ᠶᠤᠸᠠᠨ ᠪᠤᠤ ᠱᠠᠨ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠦᠷᠲᠡᠭᠡ ᠢᠳᠡᠭᠡᠨ ᠤ ᠠᠮᠤᠷ ᠲᠦᠪᠰᠢᠨ ᠎ ᠤ ᠬᠠᠮᠢᠶᠠᠷᠤᠯᠲᠠ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2017/11/29
   ᠢᠳᠡᠭᠡᠨ ᠤᠮᠳᠠᠭᠠᠨ ᠤ ᠠᠮᠤᠷ ᠲᠦᠪᠰᠢᠨ ᠡᠵᠡᠩᠨᠡᠯᠲᠡ ᠶᠢ ᠤᠯᠠᠮ ᠨᠢᠭᠡ ᠠᠯᠬᠤᠮ ᠪᠠᠷᠢᠮᠵᠢᠶᠠᠵᠢᠭᠤᠯᠵᠤ᠂ ᠲᠤᠭᠤᠷᠢᠭ ᠤᠨ ᠰᠠᠭᠤᠭᠠᠯᠢ ᠠᠷᠠᠳ  ᠤᠨ ᠢᠳᠡᠭᠡᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ᠂ ᠤᠷᠴᠢᠮ ᠶᠤᠸᠠᠨ ᠪᠤᠤ ᠱᠠᠨ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠦᠷᠲᠡᠭᠡ ᠨᠢ 620 ᠭᠠᠷᠤᠢ ᠨᠡᠷᠡᠰ ᠢᠳᠡᠭᠡᠨ  ᠤᠮᠳᠠᠭᠠᠨ ᠦᠢᠯᠡᠳᠪᠦᠷᠢᠯᠡᠵᠦ ᠡᠵᠡᠩᠨᠡᠵᠦ ᠪᠠᠶᠢᠭ᠎ᠠ  ᠬᠦᠮᠦᠰ ᠤᠨ ᠪᠤᠯᠪᠠᠰᠤᠷᠠᠯ ᠤᠨ ᠠᠩᠬᠢ ᠡᠷᠬᠢᠯᠡᠵᠦ᠂ ᠲᠤᠰ ᠦᠷᠲᠡᠭᠡ ᠶᠢᠨ ᠠᠵᠢᠯᠳᠠᠨ ᠠᠴᠠ ᠤᠷᠴᠢᠮ ᠤᠨ ᠭᠠᠷᠤᠭᠰᠠᠨ ᠬᠤᠭᠤᠯᠠᠨ ᠭᠡᠷ ᠢᠳᠡᠭᠡᠨ ᠤᠮᠳᠠᠭᠠᠨ ᠎ ᠤ ᠠᠮᠤᠷ ᠲᠦᠪᠰᠢᠨ ᠤ ᠬᠡᠷᠡᠭ ᠤᠴᠢᠷ ᠠᠴᠠ ᠰᠡᠳᠦᠪᠯᠡᠵᠦ᠂  ︽ ᠢᠳᠡᠭᠡᠨ  ᠤ ᠠᠮᠤᠷ ᠲᠦᠪᠰᠢᠨ ᠤ ᠬᠠᠤᠯᠢ︾᠎ ᠶᠢ ᠨᠠᠷᠢᠯᠢᠭ  ᠲᠠᠶᠢᠯᠪᠤᠷᠢᠯᠠᠨ ᠦᠭᠭᠦᠭᠰᠡᠨ ᠠᠴᠠ᠂ ᠪᠤᠯᠪᠠᠰᠤᠷᠠᠯ ᠳᠤ ᠤᠷᠤᠯᠴᠠᠭᠰᠠᠳ ᠤᠨ ᠲᠠᠨᠢᠯᠲᠠ ᠨᠢ ᠲᠡᠭᠡᠭᠰᠢᠯᠡᠵᠦ᠂ ᠡᠭᠦᠷᠭᠡ ᠬᠠᠷᠢᠭᠤᠴᠠᠯᠭ᠎ᠠ  ᠪᠠᠨ ᠨᠡᠩ  ᠲᠤᠳᠤᠷᠬᠠᠢ  ᠮᠡᠳᠡᠵᠦ᠂ ᠠᠮᠤᠷ ᠲᠦᠪᠰᠢᠨ ᠤ ᠬᠠᠤᠯᠢ ᠳᠦᠷᠢᠮ ᠢ ᠴᠢᠩᠭ᠎ᠠ  ᠰᠠᠬᠢᠨ᠂  ᠪᠠᠷᠢᠮᠵᠢᠶᠠᠵᠢᠭᠰᠠᠨ ᠡᠵᠡᠩᠨᠡᠯᠲᠡ ᠶᠢ  ᠬᠢᠨ᠎ᠡ ᠭᠡᠵᠦ ᠵᠣᠷᠢᠭ ᠢᠶᠠᠨ ᠢᠯᠡᠳᠭᠡᠭᠰᠡᠨ ᠪᠠᠶᠢᠨ᠎ᠠ  ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1