| | ᠠᠵᠢᠯᠯᠠᠵᠦ ᠪᠠᠶᠢᠭ᠎ᠠ ᠭᠠᠵᠠᠷ ᠄ ᠶᠤᠸᠠᠨ ᠪᠤᠥ ᠱᠠᠨ ᠲᠤᠭᠤᠷᠢᠭ ᠤᠨ ᠫᠢᠩ ᠵᠤᠸᠠᠩ ᠤᠨ ᠵᠡᠬᠦᠨ ᠬᠤᠲᠠ | ᠵᠡᠬᠡᠯᠢ ᠶᠢᠨ ᠶᠢᠨ ᠾᠧ ᠵᠡᠬᠡᠯᠢ ᠶᠢᠨ ᠵᠡᠬᠦᠨ ᠬᠡᠰᠡᠭ ᠤᠨ ᠡᠬᠡ ᠨᠢᠯᠬᠠᠰ ᠡᠷᠡᠬᠦᠯ ᠬᠠᠮᠠᠭᠠᠯᠠᠯ ᠤᠨ ᠬᠤᠷᠢᠶ᠎ᠠ ᠶᠢᠨ | ᠠᠰᠠᠷ ᠤᠨ6 ᠳ᠋ᠤᠭᠠᠷ ᠲᠠᠪᠬᠤᠷᠭ᠎ᠠ ᠶᠢᠨ ᠪᠠᠷᠠᠭᠤᠨ ᠲᠠᠯ᠎ᠠ | ᠬᠠᠷᠢᠯᠴᠠᠬᠤ ᠤᠲᠠᠰᠤ᠄ 0476 —3555802 | ᠨᠢᠭᠡ᠂ ᠡᠬᠦᠷᠬᠡ ᠬᠠᠷᠢᠭᠤᠴᠢᠯᠭ᠎ᠠ | 1᠂ ᠤᠯᠤᠰ᠂ ᠦᠪᠡᠷᠲᠡᠬᠡᠨ ᠵᠠᠰᠠᠬᠤ ᠤᠷᠤᠨ ᠪᠤᠯᠥᠨ ᠤᠯᠠᠭᠠᠨᠬᠠᠲᠠ ᠬᠤᠲᠠ ᠶᠢᠨ ᠦᠨᠳᠦᠰᠦᠲᠡᠨ᠂ | ᠱᠠᠰᠢᠨ ᠰᠤᠷᠲᠠᠬᠤᠨ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠤᠨ | ᠴᠢᠭᠯᠡᠯᠲᠡ᠂ ᠲᠦᠷᠤ ᠶᠢᠨ ᠪᠤᠲᠥᠯᠭ᠎ᠠ ᠶᠢ ᠨᠠᠷᠢᠨ ᠨᠢᠮᠪᠠᠢ ᠬᠡᠷᠡᠭᠵᠢᠬᠦᠯᠵᠦ᠂ ᠦᠨᠳᠦᠰᠦᠲᠡᠨ᠂ ᠱᠠᠰᠢᠨ ᠰᠤᠷᠲᠠᠬᠤᠨ | ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠳᠤ ᠪᠠᠶᠢᠴᠠᠭᠠᠨ | ᠰᠤᠲᠥᠯᠥᠯᠲᠠ ᠬᠢᠵᠦ᠂ ᠲᠦᠷᠤ ᠶᠢᠨ ᠪᠤᠲᠥᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠭᠠᠷᠭᠠᠨ᠎ᠠ ᠃ ᠦᠨᠳᠦᠰᠦᠲᠡᠨ | ᠂ ᠱᠠᠰᠢᠨ ᠰᠤᠷᠲᠠᠬᠤᠨ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠲᠤᠬᠠᠢ | ᠬᠠᠮᠢᠶᠠᠷᠥᠯᠲᠠ ᠶᠢᠨ ᠲᠦᠷᠤ ᠶᠢᠨ ᠪᠤᠲᠥᠯᠭ᠎ᠠ᠂ ᠲᠦᠷᠢᠮᠵᠡᠭᠰᠡᠨ ᠪᠢᠴᠢᠭ ᠮᠠᠲ᠋ᠧᠷᠢᠶᠠᠯ ᠵᠢᠴᠢ ᠦᠨᠳᠦᠰᠦᠲᠡᠨ᠂ ᠱᠠᠰᠢᠨ | ᠰᠤᠷᠲᠠᠬᠤᠨ ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠤᠨ ᠬᠠᠤᠯᠢ | ᠴᠠᠭᠠᠵᠠ᠂ ᠲᠥᠷᠢᠮ ᠲᠤᠬᠲᠠᠭᠠᠯ ᠤᠨ ᠬᠡᠷᠡᠭᠵᠢᠭᠦᠯᠦᠭᠳᠡᠵᠦ ᠪᠠᠶᠢᠭ᠎ᠠ ᠪᠠᠶᠢᠲᠠᠯ ᠳᠤ ᠬᠢᠨᠠᠯᠲᠠ ᠲᠠᠯᠪᠢᠵᠦ᠂ | ᠦᠨᠳᠦᠰᠦᠲᠡᠨ( ᠱᠠᠰᠢᠨ ᠰᠤᠷᠲᠠᠬᠤᠨ) ᠤ ᠤᠨᠥᠯ᠂ ᠦᠨᠳᠦᠰᠦᠲᠡᠨ ᠤ ᠲᠥᠷᠤ ᠶᠢᠨ ᠪᠤᠲᠥᠯᠭ᠎ᠠ᠂ ᠴᠦᠬᠡᠨ ᠲᠤᠭᠠᠲᠤ | ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠢ ᠡᠷᠴᠢᠮᠲᠠᠢ ᠠᠳᠬᠤᠵᠦ᠂ ᠪᠠᠶᠢᠴᠠᠭᠠᠨ ᠰᠤᠲᠥᠯᠬᠤ᠂ | ᠰᠤᠷᠲᠠᠯᠴᠢᠯᠠᠨ ᠤᠬᠤᠭᠤᠯᠬᠤ ᠠᠵᠢᠯ ᠢ ᠵᠤᠬᠢᠶᠠᠨ ᠪᠠᠶᠢᠭᠤᠯᠬᠤ ᠵᠡᠷᠬᠡ ᠡᠯ᠎ᠡ ᠵᠦᠢᠯ ᠤᠨ ᠠᠵᠢᠯ ᠡᠭᠦᠷᠬᠡ ᠶᠢ | ᠬᠠᠷᠢᠭᠤᠴᠢᠨ ᠬᠦᠢᠴᠢᠳᠬᠡᠨᠡ ᠃ | 2᠂ ᠦᠨᠳᠦᠰᠦᠲᠡᠨ ᠤ ᠤᠷᠤᠨ ᠤ ᠦᠪᠡᠷᠲᠡᠬᠡᠨ ᠵᠠᠰᠠᠬᠤ ᠲᠥᠷᠢᠮ ᠤᠨ ᠪᠠᠶᠢᠭᠤᠯᠥᠯᠲᠠ ᠶᠢ ᠲᠡᠭᠦᠯᠲᠡᠷᠵᠡᠭᠦᠯᠵᠦ | ᠂ ᠴᠦᠬᠡᠨ ᠲᠤᠭᠠᠲᠤ ᠦᠨᠳᠦᠰᠦᠲᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠦ᠂ | ᠦᠨᠳᠦᠰᠦᠲᠡᠨ ᠨᠦᠭᠦᠳ ᠤᠨ ᠬᠤᠭᠤᠷᠤᠨᠲᠡᠬᠢ ᠡᠷᠬᠡ ᠲᠡᠭᠰᠢ ᠬᠠᠷᠢᠴᠠᠭ᠎ᠠ᠂ ᠵᠢᠴᠢ ᠦᠨᠳᠦᠰᠦᠲᠡᠨ ᠨᠦᠭᠦᠳ ᠤᠨ | ᠬᠤᠭᠤᠷᠤᠲᠡᠬᠢ ᠲᠡᠭᠰᠢ ᠪᠤᠰᠤ ᠬᠠᠷᠢᠴᠠᠭ᠎ᠠ ᠶᠢ ᠵᠤᠬᠢᠰᠲᠠᠢ ᠰᠡᠶᠢᠳᠪᠦᠷᠢᠯᠡᠵᠦ᠂ ᠨᠡᠶᠢᠬᠡᠮ ᠤᠨ ᠠᠮᠤᠷ ᠲᠦᠪᠰᠢᠨ ᠢ | ᠦᠨᠡᠩᠬᠦ ᠪᠠᠲᠤᠯᠠᠵᠤ᠂ ᠡᠯ᠎ᠡ ᠦᠨᠳᠦᠰᠦᠲᠡᠨ ᠨᠦᠭᠦᠳ ᠶᠢᠨ ᠠᠷᠠᠳ ᠲᠦᠮᠡᠨ ᠪᠦᠯᠬᠦᠮᠲᠡᠨ ᠲᠡᠮᠡᠴᠡᠵᠦ ᠂ | ᠬᠠᠮᠲᠤᠪᠠᠷ ᠭᠦᠭᠵᠢᠬᠦ ᠶᠢ ᠪᠡᠶᠡᠯᠡᠬᠦᠯᠵᠦ᠂ ᠤᠯᠤᠰ ᠤᠷᠤᠨ ᠤ ᠨᠡᠬᠡᠲᠥᠯᠲᠠᠢ ᠪᠠᠶᠢᠬᠤ ᠶᠢ ᠦᠨᠡᠩᠬᠦ ᠪᠠᠲᠤᠯᠠᠨ᠎ᠠ᠃ | 3᠂ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠬᠠᠮᠢᠶᠠᠲᠠᠢ ᠪᠠᠶᠢᠭᠤᠯᠥᠯᠭᠠ ᠶᠢᠨ ᠡᠭᠦᠷᠬᠡ | ᠬᠠᠷᠢᠭᠤᠴᠢᠯᠭ᠎ᠠ ᠢᠶᠠᠨ ᠭᠦᠢᠴᠢᠳᠬᠡᠵᠦ ᠪᠠᠶᠢᠭ᠎ᠠ ᠪᠠᠶᠢᠲᠡᠯ ᠳᠤ ᠬᠢᠨᠠᠯᠲᠠ ᠲᠠᠯᠪᠢᠵᠦ᠂ ᠱᠠᠭᠠᠷᠲᠡᠨ ᠪᠠᠶᠢᠴᠠᠭᠠᠨ᠎ᠠ ᠃ | ᠴᠦᠬᠡᠨ ᠲᠤᠭᠠᠲᠤ ᠦᠨᠳᠦᠰᠦᠲᠡᠨ ᠪᠤᠯᠥᠨ ᠴᠦᠬᠡᠨ ᠲᠤᠭᠠᠲᠤ ᠦᠨᠳᠦᠰᠦᠲᠡᠨ ᠤ ᠲᠦᠪᠯᠡᠷᠡᠨ ᠰᠠᠭᠤᠵᠦ ᠪᠠᠶᠢᠭ᠎ᠠ | ᠭᠠᠵᠠᠷ ᠤᠨ ᠠᠵᠦ ᠠᠬᠤᠢ᠂ ᠨᠠᠶᠢᠬᠡᠮ ᠤᠨ ᠭᠦᠭᠵᠢᠯᠲᠡ ᠶᠢᠨ ᠲᠤᠬᠠᠢ ᠲᠦᠷᠤ ᠶᠢᠨ ᠪᠤᠲᠥᠯᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠥᠨ ᠬᠡᠷᠡᠭᠵᠢᠬᠦᠯᠵᠦ᠂ ᠴᠦᠬᠡᠨ ᠲᠤᠭᠠᠲᠤ ᠦᠨᠳᠦᠰᠦᠲᠡᠨ ᠤ ᠤᠷᠤᠨ ᠤ ᠰᠢᠨᠵᠢᠯᠡᠬᠦ ᠤᠬᠠᠭᠠᠨ ᠤ | ᠭᠦᠭᠵᠢᠯᠲᠡ᠂ ᠠᠵᠢᠯ ᠲᠥᠷᠥᠯ ᠢᠶᠠᠷ ᠲᠡᠮᠵᠢᠬᠦ᠂ ᠠᠵᠦ ᠠᠬᠤᠢ᠂ ᠠᠷᠠᠯᠵᠢᠶ᠎ᠠ ᠮᠠᠶᠢᠮᠠᠢ᠂ ᠦᠨᠳᠦᠰᠦᠲᠡᠨ ᠤ ᠡᠲᠤᠷ | ᠲᠤᠲᠥᠮ ᠤᠨ ᠬᠡᠷᠡᠭᠯᠡᠬᠦ ᠴᠢᠬᠤᠯᠠ ᠪᠤᠲᠠᠰ ᠤᠨ ᠤᠶᠢᠯᠡᠳᠬᠦᠨ ᠵᠢᠴᠢ ᠦᠨᠳᠦᠰᠦᠲᠡᠨ ᠤ ᠲᠤᠰᠬᠠᠢ ᠬᠡᠷᠡᠭᠯᠡᠬᠦ | ᠮᠦᠩᠬᠦᠨ ᠳᠤ ᠬᠢᠨᠡᠯᠲᠡ ᠲᠠᠯᠪᠢᠵᠦ ᠵᠢᠯᠥᠭᠤᠤᠬᠤ ᠠᠵᠢᠯ ᠢ ᠬᠠᠷᠢᠭᠤᠴᠠᠨ᠎ᠠ ᠃ | 4᠂ ᠴᠦᠬᠡᠨ ᠲᠤᠭᠠᠲᠤ ᠦᠨᠳᠦᠰᠦᠲᠡᠨ ᠤ ᠠᠵᠢᠯ ᠤᠶᠢᠯᠡᠰ ᠤᠨ ᠲᠤᠰᠬᠠᠢ ᠲᠦᠷᠥᠯ ᠵᠤᠶᠢᠯ ᠤᠨ | ᠲᠦᠯᠥᠪᠯᠡᠯᠬᠡ ᠶᠢᠨ ᠬᠡᠷᠡᠭᠵᠢᠬᠦᠯᠥᠭᠲᠡᠵᠦ ᠪᠠᠶᠢᠭ᠎ᠠ ᠪᠠᠶᠢᠲᠡᠯ ᠢ ᠬᠢᠨᠡᠨ ᠪᠠᠶᠢᠴᠠᠭᠠᠵᠦ᠂ ᠶᠤᠸᠠᠨ ᠪᠤᠥ ᠱᠠᠨ | ᠲᠤᠭᠤᠷᠢᠭ ᠤᠨ ᠠᠵᠢ ᠠᠬᠤᠢ᠂ ᠨᠠᠶᠢᠬᠡᠮ ᠤᠨ ᠭᠦᠭᠵᠢᠯᠲᠡ ᠳᠤ ᠠᠰᠢᠬᠲᠠᠢ ᠲᠦᠯᠥᠪᠵᠢᠭᠦᠯᠬᠡ ᠵᠢᠴᠢ ᠴᠦᠬᠡᠨ | ᠲᠤᠭᠠᠲᠤ ᠦᠨᠳᠦᠰᠦᠲᠡᠨ ᠤ ᠠᠵᠢᠯ ᠤᠶᠢᠯᠡᠰ ᠤᠨ ᠭᠦᠭᠵᠢᠯᠲᠡ ᠶᠢᠨ ᠶᠡᠷᠦᠩᠬᠡᠢ ᠲᠤᠬᠲᠠᠴᠠ ᠶᠢ ᠬᠢᠨᠡᠨ ᠲᠤᠬᠲᠠᠭᠠᠵᠦ᠂ | ᠦᠨᠳᠦᠰᠦᠲᠡᠨ ᠤ ᠶᠠᠪᠦᠲᠠᠯ ᠤᠨ ᠤᠶᠢᠯᠡᠴᠢᠯᠬᠡᠨ ᠤ ᠰᠢᠰᠲ᠋ᠧᠮ ᠪᠤᠯᠥᠨ ᠦᠨᠳᠦᠰᠦᠲᠡᠨ ᠤ ᠠᠵᠢᠯ ᠤᠨ | ᠬᠠᠮᠢᠶᠠᠷᠥᠯᠲᠠ ᠶᠢᠨ ᠴᠢᠮᠡᠭᠡ ᠵᠠᠩᠬᠢ ᠶᠢᠨ ᠰᠢᠰᠲ᠋ᠧᠮᠵᠢᠯᠡᠭᠰᠡᠨ ᠪᠠᠶᠢᠭᠤᠯᠥᠯᠲᠠ ᠶᠢ ᠪᠠᠶᠢᠭᠤᠯᠤᠨ᠎ᠠ ᠃ | 5᠂ ᠡᠯ᠎ᠡ ᠰᠢᠶᠠᠩ ᠪᠠᠯᠭᠠᠰᠤ᠂ ᠵᠡᠬᠡᠯᠢ ᠭᠤᠲᠥᠮᠵᠢ ᠶᠢᠨ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠢ | ᠬᠠᠷᠢᠭᠤᠴᠠᠵᠦ ᠪᠠᠶᠢᠭ᠎ᠠ ᠺᠠᠲᠡᠷ ᠤᠨ ᠬᠠᠤᠯᠢ ᠶᠤᠰᠤᠭᠠᠷ ᠲᠦᠷᠥ ᠶᠢᠨ ᠪᠤᠲᠥᠯᠭ᠎ᠠ ᠶᠢ ᠬᠡᠷᠡᠭᠵᠢᠭᠦᠯᠵᠦ ᠪᠠᠶᠢᠭ᠎ᠠ | ᠡᠰᠡᠬᠦ ᠳᠤ ᠬᠢᠨᠡᠯᠲᠠ ᠲᠠᠯᠪᠢᠨ᠂ ᠪᠦᠬᠦ ᠲᠤᠭᠤᠷᠢᠭ ᠤᠨ ᠬᠡᠪᠴᠢᠶᠡᠨ ᠳᠤ ᠦᠨᠳᠦᠰᠦᠲᠡᠨ ᠤ ᠪᠦᠯᠬᠦᠮᠳᠡᠯ ᠤᠨ | ᠠᠵᠢᠯ ᠤᠨ ᠲᠤᠮᠲᠠ ᠠᠮᠵᠢᠯᠲᠠ ᠪᠦᠲᠥᠬᠡᠯ ᠭᠠᠷᠭᠠᠬᠰᠡᠨ ᠺᠠᠳ᠋ᠷ ᠠᠵᠢᠯᠲᠠᠨ ᠳᠤ ᠱᠠᠩᠨᠠᠯ ᠭᠦᠬᠢᠬᠦᠯᠥᠯ ᠤᠯᠭᠤᠨ᠎ᠠ᠃ | 6᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠢ ᠰᠤᠷᠥᠯᠴᠠᠬᠤ᠂ ᠬᠡᠷᠡᠭᠯᠡᠬᠦ᠂ | ᠰᠤᠲᠥᠯᠬᠤ᠂ ᠭᠦᠭᠵᠢᠬᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠤᠨ ᠬᠠᠮᠢᠶᠠᠷᠥᠯᠲᠠ ᠪᠠᠨ | ᠴᠢᠩᠭᠠᠳᠬᠠᠨ᠎ᠠ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ᠂ ᠦᠨᠳᠦᠰᠦᠲᠡᠨ ᠤ | ᠰᠤᠷᠭᠠᠨ ᠭᠦᠮᠥᠵᠢᠯ᠂ ᠤᠷᠴᠢᠭᠤᠯᠤᠯᠭ᠎ᠠ᠂ ᠬᠡᠪᠯᠡᠯ ᠮᠡᠲᠡᠭᠡ᠂ ᠰᠤᠨᠢᠨ ᠰᠡᠳᠬᠦᠯ ᠂ ᠷᠠᠳᠢᠣ᠋᠂ ᠺᠢᠨᠣ᠋ ᠲᠧᠯᠸᠢᠰ | ᠪᠤᠯᠥᠨ ᠦᠨᠳᠦᠰᠦᠲᠡᠨ ᠤ ᠬᠠᠭᠤᠴᠢ ᠰᠤᠲᠥᠯᠥᠯ ᠢ ᠴᠤᠬᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠥᠭᠤᠲᠥᠨ | ᠬᠠᠷᠢᠭᠤᠴᠢᠨᠠ ᠃ | 7᠂ ᠱᠠᠰᠢᠨ ᠰᠤᠷᠲᠠᠬᠤᠨ ᠤ ᠠᠵᠢᠯ ᠶᠠᠪᠤᠲᠡᠯ ᠤᠨ ᠬᠠᠤᠯᠢ ᠶᠤᠰᠤ ᠪᠠᠷ ᠬᠡᠷᠡᠭᠵᠢᠭᠦᠯᠬᠦ ᠶᠢ ᠪᠠᠲᠥᠯᠠᠵᠦ᠂ | ᠡᠷᠭᠡᠲᠤ ᠠᠷᠠᠳ ᠤᠨ ᠱᠠᠰᠢᠨ ᠰᠤᠷᠲᠠᠬᠤᠨ᠂ ᠱᠠᠰᠢᠨ ᠰᠢᠲᠥᠯᠭᠡ ᠶᠢᠨ ᠡᠷᠬᠡ ᠴᠢᠯᠥᠭᠡ ᠂ ᠱᠠᠰᠢᠨ ᠰᠤᠷᠲᠠᠬᠤᠨ ᠤ | ᠬᠡᠪ ᠤᠨ ᠠᠵᠢᠯᠯᠠᠭ᠎ᠠ ᠳᠤ ᠤᠷᠤᠯᠴᠠᠬᠤ ᠶᠢ ᠬᠠᠤᠯᠢ ᠶᠤᠰᠤᠭᠠᠷ ᠬᠠᠮᠠᠭᠠᠯᠠᠨ᠎ᠠ ᠃ ᠱᠠᠰᠢᠨᠲᠠᠨ ᠤ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠵᠦ᠂ ᠱᠠᠰᠢᠨ ᠰᠤᠷᠲᠠᠬᠤᠨ ᠪᠤᠯᠥᠨ ᠨᠡᠶᠢᠬᠡᠮ ᠤᠨ ᠡᠶ᠎ᠡ ᠵᠤᠬᠢᠴᠡᠯ ᠶᠢᠨ ᠬᠠᠷᠢᠴᠠᠭ᠎ᠠ ᠶᠢ | ᠠᠬᠢᠭᠤᠯᠥᠨ᠎ᠠ ᠃ | 8᠂ ᠱᠠᠰᠢᠨ ᠰᠤᠷᠲᠠᠬᠤᠨ ᠤ ᠪᠦᠯᠬᠦᠮ ᠤᠨ ᠬᠠᠤᠯᠢ ᠶᠤᠰᠤ ᠪᠠᠷ ᠱᠠᠰᠢᠨ ᠰᠤᠷᠲᠠᠬᠤᠨ ᠤ ᠬᠡᠪ ᠤᠨ | ᠠᠵᠢᠯᠯᠠᠭ᠎ᠠ ᠪᠠᠨ ᠦᠷᠨᠢᠭᠦᠯᠬᠦ ᠶᠢ ᠵᠢᠭᠠᠨ ᠵᠢᠯᠤᠭᠤᠳᠴᠦ᠂ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ | ᠪᠠᠶᠢᠭᠤᠯᠥᠯᠲᠠ ᠶᠢ ᠴᠢᠩᠭᠠᠳᠬᠠᠵᠦ᠂ ᠱᠠᠰᠢᠨ ᠰᠤᠷᠲᠠᠬᠤᠨ ᠤ ᠡᠲᠡᠬᠡᠳ ᠤᠨ ᠤᠯᠤᠰ ᠢᠶᠠᠨ ᠬᠠᠶᠢᠷᠠᠯᠠᠬᠤ ᠦᠵᠡᠯ᠂ | ᠨᠡᠶᠢᠬᠡᠮ ᠵᠢᠷᠤᠮ ᠤᠨ ᠦᠵᠡᠯ᠂ ᠤᠯᠤᠰ ᠤᠷᠤᠨ ᠤ ᠨᠢᠭᠡᠲᠥᠯ ᠪᠤᠯᠥᠨ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ ᠤᠬᠠᠮᠰᠠᠷ ᠢᠶᠠᠨ ᠲᠡᠬᠡᠭᠰᠢᠯᠡᠭᠦᠯᠵᠦ᠂ ᠱᠠᠰᠢᠨ ᠰᠤᠷᠲᠠᠬᠤᠨ ᠤ ᠪᠦᠯᠬᠦᠮ ᠤᠨ ᠠᠵᠢᠯ ᠶᠠᠪᠤᠲᠠᠯ ᠶᠢᠨ | ᠭᠦᠴᠢᠷᠲᠡᠯ ᠳᠤ ᠠᠷᠠᠳ ᠤᠨ ᠵᠠᠰᠠᠭ ᠤᠨ ᠤᠷᠲᠥᠨ ᠠᠴᠠ ᠬᠠᠪᠰᠤᠷᠯᠠᠭᠠ ᠲᠡᠮᠵᠢᠯᠬᠡ ᠦᠵᠡᠭᠦᠯᠥᠨᠠ ᠃ ᠱᠠᠰᠢᠨ | ᠰᠤᠷᠲᠠᠬᠤᠨ ᠤ ᠨᠡᠷ᠎ᠡ ᠶᠢ ᠠᠰᠢᠬᠯᠠᠨ ᠭᠠᠷᠭᠠᠬᠰᠡᠨ ᠭᠦᠨᠲᠦ ᠴᠢᠬᠤᠯᠠ ᠬᠡᠷᠡᠭ᠂ ᠬᠠᠤᠯᠢ ᠴᠠᠭᠠᠵᠠ ᠠᠴᠠ | ᠵᠦᠷᠢᠴᠡᠭᠰᠡᠨ ᠠᠵᠢᠯᠯᠠᠭ᠎ᠠ᠂ ᠤᠯᠤᠰ ᠤᠨ ᠭᠠᠲᠠᠭᠠᠲᠤ ᠶᠢᠨ ᠲᠡᠷᠰᠯᠡᠭᠦᠦ ᠡᠲᠡᠬᠡᠳ ᠤᠨ ᠱᠠᠰᠢᠨ ᠰᠤᠷᠲᠠᠬᠤᠨ ᠢ | ᠠᠰᠢᠬᠯᠠᠨ ᠦᠲᠡᠬᠡᠯᠬᠡ ᠬᠢᠭᠦ᠂ ᠡᠪᠲᠡᠯᠯᠡᠭᠡ ᠬᠢᠭᠦ ᠠᠯᠢᠪᠠ ᠬᠠᠤᠯᠢ ᠪᠤᠰᠤ ᠠᠵᠢᠯᠯᠠᠭ᠎ᠠ ᠳᠤ ᠭᠦᠨᠲᠦ ᠴᠣᠬᠢᠯᠲᠠ | ᠦᠩᠭᠦᠨᠡ᠃ | 9᠂ ᠪᠦᠬᠦ ᠲᠤᠭᠤᠷᠢᠭ ᠤᠨ ᠲᠤᠲᠦᠷᠠᠬᠢ ᠱᠠᠰᠢᠨ ᠰᠤᠷᠲᠠᠬᠤᠨ ᠤ ᠪᠠᠶᠢᠲᠠᠯ ᠢ ᠰᠢᠨᠵᠢᠯᠡᠨ ᠰᠣᠳᠣᠯᠠᠵᠤ᠂ | ᠱᠠᠰᠢᠨ ᠰᠤᠷᠲᠠᠬᠤᠨ ᠤ ᠭᠦᠲᠡᠯᠥᠯ ᠪᠠᠶᠢᠲᠡᠯ ᠤᠨ ᠲᠤᠬᠠᠢ ᠰᠤᠷᠠᠭ ᠴᠢᠮᠡᠭᠡ ᠶᠢ ᠴᠤᠬᠯᠠᠭᠤᠯᠥᠨ᠂ ᠱᠠᠰᠢᠨ | ᠰᠤᠷᠲᠠᠬᠤᠨ ᠤ ᠪᠤᠯᠪᠠᠰᠤᠷᠡᠯ ᠤᠨ ᠠᠵᠢᠯ ᠢ ᠬᠠᠷᠢᠭᠤᠴᠠᠨ᠎ᠠ᠂ ᠦᠨᠳᠦᠰᠦᠲᠡᠨ ᠤ ᠠᠵᠢᠯ ᠤᠨ ᠭᠦᠷᠢᠶᠡᠨ ᠳᠠᠬᠢ | ᠭᠠᠲᠠᠭᠠᠲᠤ ᠶᠢᠨ ᠪᠤᠯᠥᠨ ᠰᠢᠶᠠᠩᠭᠠᠩ ᠤᠤᠮᠸᠡ ᠤ ᠬᠠᠷᠢᠯᠴᠠᠭ᠎ᠠ ᠶᠠᠪᠦᠯᠴᠠᠭᠠ ᠶᠢ ᠵᠤᠬᠢᠶᠠᠨ ᠪᠠᠶᠢᠭᠤᠯᠵᠦ᠂ ᠱᠠᠰᠢᠨ | ᠰᠤᠷᠲᠠᠬᠤᠨ ᠤ ᠬᠠᠮᠢᠶᠠᠲᠠᠢ ᠭᠠᠲᠠᠭᠠᠲᠤ ᠶᠠᠪᠦᠲᠠᠯ ᠳᠤ ᠬᠠᠷᠢᠶᠠᠯᠠᠬᠲᠠᠬᠤ ᠠᠵᠢᠯ ᠤᠨ ᠬᠠᠮᠢᠶᠠᠷᠥᠯᠲᠠ ᠪᠠᠨ | ᠴᠢᠩᠭᠠᠳᠬᠠᠨ᠎ᠠ ᠃ ᠱᠠᠰᠢᠨ ᠰᠤᠷᠲᠠᠬᠤᠨ ᠤ ᠬᠦᠷᠢᠶᠡᠨ ᠳᠠᠬᠢ ᠭᠠᠲᠠᠭᠠᠲᠤ ᠲᠠᠢ᠂ ᠰᠢᠶᠠᠩᠭᠠᠩ ᠤᠥᠮᠧᠨ ᠲᠠᠢ | ᠱᠠᠰᠢᠨ ᠰᠤᠷᠲᠠᠬᠤᠨ ᠤ ᠬᠡᠪ ᠤᠨ ᠶᠠᠪᠦᠯᠴᠠᠭᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠥᠨ ᠵᠢᠯᠥᠭᠤᠳᠴᠦ | ᠦᠨᠳᠦᠰᠦᠲᠡᠨ ᠤ ᠶᠠᠪᠦᠲᠠᠯ ᠪᠠ ᠱᠠᠰᠢᠨ ᠰᠤᠷᠲᠠᠬᠤᠨ ᠤ ᠭᠠᠲᠠᠭᠠᠲᠤ ᠳᠠᠬᠢ ᠰᠤᠷᠲᠠᠯ ᠤᠬᠠᠭᠤᠯᠭ᠎ᠠ ᠶᠢᠨ ᠠᠵᠢᠯ ᠢ | ᠬᠠᠷᠢᠭᠤᠴᠠᠨ᠎ᠠ ᠃ | 10᠂ ᠴᠦᠬᠡᠨ ᠲᠤᠭᠠᠲᠤ ᠦᠨᠳᠦᠰᠦᠲᠡᠨ ᠤ ᠴᠢᠲᠠᠪᠦᠷᠢᠲᠡᠨ ᠤ ᠡᠩᠨᠡᠭᠡᠨ ᠤ ᠪᠠᠶᠢᠭᠤᠯᠥᠯᠲᠠ ᠶᠢᠨ | ᠲᠦᠯᠥᠪᠵᠢᠭᠦᠯᠬᠡ ᠶᠢᠨ ᠬᠠᠷᠠᠯᠲᠠ ᠲᠤᠬᠲᠠᠭᠠᠵᠦ᠂ ᠴᠦᠬᠡᠨ ᠲᠤᠭᠠᠲᠤ ᠦᠨᠳᠦᠰᠦᠲᠡᠨ ᠤ ᠺᠠᠳ᠋ᠷ ᠲᠠᠢ ᠢᠯᠡᠭᠦᠤ | ᠬᠠᠷᠢᠯᠴᠠᠵᠦ᠂ ᠬᠠᠮᠢᠶ᠎ᠠ ᠪᠦᠬᠦᠢ ᠪᠠᠶᠢᠭᠤᠯᠥᠯᠭᠠ ᠨᠢᠭᠡᠴᠡ ᠲᠠᠢ ᠬᠠᠮᠵᠢᠯᠴᠢᠨ᠂ ᠴᠦᠬᠡᠨ ᠲᠤᠭᠠᠲᠤ ᠦᠨᠳᠦᠰᠦᠲᠡᠨ ᠤ | ᠺᠠᠳ᠋ᠷ ᠤᠨ ᠪᠤᠯᠪᠠᠰᠤᠷᠠᠯ ᠵᠢᠴᠢ ᠰᠤᠷᠭᠠᠨ ᠭᠦᠮᠥᠵᠢᠯ ᠪᠤᠯᠥᠨ ᠰᠤᠩᠭᠤᠨ ᠬᠡᠷᠡᠭᠯᠡᠬᠦ ᠠᠵᠢᠯ ᠢ ᠬᠠᠷᠢᠭᠤᠴᠠᠨ᠎ᠠ ᠃ | 11᠂ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠲᠦᠨ ᠪᠠ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠠᠴᠠ ᠲᠤᠰᠢᠶᠠᠵᠦ ᠦᠩᠬᠦᠭᠰᠡᠨ ᠪᠤᠰᠤᠳ ᠠᠵᠢᠯ ᠤᠳ ᠢ ᠭᠦᠢᠴᠢᠳᠬᠡᠨᠡ᠂ | 12᠂ ᠪᠦᠬᠦ ᠲᠤᠭᠤᠷᠢᠭ ᠤᠨ ᠮᠣᠩᠭᠤᠯ ᠦᠰᠦᠭ ᠪᠢᠴᠢᠭ ᠤᠨ ᠣᠷᠴᠢᠭᠤᠯᠤᠯᠭᠠ ᠶᠢᠨ ᠠᠵᠢᠯ ᠢ | ᠬᠠᠷᠢᠭᠤᠴᠠᠵᠦ᠂ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠲᠠᠢ ᠬᠠᠮᠵᠢᠯᠴᠢᠨ᠂ ᠵᠠᠷ ᠮᠡᠲᠡᠭᠡ᠂ ᠫᠠᠶᠢᠰᠡ ᠡᠯᠭᠦᠮᠡᠯ᠂ | ᠠᠯᠪᠠᠨ ᠲᠠᠮᠠᠭ᠎ᠠ᠂ ᠠᠯᠪᠠᠨ ᠪᠢᠴᠢᠭ ᠤᠨ ᠲᠡᠷᠢᠭᠦᠨ᠂ ᠵᠠᠬᠢᠲᠠᠯ ᠤᠨ ᠲᠤᠬᠲᠣᠢ ᠵᠡᠷᠬᠡ ᠨᠡᠶᠢᠬᠡᠮ ᠤᠨ ᠨᠢᠭᠤᠷ | ᠲᠠᠯ᠎ᠠ ᠶᠢᠨ ᠮᠣᠩᠭᠤᠯ᠂ ᠬᠢᠲᠠᠳ ᠬᠤᠶᠠᠷ ᠬᠡᠯᠡᠨ ᠤ ᠦᠰᠦᠭ ᠪᠢᠴᠢᠭ ᠢ ᠬᠠᠮᠲᠤ ᠳᠤᠨᠢ ᠬᠡᠷᠡᠭᠯᠡᠵᠦ ᠪᠠᠶᠢᠭ᠎ᠠ ᠪᠠᠶᠢᠲᠡᠯ ᠢ | ᠨᠠᠷᠢᠨ ᠤᠶᠢᠯᠠᠭᠠᠵᠦ᠂ ᠮᠣᠩᠭᠤᠯ᠂ ᠬᠢᠲᠠᠳ ᠬᠤᠶᠠᠷ ᠬᠡᠯᠡᠨ ᠤ ᠦᠰᠦᠭ ᠪᠢᠴᠢᠭ ᠢ ᠬᠠᠮᠲᠤ ᠳᠤᠨᠢ ᠬᠡᠷᠬᠡᠯᠡᠬᠦ᠂ ᠵᠥᠪ | ᠬᠡᠷᠭᠯᠡᠬᠦ᠂ ᠲᠦᠷᠢᠮᠵᠢᠭᠦᠯᠬᠦ ᠬᠢᠷᠢ ᠬᠡᠮᠵᠢᠶ᠎ᠡ ᠶᠢ ᠲᠡᠬᠡᠭᠰᠢᠯᠡᠭᠦᠯᠥᠨᠡ ᠃ | | ᠬᠤᠶᠠᠷ᠂ ᠲᠤᠬᠢᠷᠠᠭᠤᠯᠥᠬᠰᠡᠨ ᠪᠠᠶᠢᠭᠤᠯᠥᠮᠵᠢ | 1᠂ ᠶᠡᠷᠦᠩᠬᠡᠶᠢᠯᠡᠭᠰᠡᠨ ᠠᠯᠪᠠᠨ ᠭᠡᠷ | ᠠᠵᠢᠯᠯᠠᠵᠦ ᠪᠠᠶᠢᠭ᠎ᠠ ᠭᠠᠵᠠᠷ: ᠡᠬᠡ ᠨᠢᠯᠬᠠᠰ ᠡᠷᠡᠬᠦᠯ ᠬᠠᠮᠠᠭᠠᠯᠡᠯ ᠤᠨ ᠬᠤᠷᠢᠶ᠎ᠠ ᠶᠢᠨ ᠠᠰᠠᠷ ᠤᠨ6 ᠳ᠋ᠤᠭᠠᠷ | ᠲᠠᠪᠬᠤᠷᠭ᠎ᠠ ᠶᠢᠨ ᠦᠨᠳᠦᠰᠦᠲᠡᠨ ᠤ ᠠᠯᠪᠠᠨ ᠭᠡᠷ | ᠬᠠᠷᠢᠯᠴᠠᠬᠤ ᠤᠲᠠᠰᠤ᠄ 0476 —3555803 | 2᠂ ᠦᠨᠳᠦᠰᠦᠲᠡᠨ ᠱᠠᠰᠢᠨ ᠰᠤᠷᠲᠠᠬᠤᠨ ᠤ ᠲᠤᠪᠴᠢᠶ᠎ᠠ ᠶᠢᠨ ᠬᠠᠮᠢᠶᠠᠷᠥᠯᠲᠠ ᠶᠢᠨ ᠲᠠᠰᠤᠭ | ᠠᠵᠢᠯᠯᠠᠵᠦ ᠪᠠᠶᠢᠭ᠎ᠠ ᠭᠠᠵᠠᠷ᠄ ᠡᠬᠡ ᠨᠢᠯᠬᠠᠰ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠰᠠᠷ ᠤᠨ6 ᠳ᠋ᠤᠭᠠᠷ | ᠲᠠᠪᠬᠤᠷᠭ᠎ᠠ ᠶᠡᠷᠦᠩᠬᠡᠶᠢᠯᠡᠭᠰᠡᠨ ᠠᠯᠪᠠᠨ ᠭᠡᠷ | ᠬᠠᠷᠢᠯᠴᠠᠬᠤ ᠤᠲᠠᠰᠤ᠄ 0476 —3555802 | |