| ᠨᠢᠭᠡ᠂ ᠲᠤᠬᠢᠷᠠᠬᠤ ᠬᠡᠪᠴᠢᠶ᠎ᠠ ᠲᠤᠰ ᠵᠦᠭᠯᠡᠬᠦᠷ ᠢ ᠰᠢᠶᠠᠩᠭᠠᠩ ᠤᠨ ᠵᠠᠰᠠᠭ ᠵᠠᠬᠢᠷᠭᠠᠨ ᠤ ᠤᠨᠴᠠᠭᠠᠢ ᠤᠷᠤᠨ᠂ | ᠤᠤᠮᠧᠨ ᠤ ᠵᠠᠰᠠᠭ ᠵᠠᠬᠢᠷᠭᠠᠨ ᠤ ᠤᠨᠴᠠᠭᠠᠢ ᠤᠷᠤᠨ ᠤ ᠪᠡᠯᠡ ᠤᠷᠤᠭᠤᠯᠤᠭᠴᠢ ᠶᠢᠨ ᠪᠡᠯᠡ ᠨᠡᠶᠢᠯᠡᠬᠦᠯᠦᠭᠰᠡᠨ᠂ | ᠬᠤᠷᠰᠢᠭᠰᠠᠨ᠂ ᠲᠤᠰᠠᠭᠠᠷ ᠪᠡᠯᠡ ᠤᠷᠤᠭᠤᠯᠤᠨ ᠡᠵᠡᠩᠨᠡᠬᠦ ᠲᠤᠭᠯᠠᠯᠳᠠ ᠶᠢᠨ ᠲᠠᠯᠠᠪᠤᠷ ᠤᠨ ᠡᠵᠡᠩᠨᠡᠯᠳᠡ ᠶᠢᠨ ᠨᠢᠭᠡᠴᠡ | ᠪᠠᠶᠢᠭᠤᠯᠬᠤ ᠳᠤ ᠬᠡᠷᠡᠭᠯᠡᠬᠦ ᠳᠤ ᠲᠤᠬᠢᠷᠠᠬᠤ ᠪᠦᠭᠡᠳ ᠲᠠᠶᠢᠸᠠᠨ ᠤ ᠭᠠᠵᠠᠷ ᠤᠷᠤᠨ ᠤ ᠪᠡᠯᠡ ᠤᠷᠤᠭᠤᠯᠤᠭᠴᠢ ᠶᠢᠨ | ᠪᠡᠯᠡ ᠨᠡᠶᠢᠯᠡᠬᠦᠯᠦᠭᠰᠡᠨ᠂ ᠬᠤᠷᠰᠢᠨ ᠡᠵᠡᠩᠨᠡᠭᠰᠡᠨ ᠲᠤᠭᠯᠠᠯᠳᠠ ᠶᠢᠨ ᠲᠠᠯᠠᠪᠤᠷ ᠤᠨ ᠡᠵᠡᠩᠨᠡᠯᠳᠡ ᠶᠢᠨ ᠨᠢᠭᠡᠴᠡ | ᠪᠠᠶᠢᠭᠤᠯᠬᠤ ᠭᠤᠶᠤᠴᠢᠯᠠᠯ ᠪᠠ ᠭᠠᠷᠳᠠᠮ ᠬᠦᠢᠴᠡᠳᠭᠡᠯ ᠳᠤ ᠬᠡᠷᠡᠭᠯᠡᠬᠦ ᠳᠤ ᠲᠤᠬᠢᠷᠠᠨ᠎ᠠ᠃ | ᠬᠤᠶᠠᠷ᠂ ᠭᠤᠶᠤᠴᠢᠯᠡᠬᠤ ᠲᠦᠷᠦᠯ ᠭᠤᠤᠯ ᠲᠦᠷᠦᠯ᠄ ᠲᠤᠭᠯᠠᠯᠳᠠ ᠶᠢᠨ ᠲᠠᠯᠠᠪᠤᠷ ᠤᠨ ᠡᠵᠡᠩᠨᠡᠯᠳᠡ ᠶᠢᠨ | ᠨᠢᠭᠡᠴᠡ ᠪᠠᠶᠢᠭᠤᠯᠬᠤ ᠪᠠᠷ ᠭᠤᠶᠤᠴᠢᠯᠠᠬᠤ᠃ ᠲᠦᠷᠦᠯ ᠢᠯᠭᠠᠯ᠄ ᠪᠠᠶᠢᠭᠤᠯᠬᠤ᠂ ᠤᠷᠳᠤᠳᠬᠠᠬᠤ᠂ ᠬᠦᠴᠦᠨ ᠦᠭᠡᠢ | ᠪᠤᠯᠭᠠᠬᠤ᠂ ᠦᠨᠡᠮᠯᠡᠯ ᠨᠦᠬᠦᠪᠦᠷᠢᠯᠡᠬᠦ᠃ | ᠭᠤᠷᠪᠠ᠂ ᠵᠠᠰᠠᠭ ᠵᠠᠬᠢᠷᠭᠠᠨ ᠤ ᠵᠦᠪᠰᠢᠶᠠᠷᠡᠯ ᠤᠨ ᠦᠨᠳᠦᠰᠦᠯᠡᠯ ︽ᠡᠵᠡᠩᠨᠡᠯᠳᠡ ᠶᠢᠨ ᠴᠢᠨᠠᠷᠳᠠᠢ | ᠲᠤᠭᠯᠠᠯᠳᠠ ᠶᠢᠨ ᠬᠠᠮᠢᠶᠠᠷᠤᠯᠳᠠ ᠶᠢᠨ ᠲᠦᠷᠢᠮ︾᠂ ︽ᠡᠵᠡᠩᠨᠡᠯᠳᠡ ᠶᠢᠨ ᠴᠢᠨᠠᠷᠳᠠᠢ ᠲᠤᠭᠯᠠᠯᠳᠠ ᠶᠢᠨ | ᠬᠠᠮᠢᠶᠠᠷᠤᠯᠳᠠ ᠶᠢᠨ ᠲᠦᠷᠢᠮ ᠤᠨ ᠬᠡᠷᠡᠭᠵᠢᠬᠦᠯᠬᠦ ᠨᠠᠷᠢᠨ ᠲᠦᠷᠢᠮ︾᠂ ︽ᠡᠵᠡᠩᠨᠡᠯᠳᠡ ᠶᠢᠨ ᠴᠢᠨᠠᠷᠳᠠᠢ | ᠲᠤᠭᠯᠠᠯᠳᠠ ᠤᠨ ᠬᠢᠨᠠᠨ ᠵᠦᠪᠰᠢᠶᠡᠷᠡᠬᠦ ᠲᠦᠷᠦᠯ ᠢ ᠬᠦᠴᠦᠨ ᠦᠭᠡᠢ ᠪᠤᠯᠭᠠᠬᠤ ᠪᠠ ᠲᠤᠷᠤᠭᠰᠢ ᠪᠠᠭᠤᠯᠭᠠᠬᠤ ᠠᠵᠢᠯ ᠢ | ᠰᠠᠶᠢᠳᠤᠷ ᠬᠢᠬᠦ ᠲᠤᠬᠠᠢ ᠰᠤᠶᠤᠯ ᠤᠨ ᠶᠠᠮᠤᠨ ᠤ ᠮᠡᠳᠡᠭᠳᠡᠯ︾᠃ | ᠲᠦᠷᠪᠡ᠂ ᠵᠠᠰᠠᠭ ᠵᠠᠬᠢᠷᠭᠠᠨ ᠤ ᠵᠦᠪᠰᠢᠶᠠᠷᠡᠯ ᠤᠨ ᠪᠠᠶᠢᠭᠤᠯᠭ᠎ᠠ ᠠᠶᠢᠮᠠᠭ ᠬᠤᠳᠠ ᠶᠢᠨ ᠰᠤᠶᠤᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ | ᠲᠠᠪᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭ᠎ᠠ ᠬᠡᠮᠵᠢᠶ᠎ᠡ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃ | ᠵᠢᠷᠭᠤᠭ᠎ᠠ᠂ ᠭᠤᠶᠤᠴᠢᠯᠠᠬᠤ ᠨᠦᠬᠦᠴᠡᠯ | 1. ᠨᠢᠭᠡᠴᠡ ᠶᠢᠨ ᠨᠡᠷᠡᠶᠢᠳᠦᠯ ᠲᠠᠢ ᠪᠠᠶᠢᠬᠤ︔ | 2. ᠠᠯᠪᠠᠯᠠᠬᠤ ᠲᠤᠭᠳᠠᠮᠠᠯ ᠭᠠᠵᠠᠷ ᠲᠠᠢ ᠪᠠᠶᠢᠬᠤ︔ | 3. ᠲᠤᠭᠯᠠᠯᠳᠠ ᠶᠢᠨ ᠲᠤᠭᠳᠠᠮᠠᠯ ᠲᠠᠯᠠᠪᠤᠷ ᠲᠠᠢ ᠪᠠᠶᠢᠬᠤ︔ | 4. ᠲᠤᠰᠬᠠᠢ ᠲᠤᠰᠢᠶᠠᠯᠳᠠᠨ ᠲᠠᠢ ᠪᠠᠶᠢᠬᠤ︔ | 5. ᠲᠤᠭᠯᠠᠯᠳᠠ ᠶᠢᠨ ᠡᠵᠡᠩᠨᠡᠯᠳᠡ ᠶᠢᠨ ᠠᠵᠢᠯᠯᠠᠭ᠎ᠠ ᠯᠤᠭ᠎ᠠ ᠲᠤᠬᠢᠷᠠᠯᠴᠠᠭᠰᠠᠨ ᠪᠡᠯᠡ ᠮᠦᠩᠬᠦ ᠲᠠᠢ ᠪᠠᠶᠢᠬᠤ᠃ | ᠲᠤᠯᠤᠭ᠎ᠠ᠂ ᠭᠤᠶᠤᠴᠢᠯᠠᠬᠤ ᠠᠷᠭ᠎ᠠ ᠲᠤᠬᠠᠢ ᠶᠢᠨ ᠭᠠᠵᠠᠷ ᠲᠠᠭᠠᠨ ᠭᠤᠶᠤᠴᠢᠯᠠᠨ᠎ᠠ᠃ | | ᠨᠶᠢᠮᠡ᠂ ᠭᠤᠶᠤᠴᠢᠯᠠᠬᠤ ᠮᠠᠲ᠋ᠧᠷᠢᠶᠠᠯ | ︵ᠨᠢᠭᠡ︶ ᠮᠠᠲ᠋ᠧᠷᠢᠶᠠᠯ ᠤᠨ ᠨᠠᠷᠢᠨ ᠲᠠᠩᠰᠠ | 1. ᠪᠠᠶᠢᠭᠤᠯᠬᠤ ᠲᠤᠭᠯᠠᠯᠳᠠ ᠶᠢᠨ ᠲᠠᠯᠠᠪᠤᠷ ᠤᠨ ᠡᠵᠡᠩᠨᠡᠯᠳᠡ ᠶᠢᠨ ᠨᠢᠭᠡᠴᠡ ᠪᠠᠶᠢᠭᠤᠯᠬᠤ ᠭᠤᠶᠤᠴᠢᠯᠠᠯ ᠤᠨ | ᠪᠦᠷᠢᠳᠭᠡᠯ ᠤᠨ ᠬᠦᠰᠦᠨᠦᠭ︔ ᠨᠡᠷᠡᠶᠢᠳᠦᠯ ᠢ ᠤᠷᠢᠳᠴᠢᠯᠠᠨ ᠬᠢᠨᠠᠨ ᠵᠦᠪᠰᠢᠶᠡᠷᠡᠬᠦᠯᠦᠭᠰᠡᠨ ᠮᠡᠳᠡᠭᠳᠡᠯ ᠤᠨ ᠪᠢᠴᠢᠭ | ᠪᠤᠶᠤ ᠦᠢᠯᠡᠳᠪᠦᠷᠢ ᠬᠤᠳᠠᠯᠳᠤᠭᠠᠨ ᠤ ᠡᠵᠡᠩᠨᠡᠯᠳᠡ ᠶᠢᠨ ᠦᠨᠡᠮᠯᠡᠯ ᠤᠨ ᠬᠠᠭᠤᠯᠪᠤᠷᠢ ᠶᠢᠨ ᠤᠭ ᠪᠢᠴᠢᠭ᠂ | ᠲᠠᠷᠤᠮᠠᠯᠯᠠᠭᠰᠠᠨ ᠪᠢᠴᠢᠭ︔ ᠲᠤᠭᠯᠠᠯᠳᠠ ᠶᠢᠨ ᠲᠠᠯᠠᠪᠤᠷ ᠤᠨ ᠬᠡᠷ ᠬᠦᠷᠦᠩᠭᠡ ᠶᠢᠨ ᠬᠡᠷᠡᠴᠢ ᠪᠤᠶᠤ ᠲᠦᠷᠢᠶᠠᠰᠦᠯᠡᠭᠰᠡᠨ | ᠬᠡᠷ᠎ᠡ︔ ᠲᠤᠭᠯᠠᠯᠳᠠ ᠶᠢᠨ ᠲᠠᠯᠠᠪᠤᠷ ᠤᠨ ᠠᠮᠤᠷ ᠲᠦᠪᠰᠢᠨ ᠭᠠᠯ ᠰᠡᠷᠭᠡᠶᠢᠯᠡᠬᠦ᠂ ᠡᠷᠡᠬᠦᠯ ᠬᠠᠮᠠᠭᠠᠯᠠᠯ ᠵᠡᠷᠭᠡ ᠤᠨ | ᠵᠦᠪᠰᠢᠶᠡᠷᠡᠯ ᠤᠨ ᠪᠢᠴᠢᠭ ᠮᠠᠲ᠋ᠧᠷᠢᠶᠠᠯ︔ ᠲᠤᠭᠯᠠᠯᠳᠠ ᠶᠢᠨ ᠲᠠᠯᠠᠪᠤᠷ ᠤᠨ ᠤᠷᠤᠨ ᠪᠠᠶᠢᠷᠢ ᠶᠢᠨ ᠵᠢᠷᠤᠭ ᠪᠠ | ᠲᠤᠳᠤᠭᠠᠳᠤ ᠶᠢᠨ ᠬᠠᠪᠳᠠᠭᠠᠢ ᠵᠢᠷᠤᠭ︔ ᠬᠠᠤᠯᠢ ᠶᠢᠨ ᠡᠷᠭᠡᠳᠡᠨ ᠪᠤᠶᠤ ᠭᠤᠤᠯ ᠬᠠᠷᠢᠭᠤᠴᠠᠯᠭᠠᠳᠠᠨ ᠤ ᠪᠡᠶ᠎ᠡ ᠶᠢᠨ | ᠦᠨᠡᠮᠯᠡᠯ ᠤᠨ ᠮᠠᠲ᠋ᠧᠷᠢᠶᠠᠯ ᠵᠢᠴᠢ ᠲᠤᠪᠴᠢ ᠨᠠᠮᠳᠡᠷ︔ ᠲᠤᠭᠯᠠᠯᠳᠠ ᠶᠢᠨ ᠡᠵᠡᠩᠨᠡᠯᠳᠡ ᠶᠢᠨ ᠠᠵᠢᠯᠯᠠᠭ᠎ᠠ ᠯᠤᠭ᠎ᠠ | ᠲᠤᠬᠢᠷᠠᠯᠴᠠᠭᠰᠠᠨ ᠪᠡᠯᠡ ᠮᠦᠩᠬᠦ ᠤᠨ ᠬᠡᠷᠡᠴᠢ᠃ ᠰᠢᠶᠠᠩᠭᠠᠩ ᠤᠨ ᠵᠠᠰᠠᠭ ᠵᠠᠬᠢᠷᠭᠠᠨ ᠤ ᠤᠨᠴᠠᠭᠠᠢ ᠤᠷᠤᠨ᠂ | ᠤᠤᠮᠧᠨ ᠤ ᠵᠠᠰᠠᠭ ᠵᠠᠬᠢᠷᠭᠠᠨ ᠤ ᠤᠨᠴᠠᠭᠠᠢ ᠤᠷᠤᠨ ᠤ ᠪᠡᠯᠡ ᠤᠷᠤᠭᠤᠯᠤᠭᠴᠢ ᠶᠢᠨ ᠪᠡᠯᠡ ᠨᠡᠶᠢᠯᠡᠬᠦᠯᠦᠭᠰᠡᠨ᠂ | ᠬᠤᠷᠰᠢᠭᠰᠠᠨ᠂ ᠲᠤᠰᠠᠭᠠᠷ ᠪᠡᠯᠡ ᠤᠷᠤᠭᠤᠯᠤᠨ ᠡᠵᠡᠩᠨᠡᠬᠦ ᠲᠤᠭᠯᠠᠯᠳᠠ ᠶᠢᠨ ᠲᠠᠯᠠᠪᠤᠷ ᠤᠨ ᠡᠵᠡᠩᠨᠡᠯᠳᠡ ᠶᠢᠨ ᠨᠢᠭᠡᠴᠡ | ᠪᠠᠶᠢᠭᠤᠯᠬᠤ ᠳᠤ᠂ ᠪᠠᠰᠠ ᠲᠤᠤᠷᠠᠬᠢ ᠮᠡᠳᠤ ᠪᠢᠴᠢᠭ ᠮᠠᠲ᠋ᠧᠷᠢᠶᠠᠯ ᠢ ᠲᠤᠰᠢᠶᠠᠨ᠎ᠠ᠄ ᠪᠤᠯᠤᠮᠵᠢᠳᠤ ᠰᠤᠳᠤᠯᠤᠯ ᠤᠨ | ᠮᠡᠳᠡᠬᠦᠯᠦᠯᠳᠡ᠂ ᠬᠡᠷ᠎ᠡ᠂ ᠲᠦᠷᠢᠮ︔ ᠪᠡᠯᠡ ᠨᠡᠶᠢᠯᠡᠬᠦᠯᠦᠭᠰᠡᠨ᠂ ᠬᠤᠷᠰᠢᠨ ᠡᠵᠡᠩᠨᠡᠬᠦ ᠡᠯ᠎ᠡ ᠲᠠᠯ᠎ᠠ ᠶᠢᠨ | ᠬᠦᠷᠦᠩᠭᠡ ᠶᠢᠨ ᠢᠳᠡᠭᠡᠮᠵᠢ ᠶᠢᠨ ᠬᠡᠷᠡᠴᠢ ᠵᠢᠴᠢ ᠳᠠᠩᠰᠠᠯᠠᠭᠤᠯᠤᠨ ᠪᠦᠷᠢᠳᠭᠡᠯᠬᠡᠭᠰᠡᠨ ᠪᠢᠴᠢᠭ ᠮᠠᠲ᠋ᠧᠷᠢᠶᠠᠯ︔ ᠲᠤᠳᠤᠷ | ᠤᠷᠤᠨ ᠤ ᠪᠡᠯᠡ ᠨᠡᠶᠢᠯᠡᠬᠦᠯᠦᠭᠰᠡᠨ᠂ ᠬᠤᠷᠰᠢᠭᠰᠠᠨ ᠡᠵᠡᠩᠨᠡᠭᠴᠢ ᠶᠢᠨ ᠪᠡᠯᠡ ᠤᠷᠤᠭᠤᠯᠤᠯᠳᠠ ᠪᠤᠶᠤ ᠬᠠᠩᠭᠠᠨ | ᠤᠯᠭᠤᠭᠰᠠᠨ ᠬᠤᠷᠰᠢᠬᠤ ᠨᠦᠬᠦᠴᠡᠯ ᠨᠢ᠂ ᠤᠯᠤᠰ ᠤᠨ ᠦᠮᠴᠢᠯᠡᠯᠳᠤ ᠡᠳ᠋ ᠬᠦᠷᠦᠩᠭᠡ ᠪᠤᠯᠬᠤ ᠳᠤ ᠬᠦᠷᠪᠡᠯ᠂ ᠡᠳ᠋ | ᠬᠦᠷᠦᠩᠭᠡ ᠶᠢᠨ ᠦᠨᠡᠯᠡᠯᠳᠡ ᠶᠢᠨ ᠮᠡᠳᠡᠬᠦᠯᠦᠯᠳᠡ ᠶᠢ ᠬᠠᠩᠭᠠᠨ᠎ᠠ︔ ᠪᠡᠯᠡ ᠨᠡᠶᠢᠯᠡᠬᠦᠯᠦᠭᠰᠡᠨ᠂ ᠬᠤᠷᠰᠢᠨ ᠡᠵᠡᠩᠨᠡᠬᠦ | ᠡᠯ᠎ᠡ ᠲᠠᠯ᠎ᠠ ᠶᠢᠨ ᠬᠢᠨ ᠤ ᠵᠦᠪᠳᠡᠯᠴᠡᠬᠦ ᠪᠠᠷ ᠲᠠᠮᠵᠢᠨ ᠲᠤᠭᠳᠠᠭᠠᠭᠰᠠᠨ ᠬᠡᠷᠡᠭ ᠮᠡᠳᠡᠭᠴᠢ ᠶᠢᠨ ᠲᠠᠷᠤᠭ᠎ᠠ᠂ ᠲᠡᠳ᠋ | ᠬᠡᠷᠡᠭ ᠮᠡᠳᠡᠭᠴᠢ ᠶᠢᠨ ᠲᠠᠷᠤᠭ᠎ᠠ᠂ ᠬᠡᠷᠡᠭ ᠮᠡᠳᠡᠭᠴᠢ ᠪᠤᠶᠤ ᠬᠤᠯᠪᠤᠭᠠᠳᠤ ᠬᠠᠮᠢᠶᠠᠷᠤᠯᠳᠠ ᠶᠢᠨ ᠺᠤᠮᠢᠰ ᠤᠨ ᠡᠷᠬᠢᠯᠡᠭᠴᠢ | ᠂ ᠲᠡᠳ᠋ ᠡᠷᠬᠢᠯᠡᠭᠴᠢ᠂ ᠬᠡᠰᠢᠬᠦᠨ ᠤ ᠰᠤᠩᠭᠤᠭᠳᠠᠭᠴᠢ ᠶᠢᠨ ᠨᠡᠷ᠎ᠡ ᠪᠤᠯᠤᠨ ᠪᠡᠶ᠎ᠡ ᠶᠢᠨ ᠦᠨᠡᠮᠯᠡᠯ᠃ ᠰᠢᠶᠠᠩᠭᠠᠩ᠂ | ᠤᠤᠮᠧᠨ ᠤ ᠪᠡᠯᠡ ᠤᠷᠤᠭᠤᠯᠤᠭᠴᠢ ᠶᠢᠨ ᠪᠡᠯᠡ ᠤᠷᠤᠭᠤᠯᠤᠭᠰᠠᠨ ᠬᠠᠷᠢᠴᠠᠯ ᠨᠢ 50% ᠠᠴᠠ ᠢᠯᠡᠭᠦᠤ ᠪᠤᠶᠤ | ᠲᠡᠩᠴᠡᠬᠦᠦ ᠪᠠᠶᠢᠬᠤ ᠡᠰᠡᠬᠦᠯ᠎ᠡ ᠡᠵᠡᠩᠨᠡᠯᠳᠡ ᠶᠢᠨ ᠭᠤᠤᠯᠯᠠᠬᠤ ᠡᠷᠭᠡ ᠲᠠᠢ ᠪᠠᠶᠢᠭᠰᠠᠳ ᠪᠤᠯ᠂ ᠰᠢᠶᠠᠩᠭᠠᠩ ᠤᠨ ᠠᠵᠤ | ᠦᠢᠯᠡᠳᠪᠦᠷᠢ ᠠᠷᠠᠯᠵᠢᠶᠠᠨ ᠤ ᠵᠠᠬᠢᠷᠭ᠎ᠠ ᠪᠤᠶᠤ ᠤᠤᠮᠧᠨ ᠤ ᠠᠵᠤ ᠠᠬᠤᠢ ᠶᠢᠨ ᠲᠤᠪᠴᠢᠶ᠎ᠠ ᠠᠴᠠ ᠤᠯᠭᠤᠭᠰᠠᠨ | ᠦᠢᠯᠡᠴᠢᠯᠡᠭᠡ ᠬᠠᠩᠭᠠᠭᠴᠢ ᠶᠢᠨ ᠬᠡᠷᠡᠴᠢ ᠪᠢᠴᠢᠭ ᠢᠶᠠᠨ ᠬᠠᠩᠭᠠᠨ᠎ᠠ᠃ ᠰᠢᠶᠠᠩᠭᠠᠩ᠂ ᠤᠤᠮᠧᠨ ᠤ ᠪᠠᠯᠡ | ᠤᠷᠤᠭᠤᠯᠤᠭᠴᠢ ᠨᠢ ᠬᠡᠷᠪᠡ ᠪᠠᠶᠢᠭᠠᠯᠢ ᠬᠦᠮᠤᠨ ᠪᠤᠯ ᠰᠢᠶᠠᠩᠭᠠᠩ᠂ ᠤᠤᠮᠧᠨ ᠤ ᠡᠭᠦᠷᠢ ᠰᠠᠭᠤᠭᠠᠯᠢᠴᠢᠨ ᠤ ᠪᠡᠶ᠎ᠡ ᠶᠢᠨ | ᠦᠨᠡᠮᠯᠡᠯ ᠢᠶᠠᠨ ᠬᠠᠩᠭᠠᠨ᠎ᠠ᠃ ᠲᠠᠶᠢᠸᠠᠨ ᠤᠷᠤᠨ ᠤ ᠪᠡᠯᠡ ᠤᠷᠤᠭᠤᠯᠤᠭᠴᠢ ᠶᠢᠨ ᠲᠤᠳᠤᠷ ᠤᠷᠤᠨ ᠳᠤ ᠪᠡᠯᠡ | ᠤᠷᠤᠭᠤᠯᠤᠨ ᠪᠡᠯᠡ ᠨᠡᠶᠢᠯᠡᠬᠦᠯᠦᠭᠰᠡᠨ᠂ ᠬᠤᠷᠰᠢᠨ ᠡᠵᠡᠩᠨᠡᠭᠰᠡᠨ ᠲᠤᠭᠯᠠᠯᠳᠠ ᠶᠢᠨ ᠲᠠᠯᠠᠪᠤᠷ ᠤᠨ ᠡᠵᠡᠩᠨᠡᠯᠳᠡ ᠶᠢᠨ | ᠨᠢᠭᠡᠴᠡ ᠪᠠᠶᠢᠭᠤᠯᠬᠤ ᠪᠠᠷ ᠭᠤᠶᠤᠴᠢᠯᠠᠬᠤ ᠳᠤ ᠲᠡᠭᠡᠷ᠎ᠡ ᠲᠤᠷᠠᠳᠤᠭᠰᠠᠨ ᠬᠤᠶᠠᠷ ᠵᠤᠷᠪᠤᠰ ᠲᠤᠭᠳᠠᠭᠰᠠᠨ ᠪᠢᠴᠢᠭ | ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠪᠠᠰᠠ ᠲᠤᠤᠷᠠᠬᠢ ᠮᠡᠳᠤ ᠪᠢᠴᠢᠭ ᠮᠠᠲ᠋ᠧᠷᠢᠶᠠᠯ ᠢ ᠬᠠᠩᠭᠠᠨ᠎ᠠ᠄ ᠲᠤᠳᠤᠷ | ᠤᠷᠤᠨ ᠤ ᠪᠡᠯᠡ ᠤᠷᠤᠭᠤᠯᠤᠭᠴᠢ ᠶᠢᠨ ᠪᠡᠯᠡ ᠤᠷᠤᠭᠤᠯᠤᠭᠰᠠᠨ ᠬᠠᠷᠢᠴᠠᠯ ᠨᠢ 51% ᠠᠴᠠ ᠲᠤᠤᠷ᠎ᠠ ᠦᠭᠡᠢ | ᠪᠠᠶᠢᠵᠦ᠂ ᠡᠵᠡᠩᠨᠡᠯᠳᠡ ᠶᠢᠨ ᠭᠤᠤᠯᠯᠠᠬᠤ ᠡᠷᠭᠡ ᠶᠢ ᠡᠳ᠋ᠯᠡᠬᠦ ᠬᠡᠷᠡᠴᠢ ᠲᠠᠢ ᠪᠠᠶᠢᠬᠤ︔ ᠬᠡᠷᠡᠭ ᠮᠡᠳᠡᠭᠴᠢ ᠶᠢᠨ ᠲᠠᠷᠤᠭ᠎ᠠ | ᠪᠤᠶᠤ ᠬᠤᠯᠪᠤᠭᠠᠳᠤ ᠺᠤᠮᠢᠰ ᠤᠨ ᠡᠷᠬᠢᠯᠡᠭᠴᠢ ᠨᠢ ᠲᠤᠳᠤᠷ᠎ᠠ ᠤᠷᠤᠨ ᠤ ᠲᠦᠯᠦᠭᠡᠯᠡᠭᠴᠢ ᠪᠤᠯᠬᠤ ᠬᠡᠷᠡᠴᠢ᠂ ᠲᠤᠳᠤᠷ | ᠤᠷᠤᠨ ᠤ ᠲᠦᠯᠦᠭᠡᠯᠡᠭᠴᠢ ᠨᠢ ᠬᠡᠷᠡᠭ ᠮᠡᠳᠡᠭᠴᠢ ᠶᠢᠨ ᠬᠤᠷᠠᠯ ᠪᠤᠶᠤ ᠬᠤᠯᠪᠤᠭᠠᠳᠤ ᠺᠤᠮᠢᠰ ᠤᠨ ᠲᠤᠳᠤᠷ᠎ᠠ ᠤᠯᠠᠩᠬᠢ | ᠲᠤᠭ᠎ᠠ ᠶᠢ ᠡᠵᠡᠯᠡᠬᠦ ᠬᠡᠷᠡᠴᠢ᠃ | 2. ᠤᠷᠳᠤᠳᠬᠠᠬᠤ ᠤᠷᠳᠤᠳᠬᠠᠬᠤ ᠪᠠᠷ ᠦᠨᠡᠮᠯᠡᠯ ᠰᠤᠯᠢᠬᠤ ᠭᠤᠶᠤᠴᠢᠯᠠᠯ ᠤᠨ ᠪᠢᠴᠢᠭ︔ ᠤᠤᠯ ︽ | ᠡᠵᠡᠩᠨᠡᠯᠳᠡ ᠶᠢᠨ ᠴᠢᠨᠠᠷᠳᠠᠢ ᠲᠤᠭᠯᠠᠯᠳᠠ ᠶᠢᠨ ᠵᠦᠪᠰᠢᠶᠡᠷᠡᠯ ᠤᠨ ᠦᠨᠡᠮᠯᠡᠯ︾ ᠡᠬᠡ᠂ ᠬᠠᠭᠤᠯᠪᠤᠷᠢ ᠲᠡᠪᠳᠡᠷ︔ | ᠦᠢᠯᠡᠳᠪᠦᠷᠢ ᠬᠤᠳᠠᠯᠳᠤᠭᠠᠨ ᠤ ᠡᠵᠡᠩᠨᠡᠯᠳᠡ ᠶᠢᠨ ᠦᠨᠡᠮᠯᠡᠯ︔ ᠤᠶᠢᠷ᠎ᠡ ᠶᠢᠨ 2 ᠵᠢᠯ ᠤᠨ ᠡᠵᠡᠩᠨᠡᠯᠳᠡ ᠶᠢᠨ | ᠪᠠᠶᠢᠳᠠᠯ ᠤᠨ ᠮᠡᠳᠡᠬᠦᠯᠦᠯᠳᠡ᠃ | 3. ᠬᠦᠴᠦᠨ ᠦᠭᠡᠢ ᠪᠤᠯᠭᠠᠬᠤ ᠭᠤᠶᠤᠴᠢᠯᠠᠯ ᠢ ᠨᠢ ᠦᠨᠳᠤᠰᠤᠯᠡᠨ ᠬᠦᠴᠦᠨ ᠦᠭᠡᠢ ᠪᠤᠯᠭᠠᠬᠤ ᠳᠤ᠂ | ᠲᠤᠤᠷᠠᠬᠢ ᠮᠠᠲ᠋ᠧᠷᠢᠶᠠᠯ ᠤᠳ ᠢ ᠲᠤᠰᠢᠶᠠᠨ᠎ᠠ᠄ ᠬᠦᠴᠦᠨ ᠦᠭᠡᠢ ᠪᠤᠯᠭᠠᠬᠤ ᠭᠤᠶᠤᠴᠢᠯᠠᠯ ᠤᠨ ᠪᠢᠴᠢᠭ︔ ᠤᠤᠯ ︽ | ᠡᠵᠡᠩᠨᠡᠯᠳᠡ ᠶᠢᠨ ᠴᠢᠨᠠᠷᠳᠠᠢ ᠲᠤᠭᠯᠠᠯᠳᠠ ᠶᠢᠨ ᠵᠦᠪᠰᠢᠶᠡᠷᠡᠯ ᠤᠨ ᠦᠨᠡᠮᠯᠡᠯ︾ ᠡᠬᠡ᠂ ᠬᠠᠭᠤᠯᠪᠤᠷᠢ ᠲᠡᠪᠳᠡᠷ︔ | ᠲᠤᠤᠷᠠᠬᠢ ᠮᠡᠳᠤ ᠶᠢᠨ ᠪᠠᠶᠢᠳᠠᠯ ᠲᠠᠢ ᠪᠤᠯ᠂ ᠡᠷᠭᠡ ᠲᠤᠰᠢᠶᠠᠯ ᠢ ᠨᠢ ᠦᠨᠳᠤᠰᠤᠯᠡᠨ ᠬᠦᠴᠦᠨ ᠦᠭᠡᠢ ᠪᠤᠯᠭᠠᠬᠤ ᠶᠢᠨ | ᠬᠠᠮᠳᠤ ᠨᠡᠶᠢᠭᠡᠮ ᠳᠤ ᠨᠡᠶᠢᠳᠡᠯᠡᠨ᠎ᠡ᠄ ᠬᠤᠭᠤᠴᠠᠭ᠎ᠠ ᠨᠢ ᠲᠤᠯᠤᠭᠰᠠᠨ ᠪᠠᠶᠢᠳᠠᠯ᠎ᠠ ᠬᠦᠴᠦᠨ ᠪᠦᠬᠦᠢ ᠬᠤᠭᠤᠴᠠᠭ᠎ᠠ ᠪᠠᠨ | ᠤᠷᠳᠤᠳᠬᠠᠬᠤ ᠦᠨᠡᠮᠯᠡᠯ ᠢᠶᠠᠨ ᠰᠤᠯᠢᠬᠤ ᠶᠢ ᠦᠯᠦ ᠭᠤᠶᠤᠴᠢᠯᠠᠨ ᠰᠢᠢᠳᠪᠦᠷᠢᠯᠡᠭᠰᠡᠨ︔ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠡᠵᠡᠩᠨᠡᠯᠳᠡ ᠶᠢᠨ ᠦᠨᠡᠮᠯᠡᠯ ᠢᠶᠠᠨ | ᠬᠦᠴᠦᠨ ᠦᠭᠡᠢ ᠪᠤᠯᠭᠠᠭᠰᠠᠨ ᠪᠤᠶᠤ ᠬᠤᠷᠢᠶᠠᠯᠭᠠᠨ ᠬᠦᠴᠦᠨ ᠦᠭᠡᠢ ᠪᠤᠯᠭᠠᠭᠰᠠᠨ᠃ | 4. ᠦᠨᠡᠮᠯᠡᠯ ᠢᠶᠠᠨ ᠨᠦᠬᠦᠬᠦ ᠦᠨᠡᠮᠯᠡᠯ ᠢᠶᠠᠨ ᠨᠦᠬᠦᠬᠦ ᠭᠤᠶᠤᠴᠢᠯᠠᠯ ᠤᠨ ᠪᠢᠴᠢᠭ︔ ᠭᠡᠭᠡᠭᠰᠡᠨ | ᠢᠯᠡᠷᠬᠡᠶᠢᠯᠡᠯ ᠢᠶᠠᠨ ᠨᠡᠶᠢᠳᠡᠯᠡᠭᠰᠡᠨ ᠰᠤᠨᠢᠨ ᠰᠡᠳᠬᠦᠯ ᠪᠤᠶᠤ ︽ᠡᠵᠡᠩᠨᠡᠯᠳᠡ ᠶᠢᠨ ᠴᠢᠨᠠᠷᠳᠠᠢ ᠲᠤᠭᠯᠠᠯᠳᠠ ᠶᠢᠨ | ᠵᠦᠪᠰᠢᠶᠡᠷᠡᠯ ᠤᠨ ᠦᠨᠡᠮᠯᠡᠯ︾ ᠤᠨ ᠦᠯᠦ ᠡᠪᠳᠡᠭᠳᠡᠭᠰᠡᠨ ᠬᠡᠰᠡᠭ᠃ | ︵ᠬᠤᠶᠠᠷ︶ ᠲᠦᠬᠦᠷ ᠲᠦᠷᠢᠮ | 1. ᠬᠦᠴᠦᠨ ᠦᠭᠡᠢ ᠪᠤᠯᠭᠠᠬᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠰᠢᠢᠳᠪᠦᠷᠢ ᠶᠢ ᠬᠠᠤᠯᠢ ᠶᠤᠰᠤᠭᠠᠷ ᠬᠦᠴᠦᠨ ᠦᠭᠡᠢ ᠪᠤᠯᠭᠠᠵᠤ᠂ ᠭᠤᠶᠤᠴᠢᠯᠠᠭᠰᠠᠨ ᠬᠦᠮᠦᠨ ᠳᠤ | ᠪᠢᠴᠢᠭ ᠢᠶᠠᠷ ᠮᠡᠳᠡᠭᠳᠡᠬᠦ ᠶᠢᠨ ᠬᠠᠮᠳᠤ ᠤᠴᠢᠷ ᠰᠢᠯᠲᠠᠭᠠᠨ ᠢ ᠨᠢ ᠳᠣᠲᠣᠷᠬᠠᠶᠢᠯᠠᠵᠤ ᠦᠭᠬᠦᠨ᠎ᠡ᠄ ᠬᠢᠨᠠᠨ ᠵᠦᠪᠰᠢᠶᠡᠷᠡᠬᠦ | ᠬᠦᠮᠦᠨ ᠨᠢ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠵᠤ᠂ ᠠᠯᠪᠠᠨ ᠲᠤᠰᠢᠶᠠᠯ ᠳᠠᠭᠠᠨ ᠠᠯᠮᠠᠶᠢᠷᠠᠨ | ᠤᠰᠤᠯᠳᠠᠵᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠰᠢᠢᠳᠪᠦᠷᠢ ᠭᠠᠷᠭᠠᠭᠰᠠᠨ︔ ᠬᠠᠤᠯᠢ ᠳᠤ | ᠲᠤᠭᠳᠠᠭᠠᠭᠰᠠᠨ ᠡᠷᠭᠡ ᠲᠤᠰᠢᠶᠠᠯ ᠠᠴᠠ ᠪᠠᠨ ᠲᠠᠪᠠᠵᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠰᠢᠢᠳᠪᠦᠷᠢ | ᠭᠠᠷᠭᠠᠭᠰᠠᠨ︔ ᠬᠠᠤᠯᠢ ᠳᠤ ᠲᠤᠭᠳᠠᠭᠠᠭᠰᠠᠨ ᠳᠡᠰ ᠳᠠᠷᠠᠭᠠᠯᠠᠯ ᠠᠴᠠ ᠵᠥᠷᠢᠴᠡᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠰᠢᠢᠳᠪᠦᠷᠢ ᠭᠠᠷᠭᠠᠭᠰᠠᠨ︔ ᠭᠤᠶᠤᠴᠢᠯᠠᠬᠤ ᠬᠢᠷᠢ ᠬᠡᠮ ᠦᠭᠡᠢ ᠪᠤᠶᠤ ᠬᠠᠤᠯᠢ ᠳᠤ | ᠲᠤᠭᠳᠠᠭᠠᠭᠰᠠᠨ ᠨᠦᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ | ᠰᠢᠢᠳᠪᠦᠷᠢ ᠭᠠᠷᠭᠠᠭᠰᠠᠨ︔ ᠬᠤᠳᠠᠯ ᠬᠠᠭᠤᠷᠮᠠᠭ ᠪᠢᠴᠢᠭ ᠮᠠᠲ᠋ᠧᠷᠢᠶᠠᠯ ᠲᠤᠰᠢᠶᠠᠭᠰᠠᠨ ᠪᠤᠶᠤ ᠮᠡᠭᠡᠯᠡᠬᠦ ᠵᠡᠷᠭᠡ ᠲᠦᠪ | ᠪᠤᠰᠤ ᠶᠢᠨ ᠠᠷᠭ᠎ᠠ ᠪᠠᠷᠢᠯ ᠢᠶᠠᠷ ᠵᠦᠪᠰᠢᠶᠡᠷᠡᠯ ᠤᠯᠤᠭᠰᠠᠨ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ | ᠰᠢᠢᠳᠪᠦᠷᠢ ᠶᠢ ᠬᠠᠤᠯᠢ ᠶᠤᠰᠤᠭᠠᠷ ᠬᠦᠴᠦᠨ ᠦᠭᠡᠢ ᠪᠤᠯᠭᠠᠵᠤ ᠪᠤᠯᠬᠤ ᠪᠤᠰᠤᠳ ᠪᠠᠶᠢᠳᠠᠯ᠃ | 2. ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠪᠤᠶᠤ ᠪᠤᠴᠠᠭᠠᠨ ᠠᠪᠬᠤ ᠭᠤᠶᠤᠴᠢᠯᠠᠭᠴᠢ ᠨᠢ ᠰᠤᠶᠤᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠰᠢᠢᠳᠪᠦᠷᠢ | ᠭᠠᠷᠭᠠᠬᠤ ᠠᠴᠠ ᠡᠮᠦᠨ᠎ᠡ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦᠯᠬᠦ ᠭᠤᠶᠤᠴᠢᠯᠠᠯ ᠢᠶᠠᠨ ᠪᠤᠴᠠᠭᠠᠨ ᠠᠪᠬᠤ ᠪᠠᠨ | ᠪᠢᠴᠢᠭ ᠢᠶᠠᠷ ᠭᠤᠶᠤᠴᠢᠯᠠᠭᠰᠠᠨ ᠪᠤᠯ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠢ ᠵᠤᠭᠰᠤᠭᠠᠬᠤ ᠶᠢᠨ ᠬᠠᠮᠳᠤ᠂ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠃ ᠭᠤᠶᠦᠴᠢᠯᠠᠭᠴᠢ ᠨᠢ ᠬᠢᠨᠠᠨ ᠵᠦᠪᠰᠢᠶᠡᠷᠡᠬᠦ ᠲᠡᠰ ᠲᠠᠷᠠᠭᠠᠯᠠᠯ ᠤᠨ | ᠶᠠᠪᠤᠴᠠ ᠳᠤ ᠭᠤᠶᠤᠴᠢᠯᠠᠯ ᠢᠶᠠᠨ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠪᠤᠶᠤ ᠪᠤᠴᠠᠭᠠᠨ ᠠᠪᠬᠤ ᠡᠷᠭᠡ ᠲᠠᠢ᠃ | | ᠶᠢᠰᠦ᠂ ᠰᠢᠢᠳᠪᠦᠷᠢ ᠨᠡᠶᠢᠳᠡᠯᠡᠬᠦ ᠰᠢᠢᠳᠪᠦᠷᠢ ᠭᠠᠷᠭᠠᠭᠰᠠᠨ ᠡᠳᠦᠷ ᠠᠴᠠ ᠡᠬᠢᠯᠡᠵᠤ 2 ᠠᠵᠢᠯ ᠤᠨ ᠡᠳᠤᠷ | ᠲᠤᠳᠤᠷ᠎ᠠ ᠠᠶᠢᠮᠠᠭ ᠬᠤᠳᠠ ᠶᠢᠨ ᠰᠤᠶᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠠᠯᠪᠠᠨ ᠤ | ᠰᠦᠯᠵᠢᠶᠡᠨ ᠲᠡᠭᠡᠷ᠎ᠡ ᠨᠡᠶᠢᠳᠡᠯᠡᠨ᠎ᠡ᠃ ᠭᠤᠶᠤᠴᠢᠯᠠᠭᠴᠢ ᠨᠢ ᠰᠦᠯᠵᠢᠶᠡᠨ ᠲᠡᠭᠡᠷ᠎ᠡ ᠨᠡᠶᠢᠳᠡᠯᠡᠭᠰᠡᠨ ᠦᠨᠡᠮᠯᠡᠯ ᠢᠶᠠᠨ | ᠠᠪᠬᠤ ᠬᠢᠵᠠᠭᠠᠷᠳᠤ ᠬᠤᠭᠤᠴᠠᠭ᠎ᠠ ᠪᠤᠶᠤ ᠤᠬᠤᠷ ᠮᠡᠳᠡᠬᠡᠨ ᠤ ᠮᠡᠳᠡᠭᠳᠡᠯ ᠢ ᠦᠨᠳᠦᠰᠦᠯᠡᠨ᠂ ᠬᠦᠴᠦᠨ ᠪᠦᠬᠦᠢ | ᠦᠨᠡᠮᠯᠡᠯ ᠢᠶᠠᠨ ᠠᠪᠴᠤ ᠢᠷᠡᠨ ᠰᠢᠢᠳᠪᠦᠷᠢ ᠶᠢᠨ ᠪᠢᠴᠢᠭ ᠢᠶᠠᠨ ᠠᠪᠴᠤ ᠪᠤᠯᠤᠨ᠎ᠠ᠃ | ᠠᠷᠪᠠ᠂ ᠬᠠᠤᠯᠢ ᠳᠤ ᠲᠤᠭᠳᠠᠭᠰᠠᠨ ᠬᠢᠵᠠᠭᠠᠷᠳᠤ ᠬᠤᠭᠤᠴᠠᠭ᠎ᠠ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠲᠤᠳᠤᠷ᠎ᠠ ᠰᠢᠢᠳᠪᠦᠷᠢ ᠭᠠᠷᠭᠠᠨ᠎ᠠ᠃ | ᠵᠦᠪᠰᠢᠶᠡᠷᠡᠭᠰᠡᠨ ᠳᠤᠨᠢ ᠵᠦᠪᠰᠢᠶᠡᠷᠡᠯ ᠤᠨ ᠪᠢᠴᠢᠭ ᠲᠠᠷᠬᠠᠭᠠᠵᠤ᠂ ᠦᠯᠦ ᠵᠦᠪᠰᠢᠶᠡᠷᠡᠭᠰᠡᠨ ᠳᠤᠨᠢ ᠰᠤᠶᠤᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠳᠤ ᠰᠢᠯᠲᠠᠭᠠᠨ ᠢ ᠨᠢ | ᠳᠤᠲᠤᠷᠬᠠᠶᠢᠯᠠᠵᠤ ᠦᠭᠬᠦᠨ᠎ᠠ᠃ | ᠠᠷᠪᠠᠨ ᠨᠢᠭᠡ᠂ ᠵᠦᠪᠰᠢᠶᠡᠷᠡᠯ ᠤᠨ ᠪᠢᠴᠢᠭ ︽ᠡᠵᠡᠩᠨᠡᠯᠳᠡ ᠶᠢᠨ ᠴᠢᠨᠠᠷᠳᠠᠢ ᠲᠤᠭᠯᠠᠯᠳᠠ ᠶᠢᠨ | ᠵᠦᠪᠰᠢᠶᠡᠷᠡᠯ ᠤᠨ ᠪᠢᠴᠢᠭ︾᠃ ᠬᠦᠴᠦᠨ ᠪᠦᠬᠦᠢ ᠬᠤᠭᠤᠴᠠᠭ᠎ᠠ ᠨᠢ ᠪᠦᠷ 2 ᠵᠢᠯ᠃ ᠲᠤᠭᠯᠠᠯᠳᠠ ᠶᠢᠨ | ᠲᠠᠯᠠᠪᠤᠷ ᠤᠨ ᠡᠵᠡᠩᠨᠡᠯᠳᠡ ᠶᠢᠨ ᠨᠢᠭᠡᠴᠡ ᠨᠢ ᠨᠡᠷᠡᠶᠢᠳᠦᠯ᠂ ᠤᠷᠤᠨ ᠰᠠᠭᠤᠴᠠ᠂ ᠬᠠᠤᠯᠢ ᠶᠢᠨ ᠲᠦᠯᠦᠭᠡᠯᠡᠭᠴᠢ ᠪᠤᠶᠤ | ᠭᠤᠤᠯ ᠬᠠᠷᠢᠭᠤᠴᠠᠯᠭᠠᠳᠠᠨ ᠵᠡᠷᠭᠡ ᠲᠤᠳᠤᠷᠬᠠᠢ ᠳᠡᠮᠳᠡᠭᠯᠡᠭᠰᠡᠨ ᠶᠠᠪᠤᠳᠠᠯ ᠢᠶᠠᠨ ᠬᠤᠪᠢᠷᠠᠭᠤᠯᠬᠤ ᠳᠤ᠂ | ᠬᠤᠪᠢᠷᠠᠭᠤᠯᠤᠭᠰᠠᠨ ᠤ ᠪᠠᠨ ᠲᠠᠷᠠᠭ᠎ᠠ 30 ᠡᠳᠦᠷ ᠤᠨ ᠲᠤᠳᠤᠷ᠎ᠠ ᠬᠤᠪᠢᠷᠠᠭᠤᠯᠤᠭᠰᠠᠨ ᠤ ᠳᠠᠷᠠᠭᠠᠬᠢ ᠦᠢᠯᠡᠳᠪᠦᠷᠢ | ᠬᠤᠳᠠᠯᠳᠤᠭᠠᠨ ᠤ ᠡᠵᠡᠩᠨᠡᠯᠳᠡ ᠶᠢᠨ ᠦᠨᠡᠮᠯᠡᠯ ᠤᠨ ᠬᠠᠭᠤᠯᠪᠤᠷᠢ ᠪᠢᠴᠢᠭ ᠪᠤᠶᠤ ᠵᠤᠬᠢᠶᠠᠨ ᠪᠠᠶᠢᠭᠤᠯᠤᠯᠳᠠ ᠶᠢᠨ | ᠪᠠᠶᠢᠭᠤᠯᠤᠮᠵᠢ ᠶᠢᠨ ᠤᠷᠤᠯᠡᠬᠤ ᠦᠨᠡᠮᠯᠡᠯ᠂ ᠬᠤᠯᠪᠤᠭᠳᠠᠯ ᠪᠦᠬᠦᠢ ᠦᠨᠡᠮᠯᠡᠯ ᠤᠨ ᠡᠬᠡ ︵ᠬᠠᠭᠤᠯᠪᠤᠷᠢ︶ | ᠪᠢᠴᠢᠭ ᠢᠶᠠᠨ ᠠᠪᠴᠤ᠂ ᠤᠤᠯ ᠦᠨᠡᠮᠯᠡᠯ ᠤᠯᠭᠤᠭᠰᠠᠨ ᠪᠠᠶᠢᠭᠤᠯᠭ᠎ᠠ ᠳᠤ ᠤᠴᠢᠵᠤ ᠰᠢᠨ᠎ᠡ ᠦᠨᠡᠮᠯᠡᠯ ᠰᠤᠯᠢᠨᠡ᠃ | ᠠᠷᠪᠠᠨ ᠬᠤᠶᠠᠷ᠂ ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ ᠲᠤᠰ ᠲᠦᠷᠦᠯ ᠤᠨ ᠵᠠᠰᠠᠭ | ᠵᠠᠬᠢᠷᠭᠠᠨ ᠤ ᠵᠦᠪᠰᠢᠶᠡᠷᠡᠯ ᠳᠤ ᠰᠦᠢᠳᠭᠡᠯ ᠬᠤᠷᠢᠶᠠᠬᠤ ᠦᠭᠡᠢ᠃ | ᠠᠷᠪᠠᠨ ᠭᠤᠷᠪᠠ᠂ ᠭᠤᠶᠤᠴᠢᠯᠠᠭᠴᠢ ᠶᠢᠨ ᠡᠷᠭᠡ ᠪᠠ ᠡᠬᠦᠷᠭᠡ | ︵ᠨᠢᠭᠡ︶ ᠭᠤᠶᠤᠴᠢᠯᠠᠭᠴᠢ ᠬᠠᠤᠯᠢ ᠶᠤᠰᠤᠭᠠᠷ ᠲᠤᠤᠷᠠᠬᠢ ᠡᠷᠭᠡ ᠶᠢ ᠡᠳ᠋ᠯᠡᠨ᠎ᠡ | 1. ᠪᠠᠶᠢᠳᠠᠯ ᠢ ᠤᠶᠢᠯᠠᠭᠠᠬᠤ ᠡᠷᠭᠡ᠂ ᠲᠤᠭᠠᠴᠢᠬᠤ ᠡᠷᠭᠡ᠂ ᠵᠦᠪᠳᠦᠭᠡᠬᠦ ᠡᠷᠭᠡ ᠶᠢ ᠬᠠᠤᠯᠢ ᠶᠤᠰᠤᠭᠠᠷ | ᠡᠳ᠋ᠯᠡᠨ᠎ᠡ︔ | 2. ᠬᠠᠤᠯᠢ ᠶᠤᠰᠤᠭᠠᠷ ᠵᠠᠰᠠᠭ ᠵᠠᠬᠢᠷᠭᠠᠨ ᠤ ᠲᠠᠬᠢᠨ ᠵᠦᠪᠯᠡᠬᠦ ᠶᠢ ᠭᠤᠶᠤᠴᠢᠯᠠᠬᠤ ᠪᠤᠶᠤ ᠵᠠᠰᠠᠭ ᠵᠠᠬᠢᠷᠭᠠᠨ ᠤ | ᠵᠠᠷᠭᠤ ᠬᠢᠬᠦ ᠡᠷᠭᠡ ᠲᠠᠢ︔ | 3. ᠰᠤᠶᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠤᠯᠢ ᠠᠴᠠ ᠵᠦᠷᠢᠴᠡᠨ | ᠬᠡᠷᠡᠭᠵᠢᠬᠦᠯᠦᠭᠰᠡᠨ ᠵᠠᠰᠠᠭ ᠵᠠᠬᠢᠷᠭᠠᠨ ᠤ ᠵᠦᠪᠰᠢᠶᠡᠷᠡᠯ ᠠᠴᠠ ᠪᠤᠯᠵᠤ ᠬᠠᠤᠯᠢ ᠶᠤᠰᠤᠨ ᠤ ᠡᠷᠭᠡ ᠠᠰᠢᠭ ᠨᠢ | ᠬᠤᠬᠢᠷᠠᠯ ᠳᠤ ᠤᠴᠠᠷᠠᠭᠰᠠᠨ ᠪᠤᠯ᠂ ᠬᠠᠤᠯᠢ ᠶᠤᠰᠤᠭᠠᠷ ᠲᠦᠯᠦᠪᠦᠷᠢ ᠱᠠᠭᠠᠷᠳᠠᠬᠤ ᠡᠷᠭᠡ ᠲᠠᠢ᠃ | ︵ᠬᠤᠶᠠᠷ︶ ᠭᠤᠶᠤᠴᠢᠯᠠᠭᠴᠢ ᠲᠤᠤᠷᠠᠬᠢ ᠡᠬᠦᠷᠭᠡ ᠶᠢ ᠬᠠᠤᠯᠢ ᠶᠤᠰᠤᠭᠠᠷ ᠬᠦᠢᠴᠡᠳᠭᠡᠨ᠎ᠡ | 1. ᠰᠤᠶᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠤᠯᠪᠤᠭᠳᠠᠯ ᠪᠦᠬᠦᠢ ᠮᠠᠲ᠋ᠧᠷᠢᠶᠠᠯ ᠢ ᠦᠨᠡᠨ | ᠪᠤᠳᠠᠳᠠᠢ ᠲᠤᠰᠢᠶᠠᠬᠤ ᠪᠠ ᠦᠨᠡᠨ ᠪᠠᠶᠢᠳᠠᠯ ᠢᠶᠠᠨ ᠲᠤᠰᠬᠠᠬᠤ ᠶᠢᠨ ᠬᠠᠮᠳᠤ᠂ ᠦᠪᠡᠷ ᠤᠨ ᠭᠤᠶᠤᠴᠢᠯᠠᠯ ᠤᠨ | ᠮᠠᠲ᠋ᠧᠷᠢᠶᠠᠯ ᠤᠨ ᠪᠤᠳᠠᠳᠠᠢ ᠠᠭᠤᠯᠭ᠎ᠠ ᠶᠢᠨ ᠦᠨᠡᠨ ᠪᠤᠳᠠᠳᠤ ᠴᠢᠨᠠᠷ ᠲᠤ ᠬᠠᠷᠢᠭᠤᠴᠠᠨ᠎ᠠ᠃ | 2. ᠲᠤᠬᠠᠢ ᠶᠢᠨ ᠭᠠᠵᠠᠷ ᠲᠠᠬᠢ ᠬᠠᠶᠢᠨ ᠪᠠᠶᠢᠴᠠᠭᠠᠯᠳᠠ ᠪᠠ ᠬᠢᠨᠠᠯᠳᠠ ᠪᠠᠶᠢᠴᠠᠭᠠᠯᠳᠠ ᠶᠢ ᠬᠠᠤᠯᠢ ᠶᠤᠰᠤᠭᠠᠷ | ᠬᠦᠯᠢᠶᠡᠨ ᠠᠪᠬᠤ ᠪᠠ ᠬᠠᠮᠵᠢᠯᠴᠠᠬᠤ ᠡᠬᠦᠷᠭᠡ ᠲᠠᠢ᠃ | |