ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠰᠢᠲᠠᠭᠠᠯᠭ᠎ᠠ ᠶᠢᠨ ᠲᠤᠰᠤᠨ ᠤ ᠵᠠᠬ᠎ᠠ ᠳᠡᠯᠭᠡᠭᠦᠷ ᠲᠤ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2017/11/30
  ᠰᠢᠲᠠᠭᠠᠯᠭ᠎ᠠ ᠶᠢᠨ ᠲᠤᠰᠤᠨ ᠤ ᠵᠠᠬ᠎ᠠ ᠳᠡᠯᠭᠡᠭᠦᠷ ᠎ ᠢ ᠬᠡᠪ ᠤᠨ ᠡᠮᠬᠢ ᠴᠢᠭᠴᠢ ᠲᠠᠢ ᠪᠠᠶᠢᠯᠭᠠᠵᠤ᠂ ᠬᠠᠭᠤᠷᠮᠠᠭ ᠴᠢᠨᠠᠷ ᠮᠠᠭᠤ ᠲᠤᠰᠤ ᠶᠢ ᠰᠠᠷᠢᠭᠠᠯᠠᠬᠤ  ᠂ ᠡᠵᠡᠩᠨᠡᠬᠦ ᠵᠡᠷᠭᠡ ᠬᠠᠤᠯᠢ ᠪᠤᠰᠤ ᠠᠵᠢᠯᠯᠠᠭᠠᠨ ᠳᠤ ᠬᠦᠴᠢᠲᠡᠢ ᠴᠤᠬᠢᠯᠲᠠ ᠥᠭᠬᠦ ᠶᠢᠨ ᠲᠦᠯᠦᠭᠡ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠰᠢᠲᠠᠭᠠᠯᠭ᠎ᠠ ᠶᠢᠨ ᠲᠤᠰᠤᠨ ᠤ ᠵᠠᠬ᠎ᠠ ᠳᠡᠯᠭᠡᠭᠦᠷ ᠲᠤ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯᠯᠠᠭᠠᠨ  ᠥᠷᠨᠢᠭᠦᠯᠵᠦ᠂ ᠰᠢᠲᠠᠭᠠᠯᠭ᠎ᠠ ᠶᠢᠨ ᠲᠤᠰᠤᠨ ᠎ ᠳᠤ  ᠴᠢᠨᠠᠷ ᠤᠨ ᠪᠠᠶᠢᠴᠠᠭᠠᠯᠲᠠ  ᠬᠢᠭᠰᠡᠨ ᠪᠠᠶᠢᠨ᠎ᠠ  ᠃    ᠲᠤᠰ ᠲᠤᠪᠴᠢᠶ᠎ᠠ ᠨᠢ ᠰᠢ ᠠᠨ ᠬᠤᠳᠠ ᠎ ᠶᠢᠨ ᠭᠦᠸᠧ ᠯᠢᠶᠠᠨ ᠶᠠᠰᠤ ᠴᠢᠨᠠᠷ ᠤᠨ ᠬᠢᠨᠠᠨ ᠪᠠᠶᠢᠴᠠᠭᠠᠯᠲᠠ ᠶᠢᠨ ᠮᠡᠷᠭᠡᠵᠢᠯ ᠤᠨ ᠪᠠᠶᠢᠭᠤᠯᠤᠮᠵᠢ ᠳᠤ ᠨᠠᠶᠢᠳᠠᠵᠦ᠂ ᠮᠠᠨ ᠤ ᠲᠤᠭᠤᠷᠢᠭ ᠤᠨ ᠵᠢᠷᠭᠤᠭᠠᠨ ᠰᠢᠲᠠᠭᠠᠯᠭ᠎ᠠ ᠶᠢᠨ ᠲᠤᠰᠤᠨ ᠤ ᠦᠷᠲᠡᠭᠡ ᠶᠢᠨ 12  ᠪᠦᠯᠦᠭ ᠤᠳᠠᠭᠠᠨ ᠤ ᠰᠢᠲᠠᠭᠠᠯᠭ᠎ᠠ ᠶᠢᠨ ᠲᠤᠰᠤᠨ ᠎ ᠠᠴᠠ ᠶᠠᠩᠵᠤ ᠠᠪᠴᠤ ᠬᠢᠨᠡᠨ ᠰᠢᠯᠭᠠᠪᠠ᠃ ᠪᠠᠶᠢᠴᠠᠭᠠᠯᠲᠠ ᠶᠢᠨ ᠳ᠋ᠥᠩ ᠳᠤ᠂ ᠶᠠᠩᠵᠤ ᠠᠪᠤᠭᠰᠠᠨ 0 # ᠮᠠᠰᠢᠨ ᠲᠡᠷᠭᠡᠨ ᠤ ᠴᠠᠶᠢᠶ᠋ᠢᠤ ᠲᠤᠰᠤ ᠪᠠ E92#  ᠂ E95#  ᠮᠠᠰᠢᠨ ᠲᠡᠷᠭᠡᠨ ᠤ ᠴᠢᠶ᠋ᠢᠤ  ᠲᠤᠰᠤ ᠵᠡᠷᠭᠡ ᠨᠢ ᠴᠦᠮ  ᠤᠯᠤᠰ ᠤᠨ ᠪᠠᠷᠢᠮᠵᠢᠶ᠎ᠠ ᠳᠤ  ᠬᠦᠷᠦᠭᠰᠡᠨ ᠪᠠᠶᠢᠨ᠎ᠠ᠃     ᠡᠭᠦᠨ ᠠᠴᠠ ᠭᠠᠳᠠᠨ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠲᠤᠰᠤ ᠨᠡᠮᠡᠬᠦ ᠦᠷᠲᠡᠭᠡ ᠶᠢᠨ ᠫᠠᠶᠢᠰᠠ ᠲᠡᠮᠳᠡᠭ᠂   ᠪᠤᠷᠤᠯᠠᠭᠤᠯᠤᠯᠲᠠ ᠶᠢᠨ ᠳᠠᠩᠰᠠ᠂ ᠪᠠᠷᠠᠭ᠎ᠠ ᠤᠷᠤᠭᠤᠯᠤᠭᠰᠠᠨ ᠭᠠᠷᠲᠠᠮ᠂ ᠦᠢᠯᠡᠳᠭᠦᠨ ᠤ ᠴᠢᠨᠠᠷ ᠤᠨ ᠪᠠᠶᠢᠴᠠᠭᠠᠯᠲᠠ ᠶᠢᠨ ᠳᠡᠮᠳᠡᠭ ᠵᠡᠷᠭᠡ ᠶᠢ ᠨᠠᠷᠢᠯᠢᠭ ᠪᠠᠶᠢᠴᠠᠭᠠᠵᠤ᠂  ᠠᠮᠤᠷ ᠲᠦᠪᠰᠢᠨ ᠡᠮᠬᠢ  ᠲᠢᠭᠯᠢᠮ ᠲᠠᠢ ᠰᠢᠲᠠᠭᠠᠯᠭ᠎ᠠ ᠶᠢᠨ ᠲᠤᠰᠤᠨ ᠤ ᠵᠠᠬ᠎ᠠ ᠳᠡᠯᠭᠡᠭᠦᠷ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1