᠠᠬᠤ ᠬᠡᠪᠴᠢᠶ᠎ᠡ ᠲᠤᠰ ᠵᠢᠭᠠᠯᠲᠠ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ ᠪᠠᠷ | ᠭᠤᠶᠤᠴᠢᠯᠠᠬᠤ ᠪᠠ ᠬᠦᠢᠴᠡᠳᠭᠡᠬᠦ ᠳᠤ ᠲᠤᠬᠢᠷᠠᠨ᠎ᠠ᠃ | ᠬᠤᠶᠠᠷ᠂ ᠭᠤᠶᠤᠴᠢᠯᠠᠬᠤ ᠵᠦᠢᠯᠡᠰ ᠵᠦᠢᠯ᠄ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ | ᠭᠤᠶᠤᠴᠢᠯᠠᠯ᠃ ᠬᠤᠪᠢᠶᠠᠷᠢ ᠵᠦᠢᠯᠡᠰ᠄ ᠪᠠᠶᠢᠭᠤᠯᠬᠤ᠂ ᠦᠷᠭᠦᠯᠵᠢᠯᠡᠬᠦᠯᠬᠦ᠂ ᠬᠦᠴᠦᠨ ᠦᠭᠡᠢ ᠪᠤᠯᠭᠠᠬᠤ᠂ ᠦᠨᠡᠮᠯᠡᠯ | ᠨᠦᠬᠦᠬᠦ᠃ | ᠭᠤᠷᠪᠠ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠦᠨᠳᠦᠰᠦᠯᠡᠯ ︽ᠡᠵᠡᠩᠨᠡᠯᠲᠡ ᠶᠢᠨ ᠴᠢᠨᠠᠷᠲᠠᠢ | ᠲᠤᠭᠯᠠᠯᠲᠠ ᠶᠢᠨ ᠬᠠᠮᠢᠶᠠᠷᠤᠯᠲᠠ ᠶᠢᠨ ᠳᠦᠷᠢᠮ︾᠂ ︽ᠡᠵᠡᠩᠨᠡᠯᠲᠡ ᠶᠢᠨ ᠴᠢᠨᠠᠷᠲᠠᠢ ᠲᠤᠭᠯᠠᠯᠲᠠ ᠶᠢᠨ | ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾᠂ ︽ᠡᠵᠡᠩᠨᠡᠯᠲᠡ ᠶᠢᠨ ᠴᠢᠨᠠᠷᠲᠠᠢ ᠲᠤᠭᠯᠠᠯᠲᠠ ᠶᠢ | ᠬᠢᠨᠠᠨ ᠵᠦᠪᠰᠢᠶᠡᠷᠡᠬᠦ ᠲᠦᠷᠦᠯ ᠵᠦᠢᠯ ᠢ ᠬᠦᠴᠦᠨ ᠦᠭᠡᠢ ᠪᠤᠯᠭᠠᠬᠤ ᠪᠠ ᠳᠤᠷᠤᠭᠰᠢ ᠪᠠᠭᠤᠯᠭᠠᠬᠤ ᠠᠵᠢᠯ ᠢ ᠰᠠᠶᠢᠲᠤᠷ | ᠬᠢᠬᠦ ᠲᠤᠬᠠᠢ ᠰᠤᠶᠤᠯ ᠤᠨ ᠶᠠᠮᠤᠨ ᠤ ᠮᠡᠳᠡᠭᠳᠡᠯ︾᠃ | ᠳᠦᠷᠪᠡ᠂ ᠵᠠᠰᠠᠭ ᠵᠠᠬᠢᠷᠭᠠᠨ ᠢᠶᠠᠷ ᠵᠦᠪᠰᠢᠶᠡᠷᠡᠬᠦ ᠪᠠᠶᠢᠭᠤᠯᠭ᠎ᠠ ᠠᠶᠢᠮᠠᠭ ᠬᠤᠲᠠ ᠶᠢᠨ ᠰᠤᠶᠤᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ | ᠲᠠᠪᠤ᠂ ᠵᠠᠰᠠᠭ ᠵᠠᠬᠢᠷᠭᠠᠨ ᠢᠶᠠᠷ ᠵᠦᠪᠰᠢᠶᠡᠷᠡᠬᠦ ᠲᠤᠭ᠎ᠠ ᠬᠡᠮᠵᠢᠶ᠎ᠡ ᠲᠤᠭ᠎ᠠ ᠬᠡᠮᠵᠢᠶ᠎ᠠ ᠶᠢᠨ ᠬᠢᠵᠠᠭᠠᠷᠯᠠᠯ ᠦᠭᠡᠢ᠃ | ᠵᠢᠷᠭᠤᠭ᠎ᠠ᠂ ᠭᠤᠶᠤᠴᠢᠯᠠᠬᠤ ᠨᠦᠬᠦᠴᠡᠯ | 1. ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠵᠦᠪᠰᠢᠶᠡᠷᠡᠬᠦ ᠮᠡᠳᠡᠭᠳᠡᠯ ᠤᠨ ᠪᠢᠴᠢᠭ ᠪᠤᠶᠤ | ᠡᠵᠡᠩᠨᠡᠯᠲᠡ ᠶᠢᠨ ᠦᠨᠡᠮᠯᠡᠯ︔ | 2. ᠲᠤᠭᠲᠠᠮᠠᠯ ᠠᠯᠪᠠᠯᠠᠬᠤ ᠭᠠᠵᠠᠷ ᠲᠠᠢ ᠪᠠᠶᠢᠬᠤ︔ | 3. ᠭᠤᠷᠪᠠᠨ ᠨᠡᠷ᠎ᠡ ᠠᠴᠠ ᠳᠡᠭᠡᠭᠰᠢ ᠲᠤᠰᠬᠠᠢ ᠲᠤᠰᠢᠶᠠᠯᠲᠤ ᠲᠤᠭᠯᠠᠯᠲᠠ ᠶᠢᠨ ᠵᠠᠭᠤᠴᠢᠯᠠᠭᠴᠢ ᠲᠠᠢ ᠪᠠᠶᠢᠬᠤ︔ | 4. ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠠᠵᠢᠯᠯᠠᠭ᠎ᠠ ᠯᠤᠭ᠎ᠠ ᠲᠤᠬᠢᠷᠠᠭᠰᠠᠨ ᠪᠡᠯᠡ | ᠮᠦᠡᠭᠭᠦ ᠲᠠᠢ ᠪᠠᠶᠢᠬᠤ᠃ | ᠳᠤᠯᠤᠭ᠎ᠠ᠂ ᠭᠤᠶᠤᠴᠢᠯᠠᠬᠤ ᠠᠷᠭ᠎ᠠ ᠮᠠᠶ᠋ᠢᠭ ᠲᠤᠬᠠᠢ ᠶᠢᠨ ᠲᠠᠯᠠᠪᠠᠢ ᠳᠤ ᠭᠤᠶᠤᠴᠢᠯᠠᠬᠤ᠃ | ᠨᠶᠢᠮᠠ᠂ ᠭᠤᠶᠤᠴᠢᠯᠠᠬᠤ ᠮᠠᠲ᠋ᠧᠷᠢᠶᠠᠯ | ︵ᠨᠢᠭᠡ︶ ᠮᠠᠲ᠋ᠧᠷᠢᠶᠠᠯ ᠤᠨ ᠨᠠᠷᠢᠨ ᠳᠠᠩᠰᠠ | 1. ᠪᠠᠶᠢᠭᠤᠯᠬᠤ | ︵1︶ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ ᠭᠤᠶᠤᠴᠢᠯᠠᠯ ᠤᠨ ᠪᠦᠷᠢᠳᠭᠡᠭᠦᠯᠬᠦ ᠬᠦᠰᠦᠨᠦᠭᠲᠦ | ︔ | ︵2︶ ᠨᠡᠷᠡᠶᠢᠳᠦᠯ ᠢ ᠤᠷᠢᠳᠴᠢᠯᠠᠨ ᠬᠢᠨᠠᠨ ᠵᠦᠪᠰᠢᠶᠡᠷᠡᠬᠦ ᠮᠡᠳᠡᠭᠳᠡᠯ ᠤᠨ ᠪᠢᠴᠢᠭ ᠪᠤᠶᠤ ᠠᠵᠤ ᠦᠢᠯᠡᠳᠪᠦᠷᠢ | ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠥᠷᠢ ᠪᠠᠭᠤᠯᠭᠠᠪᠥᠷᠢ︔ | ︵3︶ ᠲᠤᠭᠲᠠᠮᠠᠯ ᠠᠯᠪᠠᠯᠠᠬᠤ ᠭᠠᠵᠠᠷ ᠤᠨ ᠬᠡᠷ ᠬᠦᠷᠦᠩᠭᠡ ᠶᠢᠨ ᠦᠨᠡᠮᠯᠡᠯ ᠬᠢᠭᠡᠳ ᠳᠦᠷᠢᠶᠡᠰᠦᠯᠡᠬᠦ ᠬᠡᠷ᠎ᠡ︔ | ︵4︶ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠲᠤᠪᠴᠢ ᠨᠠᠮᠲᠠᠷ ᠪᠠ ᠪᠡᠶ᠎ᠡ ᠶᠢᠨ ᠭᠡᠷᠡᠴᠢ᠂ ᠲᠤᠰᠬᠠᠢ | ᠮᠡᠷᠭᠡᠵᠢᠯ ᠤᠨ ᠬᠦᠮᠦᠨ ᠤ ᠨᠡᠷᠡᠰ︔ | ︵5︶ ᠭᠤᠷᠪᠠᠨ ᠨᠡᠷ᠎ᠡ ᠠᠴᠠ ᠳᠡᠭᠡᠭᠰᠢ ᠲᠤᠰᠬᠠᠢ ᠲᠤᠰᠢᠶᠠᠯᠲᠤ ᠲᠤᠭᠯᠠᠯᠲᠠ ᠵᠠᠭᠤᠴᠢᠯᠠᠭᠴᠢ ᠶᠢᠨ ᠬᠢᠷᠢ | ᠬᠡᠮ ᠤᠨ ᠦᠨᠡᠮᠯᠡᠯ︔ | ︵6︶ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠠᠵᠢᠯᠯᠠᠭ᠎ᠠ ᠯᠤᠭ᠎ᠠ ᠲᠤᠬᠢᠷᠠᠭᠰᠠᠨ | ᠪᠡᠯᠡ ᠮᠦᠡᠭᠭᠦ︔ ᠰᠢᠶᠠᠩᠭᠠᠡᠭ ᠤᠨᠴᠠᠭᠠᠢ ᠵᠠᠰᠠᠭ ᠵᠠᠬᠢᠷᠭᠠᠨ ᠤ ᠤᠷᠤᠨ᠂ ᠤᠤᠮᠧᠨ ᠤᠨᠴᠠᠭᠠᠢ ᠵᠠᠰᠠᠭ ᠵᠠᠬᠢᠷᠭᠠᠨ ᠤ | ᠤᠷᠤᠨ ᠤ ᠪᠡᠯᠡ ᠤᠷᠤᠭᠤᠯᠤᠭᠴᠢ ᠳᠤᠲᠤᠷ ᠭᠠᠵᠠᠷ ᠪᠡᠯᠡ ᠤᠷᠤᠭᠤᠯᠵᠤ ᠪᠡᠯᠡ ᠨᠡᠶᠢᠯᠡᠭᠦᠯᠦᠭᠰᠡᠨ᠂ ᠬᠤᠷᠰᠢᠭᠰᠠᠨ᠂ | ᠲᠤᠰᠠᠭᠠᠷ ᠪᠡᠯᠡ ᠤᠷᠤᠭᠤᠯᠵᠤ ᠡᠵᠡᠩᠨᠡᠭᠰᠡᠨ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ ᠪᠠᠷ | ᠭᠤᠶᠤᠴᠢᠯᠠᠬᠤ ᠳᠤ᠂ ᠳᠤᠤᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠠᠢ᠄ | ︵1︶ ᠪᠤᠯᠤᠮᠵᠢᠲᠤ ᠰᠤᠳᠤᠯᠤᠯ ᠤᠨ ᠮᠡᠳᠡᠭᠦᠯᠦᠯᠲᠡ᠂ ᠬᠡᠷ᠎ᠡ᠂ ᠳᠦᠷᠢᠮ︔ | ︵2︶ ᠪᠡᠯᠡ ᠨᠡᠶᠢᠯᠡᠬᠦᠯᠬᠦ᠂ ᠬᠤᠷᠰᠢᠵᠤ ᠡᠵᠡᠩᠨᠡᠬᠦ ᠲᠠᠯ᠎ᠠ ᠨᠢᠭᠡᠪᠦᠷᠢ ᠶᠢᠨ ᠬᠦᠷᠦᠩᠭᠡ ᠢᠲᠡᠭᠡᠮᠵᠢ ᠶᠢᠨ ᠬᠡᠷᠡᠴᠢ | ᠬᠢᠭᠡᠳ ᠳᠠᠩᠰᠠᠯᠠᠭᠤᠯᠵᠦ ᠪᠦᠷᠢᠳᠭᠡᠯᠭᠡᠭᠰᠡᠨ ᠪᠢᠴᠢᠭ ᠮᠠᠲ᠋ᠧᠷᠢᠶᠠᠯ︔ | ︵3︶ ᠳᠤᠲᠤᠷ ᠭᠠᠵᠠᠷ ᠯᠤᠭ᠎ᠠ ᠪᠡᠯᠡ ᠨᠡᠶᠢᠯᠡᠬᠦᠯᠵᠤ᠂ ᠬᠤᠷᠰᠢᠵᠤ ᠡᠵᠡᠩᠨᠡᠭᠴᠢ ᠶᠢᠨ ᠪᠡᠯᠡ ᠤᠷᠤᠭᠤᠯᠬᠤ ᠪᠤᠶᠤ | ᠬᠠᠨᠭ᠍ᠭᠠᠭᠰᠠᠨ ᠬᠤᠷᠰᠢᠬᠤ ᠨᠦᠬᠦᠴᠡᠯ ᠨᠢ ᠤᠯᠤᠰ ᠤᠨ ᠦᠮᠴᠢᠯᠡᠯᠲᠦ ᠡᠳ᠋ ᠬᠦᠷᠦᠩᠭᠡ ᠳᠤ ᠬᠠᠷᠢᠶᠠᠯᠠᠭᠳᠠᠪᠠᠯ ᠡᠳ᠋ | ᠬᠦᠷᠦᠩᠭᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠬᠠᠨᠭ᠍ᠭᠠᠬᠤ ᠬᠡᠷᠡᠭᠲᠠᠢ︔ | ︵4︶ ᠪᠡᠯᠡ ᠨᠡᠶᠢᠯᠡᠭᠦᠯᠵᠤ᠂ ᠬᠤᠷᠰᠢᠵᠤ ᠡᠵᠡᠩᠨᠡᠬᠦ ᠲᠠᠯ᠎ᠠ ᠨᠢᠭᠡᠪᠦᠷᠢ ᠯᠦᠭᠡ ᠵᠦᠪᠲᠡᠯᠴᠡᠭᠡᠳ ᠲᠤᠭᠲᠠᠭᠠᠭᠰᠠᠨ | ᠬᠡᠷᠡᠭ ᠮᠡᠳᠡᠭᠴᠢᠳ ᠤᠨ ᠳᠠᠷᠤᠭ᠎ᠠ᠂ ᠳᠡᠳ᠋ ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠮᠡᠳᠡᠭᠴᠢ ᠪᠤᠶᠤ | ᠬᠠᠮᠲᠤᠷᠠᠭᠰᠠᠨ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠡᠰᠢᠬᠦᠨ ᠤ ᠵᠢᠱᠢᠭᠳᠡᠭᠴᠢ | ᠬᠢᠭᠡᠳ ᠪᠡᠶ᠎ᠡ ᠶᠢᠨ ᠬᠡᠷᠡᠴᠢ᠃ | ︵5︶ ᠰᠢᠶᠠᠩᠭᠠᠡᠭ᠂ ᠤᠤᠮᠧᠨ ᠤ ᠪᠡᠯᠡ ᠤᠷᠤᠭᠤᠯᠤᠭᠴᠢ ᠶᠢᠨ ᠪᠡᠯᠡ ᠤᠷᠤᠭᠤᠯᠬᠤ ᠬᠠᠷᠢᠴᠠᠯ ᠨᠢ 50 | % ᠠᠴᠠ ᠳᠡᠭᠡᠭᠦᠷ ᠪᠠ ᠲᠡᠩᠴᠡᠭᠦᠦ ᠪᠤᠶᠤ ᠡᠵᠡᠩᠨᠡᠯᠲᠡ ᠶᠢᠨ ᠭᠤᠤᠯᠯᠠᠬᠤ ᠡᠷᠬᠡ ᠲᠠᠢ ᠪᠠᠶᠢᠪᠠᠯ᠂ ᠰᠢᠶᠠᠩᠭᠠᠡᠭ ᠤᠨ | ᠠᠵᠤ ᠦᠢᠯᠡᠳᠪᠦᠷᠢ ᠠᠷᠠᠯᠵᠢᠶᠠᠨ ᠤ ᠵᠠᠬᠢᠷᠭ᠎ᠠ ᠪᠤᠶᠤ ᠤᠤᠮᠧᠨ ᠤ ᠠᠵᠤ ᠠᠬᠤᠢ ᠶᠢᠨ ᠲᠤᠪᠴᠢᠶ᠎ᠠ ᠶᠢᠨ ᠬᠢᠵᠤ | ᠦᠭᠭᠦᠭᠰᠡᠨ ᠦᠢᠯᠡᠴᠢᠯᠡᠭᠡ ᠬᠠᠨᠭ᠍ᠭᠠᠭᠴᠢ ᠶᠢᠨ ᠬᠡᠷᠡᠴᠢ ᠪᠢᠴᠢᠭ ᠢ ᠬᠠᠨᠭ᠍ᠭᠠᠬᠤ ᠬᠡᠷᠡᠭᠲᠠᠢ᠃ ᠰᠢᠶᠠᠩᠭᠠᠡᠭ᠂ ᠤᠤᠮᠧᠨ ᠤ | ᠪᠡᠯᠡ ᠤᠷᠤᠭᠤᠯᠤᠭᠴᠢ ᠨᠢ ᠪᠠᠶᠢᠭᠠᠯᠢ ᠬᠦᠮᠦᠨ ᠪᠠᠶᠢᠪᠠᠯ᠂ ᠰᠢᠶᠠᠩᠭᠠᠡᠭ᠂ ᠤᠤᠮᠧᠨ ᠤ ᠡᠭᠦᠷᠢᠳᠡ ᠶᠢᠨ ᠰᠠᠭᠤᠭᠠᠯᠢ | ᠠᠷᠠᠳ ᠤᠨ ᠪᠡᠶ᠎ᠡ ᠶᠢᠨ ᠭᠡᠷᠡᠴᠢ ᠶᠢ ᠬᠠᠨᠭ᠍ᠭᠠᠬᠤ ᠬᠡᠷᠡᠭᠲᠠᠢ᠃ | ︵6︶ ᠬᠠᠤᠯᠢ ᠶᠤᠰᠤᠭᠠᠷ ᠲᠤᠰᠢᠶᠠᠬᠤ ᠴᠢᠬᠤᠯᠠᠲᠠᠢ ᠪᠤᠰᠤᠳ ᠪᠢᠴᠢᠭ ᠮᠠᠲ᠋ᠧᠷᠢᠶᠠᠯ᠃ | ᠲᠠᠶᠢᠸᠠᠨ ᠤᠷᠤᠨ ᠤ ᠪᠡᠯᠡ ᠤᠷᠤᠭᠤᠯᠤᠭᠴᠢ ᠲᠤᠲᠤᠷ ᠭᠠᠵᠠᠷ ᠪᠡᠯᠡ ᠤᠷᠤᠭᠤᠯᠵᠤ ᠪᠡᠯᠡ ᠨᠡᠶᠢᠯᠡᠬᠦᠯᠵᠤ᠂ | ᠬᠤᠷᠰᠢᠵᠤ ᠡᠵᠡᠩᠨᠡᠭᠰᠡᠨ ᠲᠤᠭᠯᠠᠯᠲᠠ ᠵᠠᠭᠤᠴᠢᠯᠠᠬᠤ ᠪᠠᠶᠢᠭᠤᠯᠤᠮᠵᠢ ᠪᠠᠶᠢᠭᠤᠯᠬᠤ ᠳᠤ ᠳᠡᠭᠡᠷᠡᠬᠢ ᠬᠤᠶᠠᠷ ᠵᠤᠷᠪᠤᠰ ᠲᠤ | ᠲᠤᠭᠲᠠᠭᠠᠭᠰᠠᠨ ᠪᠢᠴᠢᠭ ᠮᠠᠲ᠋ᠧᠷᠢᠶᠠᠯ ᠠᠴᠠ ᠭᠠᠳᠠᠨ᠎ᠠ ᠪᠠᠰᠠ ᠳᠤᠤᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠢ | ᠲᠤᠰᠢᠶᠠᠬᠤ ᠬᠡᠷᠡᠭᠲᠠᠢ᠄ | ︵1︶ ᠳᠤᠲᠤᠷ ᠭᠠᠵᠠᠷ ᠤᠨ ᠪᠡᠯᠡ ᠤᠷᠤᠭᠤᠯᠤᠭᠴᠢ ᠶᠢᠨ ᠪᠡᠯᠡ ᠤᠷᠤᠭᠤᠯᠬᠤ ᠬᠠᠷᠢᠴᠠᠯ ᠨᠢ 51 % ᠠᠴᠠ | ᠳᠤᠤᠷ᠎ᠠ ᠦᠭᠡᠢ ᠪᠠᠶᠢᠵᠤ᠂ ᠡᠵᠡᠩᠨᠡᠯᠲᠡ ᠶᠢᠨ ᠭᠤᠤᠯᠯᠠᠬᠤ ᠡᠷᠭᠡ ᠲᠠᠢ ᠪᠠᠶᠢᠬᠤ ᠶᠢᠨ ᠬᠡᠷᠡᠴᠢ︔ | ︵2︶ ᠬᠡᠷᠡᠭ ᠮᠡᠳᠡᠭᠴᠢᠳ ᠤᠨ ᠳᠠᠷᠤᠭ᠎ᠠ ᠪᠤᠶᠤ ᠬᠠᠮᠲᠤᠷᠠᠭᠰᠠᠨ ᠵᠦᠪᠯᠡᠯ ᠤᠨ ᠡᠷᠬᠢᠯᠡᠭᠴᠢ ᠨᠢ ᠳᠤᠲᠤᠷ | ᠭᠠᠵᠠᠷ ᠤᠨ ᠲᠦᠯᠦᠭᠡᠯᠡᠭᠴᠢ ᠭᠡᠰᠡᠨ ᠤ ᠬᠡᠷᠡᠴᠢ᠂ ᠳᠤᠲᠤᠷ ᠭᠠᠵᠠᠷ ᠤᠨ ᠲᠦᠯᠦᠭᠡᠯᠡᠭᠴᠢ ᠬᠡᠷᠡᠭ ᠮᠡᠳᠡᠭᠴᠢᠳ ᠤᠨ | ᠵᠦᠪᠯᠡᠯ ᠪᠤᠶᠤ ᠬᠠᠮᠲᠤᠷᠠᠭᠰᠠᠨ ᠵᠦᠪᠯᠡᠯ ᠳᠤ ᠤᠯᠠᠩᠬᠢ ᠶᠢ ᠡᠵᠡᠯᠡᠵᠤ ᠪᠠᠶᠢᠭ᠎ᠠ ᠶᠢᠨ ᠬᠡᠷᠡᠴᠢ᠃ | 2. ᠦᠷᠭᠦᠯᠵᠢᠯᠡᠬᠦᠯᠬᠦ | ︵1︶ ᠦᠷᠭᠦᠯᠵᠢᠯᠡᠭᠦᠯᠬᠦ ᠶᠢᠨ ᠦᠨᠡᠮᠯᠡᠯ ᠰᠤᠯᠢᠬᠤ ᠭᠤᠶᠤᠴᠢᠯᠠᠯ︔ | ︵2︶ ᠤᠤᠯ ︽ᠡᠵᠡᠩᠨᠡᠯᠲᠡ ᠶᠢᠨ ᠴᠢᠨᠠᠷᠲᠠᠢ ᠲᠤᠭᠯᠠᠯᠲᠠ ᠭᠠᠷᠭᠠᠬᠤ ᠵᠦᠪᠰᠢᠶᠡᠷᠡᠯ ᠤᠨ ᠦᠨᠡᠮᠯᠡᠯ︾ ᠤᠨ | ᠵᠢᠩᠬᠢᠨᠢ ᠳᠡᠪᠲᠡᠷ᠂ ᠬᠠᠭᠤᠯᠪᠤᠷᠢ ᠳᠡᠪᠲᠡᠷ︔ | ︵3︶ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠤᠶᠤ ᠠᠵᠢᠯ ᠦᠢᠯᠡᠰ ᠤᠨ ᠨᠢᠭᠡᠴᠡ ᠶᠢᠨ | ᠬᠠᠤᠯᠢ ᠶᠢᠨ ᠡᠷᠬᠡᠲᠡᠨ ᠤ ᠦᠨᠡᠮᠯᠡᠯ︔ | ︵4︶ ᠠᠳᠠᠭ ᠲᠠᠭᠠᠨ ᠭᠤᠷᠪᠠᠨ ᠲᠤᠭᠯᠠᠯᠲᠠ ᠵᠠᠭᠤᠴᠢᠯᠠᠭᠴᠢ ᠶᠢᠨ ᠬᠢᠷᠢ ᠬᠡᠮ ᠤᠨ ᠦᠨᠡᠮᠯᠡᠯ᠃ | ︵5︶ ᠤᠶᠢᠷ᠎ᠠ ᠶᠢᠨ ᠬᠤᠶᠠᠷ ᠵᠢᠯ ᠤᠨ ᠡᠵᠡᠩᠨᠡᠯᠲᠡ ᠶᠢᠨ ᠪᠠᠶᠢᠳᠠᠯ ᠤᠨ ᠮᠡᠳᠡᠭᠦᠯᠦᠯᠲᠡ᠃ | 3. ᠬᠦᠴᠦᠨ ᠦᠭᠡᠢ ᠪᠤᠯᠭᠠᠬᠤ ᠭᠤᠶᠤᠴᠢᠯᠠᠭᠰᠠᠨ ᠢ ᠦᠨᠳᠦᠰᠦᠯᠡᠨ ᠬᠦᠴᠦᠨ ᠦᠭᠡᠢ ᠪᠤᠯᠭᠠᠬᠤ ᠳᠤ᠂ ᠳᠤᠤᠷ᠎ᠠ | ᠵᠢᠭᠰᠠᠭᠠᠭᠰᠠᠨ ᠮᠠᠲ᠋ᠧᠷᠢᠶᠠᠯ ᠢ ᠲᠤᠰᠢᠶᠠᠬᠤ ᠬᠡᠷᠡᠭᠲᠠᠢ᠄ | ︵1︶ ᠬᠦᠴᠦᠨ ᠦᠭᠡᠢ ᠪᠤᠯᠭᠠᠬᠤ ᠭᠤᠶᠤᠴᠢᠯᠠᠯ ᠤᠨ ᠪᠢᠴᠢᠭ︔ | ︵2︶ ᠤᠤᠯ ︽ᠡᠵᠡᠩᠨᠡᠯᠲᠡ ᠶᠢᠨ ᠴᠢᠨᠠᠷᠲᠠᠢ ᠲᠤᠭᠯᠠᠯᠲᠠ ᠭᠠᠷᠭᠠᠬᠤ ᠵᠦᠪᠰᠢᠶᠡᠷᠡᠯ ᠤᠨ ᠦᠨᠡᠮᠯᠡᠯ︾ ᠤᠨ | ᠵᠢᠩᠬᠢᠨᠢ ᠳᠡᠪᠲᠡᠷ᠂ ᠬᠠᠭᠤᠯᠪᠤᠷᠢ ᠳᠡᠪᠲᠡᠷ︔ | ᠳᠤᠤᠷᠠᠬᠢ ᠮᠡᠲᠤ ᠪᠠᠶᠢᠳᠠᠯ ᠪᠠᠶᠢᠪᠠᠯ᠂ ᠡᠷᠭᠡ ᠲᠤᠰᠢᠶᠠᠯ ᠢᠶᠠᠷ ᠬᠦᠴᠦᠨ ᠦᠭᠡᠢ ᠪᠤᠯᠭᠠᠬᠤ ᠶᠢᠨ ᠬᠠᠮᠲᠤ | ᠨᠡᠶᠢᠭᠡᠮ ᠳᠤ ᠨᠡᠶᠢᠲᠡᠯᠡᠨ᠎ᠡ᠄ | ︵1︶ ᠬᠤᠭᠤᠴᠠᠭ᠎ᠠ ᠨᠢ ᠳᠦᠭᠦᠷᠦᠭᠡᠳ ᠬᠦᠴᠦᠨ ᠲᠠᠢ ᠬᠤᠭᠤᠴᠠᠭᠠᠨ ᠤ ᠦᠷᠭᠦᠯᠵᠢᠯᠡᠭᠦᠯᠬᠦ ᠦᠨᠡᠮᠯᠡᠯ | ᠰᠤᠯᠢᠬᠤ ᠪᠠᠷ ᠭᠤᠶᠤᠴᠢᠯᠠᠭᠰᠠᠨ ᠦᠭᠡᠢ︔ | ︵2︶ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠢᠶᠠᠷ ᠬᠦᠴᠦᠨ ᠦᠭᠡᠢ ᠪᠣᠯᠭᠠᠭᠳᠠᠭᠰᠠᠨ ᠪᠤᠶᠤ ᠡᠵᠡᠩᠨᠡᠯᠲᠡ ᠶᠢᠨ ᠦᠨᠡᠮᠯᠡᠯ ᠢᠶᠠᠨ ᠬᠤᠷᠢᠶᠠᠯᠭᠠᠭᠠᠳ ᠬᠦᠴᠦᠨ | ᠦᠭᠡᠢ ᠪᠣᠯᠭᠠᠭᠳᠠᠭᠰᠠᠨ᠃ | 4. ᠦᠨᠡᠮᠯᠡᠯ ᠨᠦᠭᠦᠬᠦᠯᠬᠦ | ︵1︶ ᠦᠨᠡᠮᠯᠡᠯ ᠨᠦᠬᠦᠬᠦᠯᠬᠦ ᠭᠤᠶᠤᠴᠢᠯᠠᠯ ᠤᠨ ᠪᠢᠴᠢᠭ︔ | ︵2︶ ᠭᠡᠭᠡᠭᠰᠡᠨ ᠭᠡᠳᠡᠭ ᠤᠨ ᠢᠯᠡᠷᠭᠡᠶᠢᠯᠡᠯᠲᠡ ᠨᠡᠶᠢᠲᠡᠯᠡᠭᠰᠡᠨ ᠰᠤᠨᠢᠨ ᠰᠡᠳᠭᠦᠯ ᠪᠤᠶᠤ ᠤᠤᠯ ︽ | ᠡᠵᠡᠩᠨᠡᠯᠲᠡ ᠶᠢᠨ ᠴᠢᠨᠠᠷᠲᠠᠢ ᠲᠤᠭᠯᠠᠯᠲᠠ ᠭᠠᠷᠭᠠᠬᠤ ᠵᠦᠪᠰᠢᠶᠡᠷᠡᠯ ᠤᠨ ᠦᠨᠡᠮᠯᠡᠯ︾ ᠤᠨ ᠵᠢᠩᠬᠢᠨᠢ ᠳᠡᠪᠲᠡᠷ᠂ | ᠬᠠᠭᠤᠯᠪᠤᠷᠢ ᠳᠡᠪᠲᠡᠷ ᠤᠨ ᠲᠠᠮᠳᠤᠭ ᠤᠨ ᠪᠦᠲᠦᠨ ᠬᠡᠰᠡᠭ᠃ | ︵ᠬᠤᠶᠠᠷ︶ ᠲᠦᠬᠦᠷ ᠳᠦᠷᠢᠮ | 1. ᠬᠠᠰᠤᠬᠤ ᠳᠤᠤᠷᠠᠬᠢ ᠪᠠᠶᠢᠳᠠᠯ ᠤᠨ ᠨᠢᠭᠡ ᠳᠤᠨᠢ ᠬᠤᠯᠪᠤᠭᠳᠠᠪᠠᠯ᠂ ᠵᠠᠰᠠᠭ ᠵᠠᠬᠢᠷᠭᠠᠨ ᠢᠶᠠᠷ ᠬᠢᠨᠠᠨ | ᠵᠦᠪᠰᠢᠶᠡᠷᠡᠭᠰᠡᠨ ᠰᠢᠢᠳᠪᠥᠷᠢ ᠶᠢ ᠬᠠᠤᠯᠢ ᠶᠤᠰᠤᠭᠠᠷ ᠬᠠᠰᠤᠵᠤ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ | ᠬᠠᠮᠲᠤ ᠤᠴᠢᠷ ᠰᠢᠯᠲᠠᠭᠠᠨ ᠢ ᠨᠢ ᠬᠡᠯᠡᠵᠤ ᠦᠭᠬᠦᠨ᠎ᠡ᠄ | ︵1︶ ᠬᠢᠨᠠᠨ ᠵᠦᠪᠰᠢᠶᠡᠷᠡᠬᠦ ᠠᠵᠢᠯᠲᠠᠨ ᠡᠷᠭᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠤ᠂ ᠠᠯᠪᠠᠨ | ᠲᠤᠰᠢᠶᠠᠯ ᠳᠠᠭᠠᠨ ᠠᠯᠮᠠᠶᠢᠷᠠᠨ ᠤᠰᠤᠯᠳᠠᠵᠤ ᠵᠠᠰᠠᠭ ᠵᠠᠬᠢᠷᠭᠠᠨ ᠢᠶᠠᠷ ᠬᠢᠨᠠᠨ ᠵᠦᠪᠰᠢᠶᠡᠷᠡᠭᠰᠡᠨ ᠰᠢᠢᠳᠪᠥᠷᠢ ᠭᠠᠷᠭᠠᠭᠰᠠᠨ | ︔ | ︵2︶ ᠬᠠᠤᠯᠢ ᠪᠠᠷ ᠲᠤᠭᠲᠠᠭᠠᠭᠰᠠᠨ ᠡᠷᠭᠡ ᠲᠤᠰᠢᠶᠠᠯ ᠠᠴᠠ ᠳᠠᠪᠠᠭᠤᠯᠤᠨ ᠵᠠᠰᠠᠭ ᠵᠠᠬᠢᠷᠭᠠᠨ ᠢᠶᠠᠷ ᠬᠢᠨᠠᠨ | ᠵᠦᠪᠰᠢᠶᠡᠷᠡᠭᠰᠡᠨ ᠰᠢᠢᠳᠪᠥᠷᠢ ᠭᠠᠷᠭᠠᠭᠰᠠᠨ︔ | ︵3︶ ᠬᠠᠤᠯᠢ ᠪᠠᠷ ᠲᠤᠭᠲᠠᠭᠠᠭᠰᠠᠨ ᠳᠡᠰ ᠳᠠᠷᠠᠭᠠᠯᠠᠯ ᠢ ᠵᠦᠷᠢᠴᠡᠨ ᠵᠠᠰᠠᠭ ᠵᠠᠬᠢᠷᠭᠠᠨ ᠢᠶᠠᠷ ᠬᠢᠨᠠᠨ | ᠵᠦᠪᠰᠢᠶᠡᠷᠡᠭᠰᠡᠨ ᠰᠢᠢᠳᠪᠥᠷᠢ ᠭᠠᠷᠭᠠᠭᠰᠠᠨ︔ | ︵4︶ ᠭᠤᠶᠤᠴᠢᠯᠠᠬᠤ ᠬᠢᠷᠢ ᠬᠡᠮ ᠢ ᠪᠦᠷᠢᠳᠥᠭᠦᠯᠥᠭᠡᠳᠥᠢ ᠪᠤᠶᠤ ᠬᠠᠤᠯᠢ ᠪᠠᠷ ᠲᠤᠭᠲᠠᠭᠠᠭᠰᠠᠨ ᠨᠦᠬᠦᠴᠡᠯ ᠳᠤ | ᠨᠡᠶᠢᠴᠡᠬᠦ ᠦᠭᠡᠢ ᠭᠤᠶᠤᠴᠢᠯᠠᠭᠴᠢ ᠳᠤ ᠵᠠᠰᠠᠭ ᠵᠠᠬᠢᠷᠭᠠᠨ ᠢᠶᠠᠷ ᠬᠢᠨᠠᠨ ᠵᠦᠪᠰᠢᠶᠡᠷᠡᠭᠰᠡᠨ ᠰᠢᠢᠳᠪᠥᠷᠢ ᠭᠠᠷᠭᠠᠭᠰᠠᠨ︔ | ︵5︶ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠮᠡᠬᠡᠯᠡᠬᠦ ᠵᠡᠷᠭᠡ ᠵᠦᠢ ᠶᠤᠰᠤᠨ ᠤ ᠪᠤᠰᠤ | ᠠᠷᠭ᠎ᠠ ᠪᠠᠷᠢᠯ ᠢᠶᠠᠷ ᠵᠦᠪᠰᠢᠶᠡᠷᠡᠯ ᠤᠯᠤᠭᠰᠠᠨ︔ | ︵6︶ ᠵᠠᠰᠠᠭ ᠵᠠᠬᠢᠷᠭᠠᠨ ᠢᠶᠠᠷ ᠬᠢᠨᠠᠨ ᠵᠦᠪᠰᠢᠶᠡᠷᠡᠭᠰᠡᠨ ᠰᠢᠢᠳᠪᠥᠷᠢ ᠶᠢ ᠬᠠᠤᠯᠢ ᠶᠤᠰᠤᠭᠠᠷ ᠬᠠᠰᠤᠬᠤ | ᠪᠤᠰᠤᠳ ᠪᠠᠶᠢᠳᠠᠯ︔ | 2. ᠰᠠᠨᠠᠭᠠᠴᠢᠯᠭ᠎ᠠ ᠠᠴᠠ ᠪᠠᠨ ᠬᠤᠪᠢᠷᠠᠭᠠᠬᠤ ᠪᠤᠶᠤ ᠪᠤᠴᠠᠭᠠᠬᠤ ᠭᠤᠶᠤᠴᠢᠯᠠᠭᠴᠢ ᠰᠤᠶᠤᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠢᠶᠠᠷ ᠬᠢᠨᠠᠨ ᠵᠦᠪᠰᠢᠶᠡᠷᠡᠭᠰᠡᠨ ᠰᠢᠢᠳᠪᠥᠷᠢ ᠭᠠᠷᠭᠠᠬᠤ ᠠᠴᠠ | ᠡᠮᠦᠨ᠎ᠡ ᠵᠠᠰᠠᠭ ᠵᠠᠬᠢᠷᠭᠠᠨ ᠢᠶᠠᠷ ᠬᠢᠨᠠᠨ ᠵᠦᠪᠰᠢᠶᠡᠷᠡᠭᠦᠯᠬᠦ ᠭᠤᠶᠤᠴᠢᠯᠠᠯ ᠢᠶᠠᠨ ᠪᠤᠴᠠᠭᠠᠬᠤ ᠪᠠᠷ ᠪᠢᠴᠢᠭ ᠢᠶᠠᠷ | ᠭᠤᠶᠤᠴᠢᠯᠠᠭᠰᠠᠨ ᠪᠤᠯ ᠵᠠᠰᠠᠭ ᠵᠠᠬᠢᠷᠭᠠᠨ ᠢᠶᠠᠷ ᠬᠢᠨᠠᠨ ᠵᠦᠪᠰᠢᠶᠡᠷᠡᠬᠦ ᠶᠢ ᠵᠤᠭᠰᠤᠭᠠᠬᠤ ᠶᠢᠨ ᠬᠠᠮᠲᠤ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ ᠭᠤᠶᠤᠴᠢᠯᠠᠭᠴᠢ ᠬᠢᠨᠠᠨ ᠵᠦᠪᠰᠢᠶᠡᠷᠡᠭᠦᠯᠬᠦ ᠳᠡᠰ | ᠳᠠᠷᠠᠭᠠᠯᠠᠯ ᠤᠨ ᠶᠠᠪᠤᠴᠠ ᠳᠤ ᠭᠤᠶᠤᠴᠢᠯᠠᠯ ᠢᠶᠠᠨ ᠰᠠᠨᠠᠭᠠᠴᠢᠯᠭ᠎ᠠ ᠠᠴᠠ ᠪᠠᠨ ᠬᠤᠪᠢᠷᠠᠭᠠᠬᠤ ᠪᠤᠶᠤ ᠪᠤᠴᠠᠭᠠᠵᠤ ᠠᠪᠬᠤ | ᠡᠷᠬᠡ ᠲᠠᠢ᠃ | ᠶᠢᠰᠦ᠂ ᠰᠢᠢᠳᠪᠥᠷᠢ ᠶᠢ ᠢᠯᠡ ᠪᠤᠯᠭᠠᠬᠤ ᠰᠢᠢᠳᠪᠥᠷᠢ ᠭᠠᠷᠭᠠᠭᠰᠠᠨ ᠡᠳᠦᠷ ᠠᠴᠠ ᠡᠬᠢᠯᠡᠨ 2 ᠠᠵᠢᠯᠯᠠᠬᠤ | ᠡᠳᠦᠷ ᠤᠨ ᠳᠤᠲᠤᠷ᠎ᠠ ᠠᠶᠢᠮᠠᠭ ᠬᠤᠲᠠ ᠶᠢᠨ ᠰᠤᠶᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ | ᠠᠯᠪᠠᠨ ᠤ ᠰᠦᠯᠵᠢᠶᠡᠨ ᠳᠡᠭᠡᠷ᠎ᠡ ᠢᠯᠡ ᠪᠤᠯᠭᠠᠨ᠎ᠠ᠃ ᠭᠤᠶᠤᠴᠢᠯᠠᠭᠴᠢ ᠰᠦᠯᠵᠢᠶᠡᠨ ᠳᠡᠭᠡᠷ᠎ᠡ ᠢᠯᠡ ᠪᠤᠯᠭᠠᠭᠰᠠᠨ | ᠦᠨᠡᠮᠯᠡᠯ ᠠᠪᠬᠤ ᠴᠠᠭ ᠬᠤᠭᠤᠴᠠᠭ᠎ᠠ ᠪᠤᠶᠤ ᠤᠬᠤᠷ ᠮᠡᠳᠡᠭᠡ ᠪᠠᠷ ᠮᠡᠳᠡᠭᠳᠡᠭᠰᠡᠨ ᠶᠤᠰᠤᠭᠠᠷ᠂ ᠬᠦᠴᠦᠨ ᠲᠠᠢ | ᠬᠡᠷᠡᠴᠢ ᠪᠠᠷ ᠰᠢᠢᠳᠪᠥᠷᠢ ᠶᠢᠨ ᠪᠢᠴᠢᠭ ᠢ ᠠᠪᠴᠤ ᠪᠤᠯᠤᠨ᠎ᠠ᠃ | ᠠᠷᠪᠠ᠂ ᠬᠠᠤᠯᠢ ᠪᠠᠷ ᠲᠤᠭᠲᠠᠭᠠᠭᠰᠠᠨ ᠴᠠᠭ ᠬᠤᠭᠤᠴᠠᠭ᠎ᠠ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠤᠲᠤᠷ᠎ᠠ ᠰᠢᠢᠳᠪᠥᠷᠢ | ᠭᠠᠷᠭᠠᠬᠤ ᠬᠡᠷᠡᠭᠲᠠᠢ᠃ ᠬᠢᠨᠠᠨ ᠵᠦᠪᠰᠢᠶᠡᠷᠡᠭᠰᠡᠨ ᠳᠤᠨᠢ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠶᠠᠪᠤᠭᠤᠯᠵᠤ᠂ | ᠬᠢᠨᠠᠨ ᠵᠦᠪᠰᠢᠶᠡᠷᠡᠭᠰᠡᠨ ᠦᠭᠡᠢ ᠶᠢ ᠨᠢ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠨᠢ ᠲᠠᠶᠢᠯᠪᠤᠷᠢᠯᠠᠵᠤ ᠦᠭᠭᠦᠨ᠎ᠡ᠃ | ᠠᠷᠪᠠᠨ ᠨᠢᠭᠡ᠂ ᠬᠢᠨᠠᠨ ᠵᠦᠪᠰᠢᠶᠡᠷᠡᠭᠰᠡᠨ ᠪᠢᠴᠢᠭ ᠬᠠᠷ᠎ᠠ ︽ᠡᠵᠡᠩᠨᠡᠯᠲᠡ ᠶᠢᠨ ᠴᠢᠨᠠᠷᠲᠠᠢ ᠲᠤᠭᠯᠠᠯᠲᠠ | ᠭᠠᠷᠭᠠᠬᠤ ᠵᠦᠪᠰᠢᠶᠡᠷᠡᠯ ᠤᠨ ᠦᠨᠡᠮᠯᠡᠯ︾ 2 ᠵᠢᠯ ᠬᠦᠴᠦᠨ ᠲᠠᠢ᠃ ᠲᠤᠭᠯᠠᠯᠲᠠ ᠵᠠᠭᠤᠴᠢᠯᠠᠬᠤ ᠪᠠᠶᠢᠭᠤᠯᠤᠮᠵᠢ | ᠨᠡᠷᠡᠶᠢᠳᠦᠯ᠂ ᠰᠠᠭᠤᠭ᠎ᠠ ᠭᠠᠵᠠᠷ᠂ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠪᠤᠶᠤ ᠭᠤᠤᠯ ᠪᠤᠯᠬᠤ | ᠬᠠᠷᠢᠭᠤᠴᠠᠯᠭᠠᠲᠠᠨ᠂ ᠡᠵᠡᠩᠨᠡᠯᠲᠡ ᠶᠢᠨ ᠴᠢᠨᠠᠷᠲᠠᠢ ᠲᠤᠭᠯᠠᠯᠲᠠ ᠶᠢᠨ ᠡᠵᠡᠩᠨᠡᠬᠦ ᠲᠦᠷᠦᠯ ᠵᠦᠢᠯ ᠵᠡᠷᠭᠡ | ᠵᠦᠪᠰᠢᠶᠡᠷᠡᠭᠰᠡᠨ ᠦᠨᠡᠮᠯᠡᠯ ᠳᠤ ᠲᠤᠲᠤᠷᠬᠠᠶᠢᠯᠠᠨ ᠲᠡᠮᠳᠡᠭᠯᠡᠭᠰᠡᠨ ᠵᠦᠢᠯᠡᠰ ᠢ ᠬᠤᠪᠢᠷᠠᠭᠠᠪᠠᠯ᠂ ᠬᠤᠪᠢᠷᠠᠭᠠᠭᠰᠠᠨ ᠤ | ᠳᠠᠷᠠᠭᠠᠬᠢ 30 ᠡᠳᠦᠷ ᠤᠨ ᠳᠤᠲᠤᠷ᠎ᠠ᠂ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ | ᠬᠠᠭᠤᠯᠪᠤᠷᠢ ᠪᠤᠶᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠤᠨ ᠦᠨᠡᠮᠯᠡᠯ᠂ ᠤᠭ | ᠵᠦᠪᠰᠢᠶᠡᠷᠡᠯ ᠤᠨ ᠦᠨᠡᠮᠯᠡᠯ ᠤᠨ ᠵᠢᠩᠬᠢᠨᠢ ︵ᠬᠠᠭᠤᠯᠪᠤᠷᠢ︶ ᠳᠡᠪᠲᠡᠷ ᠲᠠᠢ ᠪᠠᠨ ᠤᠤᠯ ᠤᠨ ᠦᠨᠡᠮᠯᠡᠯ ᠤᠯᠭᠤᠭᠰᠠᠨ | ᠪᠠᠶᠢᠭᠤᠯᠭ᠎ᠠ ᠳᠤ ᠬᠦᠷᠴᠦ ᠵᠦᠪᠰᠢᠶᠡᠷᠡᠯ ᠤᠨ ᠦᠨᠡᠮᠯᠡᠯ ᠰᠤᠯᠢᠵᠤ ᠠᠪᠬᠤ ᠬᠡᠷᠡᠭᠲᠠᠢ᠂ ᠰᠤᠶᠤᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠬᠤᠪᠢᠷᠠᠭᠠᠬᠤ ᠶᠢ ᠬᠢᠨᠠᠨ ᠵᠦᠪᠰᠢᠶᠡᠷᠡᠬᠦ ᠭᠠᠷᠳᠠᠮ ᠬᠦᠢᠴᠡᠳᠭᠡᠬᠦ ᠦᠭᠡᠢ᠃ | ᠠᠷᠪᠠᠨ ᠬᠤᠶᠠᠷ᠂ ᠰᠦᠢᠳᠭᠡᠯ ᠬᠤᠷᠢᠶᠠᠬᠤ ᠦᠨᠳᠦᠰᠦᠯᠡᠯ ᠬᠢᠭᠡᠳ ᠪᠠᠷᠢᠮᠵᠢᠶ᠎ᠠ ᠲᠤᠰ ᠵᠠᠰᠠᠭ ᠵᠠᠬᠢᠷᠭᠠᠨ ᠢᠶᠠᠷ | ᠬᠢᠨᠠᠨ ᠵᠦᠪᠰᠢᠶᠡᠷᠡᠬᠦ ᠵᠦᠢᠯ ᠰᠦᠢᠳᠭᠡᠯ ᠬᠤᠷᠢᠶᠠᠬᠤ ᠦᠭᠡᠢ᠃ | ᠠᠷᠪᠠᠨ ᠭᠤᠷᠪᠠ᠂ ᠭᠤᠶᠤᠴᠢᠯᠠᠭᠴᠢ ᠶᠢᠨ ᠡᠷᠭᠡ ᠪᠠ ᠡᠭᠦᠷᠭᠡ | ︵ᠨᠢᠭᠡ︶ ᠭᠤᠶᠤᠴᠢᠯᠠᠭᠴᠢ ᠳᠤᠤᠷᠠᠬᠢ ᠮᠡᠲᠤ ᠡᠷᠭᠡ ᠶᠢ ᠬᠠᠤᠯᠢ ᠶᠤᠰᠤᠭᠠᠷ ᠡᠳ᠋ᠯᠡᠨ᠎ᠡ | 1. ᠪᠠᠶᠢᠳᠠᠯ ᠮᠡᠳᠡᠬᠦ ᠡᠷᠭᠡ᠂ ᠲᠤᠭᠠᠴᠢᠬᠤ ᠡᠷᠭᠡ᠂ ᠲᠤᠲᠤᠷᠬᠠᠶᠢᠯᠠᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠡ︔ | | 2. ᠬᠠᠤᠯᠢ ᠶᠤᠰᠤᠭᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠪᠠᠷ ᠬᠠᠤᠯᠢ ᠶᠤᠰᠤᠭᠠᠷ ᠭᠤᠶᠤᠴᠢᠯᠠᠬᠤ | ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ︔ | 3. ᠰᠤᠶᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠰᠠᠭ ᠵᠠᠬᠢᠷᠭᠠᠨ ᠢᠶᠠᠷ ᠵᠦᠪᠰᠢᠶᠡᠷᠡᠬᠦ ᠶᠢ | ᠬᠠᠤᠯᠢ ᠠᠴᠠ ᠵᠦᠷᠢᠴᠡᠨ ᠬᠡᠷᠭᠵᠢᠬᠦᠯᠦᠭᠰᠡᠨ ᠠᠴᠠ ᠪᠤᠯᠵᠤ ᠬᠠᠤᠯᠢ ᠶᠤᠰᠤᠨ ᠤ ᠡᠷᠬᠡ ᠠᠰᠢᠭ ᠲᠤ ᠬᠦᠨᠦᠭᠡᠯ | ᠤᠴᠠᠷᠠᠭᠤᠯᠤᠭᠰᠠᠨ ᠪᠤᠯ ᠲᠦᠯᠦᠭᠦᠯᠬᠦ ᠪᠠᠷ ᠬᠠᠤᠯᠢ ᠶᠤᠰᠤᠭᠠᠷ ᠱᠠᠭᠠᠷᠳᠠᠬᠤ ᠡᠷᠬᠡ ᠲᠠᠢ᠃ | ︵ᠬᠤᠶᠠᠷ︶ ᠭᠤᠶᠤᠴᠢᠯᠠᠭᠴᠢ ᠳᠤᠤᠷᠠᠬᠢ ᠡᠬᠦᠷᠭᠡ ᠶᠢ ᠬᠠᠤᠯᠢ ᠶᠤᠰᠤᠭᠠᠷ ᠬᠦᠢᠴᠡᠳᠭᠡᠨ᠎ᠡ | 1. ᠰᠤᠶᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠤᠯᠪᠤᠭᠳᠠᠯ ᠪᠦᠬᠦᠢ ᠮᠠᠲ᠋ᠧᠷᠢᠶᠠᠯ ᠢ ᠦᠨᠡᠨ | ᠮᠦᠨ ᠢᠶᠠᠷ ᠲᠤᠰᠢᠶᠠᠬᠤ ᠪᠠ ᠦᠨᠡᠨ ᠪᠤᠳᠠᠲᠤ ᠪᠠᠶᠢᠳᠠᠯ ᠢ ᠲᠤᠰᠬᠠᠬᠤ ᠶᠢᠨ ᠬᠠᠮᠲᠤ ᠭᠤᠶᠤᠴᠢᠯᠠᠯ ᠤᠨ ᠮᠠᠲ᠋ᠧᠷᠢᠶᠠᠯ ᠤᠨ | ᠪᠤᠲᠠᠲᠤ ᠠᠭᠤᠯᠭ᠎ᠠ ᠶᠢᠨ ᠦᠨᠡᠨ ᠪᠤᠳᠠᠲᠤ ᠴᠢᠨᠠᠷ ᠲᠤ ᠬᠠᠷᠢᠭᠤᠴᠠᠨ᠎ᠠ᠃ | 2. ᠲᠤᠬᠠᠢ ᠶᠢᠨ ᠲᠠᠯᠠᠪᠠᠢ ᠳᠤ ᠬᠠᠶᠢᠨ ᠪᠠᠶᠢᠴᠠᠭᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠡᠬᠦᠷᠭᠡ ᠶᠢ ᠬᠠᠤᠯᠢ | ᠶᠤᠰᠤᠭᠠᠷ ᠬᠦᠯᠢᠶᠡᠬᠦ ᠪᠤᠶᠤ ᠬᠠᠮᠵᠢᠨ᠎ᠠ᠃ | | |