ᠴᠠᠩ ᠱᠧᠩ ᠲᠤᠰᠬᠤᠨ ᠲᠠᠪᠤᠳᠤᠭᠠᠷ ᠬᠤᠭᠤᠴᠠᠭᠠᠨ ᠤ ︽  ᠪᠦᠬᠦ ᠤᠯᠤᠰ ᠤᠨ ᠪᠤᠯᠪᠠᠰᠤᠨ ᠳᠤᠰᠬᠤᠨ︾᠎ ᠤ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2017/11/27
    11ᠰᠠᠷ᠎ᠠ ᠶᠢᠨ 17᠎ ᠎ ᠤ ᠡᠳᠦᠷ ᠤᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠪᠤᠯᠪᠠᠰᠤᠨ ᠬᠤᠲᠠ ᠲᠤᠭᠤᠷᠢᠭ᠂ ᠪᠤᠯᠪᠠᠰᠤᠨ ᠪᠠᠯᠭᠠᠰᠤ ᠲᠤᠰᠬᠤᠨ᠂ ᠪᠤᠯᠪᠠᠰᠤᠨ ᠨᠢᠭᠡᠴᠡ ᠶᠢᠨ ᠨᠡᠷᠡᠰ ᠤᠨ ᠵᠢᠭᠠᠰᠬᠠᠯ ᠳᠤ ᠶᠤᠸᠠᠨ ᠪᠣᠣ ᠱᠠᠨ ᠲᠤᠭᠤᠷᠢᠭ ᠤᠨ ᠴᠠᠩ ᠱᠧᠩ ᠲᠤᠰᠬᠤᠨ ᠲᠤᠳᠤᠷᠠᠵᠠᠢ᠃ ᠡᠨᠡ ᠨᠢ ᠮᠠᠨ ᠤ ᠲᠤᠭᠤᠷᠢᠭ ᠤᠨ ᠤᠷᠤᠭᠰᠢᠯᠠᠯᠳᠤ ᠲᠤᠰᠬᠤᠨ᠂ ᠵᠢᠶᠠᠨ ᠴᠠᠩ ᠢᠩ ᠲᠤᠰᠬᠤᠨ᠂ ᠨᠠᠨ ᠬᠤᠸᠠᠩ ᠲᠤᠰᠬᠤᠨ ᠠᠴᠠ ᠳᠠᠷᠠᠭᠠᠬᠢ ᠪᠠᠰᠠ ᠨᠢᠭᠡᠨ ᠲᠤᠰᠬᠤᠨ  ᠡᠨᠡ ᠬᠦ ᠢᠷᠠᠭᠤ ᠠᠯᠳᠠᠷ ᠢ ᠬᠦᠷᠲᠡᠵᠦ ᠪᠠᠶᠢᠭ᠎ᠠ ᠶᠤᠮ᠃      ᠤᠶᠢᠯᠠᠭᠠᠭᠰᠠᠨ ᠢᠶᠠᠷ᠂  ᠪᠦᠬᠦ ᠤᠯᠤᠰ ᠤᠨ ᠪᠤᠯᠪᠠᠰᠤᠨ ᠬᠤᠲᠠ  ︵ᠲᠤᠭᠤᠷᠢᠭ  ︶᠂ ᠪᠤᠯᠪᠠᠰᠤᠨ ᠪᠠᠯᠭᠠᠰᠤ ᠲᠤᠰᠬᠤᠨ᠂ ᠪᠤᠯᠪᠠᠰᠤᠨ ᠨᠢᠭᠡᠴᠡ ᠶᠢ ᠭᠤᠷᠪᠠᠨ ᠵᠢᠯ ᠳᠤ ᠨᠢᠭᠡ ᠤᠳᠠᠭ᠎ᠠ ᠰᠢᠯᠭᠠᠷᠠᠭᠤᠯᠬᠤ ᠱᠠᠩᠨᠠᠨ ᠬᠥᠬᠢᠭᠦᠯᠳᠡᠭ ᠪᠠᠶᠢᠨ᠎ᠠ᠃ 2017 ᠣᠨ ᠤ 8 ᠰᠠᠷ᠎ᠠ  ᠳᠤ᠂  ᠲᠥᠪ ᠤᠨ ᠪᠤᠯᠪᠠᠰᠤᠨ ᠤ ᠠᠯᠪᠠᠨ ᠭᠡᠷ ᠠᠴᠠ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠪᠤᠯᠪᠠᠰᠤᠨ ᠬᠤᠲᠠ ᠲᠤᠭᠤᠷᠢᠭ᠂ ᠪᠤᠯᠪᠠᠰᠤᠨ ᠪᠠᠯᠭᠠᠰᠤ ᠲᠤᠰᠬᠤᠨ᠂ ᠪᠤᠯᠪᠠᠰᠤᠨ ᠨᠢᠭᠡᠴᠡ ᠶᠢ ᠰᠤᠩᠭᠤᠨ ᠰᠢᠯᠭᠠᠷᠠᠭᠤᠯᠬᠤ ᠠᠵᠢᠯ ᠢ ᠡᠬᠢᠯᠡᠭᠦᠯᠦᠭᠰᠡᠨ ᠪᠠᠶᠢᠨ᠎ᠠ᠃ ᠡᠨᠡ ᠤᠳᠠᠭᠠᠨ ᠤ ᠰᠢᠯᠭᠠᠷᠠᠭᠤᠯᠤᠯᠲᠠ ᠳᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ 31 ᠲᠤᠰᠬᠤᠨ ᠨᠡᠷᠡᠰ ᠤᠨ ᠵᠢᠭᠠᠰᠬᠠᠯ ᠳᠤ ᠪᠠᠶᠢᠵᠤ᠂  ᠤᠯᠠᠭᠠᠨᠬᠠᠳᠠ ᠬᠤᠳᠠ ᠠᠴᠠ 3 ᠲᠤᠰᠬᠤᠨ ᠪᠤᠯᠪᠠᠰᠤᠨ  ᠲᠤᠰᠬᠤᠨ ᠢᠶᠠᠷ ᠦᠨᠡᠯᠡᠭᠳᠡᠪᠡ᠃  ᠪᠤᠰᠤᠳ ᠬᠤᠶᠠᠷ ᠲᠤᠰᠬᠤᠨ ᠨᠢ ᠰᠦᠩᠱᠠᠨ ᠲᠤᠭᠤᠷᠢᠭ ᠤᠨ ᠲᠠᠢ ᠫᠢᠩ ᠳ᠋ᠠᠢ ᠪᠠᠯᠭᠠᠰᠤ ᠶᠢᠨ ᠵᠢᠶᠠᠩ ᠹᠠᠩ ᠳ᠋ᠠᠢ ᠲᠤᠰᠬᠤᠨ᠂ ᠬᠠᠷᠠᠴᠢᠨ ᠬᠤᠰᠢᠭᠤᠨ ᠤ ᠰᠢ ᠴᠢᠶᠤᠤ ᠪᠠᠯᠭᠠᠰᠤ ᠶᠢᠨ ᠯᠸᠢ ᠶᠢᠩ ᠽᠢ ᠲᠤᠰᠬᠤᠨ ᠪᠤᠯᠤᠨ᠎ᠠ᠃      ᠣᠷᠴᠢᠮ ᠤᠨ ᠵᠢᠯ ᠠᠴᠠ ᠨᠠᠭᠠᠰᠢ᠂  ᠴᠠᠩ ᠱᠧᠩ ᠲᠤᠰᠬᠤᠨ ᠨᠢ ᠪᠤᠯᠪᠠᠰᠤᠨ ᠲᠤᠰᠬᠤᠨ ᠢ ᠪᠦᠲᠦᠭᠡᠨ ᠪᠠᠶᠢᠭᠤᠯᠬᠤ ᠠᠵᠢᠯ ᠢ ᠪᠠᠶᠠᠵᠢᠨ ᠴᠢᠨᠡᠭᠡᠯᠡᠭᠵᠡᠬᠦ ᠪᠠ ᠡᠶ᠎ᠡ  ᠨᠠᠶᠢᠷᠠᠮᠳᠠᠭᠤ ᠰᠢᠨ᠎ᠡ ᠬᠦᠳᠡᠭᠡ ᠲᠤᠰᠬᠤᠨ ᠶᠢ ᠪᠦᠲᠦᠭᠡᠨ ᠪᠠᠶᠢᠭᠤᠯᠬᠤ  ᠴᠢᠬᠤᠯᠠ ᠠᠳᠬᠤᠬᠤ ᠠᠵᠢᠯ ᠢᠶᠠᠨ ᠪᠤᠯᠭᠠᠵᠤ᠂ ᠪᠤᠯᠪᠠᠰᠤᠨ  ᠰᠤᠷᠲᠠᠯ ᠢ ᠰᠤᠷᠲᠠᠯᠴᠢᠯᠠᠵᠤ᠂ ᠪᠤᠯᠪᠠᠰᠤᠨ ᠤ ᠦᠷ᠎ᠡ ᠶᠢ ᠬᠠᠮᠲᠤ ᠪᠠᠷ ᠡᠵᠡᠯᠡᠵᠦ᠂  ᠠᠵᠤ ᠠᠬᠤᠢ ᠨᠡᠶᠢᠭᠡᠮ ᠤᠨ ᠵᠤᠬᠢᠴᠠᠩᠭᠤᠢ  ᠬᠦᠭᠵᠢᠯᠲᠡ ᠶᠢ ᠠᠬᠢᠭᠤᠯᠤᠭᠰᠠᠨ ᠪᠠᠶᠢᠨ᠎ᠠ᠃ 2016 ᠣᠨ ᠳᠤ  ᠂  ᠪᠦᠬᠦ ᠲᠤᠰᠬᠤᠨ ᠨᠢ 2400 ᠭᠠᠷᠤᠢ ᠲᠦᠮᠡᠨ ᠲᠦᠭᠦᠷᠢᠭ ᠤᠨ ᠶᠡᠷᠦᠩᠬᠡᠢ ᠦᠷᠲᠡᠭ ᠢ  ᠪᠦᠲᠦᠭᠡᠵᠡᠢ᠃ ᠡᠭᠦᠨ ᠳᠤ ᠲᠠᠷᠢᠶᠠᠯᠠᠩ ᠤᠨ ᠶᠡᠷᠦᠩᠬᠡᠢ ᠦᠷᠲᠡᠭ 2250 ᠭᠠᠷᠤᠢ ᠲᠦᠮᠡᠨ ᠲᠦᠭᠦᠷᠢᠭ᠂ ᠪᠠᠷᠢᠯᠭ᠎ᠠ᠂ ᠲᠠᠭᠡᠭᠡᠪᠦᠷᠢ᠂ ᠬᠤᠳᠠᠯᠳᠤᠭ᠎ᠠ ᠵᠡᠷᠭᠡ ᠶᠢᠨ ᠶᠡᠷᠦᠩᠬᠡᠢ ᠦᠷᠲᠡᠭ 150 ᠭᠠᠷᠤᠢ ᠲᠦᠮᠡᠨ ᠲᠦᠭᠦᠷᠢᠭ  ᠪᠤᠯᠤᠨ᠎ᠠ᠃  ᠲᠤᠰᠬᠤᠨ ᠤ ᠬᠠᠮᠲᠤ ᠨᠡᠶᠢᠲᠡ ᠶᠢᠨ ᠤᠷᠤᠯᠭ᠎ᠠ 40 ᠭᠠᠷᠤᠢ ᠲᠦᠮᠡᠨ ᠲᠦᠭᠦᠷᠢᠭ᠂  ᠲᠠᠷᠢᠶᠠᠴᠢᠳ ᠤᠨ ᠬᠦᠮᠦᠨ ᠲᠤᠮᠳᠠᠴᠢ ᠶᠢᠨ ᠤᠷᠤᠯᠭ᠎ᠠ 16800 ᠲᠦᠭᠦᠷᠢᠭ᠂ ᠲᠠᠷᠢᠶᠠᠴᠢᠳ ᠤᠨ ᠬᠠᠮᠳᠤᠷᠠᠭᠰᠠᠨ ᠡᠮᠨᠡᠯᠭᠡ ᠶᠢᠨ ᠳᠠᠭᠠᠳᠬᠠᠯ ᠳᠤ ᠤᠷᠤᠭᠰᠠᠨ ᠨᠤᠷᠮ᠎ᠠ ᠨᠢ 100%᠎ ᠳᠤ ᠬᠦᠷᠦᠭᠰᠡᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1