ᠲᠣᠭᠤᠷᠢᠭ ‍ᠤᠨ‌ᠵᠠᠰᠠᠭ ᠤᠨ ᠣᠷᠳᠣᠨ  ᠨᠠᠢᠮᠠᠳᠤᠭᠠᠷ ᠬᠤᠭᠤᠴᠠᠭᠠᠨ ᠤ  ᠶᠢᠰᠦᠳᠦᠭᠡᠷ ᠣᠳᠠᠭᠠᠨ ᠤ ᠪᠦᠬᠦ ᠭᠡᠰᠢᠭᠦᠳ(ᠦᠷᠭᠡᠳᠭᠡᠭᠰᠡᠨ) ᠎ ᠤᠨ ᠬᠤᠷᠠᠯ ᠢ ᠬᠤᠷᠠᠯᠳᠣᠭᠤᠯᠵᠦ《ᠵᠠᠰᠠᠭ ᠤᠨ ᠣᠷᠳᠣᠨ ᠤ ᠠᠵᠢᠯ ᠤᠨ ᠢᠯᠡᠳᠬᠡᠯ》︵  ᠶᠠᠷᠢᠯᠴᠠᠭᠠᠨ ᠤ  ᠨᠣᠣᠷᠠᠭ︶᠎ ᠎ ᠢ ᠶᠠᠷᠢᠯᠴᠠᠪᠠ
ᠨᠡᠶᠢᠲᠡᠯᠡᠭᠰᠡᠨ ᠴᠠᠭ᠄
2017/11/28
         11ᠰᠠᠷ᠎ᠠ ᠶᠢᠨ24᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠶᠦᠩ ᠨᠠᠢᠮᠠᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠶᠢᠰᠦᠳᠦᠭᠡᠷ‌ᠣᠳᠠᠭᠠᠨ ᠤ   ᠪᠦᠬᠦ ᠭᠡᠰᠢᠭᠦᠳ  ︵ᠦᠷᠭᠡᠳᠭᠡᠭᠰᠡᠨ︶᠎ ᠤᠨ  ᠬᠤᠷᠠᠯ ᠢ   ᠡᠷᠬᠢᠯᠡᠨ  ᠬᠤᠷᠠᠯᠳᠣᠭᠤᠯᠵᠦ᠂ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ  ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠣᠭᠠᠨ ᠲᠡᠭᠡᠷ᠎ᠠ  ᠲᠡᠪᠰᠢᠬᠦᠯᠦᠨ ᠬᠢᠨᠠᠨ ᠵᠦᠪᠯᠡᠬᠦ ᠬᠡᠵᠦ ᠪᠠᠶᠢᠭ᠎ᠠ《ᠵᠠᠰᠠᠭ ᠤᠨ ᠣᠷᠳᠣᠨ ᠤ ᠠᠵᠢᠯ ᠤᠨ ᠢᠯᠡᠳᠬᠡᠯ》︵ᠶᠠᠷᠢᠯᠴᠠᠭᠠᠨ ᠤ ᠨᠣᠣᠷᠠᠭ︶᠎ ᠢ ᠲᠣᠰᠠᠬᠠᠢ ᠰᠡᠳᠦᠪ ᠢᠶᠠᠷ ᠶᠠᠷᠢᠯᠴᠠᠪᠠ᠃ ᠲᠣᠭᠤᠷᠢᠭ ᠤᠨ ᠵᠠᠰᠠᠭ ᠤᠨ ᠣᠷᠳᠦᠨ ᠤ  ᠣᠳᠣᠷᠢᠳᠬᠤ ᠪᠠᠭ ᠤᠨ ᠭᠡᠰᠢᠭᠦᠨ   ᠰᠣᠣ ᠵᠢᠢ ᠶᠦᠩ᠂  ᠰᠢᠣᠢ ᠵᠢᠶᠠᠨ  ᠾᠦᠢ᠂ ᠯᠢᠦ ᠮᠢᠩ  ᠵᠸᠦ᠂ ᠴᠧᠩ ᠷᠦᠢ ᠪᠣᠣ᠂ ᠷᠡᠨ ᠵᠢᠶᠠᠨ ᠬᠤᠸᠠ᠂ ᠯᠢ ᠵᠠᠨ ᠵᠢᠶᠧ᠂ ᠲᠣᠭᠤᠷᠢᠭ ᠤᠨ ᠵᠠᠰᠠᠭ ᠤᠨ ᠣᠷᠳᠦᠨ ᠤ ᠠᠯᠪᠡᠨ ᠭᠡᠷ ᠤᠨ ᠡᠷᠬᠢᠯᠡᠭᠴᠢ ᠴᠦᠦ ᠬᠠᠢ ᠪᠥᠸᠧ᠂ ᠲᠣᠭᠤᠷᠢᠭ ᠤᠨ  ᠰᠢᠭᠤᠳ ᠬᠠᠷᠢᠶ᠎ᠠ ᠪᠠᠶᠢᠭᠤᠯᠣᠯᠭ᠎ᠠ ᠵᠢᠴᠢ ᠡᠯ᠎ᠡ ᠰᠢᠶᠠᠩ ᠪᠠᠯᠭᠠᠰᠣ  ᠂   ᠵᠡᠭᠡᠯᠢ ᠭᠤᠳᠣᠮᠵᠢ ᠤᠨ  ᠬᠠᠷᠢᠭᠤᠴᠠᠯᠭᠠᠲᠠᠳ  ᠬᠤᠷᠠᠯ ᠳᠤ ᠣᠷᠣᠯᠴᠠᠵᠠᠢ᠃
     ᠬᠤᠷᠠᠯ ᠳᠡᠭᠡᠷ᠎ᠠ  ᠂ ᠬᠤᠷᠠᠯ ᠳᠤ ᠣᠷᠣᠯᠴᠠᠭᠰᠠᠨ ᠪᠠᠶᠢᠭᠤᠯᠣᠯᠭ᠎ᠠ  ᠨᠢᠭᠡᠴᠡ᠂ ᠰᠢᠶᠠᠩ ᠪᠠᠯᠭᠠᠰᠣ  ᠂  ᠵᠡᠭᠡᠯᠢ ᠭᠤᠳᠣᠮᠵᠢ ᠤᠨ ᠬᠠᠷᠢᠭᠤᠴᠠᠯᠭᠠᠲᠠᠳ ᠠᠴᠠ《ᠵᠠᠰᠠᠭ ᠤᠨ ᠣᠷᠳᠣᠨ ᠤ ᠠᠵᠢᠯ ᠤᠨ ᠢᠯᠡᠳᠬᠡᠯ》︵ᠶᠠᠷᠢᠯᠴᠠᠭᠠᠨ ᠤ ᠨᠣᠣᠷᠠᠭ︶ ᠎ ᠤᠨ ᠲᠣᠭᠤᠷᠢᠨ ᠳᠤ ᠢᠳᠡᠪᠬᠢᠲᠠᠢ  ᠶᠠᠷᠢᠯᠴᠠᠵᠦ  ᠂ ᠦᠪᠡᠷ ᠤᠨ ᠠᠵᠢᠯ ᠤᠨ ᠪᠣᠲᠠᠲᠠᠢ ᠲᠠᠢ ᠪᠠᠨ ᠣᠶᠠᠯᠳᠣᠭᠤᠯᠣᠨ᠂   ᠪᠣᠲᠠᠲᠠᠢ ᠰᠠᠨᠠᠯ ᠵᠦᠪᠯᠡᠯᠭᠡ  ᠲᠣᠷᠠᠳᠣᠭᠰᠠᠨ ᠪᠠᠶᠢᠨ᠎ᠠ᠃ᠸᠠᠩ ᠶᠦᠩ ᠬᠤᠷᠠᠯ ᠣᠷᠣᠯᠴᠠᠭᠰᠠᠳ ᠤᠨ ᠶᠠᠷᠢᠶ᠎ᠠ  ᠶᠢ ᠨᠠᠷᠢᠨ ᠬᠢᠨᠠᠮᠠᠭᠠᠢ ᠰᠣᠨᠣᠰᠣᠭᠰᠠᠨ ᠤ ᠰᠡᠭᠦᠯᠡᠷ ᠵᠢᠭᠠᠨ ᠭᠠᠷᠭᠠᠭᠰᠠᠨ ᠨᠢ᠂ ᠡᠨᠡ ᠣᠳᠠᠭᠠᠨ ᠤ ᠲᠣᠭᠤᠷᠢᠭ ᠤᠨ  ᠶᠢᠰᠦᠳᠦᠭᠡᠷ ᠬᠤᠭᠤᠴᠠᠭᠠᠨ ᠤ ᠠᠷᠠᠳ ᠤᠨ  ᠲᠦᠯᠦᠭᠡᠯᠭᠴᠢᠳ ᠎ ᠤᠨ ᠶᠡᠭᠡ ᠬᠤᠷᠠᠯ ‍ᠤᠨ‌ᠠᠩᠬᠠᠳᠣᠭᠠᠷ ᠬᠤᠷᠠᠯ ᠳᠤ ᠳᠡᠪᠰᠢᠭᠦᠯᠬᠦ《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠪᠣᠯ ᠲᠣᠭᠤᠷᠢᠭ ᠤᠨ  ᠨᠠᠢᠮᠠᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠠᠪᠣᠨ ᠵᠢᠯ ᠲᠣᠷᠰᠢ᠂  ᠦᠨᠡᠨ ᠪᠣᠲᠠᠲᠠᠢ  ᠪᠠᠷ ᠠᠵᠢᠯᠯᠠᠨ᠂  ᠲᠣᠰᠢᠶᠠᠯ ᠬᠠᠷᠢᠭᠤᠴᠠᠯᠭ᠎ᠠ ᠪᠠᠨ  ᠬᠢᠨᠠᠮᠠᠭᠠᠢ ᠬᠦᠢᠴᠡᠳᠬᠡᠭᠰᠡᠨ ᠤᠶᠤᠨ ᠤᠬᠠᠭᠠᠨ ᠪᠠ ᠬᠦᠳᠡᠯᠮᠦᠷᠢ ᠶᠢᠨ ᠦᠷ᠎ᠡ  ᠪᠦᠳᠦᠭᠡᠯ ᠮᠦᠨ᠃ ᠮᠦᠨ ᠴᠦ ᠪᠦᠬᠦ  ᠲᠣᠭᠤᠷᠢᠭ ᠤᠨ ᠦᠷᠭᠡᠨ ᠣᠯᠠᠨ ᠠᠷᠠᠳ ᠲᠦᠮᠡᠨ ᠳᠤ ᠳᠣᠰᠢᠶᠠᠠᠭᠰᠠᠨ  ᠬᠠᠩᠭᠠᠮᠵᠢᠲᠠᠢ ᠬᠠᠷᠢᠭᠤᠯᠲᠠ ᠪᠣᠯᠬᠤ ᠶᠣᠮ  ᠃ ᠢᠯᠡᠳᠬᠡᠯ ᠨᠢ ᠮᠠᠨ ᠤ ᠲᠣᠭᠤᠷᠢᠭ ᠤᠨ  ᠦᠩᠭᠡᠷᠡᠭᠰᠡᠨ ᠲᠠᠪᠣᠨ ᠵᠢᠯ ᠤᠨ  ᠠᠵᠣ ᠠᠬᠤᠢ  ᠨᠡᠶᠢᠭᠡᠮ ᠤᠨ ᠬᠦᠭᠵᠢᠯᠲᠡ ᠵᠢᠨ‌ᠦᠷ᠎ᠡ ᠪᠦᠲᠦᠮᠵᠢ ᠶᠢ ᠬᠠᠷᠠᠭᠤᠯᠵᠣ᠂ ᠲᠣᠭᠤᠷᠢᠭ ᠤᠨ ᠢᠷᠡᠬᠦ ᠲᠠᠪᠣᠨ ᠵᠢᠯ ᠤᠨ ᠬᠦᠭᠵᠢᠯᠲᠡ ᠦᠭᠡᠷᠡᠴᠢᠯᠡᠯᠲᠡ ᠶᠢᠨ ᠵᠢᠷᠤᠭ  ᠲᠦᠯᠦᠪᠯᠡᠭᠡ ᠶᠢ ᠲᠦᠰᠦᠪᠯᠡᠭᠰᠡᠨ ᠪᠠᠶᠢᠨ᠎ᠠ᠃ ᠬᠦᠰᠡᠬᠦ ᠨᠢ᠂ ᠡᠯ᠎ᠡ ᠪᠠᠶᠢᠭᠤᠯᠣᠯᠭ᠎ᠠ᠂ ᠡᠯ᠎ᠡ  ᠨᠢᠭᠡᠴᠡ ᠨᠢ  ᠨᠠᠷᠢᠨ ᠬᠢᠨᠠᠮᠠᠭᠠᠢ ᠰᠣᠳᠣᠯᠠᠵᠣ᠂ ᠢᠯᠡᠳᠬᠡᠯ ᠎ ᠳᠠᠬᠢ  ᠲᠣᠰ ᠨᠢᠭᠡᠴᠡ ᠶᠢᠨ ᠠᠵᠢᠯ ᠤᠨ ᠠᠭᠤᠯᠭ᠎ᠠ  ᠳᠤ ᠬᠤᠯᠪᠣᠭᠳᠠᠭᠰᠠᠨ  ᠵᠦᠢᠯᠡᠰ ᠢ ᠣᠯᠠᠮ ᠨᠢᠭᠡ ᠠᠯᠬᠤᠮ ᠪᠣᠲᠠᠲᠠᠶᠢᠵᠢᠭᠤᠯᠣᠨ   ᠨᠠᠷᠢᠯᠢᠭᠵᠢᠭᠤᠯᠵᠤ᠂ ᠪᠣᠳᠠᠲᠣ ᠬᠡᠷᠡᠭ ᠶᠠᠪᠤᠳᠠᠯ᠂ ᠲᠤᠭ᠎ᠠ  ᠪᠠᠷᠢᠮᠲᠠ ᠪᠠᠷ ᠣᠯᠠᠮ ᠢᠲᠡᠭᠦᠯᠬᠦ ᠬᠦᠴᠦᠨ ᠲᠠᠢ  ᠪᠣᠯᠭᠠᠬᠤ ᠬᠡᠷᠡᠭᠲᠡᠢ᠃  ᠡᠷᠬᠡᠪᠡᠰᠢ ᠢᠷᠡᠬᠦ ᠲᠠᠪᠣᠨ ᠵᠢᠯ ᠤᠨ ᠠᠵᠢᠯ ᠤᠨ ᠲᠦᠰᠦᠪ  ᠢ ᠨᠠᠮ ᠤᠨ19  ᠳ᠋ᠤᠭᠡᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠴᠢᠩᠭ᠎ᠠ  ᠠᠪᠴᠢᠯᠳᠣᠭᠤᠯᠣᠨ᠂ ᠲᠣᠭᠤᠷᠢᠭ ᠤᠨ  ᠪᠣᠳᠠᠲᠠᠢ ᠪᠠᠶᠢᠳᠠᠯ ᠠᠴᠠ ᠡᠭᠦᠰᠴᠦ᠂ ᠬᠢᠵᠤ ᠪᠤᠯᠠᠬᠤᠶᠢᠴᠠ ᠠᠵᠢᠯ ᠤᠨ ᠰᠠᠨᠠᠭᠤᠯᠤᠮᠵᠢ ᠶᠢ ᠳᠤᠷᠠᠳᠴᠦ᠂ ᠨᠠᠮ ᠤᠨ19  ᠳ᠋ᠦ᠋ᠭᠡᠷ ᠶᠡᠭᠡ ᠬᠤᠷᠠᠯ ᠤᠨ ᠪᠠᠶᠢᠯᠳᠣᠬᠤ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ   ᠵᠢᠩᠬᠢᠨᠢ ᠪᠠᠷ ᠪᠣᠳᠠᠲᠦ ᠠᠵᠢᠯ ᠤᠨ ᠰᠡᠳᠬᠢᠮᠵᠢ᠂ ᠠᠷᠭ᠎ᠠ ᠪᠠᠷᠢᠯ ᠪᠣᠯᠭᠠᠨ ᠬᠤᠪᠢᠷᠠᠭᠤᠯᠵᠣ᠂ ᠨᠠᠮ ᠤᠨ19 ᠳ᠋ᠦ᠋ᠭᠡᠷ  ᠶᠡᠭᠡ ᠬᠤᠷᠠᠯ ᠤᠨ ᠵᠣᠷᠢᠭ ᠰᠠᠨᠠᠭ᠎ᠠ ᠶᠢ  ᠦᠨᠡᠩᠬᠦ ᠮᠠᠨ ᠤ ᠲᠣᠭᠤᠷᠢᠭ ᠤᠨ  ᠢᠷᠡᠬᠦ ᠲᠠᠪᠣᠨ ᠵᠢᠯ ᠤᠨ ᠠᠵᠣ  ᠠᠬᠤᠢ ᠨᠡᠶᠢᠬᠡᠮ ᠤᠨ ᠬᠦᠭᠡᠵᠢᠯᠲᠠ  ᠦᠭᠡᠷᠡᠴᠢᠯᠡᠯᠲᠡ ᠶᠢᠨ ᠬᠦᠷᠢᠶ᠎ᠡ ᠬᠡᠪᠴᠢᠶᠡᠨ ᠳᠤ  ᠲᠤᠤᠱᠯᠠᠭᠤᠯᠬᠤ ᠬᠡᠷᠡᠭᠲᠡᠢ᠃ᠢᠯᠡᠳᠬᠡᠯ ᠤᠨ ᠡᠬᠡ ᠨᠣᠣᠷᠠᠭ ᠤᠨ ᠳᠣᠭᠤᠶᠢᠯᠠᠩ  ᠎ ᠨᠢ ᠬᠤᠷᠠᠯ ᠎ ᠠᠴᠠ ᠰᠡᠭᠦᠯᠡᠷ ᠡᠯ᠎ᠠ ᠪᠠᠶᠢᠭᠤᠯᠣᠯᠭ᠎ᠠ  ᠨᠢᠭᠡᠴᠡ  ᠪᠠ ᠡᠯ᠎ᠠ ᠭᠠᠵᠠᠷ ᠣᠷᠣᠨ ᠲᠠᠢ  ᠨᠢᠭᠲᠠ  ᠬᠠᠷᠢᠯᠴᠠᠵᠣ᠂ ᠡᠯ᠎ᠠ ᠪᠠᠶᠢᠭᠤᠯᠣᠯᠭ᠎ᠠ ᠨᠢᠭᠡᠴᠡ  ᠂ ᠡᠯ᠎ᠠ ᠭᠠᠵᠠᠷ ᠣᠷᠣᠨ ᠤ ᠰᠠᠨᠠᠯ ᠵᠦᠪᠯᠡᠯᠭᠡ ᠶᠢ ᠬᠦᠢᠴᠡᠳ  ᠬᠦᠯᠢᠶᠡᠨ ᠠᠪᠴᠣ᠂ ᠢᠯᠡᠳᠬᠡᠯ ᠎ ᠳᠤ ᠣᠯᠠᠮ ᠨᠢᠭᠡ ᠠᠯᠬᠤᠮ ᠵᠠᠰᠠᠪᠦᠷᠢ ᠣᠷᠣᠭᠤᠯᠬᠤ ᠪᠠ   ᠲᠡᠭᠦᠯᠳᠡᠷᠵᠢᠭᠦᠯᠦᠨ《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠎ ᠢ ᠮᠠᠨ ᠤ ᠲᠣᠭᠤᠷᠢᠭ ᠤᠨ ᠪᠣᠳᠠᠲᠠᠢ ᠲᠠᠢ ᠣᠯᠠᠮ  ᠨᠡᠶᠢᠴᠡᠬᠦ᠂ ᠣᠯᠠᠮ ᠨᠠᠷᠢᠯᠢᠭ ᠪᠣᠳᠠᠲᠠᠢ᠂ ᠢᠲᠡᠭᠦᠯᠬᠦ ᠬᠦᠴᠦᠨ ᠲᠠᠢ ᠪᠣᠯᠭᠠᠬᠤ ᠬᠡᠷᠡᠭᠲᠡᠢ᠃     ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠎ ᠤᠨ ᠠᠯᠪᠠᠨ ᠭᠡᠷ᠂ ᠲᠣᠭᠤᠷᠢᠭ ‍ᠤᠨ‌ᠣᠯᠣᠰ ᠲᠦᠷᠣ ᠶᠢᠨ ᠵᠦᠪᠯᠡᠯᠭᠡᠨ ᠤ ᠠᠯᠪᠠᠨ ᠭᠡᠷ᠂ ᠲᠣᠭᠤᠷᠢᠭ ᠤᠨ ᠬᠠᠣᠯᠢ ᠲᠦᠷᠢᠮ ‍ᠦᠨ‌ᠠᠯᠪᠠᠨ ᠭᠡᠷ  ᠤᠨ ᠬᠤᠯᠪᠣᠭᠳᠠᠯ ᠪᠦᠬᠦᠢ  ᠬᠠᠷᠢᠭᠤᠴᠠᠯᠭᠠᠳᠠᠨ ᠬᠤᠷᠠᠯ ᠳᠤ ᠰᠣᠯᠠ ᠣᠷᠣᠯᠴᠠᠵᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1