ᠫᠢᠩᠵᠤᠸᠠᠩ ᠪᠠᠯᠭᠠᠰᠤ
ᠨᠡᠶᠢᠲᠡᠯᠡᠭᠰᠡᠨ ᠴᠠᠭ᠄
2017/9/12
                                                ᠫᠢᠩᠵᠤᠸᠠᠩ ᠪᠠᠯᠭᠠᠰᠤ ᠨᠢ ᠶᠤᠸᠠᠨ ᠪᠤᠤ ᠱᠠᠨ ᠲᠤᠭᠤᠷᠢᠭ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠰᠢᠵᠤ᠂ ᠵᠡᠬᠦᠨᠰᠢ ᠯᠢᠶᠤᠤᠨᠢᠩ ᠮᠤᠵᠢ ᠶᠢᠨ ᠵᠢᠶᠠᠨ ᠫᠢᠩ ᠰᠢᠶᠠᠨ ᠲᠠᠢ ᠭᠤᠤᠯ ᠠᠯᠦᠰᠯᠠᠨ ᠨᠢᠭᠤᠷᠯᠠᠵᠤ᠂ ᠡᠮᠦᠨᠡᠰᠢ ᠬᠠᠷᠠᠴᠢᠨ ᠬᠤᠰᠢᠭᠤ ᠶᠢᠨ ᠨᠠᠢ ᠯᠢᠨ ᠪᠠᠯᠭᠠᠰᠤ ᠲᠠᠢ ᠵᠠᠯᠭᠠᠯᠳᠤᠨ᠂ ᠬᠤᠶᠢᠰᠢ ᠮᠤᠬᠤᠷᠭᠤᠤᠯ ᠪᠠᠯᠭᠠᠰᠤ ᠲᠠᠢ ᠬᠦᠷᠰᠢᠯᠡᠵᠤ᠂ ᠪᠠᠷᠠᠭᠤᠨᠰᠢ ᠦᠵᠢᠶᠠ ᠪᠠᠯᠭᠠᠰᠤ ᠲᠠᠢ ᠵᠠᠬ᠎ᠠ ᠨᠡᠶᠢᠯᠡᠵᠤ ᠪᠠᠶᠢᠳᠠᠭ᠃ ᠶᠡᠷᠦᠩᠬᠡᠢ ᠡᠵᠡᠯᠡᠬᠦ ᠲᠠᠯᠠᠪᠠᠢ 235.89 ᠲᠡᠭᠰᠢ ᠲᠦᠷᠪᠡᠯᠵᠢᠨ ᠺᠢᠯᠤᠮᠧᠲᠷ᠂ ᠬᠠᠷᠢᠶᠠᠨ ᠳᠠᠭᠠᠨ24 ᠲᠤᠰᠬᠤᠨ ᠤ ᠠᠷᠠᠳ ᠤᠨ ᠵᠦᠪᠯᠡᠯ᠂ 1ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠲᠠᠢ᠃ ᠨᠡᠶᠢᠳᠠ20966 ᠡᠷᠦᠬᠡ᠂71631 ᠠᠮᠠ ᠬᠦᠮᠦᠨ ᠲᠠᠢ᠃ ᠶᠡᠷᠦᠩᠬᠡᠢ ᠲᠠᠷᠢᠶᠠᠨ ᠭᠠᠵᠠᠷ ᠤᠨ ᠲᠠᠯᠠᠪᠠᠢ100763 ᠮᠤ᠋ ᠪᠠᠶᠢᠵᠤ᠂ ᠬᠦᠮᠦᠨ ᠪᠦᠷᠢ ᠳᠤ1.41 ᠮᠤ᠋ ᠨᠤᠭᠳᠠᠨ᠎ᠠ᠂ ᠡᠯ᠎ᠡ ᠲᠦᠷᠦᠯ ᠤᠨ ᠠᠵᠤ ᠠᠬᠤᠶᠢᠯᠠᠯ ᠪᠤᠯᠤᠨ ᠬᠤᠪᠢ ᠶᠢᠨ ᠡᠵᠡᠩᠨᠡᠯᠳᠠ ᠶᠢᠨ ᠡᠷᠦᠬᠡ 2673 ᠪᠠᠶᠢᠵᠤ᠂ ᠡᠬᠦᠨ ᠤ ᠲᠤᠳᠤᠷ᠎ᠠ ᠬᠠᠮᠳᠤ ᠶᠢᠨ ᠠᠵᠤ ᠠᠬᠤᠶᠢᠯᠠᠯ 21 ᠡᠷᠦᠬᠡ᠂ ᠬᠤᠪᠢ ᠶᠢᠨ ᠠᠵᠤ ᠠᠬᠤᠶᠢᠯᠠᠯ 268 ᠡᠷᠦᠬᠡ ᠪᠠᠶᠢᠵᠤ᠂ 9990 ᠬᠦᠮᠦᠨ ᠡᠵᠡᠩᠨᠡᠵᠤ ᠪᠠᠶᠢᠭ᠎ᠠ ᠶᠤᠮ᠃     ᠫᠢᠩᠵᠤᠸᠠᠩ ᠪᠠᠯᠭᠠᠰᠤ ᠨᠢ ᠤᠯᠠᠭᠠᠨᠬᠠᠳᠠ ᠬᠤᠳᠠ ᠶᠢᠨ ᠭᠤᠤᠯᠳᠠᠯᠭ᠎ᠠ ᠲᠠᠢ ᠪᠠᠯᠭᠠᠰᠤ ᠪᠠᠶᠢᠵᠤ᠂ ᠴᠢᠯᠦᠬᠡᠯᠡᠬᠦ ᠲᠠᠶᠢᠨ ᠤ ᠦᠶ᠎ᠠ ᠳᠤ ᠵᠢᠶᠠᠨ ᠫᠢᠩ ᠰᠢᠶᠠᠨ᠂ ᠵᠢᠶᠠᠨ ᠵᠦᠩ ᠰᠢᠶᠠᠨ ᠤ ᠠᠷᠠᠳ ᠤᠨ ᠵᠠᠰᠠᠭ ᠤᠨ ᠤᠷᠳᠤᠨ ᠰᠠᠭᠤᠷᠢᠰᠢᠵᠤ ᠪᠠᠶᠢᠭᠰᠠᠨ ᠭᠠᠵᠠᠷ ᠮᠦᠨ᠃1983 ᠤᠨ ᠤ10 ᠰᠠᠷ᠎ᠠ ᠳᠤ᠂ ᠫᠢᠩᠵᠤᠸᠠᠩ ᠲᠤᠭᠤᠷᠢᠭ᠂ ᠫᠢᠩᠵᠤᠸᠠᠩ ᠠᠷᠠᠳ ᠤᠨ ᠨᠢᠬᠡᠳᠦᠯ ᠢ ᠶᠤᠸᠠᠨ ᠪᠤᠤ ᠱᠠᠨ ᠲᠤᠭᠤᠷᠢᠭ ᠲᠤ ᠤᠷᠤᠭᠤᠯᠤᠨ ᠦᠭᠴᠦ᠂1984 ᠤᠨ ᠤ ᠡᠬᠢ ᠪᠠᠷ᠂ ᠫᠢᠩᠵᠤᠸᠠᠩ ᠪᠠᠯᠭᠠᠰᠤ ᠪᠤᠯᠭᠠᠨ ᠨᠡᠶᠢᠯᠡᠬᠦᠯᠵᠠᠢ᠃1994 ᠤᠨ ᠤ1 ᠰᠠᠷ᠎ᠠ ᠳᠤ᠂ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠫᠢᠩᠵᠤᠸᠠᠩ ᠪᠠᠯᠭᠠᠰᠤ ᠳᠤ ᠰᠢᠯᠵᠢᠵᠠᠢ᠃ 2002 ᠤᠨ ᠎ ᠤ11 ᠰᠠᠷ᠎ᠠ ᠶᠢᠨ29᠎ ᠤ ᠡᠳᠦᠷ᠂ ᠫᠢᠩᠵᠤᠸᠠᠩ ᠪᠠᠯᠭᠠᠰᠤ ᠶᠢᠨ ᠫᠢᠩᠵᠤᠸᠠᠩ ᠲᠤᠰᠬᠤᠨ ᠪᠤᠯᠤᠨ20 ᠰᠠᠭᠤᠭᠠᠯᠢ ᠠᠷᠠᠳ ᠤᠨ ᠵᠦᠪᠯᠡᠯ ᠢ ᠫᠢᠩᠵᠤᠸᠠᠩ ᠬᠤᠳᠠ ᠲᠤᠭᠤᠷᠢᠭ ᠤᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠷᠤᠭᠤᠯᠵᠤ᠂ ᠫᠢᠩᠵᠤᠸᠠᠩ ᠪᠠᠯᠭᠠᠰᠤ ᠶᠢᠨ ᠬᠠᠷᠢᠶᠠᠨ ᠳᠤ7 ᠲᠤᠰᠬᠤᠨ ᠤ ᠵᠦᠪᠯᠡᠯ ᠲᠠᠢ ᠪᠤᠯᠵᠠᠢ᠃ 2005 ᠤᠨ ᠎ ᠤ11 ᠰᠠᠷ᠎ᠠ ᠶᠢᠨ12᠎ ᠤ ᠡᠳᠦᠷ᠂ ᠫᠢᠩᠵᠤᠸᠠᠩ ᠪᠠᠯᠭᠠᠰᠤ᠂ ᠱᠠᠨ ᠴᠢᠶᠠᠨ ᠪᠠᠯᠭᠠᠰᠤ᠂ ᠬᠠᠷᠠᠴᠢᠨ ᠬᠤᠰᠢᠭᠤᠨ ᠤ ᠮᠠ ᠲᠢ ᠢᠩ ᠽᠢ ᠰᠢᠶᠠᠩ ᠪᠤᠯᠤᠨ ᠬᠦ᠋ ᠱᠠᠨ ᠪᠠᠯᠭᠠᠰᠤ ᠶᠢᠨ ᠯᠢᠩ ᠱᠠᠩ᠂ ᠱᠦᠢ ᠶᠤᠸᠠᠨ ᠲᠤᠰᠬᠤᠨ ᠢ ᠨᠡᠶᠢᠯᠡᠬᠦᠯᠦᠬᠡᠳ ᠰᠢᠨ᠎ᠡ ᠫᠢᠩᠵᠤᠸᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠢ ᠪᠠᠶᠢᠭᠤᠯᠵᠠᠢ᠃    ᠫᠢᠩᠵᠤᠸᠠᠩ ᠪᠠᠯᠭᠠᠰᠤ ᠨᠢ ᠲᠤᠰᠬᠤᠨ ᠪᠦᠷᠢ ᠳᠤ ᠨᠡᠪᠳᠡᠷᠡᠬᠦ ᠵᠠᠰᠠᠮᠠᠯ ᠵᠠᠮ᠂ ᠲᠤᠰᠬᠤᠨ ᠪᠦᠷᠢ ᠳᠤ ᠨᠡᠪᠳᠡᠷᠡᠬᠦ ᠳ᠋ᠢᠶᠠᠩᠬᠤᠸᠠ ᠲᠠᠢ᠃ ᠶᠧ— ᡂᠢ ᠲᠡᠮᠦᠷ ᠵᠠᠮ ᠨᠢ ᠪᠠᠯᠭᠠᠰᠤ ᠶᠢᠨ ᠬᠢᠵᠠᠭᠠᠷ ᠲᠤᠳᠤᠷ᠎ᠠ ᠫᠢᠩᠵᠤᠸᠠᠩ ᠦᠷᠳᠡᠭᠡ ᠎ ᠶᠢ ᠪᠠᠶᠢᠭᠤᠯᠤᠨ᠂ ᠠᠶᠠᠯᠠᠯ ᠲᠡᠬᠡᠬᠡᠪᠦᠷᠢ ᠶᠢᠨ ᠭᠠᠯᠳᠤ ᠲᠡᠷᠬᠡ ᠵᠢᠨᠵᠸᠧᠦ᠂ ᠮᠦᠭᠳᠡᠨ᠂ ᠳ᠋ᠠᠯᠢᠶᠠᠨ᠂ ᠤᠯᠠᠭᠠᠨᠬᠠᠳᠠ᠂ ᠲᠦᠩᠯᠢᠶᠤᠤ ᠵᠡᠷᠬᠡ ᠭᠠᠵᠠᠷ ᠲᠤ ᠰᠢᠭᠤᠳ ᠨᠡᠪᠳᠡᠷᠡᠳᠡᠭ ᠪᠠᠶᠢᠨ᠎ᠠ᠃ ᠤᠯᠠᠭᠠᠨᠬᠠᠳᠠ ᠬᠤᠳᠠ ᠨᠢᠰᠬᠡᠯ ᠤᠨ ᠲᠠᠯᠠᠪᠠᠢ ᠎ ᠠᠴᠠ45 ᠺᠢᠯᠦᠮᠧᠲᠷ ᠵᠠᠶᠢᠳᠠᠢ᠃    ᠫᠢᠩᠵᠤᠸᠠᠩ ᠪᠠᠯᠭᠠᠰᠤ ᠨᠢ ᠡᠬᠢ ᠪᠠᠶᠠᠯᠢᠭ ᠤᠨ ᠬᠡᠯᠪᠡᠷᠢ ᠶᠢᠨ ᠪᠠᠯᠭᠠᠰᠤ ᠪᠠᠶᠢᠵᠤ᠂ ᠡᠯᠪᠡᠭ ᠲᠡᠯᠪᠡᠭ ᠨᠡᠬᠦᠷᠡᠰᠦᠨ ᠎ ᠤ ᠡᠬᠢ ᠪᠠᠶᠠᠯᠢᠭ᠂ ᠤᠢ ᠮᠤᠳᠤᠨ ᠤ ᠡᠬᠢ ᠪᠠᠶᠠᠯᠢᠭ ᠲᠠᠢ ᠪᠠᠶᠢᠳᠠᠭ᠃ 2008 ᠤᠨ ᠤ ᠵᠢᠯ ᠤᠨ ᠡᠴᠦᠰ᠂ ᠪᠦᠬᠦ ᠪᠠᠯᠭᠠᠰᠤᠨ ᠤ ᠢᠳᠡᠰᠢᠨ ᠨᠤᠭᠤᠭ᠎ᠠ ᠲᠠᠷᠢᠵᠤ ᠤᠷᠭᠤᠭᠤᠯᠤᠭᠰᠠᠨ ᠲᠠᠯᠠᠪᠠᠢ23840 ᠮᠦ ᠬᠦᠷᠴᠦ᠂ ᠡᠬᠦᠨ ᠳᠤ ᠬᠠᠮᠠᠭᠠᠯᠠᠯᠳᠠ ᠲᠠᠢ ᠭᠠᠵᠠᠷ21840 ᠮᠦ᠂ ᠵᠠᠳᠠᠭᠠᠢ ᠲᠠᠷᠢᠵᠤ ᠤᠷᠭᠤᠭᠤᠯᠤᠭᠰᠠᠨ ᠨᠢ 2000 ᠮᠤ᠋ ᠪᠤᠯᠤᠨ᠎ᠠ᠃ ᠎ ᠲᠠᠢ ᠫᠢᠩ ᠳ᠋ᠢ᠂ ᠰᠢᠶᠠᠩ ᠶᠠᠩ᠂ ᠲᠠᠪᠤᠨ ᠮᠦᠰᠦ᠂ ᠮᠣᠣ ᠵᠢᠶᠠ᠂ ᠴᠢᠶᠠᠨ ᠴᠢ ᠵᠢᠶᠠ ᠵᠡᠷᠬᠡ ᠲᠤᠰᠬᠤᠨ ᠢᠶᠠᠷ ᠭᠤᠤᠯ ᠪᠤᠯᠭᠠᠭᠰᠠᠨ ᠬᠠᠮᠠᠭᠠᠯᠠᠯᠳᠠ ᠲᠠᠢ ᠢᠳᠡᠰᠢᠨ ᠨᠤᠭᠤᠭ᠎ᠠ ᠡᠳ᠋ᠰᠢᠯᠡᠬᠦᠯᠬᠦ ᠰᠠᠭᠤᠷᠢᠨ ᠭᠠᠵᠠᠷ ᠢ ᠪᠦᠷᠢᠯᠳᠦᠬᠦᠯᠵᠠᠢ᠃ ᠰᠠᠭᠠᠯᠢ ᠶᠢᠨ ᠦᠨᠢᠶ᠎ᠠ  ᠲᠡᠵᠢᠬᠡᠬᠦ ᠲᠤᠭᠤᠷᠢᠭ18  ᠂ ᠰᠦ ᠶᠢᠨ ᠦᠷᠳᠡᠭᠡ25 ᠪᠠᠶᠢᠵᠤ᠂ ᠰᠠᠭᠠᠯᠢ ᠶᠢᠨ ᠦᠨᠢᠶ᠎ᠠ16820 ᠲᠤᠯᠤᠭᠠᠢ ᠬᠦᠷᠴᠦ᠂ ᠭᠤᠤᠯᠳᠠᠭᠤ ᠲᠠᠪᠤᠨ ᠮᠦᠰᠦ᠂ ᠲᠠᠢ ᠫᠢᠩ ᠳ᠋ᠢ᠂ ᠴᠢᠶᠠᠨ ᠶᠢᠨ᠂ ᠴᠢᠶᠠᠨ ᠴᠢ ᠵᠢᠶᠠ᠂ ᠰᠢᠶᠠᠩ ᠶᠠᠩ ᠵᠡᠷᠬᠡ ᠲᠤᠰᠬᠤᠨ ᠢᠶᠠᠷ ᠲᠠᠷᠬᠠᠵᠤ ᠪᠠᠶᠢᠳᠠᠭ᠃ ᠪᠦᠬᠦ ᠪᠠᠯᠭᠠᠰᠤᠨ ᠤ ᠠᠮᠤ ᠪᠤᠳᠠᠭ᠎ᠠ ᠶᠢᠨ ᠵᠢᠯ ᠤᠨ ᠭᠠᠷᠤᠯᠳᠠ3.8 ᠲᠦᠮᠡᠨ ᠲᠤᠨ ᠤ ᠤᠷᠴᠢᠮ ᠲᠤᠭᠳᠠᠪᠤᠷᠢᠰᠢᠵᠤ᠂ ᠮᠢᠬᠠᠨ ︵ᠦᠨᠳᠡᠬᠡᠨ︶ ᠲᠠᠬᠢᠶ᠎ᠠ ᠵᠢᠯ ᠎ ᠤᠨ ᠲᠡᠵᠢᠬᠡᠬᠦ ᠬᠡᠮᠵᠢᠶ᠎ᠠ 320 ᠲᠦᠮᠠ ᠪᠤᠯᠤᠨ᠎ᠠ᠂ ᠤᠴᠠᠯᠢᠭᠳᠤ ᠠᠵᠤ ᠦᠢᠯᠡᠰ ᠨᠢ ᠭᠤᠤᠯᠳᠠᠭᠤ ᠲᠠᠬᠢᠶ᠎ᠠ᠂ ᠨᠠᠪᠴᠢᠨ ᠲᠠᠮᠠᠬᠢ᠂ ᠬᠤᠸᠠᠷ ᠴᠡᠴᠡᠭ ᠡᠪᠡᠰᠦ ᠲᠠᠷᠢᠵᠤ ᠤᠷᠭᠤᠭᠤᠯᠬᠤ᠂ ᠢᠯᠠᠮᠠᠨ ᠬᠦᠷᠢ ᠲᠡᠵᠢᠬᠡᠬᠦ ᠵᠡᠷᠬᠡ ᠪᠠᠶᠢᠳᠠᠭ᠃ ᠤᠢ ᠰᠢᠭᠤᠢ ᠶᠢᠨ ᠬᠡᠷᠡᠭᠯᠡᠬᠡᠨ ᠤ ᠭᠠᠵᠠᠷ ᠤᠨ ᠲᠠᠯᠠᠪᠠᠢ 81900 ᠮᠤ᠋᠂ ᠡᠬᠦᠨ ᠳᠤ ᠤᠢ ᠮᠤᠳᠤ ᠶᠢᠨ ᠲᠠᠯᠠᠪᠠᠢ 68055 ᠮᠤ᠋᠂ ᠠᠵᠤ ᠠᠬᠤᠢ ᠶᠢᠨ ᠤᠢ ᠶᠢᠨ ᠡᠵᠡᠯᠡᠬᠦ ᠲᠠᠯᠠᠪᠠᠢ 3480 ᠮᠤ᠋ ᠪᠠᠶᠢᠳᠠᠭ᠃     ᠨᠡᠬᠦᠷᠡᠰᠦ ᠦᠢᠯᠡᠳᠪᠦᠷᠢᠯᠡᠬᠦ᠂ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ᠂ ᠡᠮ ᠦᠢᠯᠡᠳᠪᠦᠷᠢᠯᠡᠬᠦ᠂ ᠪᠠᠷᠢᠯᠭ᠎ᠠ ᠎ ᠶᠢᠨ ᠮᠠᠲ᠋ᠧᠷᠢᠶᠠᠯ᠂ ᠨᠡᠬᠡᠮᠡᠯ ᠪᠠᠷᠠᠭ᠎ᠠ ᠦᠢᠯᠡᠳᠪᠦᠷᠢᠯᠡᠬᠦ᠂ ᠢᠳᠡᠬᠡᠨ ᠪᠤᠯᠪᠠᠰᠤᠷᠠᠭᠤᠯᠬᠤ ᠠᠵᠢᠯ ᠢᠶᠠᠷ ᠭᠤᠤᠯ ᠪᠤᠯᠭᠠᠭᠰᠠᠨ ᠤᠷᠤᠨ ᠭᠠᠵᠠᠷ ᠤᠨ ᠠᠵᠤ ᠦᠢᠯᠡᠳᠪᠦᠷᠢ ᠶᠢᠨ ᠲᠤᠭᠳᠠᠯᠴᠠᠭ᠎ᠠ ᠠᠩᠬ᠎ᠠ ᠪᠦᠷᠢᠯᠳᠦᠪᠡ᠃ ᠨᠡᠬᠦᠷᠡᠰᠦᠨ ᠤ ᠠᠵᠤ ᠠᠬᠤᠶᠢᠯᠠᠯ 4 ᠪᠠᠶᠢᠵᠤ᠂ ᠵᠢᠯ ᠤᠨ ᠲᠦᠬᠦᠬᠡᠢ ᠨᠡᠬᠦᠷᠡᠰᠦᠨ ᠤ ᠭᠠᠷᠤᠯᠳᠠ120 ᠲᠦᠮᠡᠨ ᠲᠤᠨ ᠪᠤᠯᠤᠨ᠎ᠠ᠃ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ ᠬᠦᠷᠢᠶᠠᠯᠠᠩ2᠂ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ ᠠᠵᠤ ᠠᠬᠤᠶᠢᠯᠠᠯ195 ᠪᠠᠶᠢᠵᠤ᠂ 2755 ᠬᠦᠮᠦᠨ ᠠᠵᠢᠯᠯᠠᠵᠤ ᠪᠠᠶᠢᠨ᠎ᠠ᠂ ᠵᠢᠯ ᠤᠨ ᠮᠤᠳᠤᠨ ᠮᠠᠲ᠋ᠧᠷᠢᠶᠠᠯ ᠤᠨ ᠪᠤᠯᠪᠠᠰᠤᠷᠠᠭᠤᠯᠤᠯᠳᠠ35 ᠲᠦᠮᠡᠨ ᠺᠦᠪ ᠮᠧᠲᠷ ᠪᠠᠶᠢᠵᠤ᠂ ᠦᠢᠯᠡᠳᠬᠦᠨ ᠤ ᠦᠷᠳᠡᠭ 2.5 ᠳ᠋ᠦᠩᠰᠢᠭᠤᠷ ᠲᠦᠬᠦᠷᠢᠭ ᠬᠦᠷᠴᠠᠢ᠃ 3500 ᠲᠦᠮᠡᠨ ᠲᠦᠬᠦᠷᠢᠭ ᠤᠨ ᠪᠡᠯᠡ ᠤᠷᠤᠭᠤᠯᠤᠭᠰᠠᠨ ᠤᠯᠠᠭᠠᠨᠬᠠᠳᠠ ᠬᠤᠳᠠ ᠶᠢᠨ ᠰᠢᠶᠠᠩ ᠷᠦᠨ ᠡᠮ ᠦᠢᠯᠡᠳᠪᠦᠷᠢᠯᠡᠬᠦ ᠬᠢᠵᠠᠭᠠᠷᠳᠤ ᠺᠤᠮᠫᠠᠨᠢ ᠶᠢ ᠲᠠᠳᠠᠨ ᠤᠷᠤᠭᠤᠯᠵᠤ᠂ ᠵᠢᠯ ᠳᠤ ᠲᠧᠦ ᠮᠸᠢ ᠰᠦ᠋ ᠵᠢᠶᠠᠨ1000 ᠲᠤᠨ ᠦᠢᠯᠡᠳᠪᠦᠷᠢᠯᠡᠵᠤ ᠪᠠᠶᠢᠨ᠎ᠠ᠃ ᠪᠠᠷᠢᠯᠭ᠎ᠠ ᠶᠢᠨ ᠮᠠᠲ᠋ᠧᠷᠢᠶᠠᠯ ᠤᠨ ᠲᠤᠭᠤᠷᠢᠭ1᠂ ᠼᠧᠮᠧᠨ᠋ᠲ ᠤᠨ ᠪᠦᠳᠦᠬᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ30 ᠭᠠᠷᠤᠢ ᠡᠷᠦᠬᠡ ᠪᠠᠶᠢᠳᠠᠭ᠃ ᠠᠷᠤ ᠭᠠᠵᠠᠷ ᠤᠨ ᠨᠤᠤᠯᠤᠷ ᠎ ᠤᠨ ᠸᠠᠩ ᠬᠤᠪᠴᠠᠰᠤ ᠦᠢᠯᠡᠳᠪᠦᠷᠢᠯᠡᠬᠦ᠂ ᠴᠢ ᠮᠸᠢ ᠢᠮᠠᠭᠠᠨ ᠨᠤᠤᠯᠤᠷ ᠤᠨ ᠪᠦᠳᠦᠬᠡᠭᠳᠡᠬᠦᠨ ᠪᠤᠯᠤᠨ ᠰᠢᠤᠸᠠᠢ ᠯᠢᠨ ᠢᠮᠠᠭᠠᠨ ᠨᠤᠤᠯᠤᠷ ᠵᠡᠷᠬᠡ 3 ᠲᠤᠮᠤ ᠬᠡᠯᠪᠡᠷᠢ ᠶᠢᠨ ᠨᠤᠤᠰᠤᠨ ᠨᠡᠬᠡᠮᠡᠯ ᠤᠨ ᠠᠵᠤ ᠠᠬᠤᠶᠢᠯᠠᠯ ᠲᠠᠢ᠂ ᠵᠢᠯ ᠳᠤ15 ᠲᠦᠮᠡᠨ ᠵᠠᠬ᠎ᠠ ᠨᠤᠤᠰᠤᠨ ᠬᠤᠪᠴᠠᠰᠤ ᠦᠢᠯᠡᠳᠪᠦᠷᠢᠯᠡᠵᠤ ᠪᠠᠶᠢᠨ᠎ᠠ᠃      ᠪᠦᠬᠦ ᠪᠠᠯᠭᠠᠰᠤᠨ ᠳᠤ6 ᠰᠠᠭᠤᠷᠢ ᠲᠤᠮᠳᠠᠳᠤ ᠰᠤᠷᠭᠠᠭᠤᠯᠢ᠂24 ᠰᠠᠭᠤᠷᠢ ᠪᠠᠭ᠎ᠠ ᠰᠤᠷᠭᠠᠭᠤᠯᠢ᠂12 ᠰᠠᠭᠤᠷᠢ ᠬᠡᠦᠬᠡᠳ ᠤᠨ ᠴᠡᠴᠡᠷᠯᠢᠭ᠂1 ᠤᠨᠴᠠᠭᠠᠢ ︵ᠲᠦᠯᠢ ᠶᠠᠪᠠ︶ ᠰᠤᠷᠭᠠᠭᠤᠯᠢ ᠲᠠᠢ᠂ ᠨᠡᠶᠢᠳᠠ1326 ᠪᠠᠭᠰᠢ ᠪᠤᠢ᠂ ᠡᠯ᠎ᠡ ᠰᠤᠷᠭᠠᠭᠤᠯᠢ ᠶᠢᠨ ᠰᠤᠷᠤᠭᠴᠢ ᠨᠡᠶᠢᠳᠠ7731 ᠨᠡᠷ᠎ᠠ ᠪᠠᠶᠢᠵᠤ᠂ ᠡᠬᠦᠨ ᠳᠤ ᠲᠤᠮᠳᠠᠳᠤ ᠰᠤᠷᠭᠠᠭᠤᠯᠢ ᠎ ᠶᠢᠨ ᠰᠤᠷᠤᠭᠴᠢ2957 ᠨᠡᠷ᠎ᠠ᠂ ᠪᠠᠭ᠎ᠠ ᠰᠤᠷᠭᠠᠭᠤᠯᠢ ᠶᠢᠨ ᠰᠤᠷᠤᠭᠴᠢ4043 ᠨᠡᠷ᠎ᠠ ᠪᠠᠶᠢᠨ᠎ᠠ᠃     ᠱᠠᠨ ᠴᠢᠶᠠᠨ ᠵᠡᠬᠡᠯᠢ ᠲᠤᠭᠤᠷᠢᠭ ᠫᠢᠩᠵᠤᠸᠠᠩ ᠪᠠᠯᠭᠠᠰᠤ ᠶᠢᠨ ᠪᠠᠷᠠᠭᠤᠨ ᠡᠮᠦᠨ᠎ᠡ ᠪᠠᠶᠢᠷᠢᠯᠠᠵᠤ᠂ ᠨᠡᠶᠢᠳᠠ 988 ᠡᠷᠦᠬᠡ᠂ 4200 ᠠᠮᠠ ᠬᠦᠮᠦᠨ ᠲᠠᠢ᠃ ᠲᠠᠷᠢᠶᠠᠯᠠᠩ ᠤᠨ ᠲᠤᠭᠤᠷᠢᠭ᠂ ᠠᠵᠤ ᠦᠢᠯᠡᠳᠪᠦᠷᠢ ᠶᠢᠨ ᠲᠤᠭᠤᠷᠢᠭ᠂ ᠵᠤᠭᠠᠴᠠᠯ ᠤᠨ ᠲᠤᠭᠤᠷᠢᠭ᠂ ᠰᠤᠶᠤᠯ ᠵᠤᠭ᠎ᠠ ᠴᠡᠩᠬᠡᠬᠦᠨ ᠤ ᠲᠠᠯᠠᠪᠤᠷ ᠪᠤᠯᠤᠨ ᠠᠷᠠᠯᠵᠢᠶ᠎ᠠ ᠬᠤᠳᠠᠯᠳᠤᠭᠠᠨ ᠤ ᠵᠠᠬ᠎ᠠ ᠪᠦᠷᠢᠨ ᠬᠦᠢᠴᠡᠳ ᠪᠠᠶᠢᠳᠠᠭ᠂ ᠰᠢᠩ ᠯᠦᠩ ᠵᠤᠸᠠᠩ ᠲᠤᠰᠬᠤᠨ ᠤ ᠬᠠᠷᠢᠶᠠᠨ ᠳᠤ ᠵᠤᠬᠢᠶᠠᠮᠠᠯ ᠨᠠᠭᠤᠷ1᠂ ᠤᠯᠤᠰ ᠤᠨ ᠤᠢ ᠰᠢᠭᠤᠢ ᠶᠢᠨ ᠴᠡᠴᠡᠷᠯᠢᠭ 1 ᠪᠠᠶᠢᠵᠤ᠂ ᠢᠦᠢ ᠸᠠᠩ ᠤᠨ ᠠᠭᠤᠢ᠂ ᠬᠤᠮᠰᠢᠮ ᠪᠤᠳᠢᠰᠠᠳ᠋ᠸ᠎ᠠ ᠶᠢᠨ ᠰᠦᠮ᠎ᠡ ᠵᠡᠷᠬᠡ ᠦᠵᠡᠮᠵᠢ ᠪᠤᠢ᠃     ᠮᠠ ᠲᠢ ᠢᠩ ᠽᠢ ᠵᠡᠬᠡᠯᠢ ᠲᠤᠭᠤᠷᠢᠭ ᠨᠢ ᠫᠢᠩᠵᠤᠸᠠᠩ ᠪᠠᠯᠭᠠᠰᠤ ᠶᠢᠨ ᠵᠡᠬᠦᠨ ᠬᠡᠰᠡᠭ ᠲᠤ ᠪᠠᠶᠢᠷᠢᠯᠠᠵᠤ᠂ ᠨᠡᠶᠢᠳᠠ1619 ᠡᠷᠦᠬᠡ᠂6897 ᠠᠮᠠ ᠬᠦᠮᠦᠨ ᠲᠠᠢ  ᠃ ᠲᠠᠷᠢᠮᠠᠯ ᠨᠢ ᠡᠷᠳᠡᠨᠢ ᠰᠢᠰᠢ᠂ ᠤᠰᠤᠨ ᠲᠤᠳᠤᠷᠭ᠎ᠠ᠂ ᠰᠢᠰᠢ ᠵᠡᠷᠬᠡ ᠪᠠᠷ ᠭᠤᠤᠯᠯᠠᠵᠤ᠂ ᠮᠠᠯ ᠲᠡᠵᠢᠬᠡᠪᠦᠷᠢ ᠨᠢ ᠰᠠᠭᠠᠯᠢ ᠶᠢᠨ ᠦᠨᠢᠶ᠎ᠠ᠂ ᠠᠯᠠᠰᠢᠨ ᠦᠬᠡᠷ ᠢᠶᠠᠷ ᠭᠤᠤᠯ ᠪᠤᠯᠭᠠᠵᠠᠢ᠂ ᠠᠵᠤ ᠠᠬᠤᠢ ᠶᠢᠨ ᠲᠠᠷᠢᠮᠠᠯ ᠨᠢ ᠬᠤᠸᠠᠷ ᠴᠡᠴᠡᠭ᠂ ᠢᠳᠡᠰᠢᠨ ᠨᠤᠭᠤᠭ᠎ᠠ ᠪᠠᠷ ᠭᠤᠤᠯᠯᠠᠨ᠂ ᠠᠵᠤ ᠦᠢᠯᠡᠳᠪᠦᠷᠢ ᠨᠢ ᠪᠠᠷᠢᠯᠭ᠎ᠠ ᠶᠢᠨ ᠦᠢᠯᠡᠰ ᠢᠶᠠᠷ ᠭᠤᠤᠯᠯᠠᠵᠤ ᠪᠠᠶᠢᠳᠠᠭ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1