ᠲᠤᠭᠤᠷᠢᠭ ᠤᠨ ᠵᠠᠮ ᠲᠡᠭᠡᠭᠡᠪᠦᠷᠢ ᠶᠢᠨ ᠲᠤᠪᠴᠢᠶ᠎ᠠ ᠨᠢ ᠡᠪᠦᠯ ᠤᠨ ᠤᠯᠠᠷᠢᠯ ᠎ ᠤᠨ ᠵᠠᠰᠠᠮᠠᠯ ᠵᠠᠮ ᠤᠨ ᠬᠥᠭᠦᠷᠭᠡ  ᠶᠢᠨ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2017/12/1
   ᠡᠪᠦᠯ ᠤᠨ ᠤᠯᠠᠷᠢᠯ ᠪᠤᠯᠤᠭᠰᠠᠨ ᠠᠴᠠ ᠨᠠᠭᠠᠰᠢ᠂ ᠲᠤᠭᠤᠷᠢᠭ ᠤᠨ ᠵᠠᠮ ᠲᠡᠭᠡᠭᠡᠪᠦᠷᠢ ᠶᠢᠨ ᠲᠤᠪᠴᠢᠶ᠎ᠠ ᠨᠢ  ᠭᠤᠷᠪᠠᠨ ᠵᠦᠢᠯ ᠤᠨ ᠠᠷᠭ᠎ᠠ ᠠᠪᠴᠢᠯ ᠢ ᠠᠪᠴᠤ᠂  ᠵᠠᠰᠠᠮᠠᠯ ᠵᠠᠮ  ᠤᠨ ᠬᠥᠭᠦᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ᠃    ᠨᠢᠭᠡ ᠲᠤ  ᠂ ᠲᠤᠰᠬᠠᠢ ᠬᠦᠭᠡᠷᠭᠡ  ᠬᠠᠮᠢᠶᠠᠷᠬᠤ ᠮᠡᠷᠭᠡᠵᠢᠯᠲᠡᠨ ᠢ  ᠰᠤᠩᠭᠤᠵᠤ᠂  ᠪᠤᠳᠠᠳᠠᠢ ᠠᠯᠢ ᠬᠥᠭᠦᠷᠭᠡ ᠎ ᠶᠢ  ᠬᠠᠮᠢᠶᠠᠷᠬᠤ ᠶᠢ ᠲᠤᠭᠳᠠᠭᠠᠨ  ᠥᠭᠴᠦ ᠡᠭᠦᠷᠭᠡ ᠬᠠᠷᠢᠭᠤᠴᠠᠯᠭ᠎ᠠ ᠶᠢ ᠨᠢ ᠲᠤᠳᠤᠷᠬᠠᠶᠢᠯᠠᠭᠰᠠᠨ ᠪᠠᠶᠢᠨ᠎ᠠ᠃    ᠬᠤᠶᠠᠷ ᠲᠤ᠂ ︽ᠬᠥᠭᠦᠷᠭᠡ  ᠪᠠᠶᠢᠴᠠᠭᠠᠬᠤ ᠠᠵᠢᠯ ᠤᠨ ᠳᠦᠷᠢᠮ︾᠂  ︽ ᠵᠠᠰᠠᠮᠠᠯ ᠵᠠᠮ  ᠢ ᠠᠷᠠᠴᠢᠯᠠᠬᠤ ᠬᠠᠮᠢᠶᠠᠷᠤᠯᠲᠠ ᠶᠢᠨ ᠠᠷᠭ᠎ᠠ︾᠂  ︽ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠦᠭᠴᠢ ᠲᠠᠢ ᠬᠠᠷᠢᠯᠴᠠᠬᠤ ᠳᠦᠷᠢᠮ ︾ ᠵᠡᠷᠭᠡ ᠳᠦᠷᠢᠮ ᠲᠤᠭᠲᠠᠭᠠᠯ ᠢ ᠲᠤᠭᠲᠠᠭᠠᠵᠤ᠂ ᠬᠥᠭᠦᠷᠭᠡ ᠶᠢᠨ ᠠᠶᠤᠯ ᠭᠠᠷᠬᠤ ᠶᠢ ᠪᠦᠲᠦᠮᠵᠢ ᠲᠠᠢ ᠰᠢᠢᠳᠪᠦᠷᠢᠯᠡᠪᠡ᠃    ᠭᠤᠷᠪᠠ ᠳᠤ᠂  ᠬᠥᠭᠦᠷᠭᠡ  ᠪᠤᠯᠭᠠᠨ ᠳᠤ ᠳᠠᠩᠰᠠ  ᠡᠪᠬᠡᠮᠡᠯ ᠪᠠᠶᠢᠭᠤᠯᠵᠤ᠂ ᠬᠥᠭᠡᠷᠭᠡ ᠶᠢᠨ  ᠪᠦᠬᠦᠶᠢᠯᠡ ᠪᠠᠶᠢᠳᠠᠯ ᠤᠨ ᠮᠡᠷᠭᠡᠵᠢᠯ ᠤᠨ  ᠵᠢᠭᠠᠯᠲᠠ  ᠲᠤᠭ᠎ᠠ ᠶᠢ ᠲᠡᠮᠳᠡᠭᠯᠡᠵᠦ᠂ ᠲᠤᠰᠬᠠᠢ ᠬᠦᠮᠦᠨ ᠲᠤᠮᠢᠯᠠᠵᠤ ᠬᠠᠮᠢᠶᠠᠷᠪᠠ᠃    ᠣᠳᠤ ᠪᠤᠯᠲᠠᠯ᠎ᠠ ᠨᠢᠭᠡᠨᠲᠡ ᠪᠦᠬᠦ ᠲᠤᠭᠤᠷᠢᠭ ᠤᠨ 100 ᠭᠠᠷᠤᠢ ᠬᠥᠭᠦᠷᠭᠡ  ᠳᠤ ᠨᠠᠷᠢᠯᠢᠭ ᠳᠠᠩᠰᠠ  ᠡᠪᠬᠡᠮᠡᠯ ᠪᠠᠶᠢᠭᠤᠯᠵᠤ᠂ 11 ᠰᠠᠭᠤᠷᠢ ᠠᠶᠤᠯ ᠭᠠᠷᠴᠤ ᠮᠡᠳᠡᠬᠦ ᠬᠥᠭᠦᠷᠭᠡ ᠳᠤ ᠠᠷᠭ᠎ᠠ ᠬᠡᠮᠵᠢᠶ᠎ᠡ ᠠᠪᠴᠤ᠂ ᠲᠡᠷᠭᠡ ᠤᠨᠤᠭ᠎ᠠ ᠶᠢᠨ ᠠᠮᠤᠷ ᠲᠦᠪᠰᠢᠨ ᠨᠡᠪᠲᠡᠷᠡᠬᠦ ᠶᠢ ᠪᠠᠳᠤᠯᠠᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1