ᠹᠧᠩ ᠱᠦᠢ ᠭᠸᠥ ᠪᠠᠯᠭᠠᠰᠤ
ᠨᠡᠶᠢᠲᠡᠯᠡᠭᠰᠡᠨ ᠴᠠᠭ᠄
2017/9/12
    ᠹᠧᠩ ᠱᠦᠢ ᠭᠸᠥ ᠪᠠᠯᠭᠠᠰᠤ ᠨᠢ ᠶᠤᠸᠠᠨ ᠪᠣᠤ ᠱᠠᠨ ᠲᠣᠭᠤᠷᠢᠭ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠂ ᠵᠡᠭᠦᠨ ᠪᠡᠶ᠎ᠡ ᠪᠠᠷ ᠢᠶᠠᠨ ᠰᠥᠩᠱᠠᠨ ᠲᠣᠭᠤᠷᠢᠭ ᠤᠨ ᠲᠠᠢ ᠫᠢᠩ ᠳ᠋ᠢ ᠪᠠᠯᠭᠠᠰᠤ ᠲᠠᠢ ᠵᠠᠯᠭᠠᠯᠳᠤᠨ᠂ ᠪᠠᠷᠠᠭᠤᠨ ᠲᠠᠯ᠎ᠠ ᠪᠠᠷ ᠢᠶᠠᠨ ᠶᠤᠸᠠᠨ ᠪᠣᠤ ᠱᠠᠨ ᠪᠠᠯᠭᠠᠰᠤ ᠲᠠᠢ ᠢᠩᠭᠡ ᠶᠢᠨ ᠭᠤᠣᠯ ᠢᠶᠠᠷ ᠵᠠᠭᠠᠭᠯᠠᠵᠤ᠂ ᠤᠮᠠᠷ᠎ᠠ ᠵᠠᠬ᠎ᠠ ᠳᠤ ᠰᠦᠩᠱᠠᠨ ᠲᠣᠭᠤᠷᠢᠭ ᠤᠨ ᠠᠩᠴᠢᠠᠭᠤᠤ ᠪᠠᠯᠭᠠᠰᠤ ᠲᠠᠢ ᠬᠥᠷᠰᠢᠯᠡᠨ᠂ ᠡᠮᠦᠨᠡᠭᠦᠷ ᠢᠶᠠᠨ ᠯᠢᠶᠣᠤᠨᠢᠩ ᠮᠤᠵᠢ ᠶᠢᠨ ᠵᠢᠶᠠᠨᠫᠢᠩ ᠰᠢᠶᠠᠨ ᠲᠠᠢ ᠭᠤᠣᠯ ᠠᠯᠤᠰᠯᠠᠨ ᠨᠢᠭᠤᠷᠯᠠᠵᠤ ᠪᠠᠶᠢᠳᠠᠭ᠃ ᠳᠠᠯᠠᠢ ᠶᠢᠨ ᠲᠦᠪᠰᠢᠨ ᠠᠴᠠ ᠳᠡᠭᠡᠭᠰᠢ 470  — 500  ᠮᠧᠲᠷ ᠤᠨ ᠬᠤᠭᠤᠷᠣᠨᠳᠤ ᠪᠣᠢ᠃     ᠪᠦᠬᠦ ᠪᠠᠯᠭᠠᠰᠤ ᠶᠢᠨ ᠶᠡᠷᠦᠩᠬᠡᠢ ᠭᠠᠵᠠᠷ ᠰᠢᠷᠣᠢ ᠶᠢᠨ ᠲᠠᠯᠠᠪᠠᠢ 128.6 ᠲᠡᠭᠰᠢ ᠳᠥᠷᠪᠡᠯᠵᠢᠨ ᠺᠢᠯᠣᠮᠧᠲᠷ᠂ ᠲᠠᠷᠢᠶᠠᠨ ᠭᠠᠵᠠᠷ ᠤᠨ ᠲᠠᠯᠠᠪᠠᠢ 41856 ᠮᠤ᠋ ᠪᠠᠶᠢᠳᠠᠭ᠃ ᠪᠠᠯᠭᠠᠰᠤ ᠶᠢᠨ ᠬᠠᠷᠢᠶᠠᠨ ᠳᠤ 7 ᠲᠣᠰᠬᠤᠨ ᠤ ᠵᠥᠪᠯᠡᠯ᠂ 4 ᠰᠠᠭᠤᠭᠠᠯᠢ ᠠᠷᠠᠳ ᠤᠨ ᠵᠥᠪᠯᠡᠯ᠂ 35 ᠲᠣᠰᠬᠤᠨ ᠤ  ᠪᠠᠭ᠎ᠠ ᠳᠤᠭᠤᠶᠢᠯᠠᠩ ᠲᠠᠢ᠂ 6268 ᠡᠷᠦᠬᠡ᠂ 19631 ᠬᠥᠮᠥᠨ ᠠᠮᠠ ᠲᠠᠢ ᠪᠠᠶᠢᠵᠤ᠂ ᠡᠭᠦᠨ ᠤ ᠳᠣᠲᠣᠷ᠎ᠠ ᠲᠠᠷᠢᠶᠠᠯᠠᠩ ᠤᠨ ᠪᠤᠰᠤ ᠡᠷᠦᠬᠡ ᠠᠮᠠ ᠲᠠᠢ ᠨᠢ 6595 ᠬᠥᠮᠥᠨ ᠪᠣᠢ᠃ ᠠᠭᠤᠷᠬᠠᠢ ᠶᠢᠨ ᠲᠣᠭᠤᠷᠢᠭ ᠲᠤ 1831 ᠡᠷᠦᠬᠡ᠂ 5367 ᠬᠥᠮᠥᠨ ᠠᠮᠠ ᠲᠠᠢ᠂ ᠶᠡᠷᠦᠩᠬᠡᠢ ᠲᠠᠯᠠᠪᠠᠢ 2 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠤᠣᠯ ᠵᠡᠭᠡᠯᠢ 1 ᠵᠤᠷᠪᠤᠰ᠂ ᠪᠠᠷᠤᠭ 1 ᠺᠢᠯᠣᠮᠧᠲᠷ ᠪᠠᠶᠢᠳᠠᠭ᠃     1984 ᠣᠨ ᠤ 3 ᠰᠠᠷ᠎ᠠ ᠳᠤ᠂  ᠤᠤᠯ ᠤᠨ ᠰᠢᠩ ᠯᠦᠩ ᠫᠥᠸᠧ ᠲᠣᠰᠬᠤᠨ ᠤ ᠰᠠᠭᠤᠷᠢᠨ ᠳᠡᠭᠡᠷ᠎ᠡ ᠶᠤᠸᠠᠨ ᠪᠣᠤ ᠱᠠᠨ ᠲᠣᠭᠤᠷᠢᠭ ᠤᠨ ᠰᠢᠩ ᠯᠦᠩ ᠫᠥᠸᠧ ᠰᠢᠶᠠᠩ ᠢ ᠪᠠᠶᠢᠭᠤᠯᠪᠠ᠃ 1986 ᠣᠨ ᠤ 8 ᠰᠠᠷ᠎ᠠ ᠶᠢᠨ 25᠎ ᠤ ᠡᠳᠦᠷ᠂ ᠰᠢᠩ ᠯᠦᠩ ᠫᠥᠸᠧ ᠲᠣᠰᠬᠤᠨ ᠠᠴᠠ ᠵᠤᠸᠠᠩ ᠲᠸᠦ ᠶᠢᠩᠽᠢ ᠲᠣᠰᠬᠤᠨ ᠰᠠᠯᠪᠤᠷᠢᠯᠠᠨ ᠭᠠᠷᠴᠤ᠂ ᠹᠧᠩ ᠱᠦᠢ ᠭᠸᠥ ᠲᠣᠰᠬᠤᠨ ᠠᠴᠠ ᠵᠠᠨ ᠵᠢᠶᠠ ᠸᠧ ᠫᠦ᠋ ᠲᠣᠰᠬᠤᠨ ᠰᠠᠯᠪᠤᠷᠢᠯᠠᠨ ᠭᠠᠷᠴᠠᠢ᠃ 1987 ᠣᠨ ᠤ 7 ᠰᠠᠷ᠎ᠠ ᠶᠢᠨ 22᠎ ᠤ ᠡᠳᠦᠷ᠂ ᠰᠢᠩ ᠯᠦᠩ ᠫᠥᠸᠧ ᠰᠢᠶᠠᠩ ᠬᠢᠭᠡᠳ ᠹᠧᠩ ᠱᠦᠢ ᠭᠸᠥ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠨᠢᠭᠡᠳᠬᠡᠨ ᠹᠧᠩ ᠱᠦᠢ ᠭᠸᠥ ᠪᠠᠯᠭᠠᠰᠤ ᠪᠣᠯᠭᠠᠪᠠ᠃     ᠪᠡᠭᠡᠵᠢᠩ ᠠᠴᠠ ᠲᠦᠩᠯᠢᠶᠣᠣ ᠬᠦᠷᠬᠦ ᠤᠯᠤᠰ ᠤᠨ ᠲᠡᠮᠦᠷ ᠵᠠᠮ ᠲᠣᠰ ᠪᠠᠯᠭᠠᠰᠤ ᠶᠢᠨ ᠰᠢᠶᠠ ᠺᠠᠨ ᠽᠢ᠂ ᠵᠠᠨ ᠵᠢᠶᠠ ᠸᠧ ᠫᠦ᠋᠂ ᠵᠤᠸᠠᠩ ᠲᠸᠦ ᠶᠢᠩᠽᠢ᠂ ᠬᠠᠷᠠᠮᠣᠳᠣ᠂ ᠳ᠋ᠠ ᠪᠧᠢ ᠬᠠᠢ ᠵᠡᠷᠭᠡ 5 ᠲᠣᠰᠬᠤᠨ ᠢᠶᠠᠷ ᠥᠩᠭᠡᠷᠡᠵᠦ ᠪᠠᠶᠢᠳᠠᠭ᠃ 1975 ᠣᠨ ᠳᠤ᠂ ᠬᠠᠷᠠᠮᠣᠳᠣ ᠲᠣᠰᠬᠤᠨ ᠳᠤ 1462 ᠮᠧᠲᠷ ᠤᠷᠲᠤ᠂ ᠯᠣᠤ ᠬᠠ ᠭᠤᠣᠯ ᠤᠨ ᠡᠮᠦᠨ᠎ᠡ ᠤᠮᠠᠷ᠎ᠠ ᠶᠢ ᠰᠤᠨᠳᠠᠯᠠᠭᠰᠠᠨ ᠬᠤᠶᠠᠳᠤᠭᠠᠷ ᠳᠡᠰ ᠤᠨ ᠲᠡᠮᠦᠷ ᠵᠠᠮ ᠤᠨ ᠶᠡᠭᠡ ᠬᠥᠭᠦᠷᠭᠡ ᠶᠢ ᠪᠠᠶᠢᠭᠤᠯᠵᠤ᠂ ᠨᠢᠭᠡ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠰᠠᠬᠢᠨ ᠬᠠᠮᠠᠭᠠᠯᠠᠵᠤ ᠪᠣᠢ᠃ ᠪᠠᠯᠭᠠᠰᠤ ᠶᠢᠨ ᠬᠢᠯᠢ ᠳᠠᠬᠢ ᠰᠢᠶᠠᠩ ᠳᠡᠰ ᠤᠨ ᠵᠠᠰᠠᠮᠠᠯ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠨ᠂ ᠤᠯᠠᠭᠠᠨᠬᠠᠳᠠ ᠠᠴᠠ ᠶᠤᠸᠠᠨ ᠪᠣᠤ ᠱᠠᠨ ᠬᠦᠷᠬᠦ᠂ ᠤᠯᠠᠭᠠᠨᠬᠠᠳᠠ ᠠᠴᠠ ᠴᠣᠣᠶᠠᠩ ᠬᠦᠷᠬᠦ ᠵᠠᠰᠠᠮᠠᠯ ᠵᠠᠮ ᠪᠠ 111 ᠤᠯᠤᠰ ᠤᠨ ᠵᠠᠮ ᠲᠠᠢ ᠨᠡᠪᠲᠡᠷᠡᠵᠦ ᠪᠠᠶᠢᠳᠠᠭ᠃ ᠮᠡᠳᠡᠭᠡ ᠬᠠᠷᠢᠯᠴᠠᠭᠠᠨ ᠤ ᠲᠣᠣᠷ ᠲᠡᠭᠦᠯᠳᠡᠷᠵᠢᠵᠦ᠂ ᠷᠠᠳᠢᠤ᠋᠂ ᠲᠧᠯᠸᠢᠰ ᠨᠡᠪᠲᠡᠷᠡᠭᠦᠯᠭᠡ ᠴᠥᠮ ᠰᠦᠯᠵᠢᠶᠡᠨ ᠳᠤ ᠨᠡᠪᠲᠡᠷᠡᠨ᠂ ᠡᠵᠡᠮᠰᠢᠯᠲᠦ ᠤᠲᠠᠰᠤ ᠲᠣᠰᠬᠤᠨ ᠤ ᠡᠷᠦᠬᠡ ᠳᠤ ᠲᠦᠭᠡᠮᠡᠯᠵᠢᠪᠡ᠃     ᠰᠢᠶᠠᠩ ᠪᠠᠯᠭᠠᠰᠤᠨ ᠤ ᠠᠵᠤ ᠠᠬᠤᠶᠢᠯᠠᠯ ᠨᠡᠭᠦᠷᠡᠰᠦᠨ ᠦᠢᠯᠡᠰ ᠢᠶᠠᠷ ᠲᠣᠯᠣᠭᠠᠶᠢᠯᠠᠭᠤᠯᠤᠨ᠂ ᠪᠠᠷᠢᠯᠭ᠎ᠠ ᠶᠢᠨ ᠦᠢᠯᠡᠰ᠂ ᠵᠠᠮ ᠲᠡᠭᠡᠭᠡᠪᠦᠷᠢ᠂ ᠮᠠᠰᠢᠨ ᠲᠣᠨᠤᠭ ᠤᠨ ᠦᠢᠯᠡᠳᠪᠦᠷᠢᠯᠡᠯ᠂ ᠮᠣᠳᠣᠨ ᠮᠠᠲ᠋ᠧᠷᠢᠶᠠᠯ ᠤᠨ ᠪᠣᠯᠪᠠᠰᠤᠷᠠᠭᠤᠯᠤᠯᠲᠠ᠂ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ᠂ ᠦᠢᠯᠡᠴᠢᠯᠡᠭᠡᠨ ᠤ ᠦᠢᠯᠡᠰ ᠲᠣᠭᠲᠠᠭᠤᠨ ᠬᠥᠭᠵᠢᠯᠲᠡ ᠲᠠᠢ᠃ ᠪᠠᠯᠭᠠᠰᠤᠨ ᠳᠤ ᠫᠢᠩᠵᠤᠸᠠᠩ ᠤᠨ ᠨᠡᠭᠦᠷᠡᠰᠦᠨ ᠦᠢᠯᠡᠰ ᠤᠨ ᠪᠦᠯᠦᠭᠯᠡᠯ ᠤᠨ ᠹᠧᠩ ᠱᠦᠢ ᠭᠸᠥ ᠨᠡᠭᠦᠷᠡᠰᠦᠨ ᠠᠭᠤᠷᠬᠠᠢ᠂ ᠯᠣᠤ ᠭᠦᠩ ᠶᠢᠩᠽᠢ ᠨᠡᠭᠦᠷᠡᠰᠦᠨ ᠠᠭᠤᠷᠬᠠᠢ᠂ ᠰᠦᠩᠱᠠᠨ ᠲᠣᠭᠤᠷᠢᠭ ᠤᠨ ᠳ᠋ᠠ ᠹᠧᠩ ᠱᠦᠢ ᠭᠸᠥ ᠨᠡᠭᠦᠷᠡᠰᠦᠨ ᠠᠭᠤᠷᠬᠠᠢ᠂ ᠠᠩᠴᠢᠠᠭᠤᠤ ᠨᠡᠭᠦᠷᠡᠰᠦᠨ ᠠᠭᠤᠷᠬᠠᠢ ᠪᠠ 3 ᠪᠠᠯᠭᠠᠰᠤ ᠳᠡᠰ ᠤᠨ ᠨᠡᠭᠦᠷᠡᠰᠦᠨ ᠠᠭᠤᠷᠬᠠᠢ ᠲᠠᠢ᠃     ᠪᠠᠯᠭᠠᠰᠤᠨ ᠤ ᠭᠠᠵᠠᠷ ᠤᠨ ᠪᠠᠶᠢᠷᠢᠯᠠᠯ ᠨᠢ ᠯᠤᠣ ᠬᠠ ᠭᠤᠣᠯ ᠪᠠ ᠢᠩᠭᠡ ᠶᠢᠨ ᠭᠤᠣᠯ ᠤᠨ ᠤᠷᠤᠰᠬᠠᠯ ᠨᠡᠶᠢᠯᠡᠭᠰᠡᠨ ᠭᠤᠷᠪᠠᠯᠵᠢᠨ ᠬᠡᠰᠡᠭ ᠲᠤ ᠣᠷᠣᠰᠢᠵᠤ᠂ ᠭᠠᠵᠠᠷ ᠰᠢᠷᠣᠢ ᠥᠩᠭᠡ ᠰᠢᠮᠡᠯᠢᠭ᠂ ᠠᠭᠠᠷ ᠤᠨ ᠳᠤᠯᠠᠭᠠᠨ ᠲᠣᠬᠢᠷᠠᠮᠵᠢᠲᠠᠢ ᠪᠠᠶᠢᠵᠤ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠳᠤ ᠤᠯᠠᠨ ᠠᠴᠠ ᠳᠠᠪᠠᠭᠤᠯᠢᠭ ᠪᠠᠶᠢᠭᠠᠯᠢ ᠶᠢᠨ ᠨᠥᠬᠦᠴᠡᠯ ᠲᠠᠢ᠃ ᠪᠦᠬᠦ ᠪᠠᠯᠭᠠᠰᠤᠨ ᠳᠤ 5 ᠰᠠᠭᠠᠯᠢ ᠶᠢᠨ ᠦᠨᠢᠶ᠎ᠡ ᠲᠡᠵᠢᠭᠡᠬᠦ  ᠪᠠᠭ᠎ᠠ ᠲᠣᠭᠤᠷᠢᠭ᠂ 3600 ᠰᠠᠭᠠᠯᠢ ᠶᠢᠨ ᠦᠨᠢᠶ᠎ᠡ ᠲᠠᠢ᠂ ᠵᠢᠯ ᠤᠨ 65 ᠲᠦᠮᠡᠨ ᠮᠢᠬᠠᠨ ᠲᠠᠬᠢᠶ᠎ᠠ ᠶᠢᠨ ᠶᠡᠷᠦᠩᠬᠡᠢ ᠪᠣᠷᠣᠯᠠᠭᠤᠯᠭ᠎ᠠ ᠪᠦᠬᠦᠢ ᠲᠡᠵᠢᠭᠡᠨ ᠦᠷᠡᠵᠢᠭᠦᠯᠬᠦ  ᠪᠠᠭ᠎ᠠ ᠲᠣᠭᠤᠷᠢᠭ 6 ᠪᠤᠢ᠂ 3000 ᠮᠤ᠋ ᠨᠠᠪᠴᠢᠨ ᠲᠠᠮᠠᠬᠢ ᠶᠢᠨ ᠲᠠᠷᠢᠮᠠᠯ ᠤᠨ ᠲᠠᠯᠠᠪᠠᠢ᠂ 2000 ᠮᠤ᠋ ᠲᠠᠷᠪᠤᠰ ᠤᠨ ᠲᠠᠷᠢᠮᠠᠯ ᠤᠨ ᠲᠠᠯᠠᠪᠠᠢ ᠲᠠᠢ ᠪᠠᠶᠢᠵᠤ᠂ ︽ᠰᠢᠩ ᠯᠦᠩ ᠫᠦᠸᠧ ᠲᠠᠷᠪᠤᠰ︾ ᠎ ᠨᠢ ᠶᠤᠸᠠᠨ ᠪᠣᠤ ᠱᠠᠨ ᠤ ᠨᠡᠷᠡᠲᠦ ᠲᠡᠮᠳᠡᠭ ᠪᠣᠯᠣᠭᠰᠠᠨ ᠪᠠᠶᠢᠨ᠎ᠠ᠃ ᠰᠢᠭᠤᠶᠢᠲᠤ ᠭᠠᠵᠠᠷ ᠤᠨ ᠲᠠᠯᠠᠪᠠᠢ 69984 ᠮᠤ᠋᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 36 %᠎ ᠳᠤ ᠬᠦᠷᠴᠦ᠂ ᠲᠠᠷᠢᠮᠠᠯ᠂ ᠮᠠᠯ ᠲᠡᠵᠢᠭᠡᠪᠦᠷᠢ᠂ ᠣᠶᠢᠵᠢᠭᠤᠯᠤᠯᠲᠠ᠂ ᠵᠤᠭᠠᠴᠠᠯ ᠢ ᠨᠢᠭᠡ   ᠴᠣᠭᠴᠠᠵᠢᠭᠤᠯᠵᠤ ᠪᠠᠶᠢᠭᠤᠯᠤᠭᠰᠠᠨ ᠮᠤ᠋ ᠯᠠᠨ ᠱᠠᠨ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠬᠦᠷᠢᠶᠡᠯᠡᠩ ᠲᠣᠭᠤᠷᠢᠭ ᠲᠠᠢ᠃     ᠪᠠᠯᠭᠠᠰᠤ ᠲᠣᠰᠬᠤᠨ ᠳᠤ ᠴᠥᠮ ᠪᠠᠷᠢᠮᠵᠢᠶᠠᠵᠢᠭᠰᠠᠨ ᠰᠣᠶᠣᠯ ᠤᠨ ᠦᠷᠦᠭᠡ ᠪᠠ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠥᠵᠢᠯ᠂ ᠰᠣᠶᠣᠯ ᠲᠠᠮᠢᠷ᠂ ᠡᠷᠡᠭᠦᠯ ᠬᠠᠮᠠᠭᠠᠯᠠᠯ ᠤᠨ ᠦᠢᠯᠡᠰ ᠲᠣᠭᠲᠠᠭᠤᠨ ᠢᠶᠠᠷ ᠬᠥᠭᠵᠢᠵᠦ  ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1