ᠳ᠋ᠤᠸᠠᠨ ᡁᠢ ᠴᠢᠶᠠᠩ ᠲᠦᠯᠦᠭᠡᠯᠡᠭᠴᠢ᠄ ᠠᠯᠬᠤᠮ ᠢᠶᠠᠨ ᠨᠢᠭᠡᠳᠭᠡᠨ ᠤᠷᠢᠶᠠᠯᠠᠭ᠎ᠠ ᠶᠢ ᠰᠤᠨᠤᠰᠴᠤ ᠬᠦᠴᠦᠨ ᠢᠶᠠᠨ ᠬᠠᠮᠳᠤᠳᠬᠠᠨ ᠨᠠᠶᠢᠳᠠᠪᠤᠷᠢᠵᠢᠭᠤᠯᠬᠤ ᠶᠢ ᠠᠳᠬᠤᠨ᠎ᠠ
ᠨᠡᠶᠢᠲᠡᠯᠡᠭᠰᠡᠨ ᠴᠠᠭ᠄
2017/11/6
        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠢᠷᠡᠭᠡᠳᠦᠢ ᠶᠢᠨ 30 ᠵᠢᠯ ᠤᠨ ᠤᠷᠤᠬᠰᠢᠯᠠᠯᠳᠠ ᠶᠢᠨ ᠴᠢᠭᠯᠡᠯ᠂ ᠲᠡᠮᠡᠴᠡᠭᠦ ᠬᠠᠷᠠᠯᠳᠠ ᠶᠢ ᠲᠤᠳᠤᠷᠬᠠᠢ ᠲᠤᠷᠠᠳᠴᠤ᠂ ᠨᠠᠮ ᠪᠠ ᠤᠯᠤᠰ ᠢ ᠭᠦᠳᠦᠯᠦᠨ ᠳᠠᠭᠠᠭᠤᠯᠵᠣ ︽ᠨᠢᠭᠡᠲᠦᠭᠡᠷ ᠵᠠᠭᠤᠨ ᠵᠢᠯ︾᠎ ᠠᠴᠠ ︽ᠬᠤᠶᠠᠳᠤᠭᠠᠷ ᠵᠠᠭᠤᠨ ᠵᠢᠯ︾᠎ ᠤᠨ ᠬᠠᠷᠠᠯᠳᠠ ᠲᠡᠰᠢ ᠦᠷᠬᠦᠯᠵᠢᠯᠡᠨ ᠤᠷᠤᠬᠰᠢᠯᠠᠵᠦ᠂ ︽ᠬᠤᠶᠠᠳᠤᠭᠠᠷ ᠵᠠᠭᠤᠨ ᠵᠢᠯ︾᠎ ᠤᠨ ᠠᠤᠭ᠎ᠠ ᠬᠠᠷᠠᠯᠳᠠ ᠶᠢ ᠡᠷᠡᠯᠭᠡᠭᠯᠡᠨ ᠪᠡᠶᠡᠯᠡᠭᠦᠯᠭᠦ ᠠᠵᠢᠯᠯᠠᠭᠠᠨ ᠤ ᠬᠦᠲᠦᠯᠪᠤᠷᠢ ᠪᠣᠯᠣᠨ᠎ᠠ᠃ ᠠᠤᠭ᠎ᠠ ᠲᠦᠰᠦᠪ ᠨᠢᠭᠡᠨᠳᠡ ᠵᠢᠷᠤᠬᠯᠠᠬᠳᠠᠪᠠ᠂ ᠲᠠᠷᠠᠭᠠᠴᠢ ᠶᠢᠨ ᠠᠯᠬᠤᠮ ᠤᠨ ᠵᠠᠩᠭᠢᠯᠠᠭ᠎ᠠ ᠪᠤᠯ ᠪᠦᠭᠦ ᠨᠠᠮ ᠪᠦᠭᠦ ᠤᠯᠤᠰ ᠢᠶᠠᠷ ᠢᠶᠠᠨ ᠠᠯᠬᠤᠮ ᠢᠶᠠᠨ ᠨᠢᠭᠡᠳᠭᠡᠨ ᠤᠷᠢᠶᠠᠯᠠᠭ᠎ᠠ ᠶᠢ ᠰᠤᠨᠤᠰᠴᠤ᠂ ᠬᠦᠴᠦᠨ ᠢᠶᠠᠨ ᠬᠠᠮᠳᠤᠳᠬᠠᠨ ᠨᠠᠶᠢᠳᠠᠪᠤᠷᠢᠵᠢᠭᠤᠯᠬᠤ ᠶᠢ ᠠᠳᠬᠤᠬᠤ ᠶᠠᠪᠤᠳᠠᠯ ᠪᠣᠯᠣᠨ᠎ᠠ᠃ ᠪᠣᠳᠠᠳᠠᠢ ᠪᠠᠷ ᠠᠶᠢᠮᠠᠬ ᠬᠤᠳᠠ ᠶᠢᠨ ᠱᠠᠳᠣᠨ ᠳᠤ ᠠᠪᠴᠤ ᠬᠡᠯᠡᠪᠡᠯ᠂ ︽ᠲᠦᠷᠪᠠᠨ ᠤᠬᠠᠮᠰᠠᠷ︾᠎ ᠢ ᠪᠠᠳᠤ ᠪᠠᠭᠢ ᠪᠣᠢ ᠪᠣᠯᠭᠠᠵᠣ᠂ ᠭᠦᠢᠴᠡᠳᠭᠡᠬᠦ ᠬᠦᠴᠦᠨ ᠪᠠ ᠨᠠᠶᠢᠳᠠᠪᠤᠷᠢᠵᠢᠭᠤᠯᠬᠤ ᠬᠦᠴᠦᠨ ᠢᠶᠠᠨ ᠴᠢᠩᠭᠠᠷᠠᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠵᠡᠯ ᠰᠠᠨᠠᠭ᠎ᠠ᠂ ᠠᠵᠢᠯ᠂ ᠰᠤᠷᠤᠯᠴᠠᠯᠭ᠎ᠠ᠂ ᠠᠮᠢᠳᠤᠷᠠᠯ ᠤᠨ ᠢᠶᠠᠨ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠣᠳᠠᠯ ᠪᠣᠯᠣᠨ᠎ᠠ᠃      ᠡᠷᠬᠡᠪᠰᠢ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠴᠢ ᠶᠢᠨ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠵᠦ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠯ ᠨᠢᠭᠡᠲᠦᠯ ᠲᠠᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠦᠷᠢᠶᠠᠯᠠᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠤᠯᠤᠰ ᠲᠦᠷᠦ ᠶᠢᠨ ᠳᠠᠯ᠎ᠠ ᠪᠠᠷ ᠢᠮᠠᠬᠳᠠ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃      ᠬᠦᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠡᠷᠡᠰ ᠭᠤᠶᠢᠪᠢᠰᠢ ᠦᠭᠡᠢ ᠴᠢᠩᠭ᠎ᠠ ᠠᠳᠬᠤᠨ᠎ᠠ᠃ ᠤᠯᠠᠭᠠᠨᠬᠠᠳᠠ ᠬᠤᠳᠠ ᠬᠠᠷᠠᠬᠠᠨ ᠬᠦᠭᠵᠢᠭᠡᠳᠦᠢ ᠭᠠᠵᠠᠷ ᠤᠷᠤᠨ ᠳᠤ ᠬᠠᠷᠢᠶᠠᠯᠠᠬᠳᠠᠨ᠎ᠠ᠂ ᠬᠦᠭᠵᠢᠯᠳᠠ ᠲᠡᠩᠴᠡᠭᠦᠷᠢ ᠦᠭᠡᠢ ᠠᠰᠠᠭᠤᠳᠠᠯ ᠣᠷᠣᠰᠢᠵᠣ ᠪᠠᠶᠢᠬᠤ ᠪᠠᠷ ᠪᠠᠷᠠᠬᠤ ᠦᠭᠡᠢ ᠬᠦᠭᠵᠢᠯᠳᠠ ᠭᠦᠢᠴᠡᠳ ᠦᠭᠡᠢ ᠠᠰᠠᠭᠤᠳᠠᠯ ᠴᠦ ᠤᠷᠤᠰᠢᠵᠦ ᠪᠤᠢ᠃ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠬᠦᠨᠵᠡᠭᠡᠢ ᠲᠤᠤᠱᠯᠠᠭᠤᠯᠵᠦ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠬᠤ᠂ ᠤᠷᠤᠨ ᠪᠦᠰᠡ ᠶᠢ ᠵᠤᠬᠢᠴᠠᠩᠭᠤᠢ ᠬᠦᠭᠵᠢᠭᠦᠯᠬᠦ᠂ ᠬᠦᠳᠡᠭᠡ ᠲᠤᠰᠬᠤᠨ ᠢ ᠮᠠᠨᠳᠤᠭᠤᠯᠬᠤ᠂ ᠦᠷᠭᠦᠯᠵᠢᠯᠠᠨ ᠬᠦᠭᠵᠢᠭᠦᠯᠬᠦ ᠵᠡᠷᠭᠡ ᠪᠠᠶᠢᠯᠳᠤᠬᠤ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠶᠡᠷᠦᠩᠭᠡᠢ ᠬᠡᠮᠵᠢᠶ᠎ᠠ ᠪᠠᠨ ᠪᠣᠵᠠᠭᠠᠢᠢᠷᠠᠭᠤᠯᠬᠤ ᠪᠠ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠬᠤᠤᠰ ᠡᠭᠦᠷᠭᠡ ᠶᠢᠨ ᠲᠤᠭᠤᠷᠢᠨ ᠳᠤ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠪᠠᠷ ᠭᠤᠤᠯ ᠱᠤᠭᠤᠮ ᠪᠤᠯᠭᠠᠵᠣ᠂ ᠤᠷᠤᠨ ᠪᠠᠶᠢᠷᠢ ᠶᠢᠨ ᠡᠭᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠣᠨ ᠬᠦᠭᠵᠢᠭᠦᠯᠬᠦ ᠪᠠ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠳᠠ ᠳᠤ ᠢᠳᠡᠪᠭᠢᠳᠠᠢ ᠠᠭᠤᠰᠴᠤ᠂ ᠠᠵᠦ ᠦᠢᠯᠡᠰ ᠢ ᠬᠦᠭᠵᠢᠭᠦᠯᠬᠦ ᠲᠠᠯ ᠎ᠠ ᠪᠠᠷ ︽ᠠᠮᠢ ᠠᠬᠤᠢ +︾ ᠤᠢᠢᠯᠠᠭᠠᠬᠳᠠᠬᠤᠨ ᠢ ᠦᠷᠭᠦᠯᠵᠢᠯᠠᠨ ᠴᠢᠩᠭᠠᠷᠠᠭᠤᠯᠵᠦ᠂ ᠤᠯᠠᠨ ᠡᠰᠢᠵᠢᠨ ᠬᠦᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠬᠰᠠᠨ ᠰᠢᠨ᠎ᠠ ᠬᠡᠯᠪᠡᠷᠢ ᠶᠢᠨ ᠠᠵᠦ ᠦᠢᠯᠡᠳᠪᠤᠷᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠬᠤᠳᠠ ᠬᠦᠳᠡᠭᠡ ᠶᠢ ᠨᠢᠭᠡ ᠴᠤᠬᠴᠠᠵᠢᠭᠤᠯᠬᠤ ᠶᠢ ᠲᠦᠷᠭᠡᠳᠭᠡᠨ ᠠᠬᠢᠭᠤᠯᠵᠦ᠂ ᠠᠵᠦ ᠠᠬᠤᠢ ᠶᠢᠨ ᠦᠷᠭᠦᠯᠵᠢᠯᠨᠨ ᠲᠤᠬᠳᠠᠭᠤᠨ ᠢᠶᠠᠷ ᠡᠷᠡᠭᠦᠯ ᠢᠶᠠᠷ ᠬᠦᠭᠵᠢᠬᠦ ᠶᠢ ᠴᠢᠷᠮᠠᠶᠢᠨ ᠠᠭᠢᠭᠤᠯᠤᠨ᠎ᠠ᠃ ᠡᠷᠡᠰ ᠭᠤᠶᠢᠪᠢᠰᠢ ᠦᠭᠡᠢ ᠪᠠᠷ ᠠᠷᠠᠳ ᠲᠦᠮᠡᠨ ᠢ ᠲᠠᠭᠠᠭᠤᠯᠣᠨ ᠰᠠᠶᠢᠨ ᠰᠠᠶᠢᠬᠠᠨ ᠠᠮᠢᠳᠤᠷᠠᠯ ᠢ ᠲᠠᠰᠤᠷᠠᠯᠳᠠ ᠦᠭᠡᠢ ᠴᠣᠭᠴᠠᠯᠠᠨ᠎ᠠ᠃ ᠤᠯᠠᠭᠠᠨᠬᠠᠳᠠ ᠬᠤᠳᠠ ᠶᠢᠨ ᠶᠠᠳᠠᠭᠤ ᠬᠦᠴᠢᠷᠳᠠᠯᠲᠠᠢ ᠬᠦᠮᠦᠨ ᠪᠦᠭᠦ ᠤᠷᠤᠨ ᠤ ᠭᠤᠷᠪᠠᠨ ᠤ ᠨᠢᠭᠡ ᠬᠤᠪᠢ ᠶᠢ ᠡᠵᠡᠯᠡᠵᠦ᠂ ᠦᠪᠤᠷ ᠮᠤᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠲᠠᠶᠢᠯᠠᠯᠳᠣᠭᠠᠨ ᠤ ᠭᠤᠤᠯ ᠲᠠᠯᠠᠪᠤᠷ ᠪᠤᠯᠤᠨ᠎ᠠ᠃     ᠨᠡᠩ ᠶᠡᠭᠡ ᠬᠦᠴᠦ ᠣᠷᠣᠭᠤᠯᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠤᠷ ᠠᠳᠬᠤᠵᠦ᠂ ︽ᠬᠤᠸᠠᠷ ᠬᠠᠳᠬᠤᠬᠤ︾ ᠡᠷᠳᠡᠮ ᠢᠶᠠᠨ ᠭᠦᠢᠴᠡᠳ ᠭᠠᠷᠭᠠᠵᠦ᠂ ᠬᠦᠮᠦᠨ ᠠᠷᠠᠳ ᠨᠢ ᠶᠠᠳᠠᠭᠤ ᠠᠴᠠ ᠪᠠᠨ ᠠᠩᠭᠢᠵᠢᠷᠠᠨ᠂ ᠬᠤᠰᠢᠭᠤ ᠰᠢᠶᠠᠨ ᠨᠢ ᠶᠠᠳᠠᠭᠤ ᠮᠠᠯᠠᠭᠠᠢ ᠪᠠᠨ ᠲᠠᠶᠠᠬᠳᠠᠬᠤ ᠬᠠᠷᠠᠯᠳᠠ ᠶᠢ ᠲᠤᠬᠳᠠᠬᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠳᠤᠯᠠᠨ᠎ᠠ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠬᠦᠨᠵᠡᠭᠡᠶᠢᠷᠡᠭᠦᠯᠤᠨ᠎ᠠ᠃ ᠢᠯᠡᠳᠭᠡᠯ ᠳᠤ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢ 8 ᠲᠠᠯ᠎ᠠ ᠪᠠᠷ ᠪᠦᠭᠦ ᠲᠠᠯ᠎ᠠ ᠪᠠᠷ ᠪᠠᠶᠢᠷᠢᠯᠠᠭᠤᠯᠵᠦ᠂ ᠨᠠᠮ ᠤᠨ ᠦᠪᠡᠷ ᠢ ᠪᠠᠨ ᠴᠡᠪᠡᠷᠰᠢᠭᠦᠯᠭᠦ᠂ ᠦᠪᠡᠷ ᠢ ᠪᠠᠨ ᠲᠡᠭᠦᠯᠳᠡᠷᠵᠢᠭᠦᠯᠭᠦ᠂ ᠦᠪᠡᠷ ᠢ ᠪᠠᠨ ᠬᠤᠪᠢᠰᠬᠠᠬᠤ᠂ ᠦᠪᠡᠷ ᠢ ᠪᠠᠨ ᠲᠡᠭᠡᠭᠰᠢᠯᠡᠭᠦᠯᠭᠦ ᠡᠷᠡᠰ ᠴᠢᠩᠭ᠎ᠠ ᠰᠦᠰᠦ ᠵᠣᠷᠢᠭ ᠪᠠ ᠢᠳᠡᠭᠡᠯ ᠵᠤᠷᠢᠭ ᠢ ᠭᠦᠢᠴᠡᠳ ᠢᠯᠡᠷᠡᠭᠦᠯᠪᠡ᠃ ᠪᠦᠭᠦ ᠤᠷᠤᠨ ᠳᠤ ᠠᠪᠴᠣ ᠬᠡᠯᠡᠪᠡᠯ᠂ ᠤᠯᠠᠭᠠᠨᠬᠠᠳᠠ ᠬᠤᠳᠠ ᠶᠢᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠬᠠᠮᠤᠭ ᠤᠨ ᠣᠯᠠᠨ᠂ ᠨᠠᠮ ᠤᠨ ᠭᠡᠰᠢᠭᠦᠨ ᠬᠠᠮᠤᠭ ᠤᠨ ᠤᠯᠠᠨ᠃ ᠪᠢᠳᠡ ᠵᠠᠪᠠᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠵᠤᠷᠢᠭ ᠰᠠᠨᠠᠭ᠎ᠠ ᠶᠤᠰᠤᠭᠠᠷ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠠ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠵᠦ᠂ ᠦᠭᠡᠷᠡᠴᠢᠯᠠᠯᠳᠠ ᠬᠦᠭᠵᠢᠯᠳᠠ ᠶᠢᠨ ᠡᠯ᠎ᠠ ᠵᠦᠢᠯ ᠤᠨ ᠬᠠᠷᠠᠯᠳᠠ ᠶᠢ ᠪᠡᠶᠡᠯᠡᠭᠦᠯᠭᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠨᠭ᠍ᠭᠠᠨ᠎ᠠ᠃
 
ᠢᠷᠡᠯᠲᠡ᠄ ᠤᠯᠠᠭᠠᠠᠬᠠᠳᠠ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1