| | | ᠸᠠᠩ ᠬᠣ᠋ ᠨᠢᠩ ᠡᠬᠢᠯᠡᠯᠲᠠ ᠶᠢᠨ ᠶᠣᠰᠣᠯᠠᠯ ᠪᠠ ᠠᠩᠬᠠᠳᠣᠭᠠᠷ ᠪᠦᠬᠦᠳᠡ ᠬᠤᠷᠠᠯ ᠳᠤ ᠣᠷᠣᠯᠴᠠᠪᠠ | ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ 1 ᠤ ᠡᠳᠤᠷ | ᠠᠷᠠᠳ ᠤᠨ ᠶᠡᠭᠡ ᠬᠤᠷᠡᠯ ᠤᠨ ᠲᠠᠩᠬᠢᠮ ᠳᠤ ᠲᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠲᠡᠯᠡᠬᠡᠢ ᠶᠢᠨ | ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠡᠯ ᠤᠨ ᠡᠬᠢᠯᠡᠯᠳᠡ ᠶᠢᠨ ᠶᠤᠰᠤᠯᠠᠯ ᠳᠤ | ᠤᠷᠤᠯᠴᠠᠵᠥ᠂ ︽ᠨᠡᠩ ᠰᠠᠶᠢᠨ ᠰᠠᠶᠢᠬᠠᠨ ᠲᠡᠯᠡᠬᠡᠢ ᠶᠢᠷᠳᠢᠨᠴᠦ ᠶᠢ ᠭᠠᠷ ᠬᠤᠯᠪᠤᠨ ᠪᠦᠳᠦᠭᠡᠨ ᠪᠠᠶᠢᠭᠤᠯᠤᠶ᠎ᠠ︾ ᠬᠡᠬᠦ | ᠰᠡᠳᠤᠪ ᠢᠶᠠᠷ ᠭᠤᠤᠯ ᠵᠤᠷᠢᠯᠳᠡᠳᠤ ᠶᠠᠷᠢᠶ᠎ᠠ ᠲᠠᠯᠪᠢᠵᠥ᠂ ᠲᠦᠷᠦ ᠶᠢᠨ ᠨᠠᠮ ᠨᠢ ᠡᠷᠬᠡᠪᠰᠢ ᠴᠠᠭ ᠦᠶ᠎ᠡ ᠶᠢᠨ | ᠬᠦᠭᠵᠢᠯᠳᠡ ᠶᠢᠨ ᠤᠷᠤᠰᠬᠠᠯ ᠢ ᠲᠠᠭᠠᠵᠥ᠂ ᠬᠦᠮᠥᠨ ᠲᠦᠷᠦᠯᠬᠢᠳᠡᠨ ᠤ ᠲᠠᠪᠰᠢᠯᠳᠠ ᠶᠢᠨ ᠶᠡᠭᠡ ᠬᠠᠨᠳᠤᠰᠢ ᠶᠢ | ᠡᠵᠡᠮᠳᠡᠵᠥ᠂ ᠠᠷᠠᠳ ᠲᠦᠮᠡᠨ ᠤ ᠬᠠᠮᠳᠤ ᠶᠢᠨ ᠬᠦᠰᠡᠯ ᠡᠷᠡᠮᠡᠯᠵᠡᠯ ᠢ ᠲᠠᠭᠠᠵᠥ᠂ ᠠᠯᠤᠰ ᠬᠡᠳᠤ ᠶᠢ ᠪᠤᠳᠤᠯᠬᠢᠯᠠᠵᠥ᠂ | ᠵᠤᠷᠢᠬᠳᠡᠢ ᠪᠠᠷ ᠡᠬᠦᠷᠬᠡᠯᠡᠯ ᠡᠬᠦᠷᠬᠡᠯᠡᠵᠥ᠂ ᠤᠬᠠᠮᠰᠠᠷ ᠠᠴᠠ ᠪᠠᠨ ᠴᠠᠭ ᠦᠶ᠎ᠡ ᠶᠢᠨ ᠡᠬᠦᠷᠬᠡ ᠬᠠᠷᠢᠭᠤᠴᠠᠯᠭ᠎ᠠ ᠶᠢ | ᠡᠬᠦᠷᠬᠡᠯᠡᠬᠦ ᠬᠡᠷᠡᠭᠳᠡᠢ᠃ ᠲᠤᠮᠳᠠᠳᠤ ᠤᠯᠤᠰ ᠤᠨ ᠡᠪ ᠬᠠᠮᠳᠤ ᠨᠠᠮ ᠦᠩᠭᠡᠷᠡᠭᠰᠡᠡ ᠲᠠᠢ ᠪᠠᠨ ᠠᠳᠠᠯᠢ ᠪᠠᠷ | ᠲᠡᠯᠡᠬᠡᠢ ᠶᠢᠨ ᠡᠩᠬᠡ ᠲᠠᠶᠢᠪᠤᠩ ᠠᠮᠤᠷ ᠲᠤᠭᠳᠠᠭᠤᠨ᠂ ᠬᠠᠮᠳᠤ ᠶᠢᠨ ᠬᠦᠭᠵᠢᠯᠳᠡ᠂ ᠪᠤᠯᠪᠠᠰᠤᠨ ᠤ ᠰᠤᠯᠢᠯᠴᠠᠭ᠎ᠠ | ᠲᠤᠯᠢᠯᠠᠯ ᠳᠤ ᠬᠤᠪᠢ ᠨᠡᠮᠡᠷᠢ ᠦᠵᠡᠬᠦᠯᠥᠨ᠎ᠡ ᠬᠡᠵᠥ ᠴᠢᠬᠤᠯᠠᠴᠢᠯᠠᠪᠠ᠃ | | | | | | 12 ᠰᠠᠷ᠎ᠠ ᠶᠢᠨ 1 ᠤ ᠡᠳᠤᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠤᠮᠳᠠᠳᠤ ᠤᠯᠤᠰ ᠤᠨ ᠡᠪ ᠬᠠᠮᠳᠤ ᠨᠠᠮ | ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠡᠯ ᠤᠨ | ᠡᠬᠢᠯᠡᠯᠳᠡ ᠶᠢᠨ ᠶᠤᠰᠤᠯᠠᠯ ᠳᠤ ᠤᠷᠤᠯᠴᠠᠵᠥ᠂ ︽ᠨᠡᠩ ᠰᠠᠶᠢᠨ ᠰᠠᠶᠢᠬᠠᠨ ᠲᠡᠯᠡᠬᠡᠢ ᠶᠢᠷᠳᠢᠨᠴᠦ ᠶᠢ ᠭᠠᠷ ᠬᠤᠯᠪᠤᠨ | ᠪᠦᠳᠦᠭᠡᠨ ᠪᠠᠶᠢᠭᠤᠯᠤᠶ᠎ᠠ︾ ᠬᠡᠬᠦ ᠰᠡᠳᠤᠪ ᠢᠶᠠᠷ ᠭᠤᠤᠯ ᠵᠤᠷᠢᠯᠳᠡᠳᠤ ᠶᠠᠷᠢᠶ᠎ᠠ ᠲᠠᠯᠪᠢᠵᠡᠢ᠃ | ᠰᠢᠨᠬᠤᠸᠠ ᠬᠤᠷᠢᠶᠠᠨ ᠤ ᠰᠣᠷᠪᠣᠯᠵᠢᠯᠠᠭᠴᠢ ᠯᠢᠣ ᠸᠧᠢ ᠪᠢᠩ ᠰᠡᠭᠦᠳᠡᠷᠯᠡᠪᠡ | ᠰᠢ ᠶᠢᠨ ᠫᠢᠩ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠠᠴᠠ | ᠲᠤᠮᠳᠠᠳᠤ ᠤᠯᠤᠰ ᠤᠨ ᠤᠳᠤ ᠠᠴᠠ ᠲᠤᠰ ᠵᠠᠭᠤᠨ ᠤ ᠲᠤᠮᠳᠠᠴᠢ ᠪᠤᠯᠳᠠᠯᠠᠬᠢ ᠬᠦᠭᠵᠢᠯᠳᠡ ᠶᠢᠨ ᠠᠤᠭ᠎ᠠ ᠲᠦᠰᠦᠪ ᠢ | ᠵᠢᠷᠤᠭᠯᠠᠵᠥ᠂ ᠲᠤᠮᠳᠠᠳᠤ ᠤᠯᠤᠰ ᠡᠯ᠎ᠡ ᠲᠠᠯ᠎ᠠ ᠶᠢᠨ ᠬᠢᠨ ᠲᠠᠢ ᠬᠠᠮᠳᠤᠪᠡᠷ ᠬᠦᠮᠥᠨ ᠲᠦᠷᠤᠯᠬᠢᠳᠡᠨ ᠤ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠴᠢᠩ ᠦᠨᠡᠨᠴᠢ ᠬᠦᠰᠡᠯ ᠰᠠᠨᠠᠭ᠎ᠠ ᠲᠠᠢ | ᠪᠠᠶᠢᠬᠤ ᠶᠢ ᠲᠤᠩᠬᠠᠭᠯᠠᠪᠠ᠃ ᠲᠦᠷᠦ ᠶᠢᠨ ᠨᠠᠮ ᠨᠢ ᠤᠯᠤᠰ ᠤᠨ ᠤᠯᠤᠰ ᠲᠦᠷᠦ ᠶᠢᠨ ᠠᠮᠢᠳᠤᠷᠡᠯ ᠲᠤᠮᠲᠠ ᠴᠢᠬᠤᠯᠠ | ᠦᠢᠯᠡᠳᠦᠯ ᠦᠵᠡᠬᠦᠯᠵᠥ ᠪᠠᠶᠢᠳᠠᠭ ᠪᠦᠭᠡᠳ ᠬᠦᠮᠥᠨ ᠲᠦᠷᠦᠯᠬᠢᠳᠡᠨ ᠤ ᠪᠤᠯᠪᠠᠰᠤᠨ ᠤ ᠲᠠᠪᠰᠢᠯᠳᠠ ᠶᠢ ᠠᠬᠢᠭᠤᠯᠬᠤ | ᠴᠢᠬᠤᠯᠠ ᠬᠦᠴᠦᠨ ᠪᠤᠯᠤᠨ᠎ᠠ᠃ ᠵᠢᠯ ᠤᠨ ᠡᠴᠤᠰ ᠤᠨ ᠡᠨᠡ ᠦᠶ᠎ᠡ ᠪᠠᠷ᠂ ᠲᠡᠯᠡᠬᠡᠢ ᠶᠢᠨ ᠡᠯ᠎ᠡ ᠤᠯᠤᠰ ᠤᠨ 300 | ᠰᠢᠬᠠᠮ ᠲᠦᠷᠦ ᠶᠢᠨ ᠨᠠᠮ ᠪᠤᠯᠤᠨ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠥᠰ | ᠪᠡᠭᠡᠵᠢᠩ ᠳᠤ ᠴᠤᠭᠯᠠᠷᠠᠵᠥ᠂ ᠬᠠᠮᠳᠤᠷᠠᠯᠴᠠᠭᠠᠨ ᠤ ᠶᠡᠭᠡ ᠪᠤᠳᠤᠯᠭ᠎ᠠ ᠶᠢ ᠬᠠᠮᠳᠤᠪᠡᠷ ᠵᠦᠪᠯᠡᠵᠥ ᠪᠠᠶᠢᠬᠤ ᠨᠢ | ᠤᠯᠠᠨ ᠢᠶᠠᠷ ᠢᠶᠠᠨ ᠬᠦᠮᠥᠨ ᠲᠦᠷᠦᠯᠬᠢᠳᠡᠨ ᠤ ᠬᠦᠭᠵᠢᠯᠳᠡ ᠪᠤᠯᠤᠨ ᠲᠡᠯᠡᠬᠡᠢ ᠶᠢᠨ ᠢᠷᠡᠭᠡᠳᠤᠢ ᠶᠢ ᠬᠠᠯᠠᠮᠵᠢᠯᠠᠵᠥ | ᠪᠠᠶᠢᠬᠤ ᠶᠢ ᠬᠦᠢᠴᠡᠳ ᠬᠠᠷᠠᠭᠤᠯᠵᠥ ᠪᠠᠶᠢᠨ᠎ᠠ ᠬᠡᠵᠥ ᠵᠢᠭᠠᠵᠥ ᠭᠠᠷᠭᠠᠪᠠ᠃ | 12 ᠰᠠᠷ᠎ᠠ ᠶᠢᠨ 1 ᠤ ᠡᠳᠤᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠤᠮᠳᠠᠳᠤ ᠤᠯᠤᠰ ᠤᠨ ᠡᠪ ᠬᠠᠮᠳᠤ ᠨᠠᠮ | ᠪᠤᠯᠤᠨ ᠲᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠲᠡᠬᠡᠳᠤ ᠲᠡᠰ ᠤᠨ ᠶᠠᠷᠢᠯᠴᠠᠭ᠎ᠠ ᠶᠢᠨ ᠬᠤᠷᠡᠯ ᠤᠨ | ᠡᠬᠢᠯᠡᠯᠳᠡ ᠶᠢᠨ ᠶᠤᠰᠤᠯᠠᠯ ᠳᠤ ᠤᠷᠤᠯᠴᠠᠵᠥ᠂ ︽ᠨᠡᠩ ᠰᠠᠶᠢᠨ ᠰᠠᠶᠢᠬᠠᠨ ᠲᠡᠯᠡᠬᠡᠢ ᠶᠢᠷᠳᠢᠨᠴᠦ ᠶᠢ ᠭᠠᠷ ᠬᠤᠯᠪᠤᠨ | ᠪᠦᠳᠦᠭᠡᠨ ᠪᠠᠶᠢᠭᠤᠯᠤᠶ᠎ᠠ︾ ᠬᠡᠬᠦ ᠰᠡᠳᠤᠪ ᠢᠶᠠᠷ ᠭᠤᠤᠯ ᠵᠤᠷᠢᠯᠳᠡᠳᠤ ᠶᠠᠷᠢᠶ᠎ᠠ ᠲᠠᠯᠪᠢᠵᠡᠢ᠃ | | | | | | | | ᠵᠢᠷᠤᠭ ᠪᠣᠯ ᠡᠬᠢᠯᠡᠯᠲᠠ ᠶᠢᠨ ᠶᠣᠰᠣᠯᠠᠯ ᠠᠴᠠ ᠡᠮᠣᠨ᠎ᠠ᠂ ᠰᠢ ᠶᠢᠨ ᠫᠢᠩ ᠭᠠᠳᠠᠭᠠᠲᠤ ᠶᠢᠨ ᠭᠤᠤᠯ ᠪᠣᠯᠬᠤ | ᠬᠦᠨᠳᠣᠳᠣ ᠵᠣᠴᠢᠳ ᠲᠠᠢ ᠬᠠᠮᠲᠤ ᠭᠡᠷᠡᠯ ᠵᠢᠷᠤᠭ ᠳᠠᠲᠠᠭᠤᠯᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠣᠷᠪᠣᠯᠵᠢᠯᠠᠭᠴᠢ ᠳ᠋ᠢᠩ ᠯᠠᠨ ᠰᠡᠭᠦᠳᠡᠷᠯᠡᠪᠡ | ᠰᠢ ᠶᠢᠨ ᠫᠢᠩ᠂ ᠦᠨᠦᠳᠦᠷ ᠬᠦᠮᠥᠨ ᠲᠦᠷᠦᠯᠬᠢᠳᠡᠨ ᠤ ᠠᠮᠢᠳᠤᠷᠠᠯ ᠤᠨ ᠬᠠᠷᠢᠯᠴᠠᠭ᠎ᠠ ᠬᠤᠯᠪᠤᠭ᠎ᠠ ᠤᠷᠢᠳᠤ | ᠡᠮᠤᠨ᠎ᠡ ᠪᠠᠶᠢᠭ᠎ᠠ ᠦᠭᠡᠢ ᠪᠤᠯᠵᠥ ᠪᠠᠶᠢᠬᠤ ᠪᠦᠭᠡᠳ ᠬᠦᠮᠥᠨ ᠲᠦᠷᠦᠯᠬᠢᠳᠡᠨ ᠳᠤ ᠲᠤᠯᠭᠠᠷᠠᠵᠥ ᠪᠠᠶᠢᠭ᠎ᠠ ᠪᠦᠬᠦ | ᠪᠦᠮᠪᠦᠷᠴᠡᠭ ᠤᠨ ᠴᠢᠨᠠᠷᠳᠠᠢ ᠠᠰᠠᠭᠤᠳᠠᠯ ᠴᠦ ᠤᠷᠢᠳᠤ ᠡᠮᠤᠨ᠎ᠡ ᠪᠠᠶᠢᠭ᠎ᠠ ᠦᠭᠡᠢ ᠪᠤᠯᠵᠥ ᠪᠠᠶᠢᠨ᠎ᠠ᠃ ᠲᠡᠯᠡᠬᠡᠢ ᠶᠢᠨ | ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠬᠡᠳᠤᠢ ᠬᠤᠪᠢ ᠵᠠᠶᠠᠭ᠎ᠠ ᠤᠯᠠᠮ ᠨᠢᠬᠳᠠ ᠬᠤᠯᠪᠤᠯᠳᠤᠬᠤ ᠪᠤᠯᠵᠤ | ᠪᠠᠶᠢᠨ᠎ᠠ᠃ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ︽ᠲᠠᠶᠠᠩ ᠲᠡᠯᠡᠬᠡᠢ ᠪᠠᠷ ᠢᠶᠠᠨ ᠨᠢᠬᠡ ᠬᠡᠷ ︾ ᠬᠡᠬᠦ | ᠤᠶᠢᠢᠯᠠᠭᠠᠬᠳᠠᠬᠤᠨ ᠢ ᠪᠠᠷᠢᠮᠳᠠᠯᠠᠵᠥ᠂ ᠬᠠᠷᠢᠯᠴᠠᠨ ᠤᠶᠢᠢᠯᠠᠭᠠᠯᠴᠠᠵᠥ᠂ ᠠᠳᠠᠯᠢ ᠲᠠᠯ᠎ᠠ ᠪᠠᠨ ᠡᠷᠢᠵᠥ ᠵᠦᠷᠢᠶ᠎ᠡ ᠪᠠᠨ | ᠦᠯᠡᠳᠡᠬᠡᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠᠷ | ᠬᠠᠮᠳᠤᠪᠡᠷ ᠴᠢᠷᠮᠡᠶᠢᠪᠠᠯ ᠵᠤᠬᠢᠨ᠎ᠠ᠃ ᠪᠢ ︽ᠨᠢᠬᠡ ᠪᠦᠰᠡ ᠨᠢᠬᠡ ᠵᠠᠮ︾ ᠤᠨ ᠰᠠᠨᠠᠭᠠᠴᠢᠯᠠᠭ᠎ᠠ ᠶᠢ ᠲᠤᠷᠠᠳᠤᠭᠰᠠᠠ ᠨᠢ | ᠲᠠᠷᠤᠢ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠶᠢᠢᠯᠠᠭᠠᠬᠳᠠᠬᠤᠨ ᠢ | ᠦᠢᠯᠡᠳᠦᠯᠬᠡᠵᠢᠬᠦᠯᠬᠦ ᠶᠢᠨ ᠲᠦᠯᠥᠬᠡ ᠶᠤᠮ᠃ 4 ᠵᠢᠯ ᠤᠨ ᠲᠤᠷᠰᠢ᠂ ︽ᠨᠢᠬᠡ ᠪᠦᠰᠡ ᠨᠢᠬᠡ ᠵᠠᠮ︾ ᠢ ᠬᠠᠮᠳᠤᠪᠡᠷ | ᠪᠠᠶᠢᠭᠤᠯᠬᠤ ᠨᠢ ᠬᠠᠮᠢᠶ᠎ᠠ ᠪᠦᠬᠦᠢ ᠤᠯᠤᠰ ᠤᠨ ᠬᠠᠮᠳᠤ ᠶᠢᠨ ᠬᠦᠭᠵᠢᠯᠳᠡ ᠪᠠᠨ ᠪᠡᠶᠡᠯᠡᠬᠦᠯᠬᠦ ᠶᠢᠨ ᠯᠤᠳᠤ ᠶᠡᠭᠡ | ᠬᠠᠮᠳᠤᠷᠠᠯᠴᠠᠭᠠᠨ ᠤ ᠲᠠᠪᠴᠠᠩ ᠪᠤᠯᠤᠭᠰᠠᠠ ᠪᠠᠶᠢᠨ᠎ᠠ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠪᠢᠳᠠ ᠰᠦᠷᠳᠡᠬᠦᠯᠤᠯ ᠠᠴᠠ ᠬᠤᠯᠠᠬᠠᠨ᠂ ᠨᠡᠶᠢᠳᠡᠮ ᠠᠮᠤᠷ ᠲᠦᠪᠰᠢᠨ ᠪᠠᠶᠢᠬᠤ ᠲᠡᠯᠡᠬᠡᠢ | ᠶᠢᠷᠳᠢᠨᠴᠤ ᠶᠢ ᠴᠢᠷᠮᠠᠶᠢᠨ ᠪᠦᠳᠤᠬᠡᠨ ᠪᠠᠶᠢᠭᠤᠯᠵᠤ᠂ ᠬᠠᠮᠳᠤ ᠶᠢᠨ᠂ ᠶᠠᠷᠤᠩᠬᠡᠶᠢᠯᠡᠭᠰᠡᠨ᠂ ᠬᠠᠮᠳᠤᠷᠠᠯᠴᠠᠭ᠎ᠠ ᠬᠢᠭᠰᠡᠨ᠂ | ᠦᠷᠬᠦᠯᠵᠢᠯᠡᠭᠰᠡᠨ ᠰᠢᠨ᠎ᠠ ᠠᠮᠤᠷ ᠲᠦᠪᠰᠢᠨ ᠤ ᠦᠵᠡᠯᠳᠠ ᠶᠢ ᠪᠠᠷᠢᠮᠳᠠᠯᠠᠵᠤ᠂ ᠡᠷᠭᠡ ᠲᠡᠭᠰᠢ ᠲᠦᠪ ᠭᠤᠤᠯᠴᠢ᠂ | ᠬᠠᠮᠳᠤᠪᠡᠷ ᠪᠠᠶᠢᠭᠤᠯᠵᠤ ᠬᠠᠮᠳᠤᠪᠡᠷ ᠡᠳ᠋ᠯᠡᠬᠦ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠤᠶ᠎ᠠ︔ ᠪᠢᠳᠠ ᠶᠠᠳᠠᠭᠤ | ᠬᠦᠴᠢᠷᠳᠠᠯ ᠠᠴᠠ ᠬᠤᠯᠠᠬᠠᠨ᠂ ᠬᠠᠮᠳᠤᠪᠡᠷ ᠴᠡᠴᠡᠭᠯᠠᠨ ᠬᠦᠭᠵᠢᠭᠰᠡᠨ ᠲᠡᠯᠡᠬᠡᠢ ᠶᠢᠷᠳᠢᠨᠴᠤ ᠶᠢ ᠴᠢᠷᠮᠠᠶᠢᠨ ᠪᠦᠳᠤᠬᠡᠨ | ᠪᠠᠶᠢᠭᠤᠯᠵᠤ᠂ ᠴᠢ ᠰᠠᠶᠢᠨ ᠪᠢ ᠰᠠᠶᠢᠨ ᠤᠯᠠᠨ ᠢᠶᠠᠷ ᠢᠶᠠᠨ ᠪᠦᠷ ᠰᠠᠶᠢᠨ ᠪᠠᠶᠢᠬᠤ ᠤᠶᠢᠢᠯᠠᠭᠠᠭᠳᠠᠬᠤᠨ ᠢ ᠪᠠᠷᠢᠮᠳᠠᠯᠠᠵᠤ | ᠂ ᠬᠦᠭᠵᠢᠯᠳᠠ ᠶᠢᠨ ᠦᠷ᠎ᠠ ᠪᠦᠳᠤᠬᠡᠯ ᠢᠶᠠᠷ ᠲᠡᠯᠡᠬᠡᠢ ᠶᠢᠨ ᠡᠯ᠎ᠠ ᠤᠯᠤᠰ ᠲᠤ ᠠᠰᠢᠬ ᠬᠦᠷᠳᠡᠬᠡᠵᠤ᠂ ᠬᠦᠮᠤᠨ | ᠪᠦᠬᠦᠨ ᠳᠤ ᠪᠠᠶᠠᠨ ᠴᠢᠨᠡᠭᠡᠯᠢᠭ ᠡᠷᠡᠬᠦᠯ ᠡᠩᠬᠡ ᠶᠢ ᠡᠳ᠋ᠯᠡᠬᠦᠯᠦᠶᠠ︔ ᠪᠢᠳᠠ ᠪᠢᠳᠡᠬᠦᠮᠵᠢᠯᠡᠯ ᠠᠴᠠ ᠬᠤᠯᠠᠬᠠᠨ᠂ | ᠨᠡᠬᠡᠬᠡᠯᠳᠡᠳᠠᠢ ᠪᠠᠭᠳᠠᠭᠠᠮᠵᠢᠳᠠᠢ ᠲᠡᠯᠡᠬᠡᠢ ᠶᠢᠷᠳᠢᠨᠴᠤ ᠶᠢ ᠴᠢᠷᠮᠠᠶᠢᠨ ᠪᠦᠳᠤᠬᠡᠨ ᠪᠠᠶᠢᠭᠤᠯᠵᠤ᠂ ᠲᠡᠯᠡᠬᠡᠢ ᠶᠢᠷᠳᠢᠨᠴᠤ ᠪᠤᠯ | ᠲᠠᠩᠰᠤᠭ ᠰᠠᠶᠢᠬᠠᠨ᠂ ᠪᠤᠯᠪᠠᠰᠤᠨ ᠤ ᠤᠯᠠᠨ ᠶᠠᠩᠵᠤ ᠶᠢᠨ ᠭᠡᠬᠦ ᠤᠶᠢᠢᠯᠠᠭᠠᠭᠳᠠᠬᠤᠨ ᠢ ᠪᠠᠷᠢᠮᠳᠠᠯᠠᠵᠤ᠂ ᠡᠯ᠎ᠠ | ᠵᠦᠢᠯ ᠤᠨ ᠪᠤᠯᠪᠠᠰᠤᠨ ᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠪᠤᠯᠭᠠᠶ᠎ᠠ︔ ᠪᠢᠳᠠ ᠬᠦᠬᠡᠮᠳᠦᠭ ᠠᠭᠤᠯᠠ | ᠴᠡᠩᠭᠡᠭ ᠤᠰᠤ ᠲᠠᠢ᠂ ᠴᠡᠪᠡᠷ ᠴᠡᠮᠴᠡᠬᠡᠷ ᠦᠵᠡᠰᠬᠦᠯᠡᠩᠳᠤ ᠰᠠᠶᠢᠬᠠᠨ ᠲᠡᠯᠡᠬᠡᠢ ᠶᠢᠷᠳᠢᠨᠴᠤ ᠶᠢ ᠴᠢᠷᠮᠠᠶᠢᠨ ᠪᠦᠳᠤᠬᠡᠨ | ᠪᠠᠶᠢᠭᠤᠯᠵᠤ᠂ ᠬᠦᠮᠤᠨ ᠪᠠ ᠪᠠᠶᠢᠭᠠᠯᠢ ᠬᠠᠮᠳᠤᠪᠡᠷ ᠤᠷᠤᠰᠢᠬᠤ ᠤᠶᠢᠢᠯᠠᠭᠠᠭᠳᠠᠬᠤᠨ ᠢ ᠪᠠᠷᠢᠮᠳᠠᠯᠠᠵᠤ᠂ ᠡᠶ᠎ᠡ | ᠵᠤᠬᠢᠴᠠᠩᠭᠤᠢ ᠪᠦᠭᠡᠳ ᠰᠠᠭᠤᠷᠢᠰᠢᠨ ᠰᠠᠭᠤᠬᠤ ᠳᠤ ᠲᠠᠭᠠᠯᠠᠮᠵᠢᠳᠠᠢ ᠬᠦᠮᠤᠨ ᠲᠦᠷᠤᠯᠬᠢᠳᠠᠨ ᠤ ᠬᠡᠷ ᠤᠷᠤᠨ ᠢ | ᠬᠠᠮᠳᠤᠪᠡᠷ ᠪᠦᠳᠤᠬᠡᠨ ᠪᠠᠶᠢᠭᠤᠯᠤᠶ᠎ᠠ ᠬᠡᠵᠤ ᠴᠢᠬᠤᠯᠠᠴᠢᠯᠠᠪᠠ᠃ | ᠰᠢ ᠶᠢᠨ ᠫᠢᠩ᠂ ᠤᠳᠤᠬᠠᠨ ᠳᠤ ᠲᠡᠯᠡᠬᠡᠢ ᠶᠢᠨ ᠪᠠᠶᠢᠷᠢᠰᠢᠯ ᠳᠤ ᠬᠤᠪᠢᠷᠠᠯᠳᠠ ᠭᠠᠷᠴᠤ᠂ ᠬᠦᠭᠵᠢᠯᠳᠠ ᠶᠢᠨ | ᠪᠠᠶᠢᠷᠢᠰᠢᠯ ᠳᠤ ᠬᠤᠪᠢᠷᠠᠯᠳᠠ ᠭᠠᠷᠴᠤ ᠪᠠᠶᠢᠨ᠎ᠠ᠂ ᠡᠯ᠎ᠠ ᠲᠦᠷᠤ ᠶᠢᠨ ᠨᠠᠮ ᠤᠨ ᠬᠢᠨ ᠴᠦᠮ ᠴᠠᠬ ᠦᠶ᠎ᠠ ᠶᠢᠨ | ᠬᠦᠭᠵᠢᠯᠳᠠ ᠶᠢᠨ ᠤᠷᠤᠰᠬᠠᠯ ᠢ ᠲᠠᠭᠠᠵᠤ᠂ ᠲᠤᠰ ᠪᠡᠶ᠎ᠠ ᠶᠢᠨ ᠬᠦᠭᠵᠢᠯᠳᠠ ᠪᠠᠨ ᠤᠯᠤᠰ᠂ ᠦᠨᠳᠤᠰᠤᠳᠠᠨ᠂ ᠬᠦᠮᠤᠨ | ᠲᠦᠷᠤᠯᠬᠢᠳᠠᠨ ᠤ ᠬᠦᠭᠵᠢᠯᠳᠠ ᠲᠠᠢ ᠨᠢᠬᠳᠠ ᠤᠶᠠᠯᠳᠤᠭᠤᠯᠬᠤ ᠭᠡᠷᠡᠭᠳᠠᠢ᠃ ᠠᠳᠠᠯᠢ ᠪᠤᠰᠤ ᠤᠯᠤᠰ ᠤᠨ ᠲᠦᠷᠤ ᠶᠢᠨ | ᠨᠠᠮ ᠢᠳᠡᠬᠡᠯᠴᠡᠭᠡ ᠪᠠᠨ ᠨᠡᠮᠡᠭᠳᠡᠬᠦᠯᠵᠤ᠂ ᠣᠯᠣᠯᠴᠠᠭ᠎ᠠ ᠪᠠᠨ ᠴᠢᠩᠭᠠᠳᠬᠠᠵᠤ᠂ ᠬᠠᠮᠵᠢᠯᠴᠠᠭ᠎ᠠ ᠪᠠᠨ ᠨᠢᠬᠳᠠᠷᠠᠭᠤᠯᠵᠤ᠂ | ᠰᠢᠨ᠎ᠠ ᠮᠠᠶ᠋ᠢᠬ ᠤᠨ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢᠨ ᠰᠠᠭᠤᠷᠢ ᠲᠡᠭᠡᠷ᠎ᠠ ᠠᠳᠠᠯᠢ ᠲᠠᠯ᠎ᠠ ᠪᠠᠨ ᠡᠷᠢᠵᠤ | ᠵᠦᠷᠢᠶ᠎ᠡ ᠪᠠᠨ ᠦᠯᠡᠳᠡᠬᠡᠵᠤ᠂ ᠬᠠᠷᠢᠯᠴᠠᠨ ᠬᠦᠨᠳᠤᠳᠬᠡᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠬᠤ | ᠰᠢᠨ᠎ᠠ ᠮᠠᠶ᠋ᠢᠬ ᠤᠨ ᠲᠦᠷᠤ ᠶᠢᠨ ᠨᠠᠮ ᠤᠨ ᠬᠠᠷᠢᠯᠴᠠᠭ᠎ᠠ ᠶᠢ ᠪᠠᠶᠢᠭᠤᠯᠬᠤ ᠶᠢ ᠰᠦᠪᠡᠭᠴᠢᠯᠠᠵᠤ᠂ ᠤᠯᠠᠨ ᠵᠦᠢᠯ ᠤᠨ | ᠬᠡᠯᠪᠡᠷᠢ᠂ ᠤᠯᠠᠨ ᠵᠦᠢᠯ ᠤᠨ ᠲᠠᠪᠬᠤᠷᠭ᠎ᠠ ᠶᠢᠨ ᠲᠡᠯᠡᠬᠡᠢ ᠶᠢᠨ ᠲᠦᠷᠤ ᠶᠢᠨ ᠨᠠᠮ ᠤᠨ ᠰᠤᠯᠢᠯᠴᠠᠭ᠎ᠠ | ᠬᠠᠮᠳᠤᠷᠠᠯᠴᠠᠭᠠᠨ ᠤ ᠲᠤᠤᠷ ᠢ ᠪᠠᠶᠢᠭᠤᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ | ᠴᠤᠬᠴᠠ ᠶᠢ ᠪᠦᠳᠤᠬᠡᠨ ᠪᠠᠶᠢᠭᠤᠯᠬᠤ ᠬᠦᠴᠦᠷᠭᠡᠭ ᠶᠡᠭᠡ ᠬᠦᠴᠤᠨ ᠢ ᠨᠢᠬᠳᠠᠷᠠᠭᠤᠯᠬᠤ ᠭᠡᠷᠡᠭᠳᠠᠢ ᠬᠡᠵᠤ ᠵᠢᠭᠠᠵᠤ | ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠤ ᠨᠠᠮ ᠪᠤᠯ ᠳᠤᠮᠳᠠᠳᠤ ᠤᠯᠤᠰ ᠤᠨ ᠠᠷᠠᠳ | ᠲᠦᠮᠡᠨ ᠳᠤ ᠵᠤᠯ ᠵᠢᠷᠭᠠᠯ ᠤᠯᠭᠤᠬᠤ ᠨᠠᠮ᠂ ᠮᠦᠨᠴᠤ ᠬᠦᠮᠤᠨ ᠲᠦᠷᠤᠯᠬᠢᠳᠠᠨ ᠤ ᠲᠡᠪᠰᠢᠯᠳᠠ ᠶᠢᠨ ᠤᠶᠢᠢᠯᠡᠰ ᠤᠨ | ᠲᠦᠯᠤᠬᠡ ᠲᠡᠮᠡᠴᠡᠳᠡᠭ ᠨᠠᠮ ᠶᠤᠮ᠃ ᠪᠢᠳᠠ ᠦᠪᠡᠷ ᠤᠨ ᠶᠠᠪᠤᠳᠠᠯ ᠢᠶᠠᠨ ᠰᠠᠶᠢᠨ ᠬᠢᠬᠦ ᠨᠢ ᠲᠠᠷᠤᠢ ᠬᠦᠮᠤᠨ | ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠦᠳᠤᠬᠡᠨ ᠪᠠᠶᠢᠭᠤᠯᠬᠤ ᠳᠤ ᠬᠤᠪᠢ ᠨᠡᠮᠡᠷᠢ | ᠦᠵᠡᠬᠦᠯᠵᠤ ᠪᠠᠶᠢᠭ᠎ᠠ ᠶᠠᠪᠤᠳᠠᠯ ᠪᠤᠯᠤᠨ᠎ᠠ᠃ ᠪᠢᠳᠠ ᠪᠠᠰᠠ ᠳᠤᠮᠳᠠᠳᠤ ᠤᠯᠤᠰ ᠤᠨ ᠬᠦᠭᠵᠢᠯᠳᠠ ᠶᠢ ᠠᠬᠢᠭᠤᠯᠬᠤ ᠪᠠᠷ | ᠲᠠᠮᠵᠢᠭᠤᠯᠵᠤ ᠲᠡᠯᠡᠬᠡᠢ ᠶᠢᠷᠳᠢᠨᠴᠤ ᠳᠤ ᠨᠡᠩ ᠤᠯᠠᠨ ᠠᠵᠠ ᠲᠤᠬᠢᠶᠠᠯ ᠬᠠᠨᠭ᠍ᠭᠠᠨ᠎ᠠ᠃ ᠪᠢᠳᠠ ᠭᠠᠳᠠᠭᠠᠳᠤ ᠶᠢᠨ | ᠵᠠᠬᠪᠤᠷ ᠢ ︽ᠤᠷᠤᠭᠤᠯᠬᠤ ᠦᠬᠡᠢ︾᠂ ᠮᠦᠨᠴᠤ ᠳᠤᠮᠳᠠᠳᠤ ᠤᠯᠤᠰ ᠤᠨ ᠵᠠᠬᠪᠤᠷ ᠢ ︽ᠭᠠᠷᠭᠠᠬᠤ ᠦᠬᠡᠢ︾᠂ | ᠪᠤᠰᠤᠳ ᠤᠯᠤᠰ ᠢ ᠳᠤᠮᠳᠠᠳᠤ ᠤᠯᠤᠰ ᠤᠨ ᠠᠷᠭ᠎ᠠ ᠬᠢᠳᠡᠯ ᠢ ︽ᠲᠠᠭᠤᠷᠢᠶᠠᠯᠭᠠᠬᠤ︾ ᠪᠠᠷ ᠱᠠᠭᠠᠷᠳᠠᠬᠤ ᠦᠬᠡᠢ ᠶᠤᠮ | ᠬᠡᠵᠤ ᠵᠢᠭᠠᠵᠤ ᠭᠠᠷᠭᠠᠪᠠ᠃ | ᠨᠢᠭᠡᠳᠦᠭᠡᠷ ᠲᠤ᠂ ᠳᠤᠮᠳᠠᠳᠤ ᠤᠯᠤᠰ ᠤᠨ ᠡᠪ ᠬᠠᠮᠲᠦ ᠨᠠᠮ ᠦᠩᠭᠡᠷᠡᠭᠰᠡᠨ ᠲᠠᠢ ᠪᠠᠨ ᠠᠳᠠᠯᠢᠬᠠᠨ ᠢᠶᠠᠷ | ᠳᠡᠯᠡᠬᠡᠢ ᠶᠢᠨ ᠡᠩᠬᠡ ᠲᠠᠶᠢᠪᠤᠩ ᠠᠮᠤᠷ ᠲᠤᠭᠳᠠᠭᠤᠨ ᠳᠤ ᠬᠤᠪᠢ ᠨᠡᠮᠡᠷᠢ ᠦᠵᠡᠭᠦᠯᠦᠨ᠎ᠠ᠃ ᠳᠤᠮᠳᠠᠳᠤ ᠤᠯᠤᠰ ᠡᠩᠬᠡ | ᠲᠠᠶᠢᠪᠤᠩ᠂ ᠬᠦᠭᠵᠢᠯᠲᠠ᠂ ᠬᠠᠮᠲᠤᠷᠠᠯᠴᠠᠭ᠎ᠠ᠂ ᠬᠠᠮᠲᠦᠪᠡᠷ ᠠᠰᠢᠭ ᠬᠦᠷᠳᠡᠬᠦ ᠲᠤᠭ ᠢ ᠦᠨᠳᠦᠷ ᠡᠷᠭᠦᠵᠤ᠂ ᠡᠩᠬᠡ | ᠲᠠᠶᠢᠪᠤᠩ ᠢᠶᠠᠷ ᠬᠦᠭᠵᠢᠬᠦ ᠵᠠᠮ ᠢᠶᠠᠷ ᠡᠭᠦᠷᠢᠳᠡ ᠭᠤᠶᠢᠪᠢᠰᠢ ᠦᠭᠡᠢ ᠵᠠᠮᠨᠠᠵᠤ᠂ ᠪᠦᠬᠦ ᠪᠦᠮᠪᠦᠷᠴᠡᠭ ᠤᠨ ᠬᠠᠨᠢᠳᠠᠨ ᠤ | ᠬᠠᠷᠢᠯᠴᠠᠭ᠎ᠠ ᠶᠢᠨ ᠪᠠᠶᠢᠭᠤᠯᠤᠯᠳᠠ ᠶᠢ ᠢᠳᠡᠪᠬᠢᠲᠠᠢ ᠠᠬᠢᠭᠤᠯᠵᠤ᠂ ᠤᠯᠠᠨ ᠤᠯᠤᠰ ᠤᠨ ᠬᠠᠯᠠᠮᠰᠢᠯ ᠠᠰᠠᠭᠤᠳᠠᠯ ᠪᠠ | ᠲᠦᠪᠡᠭᠳᠠᠢ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠠᠬᠢᠴᠠ ᠳᠤ ᠰᠠᠨᠠᠭᠠᠴᠢᠯᠠᠭ᠎ᠠ ᠠᠴᠠ ᠪᠠᠨ | ᠤᠷᠤᠯᠴᠠᠨ᠎ᠠ᠃ ᠳᠤᠮᠳᠠᠳᠤ ᠤᠯᠤᠰ ᠪᠦᠬᠦ ᠪᠦᠮᠪᠦᠷᠴᠡᠭ ᠤᠨ ᠵᠠᠰᠠᠯᠲᠠ ᠶᠢᠨ ᠰᠢᠰᠲ᠋ᠧᠮ ᠤᠨ ᠦᠭᠡᠷᠡᠴᠢᠯᠡᠯᠲᠡ ᠪᠠ | ᠪᠠᠶᠢᠭᠤᠯᠤᠯᠲᠠ ᠳᠤ ᠢᠳᠡᠪᠬᠢᠲᠠᠢ ᠤᠷᠤᠯᠴᠠᠵᠤ᠂ ᠤᠯᠠᠨ ᠤᠯᠤᠰ ᠤᠨ ᠤᠯᠤᠰ ᠲᠦᠷᠦ ᠠᠵᠤ ᠠᠬᠤᠢ ᠶᠢᠨ ᠡᠮᠬᠢ | ᠵᠢᠷᠤᠮ ᠨᠡᠩ ᠲᠦᠪ ᠭᠤᠤᠯᠴᠢ ᠵᠦᠢ ᠵᠤᠬᠢᠰᠳᠠᠢ ᠴᠢᠭᠯᠡᠯ ᠢᠶᠠᠷ ᠬᠦᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ | ᠬᠦᠭᠵᠢᠭᠡᠳ ᠶᠠᠮᠠᠷ ᠬᠡᠮᠵᠢᠶᠠᠨ ᠳᠤ ᠬᠦᠷᠦᠭᠰᠡᠨ ᠴᠤ ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ | ᠦᠷᠭᠡᠳᠭᠡᠨ ᠳᠦᠷᠢᠬᠦ ᠦᠭᠡᠢ᠃ ᠳᠡᠯᠡᠬᠡᠢ ᠶᠢᠨ ᠡᠯ᠎ᠠ ᠤᠯᠤᠰ ᠤᠨ ᠲᠦᠷᠦ ᠶᠢᠨ ᠨᠠᠮ ᠪᠢᠳᠡᠨ ᠲᠠᠢ ᠬᠠᠮᠲᠦᠪᠡᠷ᠂ | ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠦᠮᠪᠦᠷᠴᠡᠭ ᠤᠨ ᠬᠦᠭᠵᠢᠯᠲᠠ ᠳᠤ ᠬᠤᠪᠢ | ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠪᠤᠯᠬᠤ ᠶᠢ ᠰᠠᠨᠠᠭᠠᠴᠢᠯᠠᠵᠤ ᠪᠠᠶᠢᠨ᠎ᠠ᠃ | | ᠬᠤᠶᠠᠳᠤᠭᠠᠷ ᠲᠤ᠂ ᠳᠤᠮᠳᠠᠳᠤ ᠤᠯᠤᠰ ᠤᠨ ᠡᠪ ᠬᠠᠮᠲᠦ ᠨᠠᠮ ᠦᠩᠭᠡᠷᠡᠭᠰᠡᠨ ᠲᠠᠢ ᠪᠠᠨ ᠠᠳᠠᠯᠢᠬᠠᠨ ᠢᠶᠠᠷ | ᠳᠡᠯᠡᠬᠡᠢ ᠶᠢᠨ ᠬᠠᠮᠲᠦ ᠶᠢᠨ ᠬᠦᠭᠵᠢᠯᠲᠠ ᠳᠤ ᠬᠤᠪᠢ ᠨᠡᠮᠡᠷᠢ ᠦᠵᠡᠭᠦᠯᠦᠨ᠎ᠠ᠃ ᠳᠤᠮᠳᠠᠳᠤ ᠤᠯᠤᠰ ᠤᠨ ᠡᠪ ᠬᠠᠮᠳᠤ | ᠨᠠᠮ ᠲᠡᠤᠬᠡᠨ ᠠᠴᠠ ᠪᠠᠨ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ᠂ ᠳᠤᠷᠠᠳᠠᠶ᠎ᠠ ᠳᠤᠮᠳᠠᠳᠤ | ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠳᠤᠷᠠᠳᠠᠶ᠎ᠠ ᠳᠡᠯᠡᠬᠡᠢ ᠶᠢᠨ ᠠᠷᠠᠳ | ᠲᠦᠮᠡᠨ ᠳᠤ ᠴᠤ ᠪᠤᠶᠠᠨ ᠦᠢᠯᠡᠳᠦᠨ᠎ᠠ᠃ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠪᠡᠯ᠂ 2020 ᠤᠨ ᠪᠤᠯᠬᠤ ᠦᠶ᠎ᠠ ᠪᠠᠷ ᠳᠤᠮᠳᠠᠳᠤ ᠤᠯᠤᠰ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠥ᠂ 2035 ᠤᠨ ᠪᠤᠯᠬᠤ ᠦᠶ᠎ᠠ ᠪᠠᠷ ᠨᠡᠶᠢᠭᠡᠮ ᠵᠢᠷᠤᠮ ᠤᠨ | ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠤ᠂ ᠲᠤᠰ ᠵᠠᠭᠤᠨ ᠤ ᠳᠤᠮᠳᠠᠴᠢ ᠦᠶ᠎ᠠ ᠪᠠᠷ ᠳᠤᠮᠳᠠᠳᠤ | ᠤᠯᠤᠰ ᠪᠠᠶᠠᠨ ᠬᠦᠴᠦᠷᠬᠡᠭ ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠨᠡᠶᠢᠭᠡᠮ | ᠵᠢᠷᠤᠮ ᠤᠨ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ᠃ ᠡᠨᠡ ᠨᠢ ᠳᠤᠮᠳᠠᠳᠤ | ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠳᠡᠯᠡᠬᠡᠢ ᠶᠢᠨ ᠠᠷᠠᠳ ᠲᠦᠮᠡᠨ ᠳᠤ ᠴᠤ | ᠪᠤᠶᠠᠨ ᠦᠢᠯᠡᠳᠬᠦ ᠪᠤᠯᠤᠨ᠎ᠠ᠃ ᠳᠡᠯᠡᠬᠡᠢ ᠶᠢᠨ ᠡᠯ᠎ᠠ ᠤᠯᠤᠰ ᠤᠨ ᠲᠦᠷᠦ ᠶᠢᠨ ᠨᠠᠮ ᠪᠢᠳᠡᠨ ᠲᠠᠢ ᠬᠠᠮᠲᠦᠪᠡᠷ᠂ | ᠳᠡᠯᠡᠬᠡᠢ ᠳ᠋ᠠᠬᠢᠨ ᠳᠤ ᠨᠡᠩ ᠤᠯᠠᠨ ᠬᠠᠮᠲᠤᠷᠠᠯᠴᠠᠭᠠᠨ ᠤ ᠠᠵᠠ ᠳᠤᠬᠢᠶᠠᠯ ᠡᠭᠦᠳᠦᠨ ᠦᠭᠴᠤ᠂ ᠳᠡᠯᠡᠬᠡᠢ ᠶᠢᠨ ᠡᠯ᠎ᠠ | ᠤᠯᠤᠰ ᠤᠨ ᠬᠠᠮᠲᠦ ᠶᠢᠨ ᠬᠦᠭᠵᠢᠯ ᠴᠡᠴᠡᠭᠯᠡᠯ ᠢ ᠴᠢᠷᠮᠠᠶᠢᠨ ᠠᠬᠢᠭᠤᠯᠬᠤ ᠶᠢ ᠰᠠᠨᠠᠭᠠᠴᠢᠯᠠᠵᠤ ᠪᠠᠶᠢᠨ᠎ᠠ᠃ | ᠭᠤᠷᠪᠠᠳᠤᠭᠠᠷ ᠲᠤ᠂ ᠳᠤᠮᠳᠠᠳᠤ ᠤᠯᠤᠰ ᠤᠨ ᠡᠪ ᠬᠠᠮᠲᠦ ᠨᠠᠮ ᠦᠩᠭᠡᠷᠡᠭᠰᠡᠨ ᠲᠠᠢ ᠪᠠᠨ ᠠᠳᠠᠯᠢᠬᠠᠨ ᠢᠶᠠᠷ | ᠳᠡᠯᠡᠬᠡᠢ ᠶᠢᠨ ᠪᠤᠯᠪᠠᠰᠤᠨ ᠤ ᠰᠤᠯᠢᠯᠴᠠᠭ᠎ᠠ ᠦᠷᠨᠢᠭᠦᠯᠵᠤ ᠬᠠᠷᠢᠯᠴᠠᠨ ᠲᠤᠯᠢᠳᠠᠬᠤ ᠳᠤ ᠬᠤᠪᠢ ᠨᠡᠮᠡᠷᠢ ᠦᠵᠡᠭᠦᠯᠦᠨ᠎ᠠ᠃ | ᠳᠤᠮᠳᠠᠳᠤ ᠤᠯᠤᠰ ᠤᠨ ᠡᠪ ᠬᠠᠮᠲᠦ ᠨᠠᠮ ᠲᠡᠤᠬᠡᠨ ᠠᠴᠠ ᠪᠠᠨ ᠳᠡᠯᠡᠬᠡᠢ ᠶᠢᠨ ᠬᠠᠷᠠᠭᠠᠰᠤ ᠶᠢ ᠪᠤᠢ ᠪᠤᠯᠭᠠᠨ | ᠳᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠤ ᠡᠭᠦᠳᠦᠨ ᠪᠦᠲᠦᠭᠡᠭᠰᠡᠡ ᠪᠤᠯᠪᠠᠰᠤᠨ ᠤ ᠦᠷ᠎ᠠ ᠪᠦᠲᠦᠭᠡᠯ ᠢ | ᠢᠳᠡᠪᠬᠢᠲᠠᠢ ᠪᠠᠷ ᠰᠤᠷᠤᠯᠴᠠᠨ ᠲᠤᠯᠢ ᠪᠤᠯᠭᠠᠬᠤ ᠶᠢ ᠴᠢᠬᠤᠯᠠᠴᠢᠯᠠᠭᠰᠠᠭᠠᠷ ᠢᠷᠡᠭᠰᠡᠡ ᠪᠦᠭᠡᠳ ᠳᠤᠮᠳᠠᠳᠤ ᠤᠯᠤᠰ ᠤᠨ | ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠯᠡᠪᠡ᠃ ᠳᠤᠮᠳᠠᠳᠤ ᠤᠯᠤᠰ ᠤᠨ ᠡᠪ ᠬᠠᠮᠲᠦ ᠨᠠᠮ ᠨᠡᠬᠡᠬᠡᠯᠳᠡᠳᠦ | ᠬᠠᠷᠠᠭᠠᠰᠤ᠂ ᠠᠭᠤᠲᠠᠮᠴᠢ ᠦᠷᠭᠡᠨ ᠬᠡᠭᠦᠳᠡᠭ ᠴᠡᠭᠡᠵᠢ ᠪᠠᠷ ᠳᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠤ | ᠡᠭᠦᠳᠦᠨ ᠪᠦᠲᠦᠭᠡᠭᠰᠡᠡ ᠪᠤᠯᠪᠠᠰᠤᠨ ᠳᠤ ᠬᠠᠨᠳᠤᠵᠤ᠂ ᠳᠤᠷᠠᠳᠠᠶ᠎ᠠ ᠳᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ | ᠪᠤᠯᠤᠨ ᠡᠯ᠎ᠠ ᠤᠯᠤᠰ ᠤᠨ ᠲᠦᠷᠦ ᠶᠢᠨ ᠨᠠᠮ ᠯᠤᠭ᠎ᠠ ᠶᠠᠷᠢᠯᠴᠠᠭ᠎ᠠ ᠪᠠ ᠰᠤᠯᠢᠯᠴᠠᠭ᠎ᠠ ᠬᠠᠮᠲᠤᠷᠠᠯᠴᠠᠭ᠎ᠠ ᠦᠷᠨᠢᠭᠦᠯᠵᠤ᠂ | ᠡᠯ᠎ᠠ ᠤᠯᠤᠰ ᠤᠨ ᠠᠷᠠᠳ ᠲᠦᠮᠡᠨ ᠤ ᠰᠤᠶᠤᠯ ᠢᠷᠭᠡᠨᠰᠢᠯ ᠤᠨ ᠶᠠᠪᠤᠯᠴᠠᠭ᠎ᠠ ᠪᠤᠯᠤᠨ ᠠᠷᠠᠳ ᠤᠨ ᠨᠦᠬᠦᠷᠰᠡᠭ | ᠬᠠᠷᠢᠯᠴᠠᠭ᠎ᠠ ᠪᠠᠨ ᠴᠢᠩᠭᠠᠳᠬᠠᠬᠤ ᠶᠢ ᠳᠡᠮᠵᠢᠨ᠎ᠠ᠃ ᠢᠷᠡᠭᠡᠳᠦᠢ ᠶᠢᠨ 5 ᠵᠢᠯ ᠳᠤ᠂ ᠳᠤᠮᠳᠠᠳᠤ ᠤᠯᠤᠰ ᠤᠨ ᠡᠪ | ᠬᠠᠮᠲᠦ ᠨᠠᠮ ᠳᠡᠯᠡᠬᠡᠢ ᠶᠢᠨ ᠡᠯ᠎ᠠ ᠤᠯᠤᠰ ᠤᠨ ᠲᠦᠷᠦ ᠶᠢᠨ ᠨᠠᠮ ᠳᠤ 1.5 ᠲᠦᠮᠡᠨ ᠬᠦᠮᠦᠨ ᠳᠤᠮᠳᠠᠳᠤ ᠤᠯᠤᠰ ᠲᠤ | ᠢᠷᠡᠵᠤ ᠰᠤᠷᠤᠯᠴᠠᠬᠤ ᠳᠤᠬᠢᠶᠠᠯ ᠬᠠᠩᠭᠠᠨ᠎ᠠ᠃ ᠳᠤᠮᠳᠠᠳᠤ ᠤᠯᠤᠰ ᠤᠨ ᠡᠪ ᠬᠠᠮᠲᠦ ᠨᠠᠮ ᠪᠤᠯᠤᠨ ᠳᠡᠯᠡᠬᠡᠢ ᠶᠢᠨ | ᠲᠦᠷᠦ ᠶᠢᠨ ᠨᠠᠮ ᠯᠤᠭ᠎ᠠ ᠶᠢᠨ ᠳᠡᠭᠡᠳᠦ ᠳᠡᠰ ᠤᠨ ᠶᠠᠷᠢᠯᠴᠠᠭ᠎ᠠ ᠶᠢᠨ ᠬᠤᠷᠠᠯ ᠢ ᠲᠤᠭᠳᠠᠴᠠ ᠶᠢᠨ ᠮᠠᠶ᠋ᠢᠭ ᠲᠠᠢ | ᠪᠤᠯᠭᠠᠵᠤ᠂ ᠦᠷᠭᠡᠨ ᠳᠡᠯᠭᠡᠷ ᠲᠦᠯᠦᠭᠡᠯᠡᠬᠦ ᠴᠢᠨᠠᠷᠲᠠᠢ ᠪᠠ ᠤᠯᠠᠨ ᠤᠯᠤᠰ ᠲᠤ ᠨᠦᠯᠦᠭᠡᠯᠡᠬᠦ ᠬᠦᠴᠦᠨ ᠲᠠᠢ ᠳᠡᠭᠡᠳᠦ | ᠳᠡᠰ ᠤᠨ ᠤᠯᠤᠰ ᠲᠦᠷᠦ ᠶᠢᠨ ᠶᠠᠷᠢᠯᠴᠠᠭᠠᠨ ᠤ ᠲᠠᠪᠴᠠᠩ ᠪᠤᠯᠭᠠᠬᠤ ᠶᠢ ᠰᠠᠨᠠᠭᠠᠴᠢᠯᠠᠵᠤ ᠪᠠᠶᠢᠨ᠎ᠠ ᠭᠡᠪᠡ᠃ | ᠰᠢ ᠶᠢᠨ ᠫᠢᠩ᠂ ᠢᠷᠡᠭᠡᠳᠦᠢ ᠳᠤ ᠬᠠᠨᠳᠤᠵᠥ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ | ᠳᠡᠯᠡᠬᠡᠢ ᠶᠢᠨ ᠡᠯ᠎ᠡ ᠤᠯᠤᠰ ᠤᠨ ᠲᠦᠷᠦ ᠶᠢᠨ ᠨᠠᠮ ᠲᠠᠢ ᠶᠠᠪᠤᠯᠴᠠᠭ᠎ᠠ ᠪᠠᠨ ᠴᠢᠩᠭᠠᠳᠬᠠᠵᠤ᠂ ᠨᠠᠮ ᠢ ᠵᠠᠰᠠᠬᠤ | ᠲᠦᠷᠦ ᠶᠢ ᠵᠠᠰᠠᠬᠤ ᠲᠤᠷᠰᠢᠯᠭ᠎ᠠ ᠪᠠᠨ ᠬᠤᠪᠢᠶᠠᠯᠴᠠᠵᠤ᠂ ᠪᠤᠯᠪᠠᠰᠤᠨ ᠤ ᠰᠤᠯᠢᠯᠴᠠᠭ᠎ᠠ ᠶᠠᠷᠢᠯᠴᠠᠭ᠎ᠠ ᠦᠷᠨᠢᠭᠦᠯᠵᠦ᠂ | ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠤ ᠶᠢ ᠭᠠᠷ | ᠬᠤᠯᠪᠤᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠡᠬᠢᠯᠡᠯᠳᠡ ᠶᠢᠨ ᠶᠤᠰᠤᠯᠠᠯ ᠠᠴᠠ ᠡᠮᠦᠨ᠎ᠡ᠂ ᠰᠢ ᠶᠢᠨ ᠫᠢᠩ ᠭᠠᠳᠠᠭᠠᠳᠤ ᠶᠢᠨ ᠭᠤᠤᠯ ᠪᠤᠯᠬᠤ ᠬᠦᠨᠳᠤᠳᠤ | ᠵᠤᠴᠢᠳ ᠲᠠᠢ ᠭᠠᠷ ᠠᠳᠬᠤᠯᠴᠠᠵᠤ᠂ ᠬᠠᠮᠳᠤ ᠭᠡᠷᠡᠯ ᠵᠢᠷᠤᠬ ᠲᠠᠳᠠᠭᠤᠯᠪᠠ᠃ | ᠡᠬᠢᠯᠡᠯᠳᠡ ᠶᠢᠨ ᠶᠤᠰᠤᠯᠠᠯ ᠤᠨ ᠳᠠᠷᠠᠭ᠎ᠠ᠂ ᠳᠡᠭᠡᠳᠦ ᠲᠡᠰ ᠤᠨ ᠶᠠᠷᠢᠯᠴᠠᠭ᠎ᠠ ᠶᠢᠨ ᠬᠤᠷᠠᠯ ᠤᠨ ᠨᠢᠭᠡᠳᠦᠭᠡᠷ | ᠤᠳᠠᠭᠠᠨ ᠤ ᠪᠦᠭᠦᠳᠡ ᠬᠤᠷᠠᠯ ᠢ ᠬᠤᠷᠠᠯᠳᠤᠭᠤᠯᠪᠠ᠃ | ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ ᠪᠦᠭᠡᠳ ᠵᠠᠰᠠᠬ ᠤᠨ ᠤᠷᠳᠤᠨ ᠤ ᠲᠡᠷᠢᠭᠦᠨ ᠰᠠᠶᠢᠳ | ᠬᠤᠩᠰᠧᠨ᠂ ᠪᠢᠷᠮᠠ ᠶᠢᠨ ᠲᠦᠷᠦ ᠶᠢᠨ ᠶᠠᠪᠤᠳᠠᠯ ᠤᠨ ᠵᠦᠪᠳᠡᠭᠴᠢ ᠠᠩᠱᠠᠨᠰᠦ᠋ᠵᠢ᠂ ᠤᠷᠤᠰ ᠤᠨ ᠨᠢᠭᠡᠳᠦᠭᠰᠡᠨ | ᠤᠷᠤᠰ ᠨᠠᠮ ᠤᠨ ᠶᠡᠷᠦᠩᠬᠡᠢ ᠬᠤᠷᠢᠶᠠᠨ ᠤ ᠲᠡᠷᠢᠭᠦᠯᠡᠭᠴᠢᠳ ᠤᠨ ᠪᠦᠯᠬᠦᠮ ᠤᠨ ᠳᠡᠳ᠋ ᠱᠦᠵᠢ ᠷᠧᠯᠢᠶᠧᠼᠢᠨᠢᠶᠠᠺ᠂ | ᠠᠮᠧᠷᠢᠺᠠ ᠶᠢᠨ ᠪᠦᠭᠦᠳᠡ ᠨᠠᠶᠢᠷᠠᠮᠳᠠᠬᠤ ᠨᠠᠮ ᠤᠨ ᠪᠦᠬᠦ ᠤᠯᠤᠰ ᠤᠨ ᠬᠤᠷᠢᠶᠠᠨ ᠤ ᠡᠳ᠋ ᠤᠨ ᠵᠠᠰᠠᠭ ᠤᠨ ᠠᠵᠢᠯᠳᠠᠨ | ᠠᠨᠲ᠋ᠤᠨᠢ · ᠫᠠᠷᠺ᠂ ᠡᠸ᠋ᠽᠢᠤᠫᠢᠶ᠎ᠠ ᠶᠢᠨ ᠠᠷᠠᠳ ᠤᠨ ᠬᠤᠪᠢᠰᠬᠠᠯᠲᠤ ᠠᠷᠠᠳᠴᠢᠯᠠᠬᠰᠠᠨ ᠹᠷᠤᠨᠲ ᠤᠨ ᠳᠡᠳ᠋ | ᠲᠡᠷᠢᠭᠦᠯᠡᠭᠴᠢ᠂ ᠵᠠᠰᠠᠭ ᠤᠨ ᠤᠷᠳᠤᠨ ᠤ ᠳᠡᠳ᠋ ᠶᠡᠷᠦᠩᠬᠡᠢ ᠰᠠᠶᠢᠳ ᠳ᠋ᠧᠮᠸᠢᠺ ᠪᠦᠭᠦᠳᠡ ᠬᠤᠷᠠᠯ ᠳᠡᠭᠡᠷ᠎ᠡ ᠲᠤᠰ ᠪᠦᠷᠢ | ᠶᠠᠷᠢᠶ᠎ᠠ ᠲᠠᠯᠪᠢᠵᠤ᠂ ᠰᠢ ᠶᠢᠨ ᠫᠢᠩ ᠤᠨ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ | ᠪᠠᠶᠢᠭᠤᠯᠬᠤ᠂ ᠭᠠᠷ ᠬᠤᠯᠪᠤᠨ ᠨᠡᠩ ᠰᠠᠶᠢᠨ ᠰᠠᠶᠢᠬᠠᠨ ᠳᠡᠯᠡᠬᠡᠢ ᠶᠢ ᠪᠦᠲᠦᠭᠡᠨ ᠪᠠᠶᠢᠭᠤᠯᠬᠤ ᠲᠤᠬᠠᠢ ᠵᠤᠷᠢᠯᠲᠠ ᠶᠢ | ᠳᠡᠭᠡᠳᠦ ᠬᠡᠮᠵᠢᠶ᠎ᠡ ᠪᠠᠷ ᠦᠨᠡᠯᠡᠵᠦ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠠᠮᠲᠤᠪᠡᠷ᠂ ᠤᠷᠲᠤ | ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ᠂ ᠬᠠᠮᠲᠤᠪᠡᠷ ᠴᠡᠴᠡᠭᠯᠡᠨ ᠬᠦᠭᠵᠢᠭᠰᠡᠨ᠂ | ᠨᠡᠭᠡᠭᠡᠯᠲᠡᠲᠠᠢ ᠪᠠᠭᠲᠠᠭᠠᠮᠵᠢᠲᠠᠢ᠂ ᠴᠡᠪᠡᠷ ᠴᠢᠭᠡᠴᠢ ᠰᠠᠶᠢᠨ ᠰᠠᠶᠢᠬᠠᠨ ᠳᠡᠯᠡᠬᠡᠢ ᠶᠢᠷᠲᠢᠨᠴᠤ ᠶᠢ ᠬᠠᠮᠲᠤᠪᠡᠷ ᠪᠦᠲᠦᠭᠡᠨ | ᠪᠠᠶᠢᠭᠤᠯᠤᠨ᠎ᠠ ᠭᠡᠵᠦ ᠢᠯᠡᠳᠬᠡᠪᠡ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠪ ᠤᠨ | ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠡᠬᠢᠯᠡᠯᠳᠡ ᠶᠢᠨ ᠶᠤᠰᠤᠯᠠᠯ ᠵᠢᠴᠢ ᠨᠢᠭᠡᠳᠦᠭᠡᠷ ᠪᠦᠭᠦᠳᠡ | ᠬᠤᠷᠠᠯ ᠳᠤ ᠤᠷᠤᠯᠴᠠᠪᠠ᠃ ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠶᠠᠩ ᠰᠢᠶᠤᠤ ᠳ᠋ᠦ᠋᠂ ᠴᠧᠨ ᠰᠢ᠂ | ᠬᠤᠸᠠᠩ ᠺᠦᠨ ᠮᠢᠩ᠂ ᠼᠠᠢ ᠴᠢ ᠨᠠᠷ ᠬᠤᠯᠪᠤᠬᠳᠠᠯ ᠪᠦᠬᠦᠢ ᠠᠵᠢᠯᠯᠠᠭ᠎ᠠ ᠳᠤ ᠤᠷᠤᠯᠴᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠪᠤᠯᠤᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ | ᠶᠠᠷᠢᠯᠴᠠᠭ᠎ᠠ ᠶᠢᠨ ᠬᠤᠷᠠᠯ ᠨᠢ ︽ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ | ᠪᠠᠶᠢᠭᠤᠯᠵᠤ᠂ ᠰᠠᠶᠢᠨ ᠰᠠᠶᠢᠬᠠᠨ ᠳᠡᠯᠡᠬᠡᠢ ᠶᠢᠷᠲᠢᠨᠴᠤ ᠶᠢ ᠬᠠᠮᠲᠤᠪᠡᠷ ᠪᠦᠲᠦᠭᠡᠨ ᠪᠠᠶᠢᠭᠤᠯᠤᠶ᠎ᠠ᠄ ᠲᠦᠷᠦ ᠶᠢᠨ | ᠨᠠᠮ ᠤᠨ ᠬᠠᠷᠢᠭᠤᠴᠠᠯᠭ᠎ᠠ︾ ᠭᠡᠳᠡᠭ ᠢᠶᠠᠷ ᠭᠤᠤᠯ ᠰᠡᠳᠦᠪ ᠪᠤᠯᠭᠠᠵᠤ᠂ 120 ᠭᠠᠷᠤᠢ ᠤᠯᠤᠰ ᠤᠨ 300 ᠰᠢᠬᠠᠮ | ᠲᠦᠷᠦ ᠶᠢᠨ ᠨᠠᠮ ᠪᠠ ᠤᠯᠤᠰ ᠲᠦᠷᠦ ᠶᠢᠨ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠮᠦᠰ ᠨᠡᠶᠢᠲᠡ 600 | ᠭᠠᠷᠤᠢ ᠳᠤᠮᠳᠠᠳᠤ ᠭᠠᠳᠠᠭᠠᠳᠤ ᠶᠢᠨ ᠲᠦᠯᠦᠭᠡᠯᠡᠭᠴᠢ ᠬᠤᠷᠠᠯ ᠳᠤ ᠤᠷᠤᠯᠴᠠᠪᠠ᠃ | | |