ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠯᠢᠶᠠᠨ ᠵᠧᠨ ᠰᠣᠳᠣᠯᠭᠠᠨ ᠤ  ᠳᠣᠭᠤᠶᠢᠯᠠᠩ ᠳᠠᠭᠠᠭᠤᠯᠣᠨ ᠮᠠᠨ ᠤ ᠲᠣᠭᠤᠷᠢᠭ ᠎ ᠶᠢᠨ ︽ᠬᠤᠶᠠᠷ ᠢ  ᠡᠭᠦᠳᠬᠦ︾ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2017/11/30
    ᠬᠤᠲᠠ ᠶᠢᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ‍ᠤᠨ‌ᠨᠠᠮ ᠤᠨ19 ᠳ᠋ᠦ᠋ᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠠᠵᠢᠯ ᠤᠨ ᠱᠠᠭᠠᠷᠳᠠᠯᠭ᠎ᠠ ᠪᠠᠷ  ᠂ 11 ᠰᠠᠷ᠎ᠠ ᠶᠢᠨ 16᠎ ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠯᠢᠶᠠᠨ ᠵᠧᠨ  ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠤᠲᠠ ᠶᠢᠨ ᠨᠡᠶᠢᠭᠡᠮ ᠤᠨ  ᠪᠠᠳᠤᠯᠠᠭ᠎ᠠ ᠶᠢᠨ ᠲᠣᠪᠴᠢᠶ᠎ᠠ᠂ ᠬᠤᠲᠠ ᠶᠢᠨ ᠠᠵᠢᠯ ᠣᠯᠭᠤᠯᠲᠠ ᠶᠢᠨ  ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠳ ᠢ ᠳᠠᠭᠠᠭᠤᠯᠣᠨ  ᠂ ᠮᠠᠨ ᠤ ᠳᠣᠭᠤᠷᠢᠭ ᠲᠤ ᠮᠣᠷᠢᠯᠠᠨ ᠰᠠᠭᠠᠲᠣᠵᠣ   ︽ᠬᠤᠶᠠᠷ ᠢ ᠡᠭᠦᠳᠬᠦ︾ ᠠᠵᠢᠯ ᠢ ᠪᠠᠶᠢᠴᠠᠭᠠᠨ ᠰᠣᠳᠣᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠪᠢᠩ ᠵᠥᠩ᠂ ᠲᠣᠭᠤᠷᠢᠭ ᠤᠨ ᠨᠠᠮ ᠤᠨ ᠬᠤᠷᠢᠶᠠᠨ ᠤ  ᠳᠡᠳ᠋ ᠱᠦᠵᠢ  ᠂ ᠲᠣᠭᠤᠷᠢᠭ ‍ᠤᠨ‌ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠶᠦᠩ᠂ ᠲᠣᠭᠤᠷᠢᠭ ‍ᠤᠨ‌ᠵᠠᠰᠠᠭ ᠤᠨ ᠣᠷᠳᠣᠨ ᠤ ᠳᠡᠳ᠋ ᠳᠠᠷᠤᠭ᠎ᠠ  ᠴᠧᠩ  ᠷᠦᠢ ᠪᠣᠣ ᠵᠡᠷᠭᠡ ᠣᠳᠣᠷᠢᠳᠣᠯᠭ᠎ᠠ ᠨᠠᠷ ᠪᠠᠷ᠎ᠠ  ᠪᠣᠯᠪᠠ᠃     ᠰᠠᠭᠤᠳᠠᠯ ᠤᠨ ᠬᠤᠷᠠᠯ ᠲᠡᠭᠡᠷ᠎ᠠ᠂᠂ᠳ᠋ᠦᠩ ᠯᠢᠶᠠᠨ ᠵᠧᠨ ᠮᠠᠨ ᠤ ᠲᠣᠭᠤᠷᠢᠭ ᠤᠨ ︽ᠬᠤᠶᠠᠷ ᠢ ᠡᠭᠦᠳᠬᠦ︾ ᠠᠵᠢᠯ ᠢ ᠲᠦᠯᠬᠢᠨ  ᠠᠬᠢᠭᠤᠯᠬᠤ ᠬᠠᠷᠢᠭᠤ ᠮᠡᠲᠡᠭᠦᠯᠲᠠ ᠢ ᠰᠣᠨᠣᠰᠣᠭᠰᠠᠨ ᠤ ᠰᠡᠭᠦᠯᠠᠷ᠂ ᠮᠠᠨ ᠤ ᠳᠣᠭᠤᠷᠢᠭ ᠤᠨ ︽ᠬᠤᠶᠠᠷ ᠢ ᠡᠭᠦᠳᠬᠦ︾ ᠠᠵᠢᠯ ᠢ  ᠬᠦᠢᠴᠡᠳ ᠨᠣᠲᠠᠯᠠᠵᠠᠢ᠃ ᠲᠡᠷᠡ ᠬᠡᠯᠡᠭᠰᠡᠨ ᠨᠢ᠂ ᠨᠠᠮ ᠤᠨ19 ᠳ᠋ᠦ᠋ᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠠᠪᠣᠳᠠᠯ ᠪᠣᠯ ᠣᠳᠣᠬᠢ ᠪᠠ ᠬᠤᠶᠢᠰᠢᠲᠠ ᠶᠢᠨ  ᠵᠤᠬᠢᠬᠤ ᠴᠠᠭ ᠬᠤᠭᠤᠴᠠᠭᠠᠨ  ᠤ ᠲᠡᠷᠢᠭᠦᠨ ᠴᠢᠬᠤᠯᠠ ᠣᠯᠣᠰ ᠲᠦᠷᠣ ᠶᠢᠨ ᠡᠭᠦᠷᠭᠡ ᠮᠦᠨ᠃ ᠡᠷᠬᠡᠪᠰᠢ ᠦᠪᠡᠷ ᠤᠨ ᠲᠣᠬᠠᠶᠢᠯᠠᠭᠰᠠᠨ ᠠᠵᠢᠯ  ᠎ ᠲᠠᠢ ᠪᠠᠨ  ᠤᠶᠠᠯᠳᠤᠭᠤᠯᠤᠨ᠂ ᠬᠢᠨᠠᠮᠠᠭᠠᠢ ᠰᠡᠳᠬᠢᠨ᠂ ᠬᠦᠨᠵᠡᠬᠡᠢ ᠣᠶᠢᠯᠠᠭᠠᠵᠣ  ᠂ ᠨᠠᠮ ᠤᠨ19 ᠳ᠋ᠦ᠋ᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ︽ᠬᠤᠶᠠᠷ ᠢ ᠡᠭᠦᠳᠬᠦ︾ ᠠᠵᠢᠯ ᠤᠨ ᠳᠣᠮᠳᠠ ᠲᠣᠣᠱᠯᠠᠭᠤᠯᠣᠨ᠂ ᠲᠠᠰᠣᠷᠠᠯᠲᠠ ᠦᠭᠡᠢ ᠲᠠᠨᠢᠯᠲᠠ ᠪᠠᠨ  ᠲᠡᠭᠡᠭᠰᠢᠯᠡᠭᠦᠯᠵᠦ  ᠂ ᠦᠵᠡᠯ ᠰᠠᠨᠠᠭ᠎ᠠ ᠪᠠᠨ ᠰᠢᠨᠡᠳᠬᠡᠨ᠂  ᠰᠡᠳᠬᠢᠮᠵᠢ ᠢᠶᠠᠨ ᠦᠷᠭᠡᠳᠬᠡᠬᠦ ᠬᠡᠷᠡᠭᠲᠡᠢ  ᠬᠡᠵᠠᠢ᠃ ᠳ᠋ᠦᠩ ᠯᠢᠶᠠᠨ ᠵᠧᠨ ᠶᠠᠷᠢᠶᠠᠨ ᠳᠠᠭᠠᠨ ᠪᠠᠰᠠ᠂ ᠣᠯᠠᠨ ᠵᠢᠯ ᠤᠨ ᠲᠣᠷᠰᠢ᠂ ᠶᠦᠸᠠᠨ ᠪᠣᠣ ᠱᠠᠨ ᠲᠣᠭᠤᠷᠢᠭ ᠨᠢ ᠠᠵᠦ ᠠᠬᠤᠢ ᠨᠡᠶᠢᠭᠡᠮ ᠤᠨ ᠬᠦᠭᠵᠢᠯᠲᠡ ᠵᠡᠷᠭᠡ ᠲᠠᠯ᠎ᠠ ᠪᠠᠷ ᠶᠡᠷᠦ ᠠᠴᠠ ᠮᠠᠨ ᠤ ᠬᠤᠲᠠ ᠶᠢᠨ ᠡᠮᠦᠨ᠎ᠡ  ᠡᠩᠨᠡᠭᠡᠨ ᠳᠤ  ᠶᠠᠪᠣᠭᠰᠠᠭᠠᠷ ᠢᠷᠡᠵᠠᠢ᠃ ᠡᠯ᠎ᠡ  ᠲᠦᠷᠣᠯ ᠤᠨ ᠠᠵᠢᠯ ᠤᠨ ᠳᠣᠮᠳᠠ ᠬᠦᠮᠦᠨ ᠠᠴᠠ  ᠬᠤᠴᠤᠷᠠᠬᠤ ᠦᠭᠡᠢ  ᠂  ᠮᠠᠩᠯᠠᠢ ᠳᠤᠨᠢ ᠭᠠᠷᠬᠤ ᠪᠠᠷ ᠮᠠᠷᠠᠶᠢᠨ ᠴᠠᠷᠮᠠᠶᠢᠵᠦ᠂ ︽ᠬᠤᠶᠠᠷ ᠢ ᠡᠭᠦᠳᠬᠦ︾ ᠠᠵᠢᠯ ᠤᠨ ᠳᠣᠮᠳᠠ᠂ ᠠᠵᠦ ᠠᠬᠤᠶᠢᠯᠠᠯ ᠪᠠ ᠰᠣᠷᠭᠠᠭᠤᠯᠢ ᠨᠢ ᠲᠣᠰ ᠲᠣᠰ ᠤᠨ ᠳᠠᠪᠠᠭᠤᠯᠢᠭ ᠲᠠᠯ᠎ᠠ  ᠎ ᠪᠠᠷ ᠢᠶᠠᠨ ᠬᠦᠮᠦᠰ ᠢ  ᠣᠷᠠᠮᠰᠢᠭᠤᠯᠣᠭᠰᠠᠨ  ᠶᠤᠮ᠃ ᠶᠦᠸᠠᠨ ᠪᠣᠣ ᠱᠠᠨ ᠲᠣᠭᠤᠷᠢᠭ  ᠎ ᠨᠢ ᠳᠠᠪᠰᠢᠯᠲᠠ ᠶᠢᠨ ᠡᠷᠴᠢ ᠵᠣᠷᠢᠭ ᠢᠶᠠᠨ ᠦᠷᠭᠡᠯᠵᠢᠯᠡᠨ ᠪᠠᠳᠠᠷᠠᠭᠤᠯᠵᠤ  ᠂  ᠨᠡᠩ  ᠰᠠᠶᠢᠨ ᠬᠡᠪ  ᠪᠠᠶᠢᠳᠠᠯ ᠢᠶᠠᠷ ᠰᠢᠨ᠎ᠡ   ᠰᠢᠯᠭᠠᠯᠲᠠ ᠶᠢ  ᠣᠭᠲᠣᠨ ᠠᠪᠬᠤ ᠬᠡᠷᠡᠭᠲᠡᠢ  ᠬᠡᠵᠠᠢ᠃      ᠳ᠋ᠦᠩ ᠯᠢᠶᠠᠨ ᠵᠧᠨ᠂ ᠶᠦᠸᠠᠨ ᠪᠣᠣ ᠱᠠᠨ ᠲᠣᠭᠤᠷᠢᠭ  ᠶᠢᠨ ︽ᠬᠤᠶᠠᠷ ᠢ ᠡᠭᠦᠳᠬᠦ︾ ᠠᠵᠢᠯ ᠎ ᠎ ᠢᠶᠠᠨ ᠦᠨᠳᠦᠷ  ᠲᠦᠪᠰᠢᠨ  ᠠᠴᠠ  ᠡᠬᠢᠯᠡᠬᠦ  ᠬᠡᠷᠡᠭᠲᠡᠢ ᠬᠡᠵᠦ ᠱᠠᠭᠠᠷᠳᠠᠭᠰᠠᠨ   ᠪᠠᠶᠢᠨ᠎ᠠ᠃ ᠰᠢᠨ᠎ᠡ ᠶᠢ ᠡᠭᠦᠳᠬᠦ ᠪᠣᠯ ᠬᠡᠵᠢᠶᠡᠳᠡ ᠨᠡᠶᠢᠭᠡᠮ ᠤᠨ   ᠣᠷᠣᠭᠰᠢᠯᠠᠯᠲᠠ ᠶᠢᠨ  ᠬᠦᠳᠡᠯᠭᠡᠭᠡᠬᠦ ᠬᠦᠴᠦᠨ ᠮᠦᠨ᠂ ᠰᠢᠨ᠎ᠡ ᠡᠬᠦᠳᠦᠯᠲᠡ ᠪᠠᠶᠢᠬᠤ ᠦᠭᠡᠢ ᠪᠣᠯ ᠬᠦᠭᠵᠢᠯᠲᠡ ᠦᠭᠡᠢ᠂ ᠰᠢᠨ᠎ᠡ ᠡᠬᠦᠳᠦᠯᠲᠡ ᠪᠠᠶᠢᠬᠤ ᠦᠭᠡᠢ ᠪᠣᠯ ᠳᠠᠪᠰᠢᠯᠲᠠ ᠪᠠᠶᠢᠬᠤ ᠦᠭᠡᠢ  ᠃   ︽ᠬᠤᠶᠠᠷ ᠢ ᠡᠭᠦᠳᠬᠦ︾ ᠠᠵᠢᠯ ᠎ ᠶᠢ  ᠬᠤᠲᠠ ᠶᠢᠨ ᠵᠠᠰᠠᠭ ᠤᠨ ᠣᠷᠳᠣᠨ ᠤ ᠳᠠᠭᠠᠭᠤᠯᠣᠯᠭ᠎ᠠ ᠶᠢᠨ ᠳᠣᠣᠷ᠎ᠠ᠂ ᠡᠷᠬᠡᠪᠰᠢ ᠰᠢᠨ᠎ᠡ ᠣᠶᠢᠯᠭᠠᠭᠳᠠᠬᠤᠨ  ᠂ ᠰᠢᠨ᠎ᠡ ᠦᠵᠡᠯ ᠰᠠᠨᠠᠭ᠎ᠠ ᠶᠢ  ᠰᠢᠮᠵᠢᠭᠦᠯᠵᠣ᠂ ᠰᠢᠨ᠎ᠡ ᠶᠢ ᠡᠭᠦᠳᠬᠦ ᠶᠢ ᠵᠣᠷᠢᠭᠵᠢᠭᠤᠯᠣᠨ ᠂ ᠣᠶᠢᠯᠡᠰ ᠪᠣᠰᠬᠠᠬᠤ ︵ᠪᠦᠲᠦᠭᠡᠬᠦ︶᠎ ᠶᠢ ᠳᠡᠮᠵᠢᠬᠦ ᠬᠡᠷᠡᠭᠲᠡᠢ᠃ ᠡᠷᠬᠡᠪᠰᠢ  ᠦᠵᠡᠯ ᠪᠣᠳᠣᠯ ᠤᠨ ᠰᠡᠳᠬᠢᠮᠵᠢ ᠠᠴᠠ  ᠭᠠᠷᠳᠠᠵᠣ᠂ ᠪᠦᠬᠦ ᠨᠡᠶᠢᠭᠡᠮ ᠢᠶᠠᠷ ᠢᠶᠠᠨ ᠰᠢᠨ᠎ᠡ ᠣᠶᠢᠯᠡᠰ ᠪᠣᠰᠬᠠᠬᠤ  ︵ ᠪᠦᠲᠦᠭᠡᠬᠦ︶ ᠮᠡᠳᠡᠷᠡᠮᠵᠢ ᠶᠢ ᠪᠣᠢ ᠪᠣᠯᠭᠠᠨ᠂ ᠠᠵᠦ ᠠᠬᠤᠶᠢᠯᠠᠯᠳᠠᠳ ᠤᠨ ᠨᠡᠶᠢᠭᠡᠮ ᠤᠨ ᠬᠠᠷᠢᠭᠤᠴᠠᠯᠭ᠎ᠠ ᠶᠢ  ᠬᠦᠮᠦᠵᠢᠭᠦᠯᠵᠣ᠂  ᠠᠷᠠᠳ ᠢᠷᠭᠡᠳ  ᠰᠢᠷᠭᠠᠭᠤ ᠬᠦᠳᠡᠯᠮᠦᠷᠢ ᠪᠠᠷ ᠢᠶᠠᠨ ᠳᠠᠮᠵᠢᠨ ᠰᠠᠶᠢᠨ ᠰᠠᠶᠢᠬᠠᠨ ᠠᠮᠢᠳᠣᠷᠯᠢᠭ ᠲᠠᠢ ᠪᠣᠯᠭᠠᠬᠤ ᠬᠡᠷᠡᠭᠲᠡᠢ᠃ ᠡᠷᠬᠡᠪᠰᠢ ᠣᠶᠢᠯᠡᠰ ᠪᠣᠰᠬᠠᠭᠴᠢ ︵ᠪᠦᠲᠦᠭᠡᠭᠴᠢ︶᠎ ᠶᠢ ᠪᠣᠶᠢᠵᠢᠭᠤᠯᠬᠤ ᠰᠠᠭᠤᠷᠢᠨ ᠭᠠᠵᠠᠷ  ᠎ ᠪᠠᠨ ᠦᠪᠡᠷᠮᠢᠴᠡ‌ᠣᠨᠴᠠᠯᠢᠭ ᠲᠠᠢ   ᠪᠦᠭᠡᠳ  ᠬᠡᠪ ᠲᠦᠪᠰᠢᠨ ᠲᠠᠢ  ᠡᠷᠬᠢᠯᠡᠬᠦ ᠬᠡᠷᠡᠭᠲᠡᠢ  ᠃ ᠢᠳᠡᠪᠬᠢᠲᠡᠢ  ᠰᠦᠪᠡᠭᠴᠢᠯᠡᠵᠦ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠪᠣᠢ ᠪᠣᠯᠭᠠᠨ  ᠂ ᠳᠠᠪᠰᠢᠩᠭᠤᠢ ᠭᠠᠵᠠᠷ ᠣᠷᠣᠨ ᠠᠴᠠ ᠲᠠᠭᠠᠨ  ᠰᠣᠷᠣᠯᠴᠠᠵᠣ᠂ ᠣᠯᠠᠮ ᠰᠢᠯᠢᠳᠡᠭ ᠠᠵᠦ   ᠠᠬᠤᠶᠢᠯᠠᠯ ᠢ  ᠪᠣᠶᠢᠵᠢᠭᠤᠯᠬᠤ ᠬᠡᠷᠡᠭᠲᠡᠢ᠃ ᠡᠷᠬᠡᠪᠰᠢ ᠢᠳᠡᠪᠬᠢᠲᠡᠢ  ᠢᠶᠠᠷ ᠠᠵᠦ  ᠠᠬᠤᠶᠢᠯᠠᠯ ᠎ ᠳᠤ  ᠪᠦᠬᠦ ᠲᠠᠯ᠎ᠠ ᠶᠢᠨ ᠣᠶᠢᠯᠡᠴᠢᠯᠡᠭᠡᠨ ᠢ ᠬᠠᠩᠭᠠᠨ᠂ ᠠᠵᠦ  ᠠᠬᠤᠶᠢᠯᠠᠯ ᠎ ᠳᠤ ᠠᠷᠭ᠎ᠠ ᠣᠬᠠᠭᠠᠨ ᠰᠦᠪᠡᠭᠴᠢᠯᠡᠵᠦ᠂  ᠬᠤᠭᠤᠷᠣᠨᠳᠣᠬᠢ  ᠬᠤᠯᠪᠣᠭᠠᠰᠣ ᠶᠢᠨ ᠣᠶᠢᠯᠡᠳᠦᠯ ᠢ  ᠦᠵᠡᠬᠦᠯᠦᠨ᠂ ᠬᠤᠯᠪᠣᠭᠳᠠᠯ ᠪᠦᠬᠦᠢ ᠮᠦᠩᠭᠦᠨ ᠭᠦᠢᠯᠭᠡᠭᠡᠨ ᠤ ᠪᠠᠶᠢᠭᠤᠯᠣᠯᠭ᠎ᠠ ᠶᠢ ᠣᠷᠢᠨ ᠬᠦᠲᠦᠯᠵᠣ᠂ ᠠᠵᠦ ᠠᠬᠤᠶᠢᠯᠠᠯ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃      ᠳ᠋ᠦᠩ ᠯᠢᠶᠠᠨ ᠵᠧᠨ ᠴᠢᠬᠤᠯᠴᠢᠯᠠᠭᠰᠠᠨ ᠨᠢ᠂ ︽ᠬᠤᠶᠠᠷ ᠢ ᠡᠭᠦᠳᠬᠦ︾ᠠᠵᠢᠯ ᠢ ᠠᠵᠦ ᠠᠬᠤᠢ ᠨᠡᠶᠢᠭᠡᠮ ᠤᠨ ᠬᠦᠭᠵᠢᠯᠲᠡ ᠎ ᠳᠤ  ᠬᠦᠲᠦᠯᠦᠨ ᠳᠠᠭᠠᠭᠤᠯᠬᠤ ᠬᠦᠳᠡᠯᠭᠡᠬᠦ ᠬᠦᠴᠦᠨ   ᠪᠣᠯᠭᠠᠠᠬᠤ ᠶᠢ  ᠪᠠᠷᠢᠮᠲᠠᠯᠠᠬᠤ ᠬᠡᠷᠡᠭᠲᠡᠢ  ᠂ ᠵᠠᠰᠠᠭ ᠤᠨ ᠣᠷᠳᠣᠨ ᠤ ᠡᠯ᠎ᠡ ᠰᠠᠯᠠᠭ᠎ᠠ  ᠮᠦᠴᠢᠷ ︽ᠬᠤᠶᠠᠷ ᠢ ᠡᠭᠦᠳᠬᠦ︾ ᠠᠵᠢᠯ ᠤᠨ  ᠰᠡᠳᠬᠢᠮᠵᠢ  ᠲᠤᠭᠳᠠᠭᠠᠵᠤ ᠂ ᠦᠪᠡᠷ ᠤᠨ ᠨᠡᠶᠢᠲᠡᠯᠢᠭ  ᠵᠢᠱᠢᠶ᠎ᠡ ᠶᠢ  ᠴᠣᠭᠴᠢᠯᠠᠨ᠂ ᠦᠨᠳᠦᠷ  ᠴᠢᠳᠠᠪᠦᠷᠢ ᠲᠠᠢ  ᠮᠡᠷᠭᠡᠵᠢᠯᠲᠡᠨ ᠢ  ᠬᠦᠮᠦᠵᠢᠭᠦᠯᠬᠦ ᠎ ᠶᠢ  ᠳᠡᠭᠡᠳᠦ ᠬᠡᠮᠵᠢᠶ᠎ᠡ ᠪᠠᠷ ᠬᠦᠨᠳᠦᠳᠬᠡᠨ  ᠦᠵᠡᠵᠦ᠂   ᠪᠣᠶᠢᠵᠢᠭᠤᠯᠬᠤ  ᠪᠠᠷ ᠳᠠᠮᠵᠢᠨ ᠴᠢᠳᠠᠪᠦᠷᠢᠲᠠᠨ ᠬᠦᠮᠦᠵᠢᠭᠦᠯᠬᠦ  ᠨᠡᠷᠡᠲᠦ ᠳᠡᠮᠳᠡᠭ ᠢ ᠴᠣᠭᠴᠠᠯᠠᠶ᠎ᠠ ᠭᠡᠵᠡᠢ᠃      ᠰᠠᠭᠤᠳᠠᠯ ᠤᠨ ᠬᠤᠷᠠᠯ  ᠠᠴᠠ ᠡᠮᠦᠨ᠎ᠡ᠂ ᠳ᠋ᠦᠩ ᠯᠢᠶᠠᠨ  ᠵᠧᠨ  ᠨᠠᠷ  ᠣᠷᠢᠳ ᠬᠤᠵᠢᠳ ᠢ  ᠫᠢᠨ ᠣᠷᠭᠤᠮᠠᠯ᠂ ᠾᠧ ᠷᠦᠨ ᠲᠠᠷᠢᠶᠠᠯᠠᠩ᠂ ᠫᠢᠩ ᠮᠧᠢ  ᠠᠵᠢᠯ ᠮᠡᠷᠭᠡᠵᠢᠯ ᠤᠨ ᠰᠣᠷᠭᠠᠭᠤᠯᠢ ᠪᠠᠷ ᠭᠦᠨᠵᠡᠭᠡᠶᠢᠷᠡᠨ ᠲᠣᠬᠠᠢ ᠶᠢᠨ ᠭᠠᠵᠠᠷ ᠳᠤᠨᠢ ᠪᠠᠶᠢᠴᠠᠭᠠᠨ ᠰᠣᠳᠣᠯᠪᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1