ᠦᠵᠢᠶᠠ ᠪᠠᠯᠭᠠᠰᠤ
ᠨᠡᠶᠢᠲᠡᠯᠡᠭᠰᠡᠨ ᠴᠠᠭ᠄
2017/9/12
    ᠦᠵᠢᠶᠠ ᠪᠠᠯᠭᠠᠰᠤ     ᠦᠵᠢᠶᠠ ᠪᠠᠯᠭᠠᠰᠤ ᠨᠢ ᠶᠤᠸᠠᠨ ᠪᠣᠤ ᠱᠠᠨ ᠲᠣᠭᠤᠷᠢᠭ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠳᠠᠭ᠃ ᠵᠡᠭᠦᠨ ᠪᠡᠶ᠎ᠡ ᠪᠠᠷ ᠢᠶᠠᠨ ᠫᠢᠩᠵᠤᠸᠠᠩ ᠪᠠᠯᠭᠠᠰᠤ ᠲᠠᠢ ᠵᠠᠬ᠎ᠠ ᠨᠡᠶᠢᠯᠡᠵᠦ᠂ ᠡᠮᠦᠨ᠎ᠡ ᠵᠠᠬ᠎ᠠ ᠨᠢ ᠬᠠᠷᠠᠴᠢᠨ ᠬᠤᠰᠢᠭᠤᠨ ᠤ ᠰᠢ ᠴᠢᠶᠣᠤ ᠪᠠᠯᠭᠠᠰᠤ ᠲᠠᠢ ᠬᠥᠷᠰᠢᠯᠡᠨ᠂ ᠤᠮᠠᠷ᠎ᠠ ᠲᠠᠯ᠎ᠠ ᠪᠠᠷ ᠢᠶᠠᠨ ᠬᠠᠷᠠᠴᠢᠨ ᠬᠤᠰᠢᠭᠤᠨ ᠤ ᠱᠢ ᠵᠢᠶᠠ ᠮᠠᠨᠵᠤ ᠦᠨᠳᠦᠰᠦᠲᠡᠨ ᠤ ᠰᠢᠶᠠᠩ ᠲᠠᠢ ᠵᠠᠯᠭᠠᠯᠳᠤᠵᠤ ᠪᠣᠢ᠃ ᠪᠠᠯᠭᠠᠰᠤ ᠶᠢᠨ ᠶᠡᠷᠦᠩᠬᠡᠢ ᠲᠠᠯᠠᠪᠠᠢ 44.23 ᠲᠡᠭᠰᠢ ᠳᠥᠷᠪᠡᠯᠵᠢᠨ ᠺᠢᠯᠣᠮᠧᠲᠷ᠂ ᠵᠡᠭᠦᠨᠰᠢ ᠪᠠᠷᠠᠭᠤᠨᠰᠢ ᠤᠷᠲᠤ ᠶᠢᠨ ᠬᠡᠮᠵᠢᠶ᠎ᠡ 11.4 ᠺᠢᠯᠣᠮᠧᠲᠷ᠂ ᠡᠮᠦᠨᠡᠰᠢ ᠤᠮᠠᠷᠠᠰᠢ 4.1 ᠺᠢᠯᠣᠮᠧᠲᠷ ᠥᠷᠭᠡᠨ᠃ ᠫᠢᠩᠵᠤᠸᠠᠩ ᠠᠴᠠ 13 ᠺᠢᠯᠣᠮᠧᠲᠷ᠂ ᠤᠯᠠᠭᠠᠨᠬᠠᠳᠠ ᠬᠤᠲᠠ ᠠᠴᠠ 45 ᠺᠢᠯᠣᠮᠧᠲᠷ ᠂ ᠶᠧ ᡂᠢ ᠲᠡᠮᠦᠷ ᠵᠠᠮ ᠤᠨ ᠫᠢᠩᠵᠤᠸᠠᠩ ᠡᠮᠦᠨ᠎ᠡ ᠥᠷᠲᠡᠭᠡ ᠠᠴᠠ ᠵᠥᠪᠬᠡᠨ 4 ᠺᠢᠯᠣᠮᠧᠲᠷ ᠵᠠᠶᠢᠲᠠᠢ ᠪᠠᠶᠢᠵᠤ᠂ ᠱᠠᠩ ᠳ᠋ᠢᠶᠠᠨ ᠠᠴᠠ ᠠᠩᠴᠢᠠᠭᠤᠤ ᠬᠦᠷᠬᠦ ᠵᠠᠰᠠᠮᠠᠯ ᠵᠠᠮ ᠪᠦᠬᠦ ᠪᠠᠯᠭᠠᠰᠤ ᠶᠢ ᠨᠡᠪᠲᠡᠯᠦᠨ ᠥᠩᠭᠡᠷᠡᠵᠦ᠂ ᠫᠢᠩᠴᠤᠸᠠᠨ ᠠᠴᠠ ᠱᠤᠸᠠᠩ ᠵᠢᠩ ᠬᠦᠷᠬᠦ ᠤᠯᠤᠰ ᠤᠨ ᠵᠠᠮ ᠲᠠᠢ ᠨᠡᠪᠲᠡᠷᠡᠨ᠂ ᠵᠠᠮ ᠬᠠᠷᠢᠯᠴᠠᠭ᠎ᠠ ᠲᠤᠶᠢᠯ ᠤᠨ ᠳᠥᠭᠦᠮ ᠳᠥᠲᠡ ᠪᠠᠶᠢᠳᠠᠭ᠃     ᠢᠷᠭᠡᠨ ᠤᠯᠤᠰ ᠤᠨ ᠭᠤᠴᠢᠨ ᠵᠢᠷᠭᠤᠳᠤᠭᠠᠷ ᠣᠨ ︵1947 ᠣᠨ︶᠎ ᠤ 9 ᠰᠠᠷ᠎ᠠ ——  ᠢᠷᠭᠡᠨ ᠤᠯᠤᠰ ᠤᠨ ᠭᠤᠴᠢᠨ ᠳᠣᠯᠣᠳᠤᠭᠠᠷ ᠣᠨ ︵1948 ᠣᠨ︶᠎ ᠤ 6 ᠰᠠᠷ᠎ᠠ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠧᠪᠸᠢ  — ᠴᠠᠬᠠᠷ — ᠿᠧᠾᠧ — ᠯᠢᠶᠣᠤᠨᠢᠩ ᠤᠨ ᠲᠥᠪ ᠬᠤᠷᠢᠶᠠᠨ ᠤ ᠬᠤᠪᠢᠶᠠᠷᠢ ᠲᠣᠪᠴᠢᠶ᠎ᠠ᠂ ᠾᠧᠪᠸᠢ — ᠿᠧᠾᠧ — ᠯᠢᠶᠣᠤᠨᠢᠩ ᠤᠨ ᠴᠡᠷᠢᠭ ᠤᠨ ᠲᠣᠭᠤᠷᠢᠭ᠂ ᠿᠧᠾᠧ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠠᠶᠢᠵᠠᠢ᠃ 1956 ᠣᠨ ᠤ 3 ᠰᠠᠷ᠎ᠠ ᠳᠤ ᠰᠢᠶᠠᠩ ᠪᠠᠶᠢᠭᠤᠯᠵᠤ᠂ ᠬᠠᠷᠠᠴᠢᠨ ᠬᠤᠰᠢᠭᠤᠨ ᠤ ᠬᠠᠷᠢᠶᠠᠨ ᠳᠤ ᠣᠷᠣᠭᠤᠯᠪᠠ᠃ 1983 ᠣᠨ ᠳᠤ ᠶᠣᠸᠠᠨ ᠪᠣᠤ ᠱᠠᠨ ᠲᠣᠭᠤᠷᠢᠭ ᠲᠤ ᠬᠤᠪᠢᠶᠠᠨ ᠨᠡᠶᠢᠯᠡᠭᠦᠯᠵᠦ᠂ 1984 ᠣᠨ ᠤ 11 ᠰᠠᠷ᠎ᠠ ᠳᠤ ᠪᠠᠯᠭᠠᠰᠤ ᠪᠣᠯᠭᠠᠵᠤ ᠥᠭᠡᠷᠡᠴᠢᠯᠡᠪᠡ᠃ ᠪᠠᠯᠭᠠᠰᠤ ᠶᠢᠨ ᠬᠠᠷᠢᠶᠠᠨ ᠳᠤ 5 ᠲᠣᠰᠬᠤᠨ ᠤ ᠠᠷᠠᠳ ᠤᠨ ᠵᠥᠪᠯᠡᠯ᠂ 4 ᠰᠠᠭᠤᠭᠠᠯᠢ ᠠᠷᠠᠳ ᠤᠨ ᠵᠥᠪᠯᠡᠯ᠂ 12 ᠲᠣᠰᠬᠤᠨ᠂ 33 ᠲᠣᠰᠬᠤᠨ ᠤ ᠠᠷᠠᠳ ᠤᠨ ᠪᠠᠭ᠎ᠠ ᠳᠤᠭᠤᠶᠢᠯᠠᠩ ᠲᠠᠢ᠂ 2008 ᠣᠨ ᠳᠤ ᠪᠦᠷᠢᠳᠬᠡᠭᠰᠡᠨ ᠢᠶᠠᠷ᠂ ᠪᠦᠬᠦ ᠪᠠᠯᠭᠠᠰᠤᠨ ᠳᠤ 8186 ᠡᠷᠦᠬᠡ᠂ 22337 ᠬᠥᠮᠥᠨ ᠠᠮᠠ ᠲᠠᠢ ᠪᠠᠶᠢᠵᠤ᠂ ᠡᠭᠦᠨ ᠤ ᠳᠣᠲᠣᠷ᠎ᠠ ᠲᠠᠷᠢᠶᠠᠯᠠᠩ ᠤᠨ ᠪᠤᠰᠤ ᠡᠷᠦᠬᠡ ᠠᠮᠠ ᠲᠠᠢ ᠨᠢ 12083 ᠬᠥᠮᠥᠨ ᠪᠣᠢ᠃     ᠪᠠᠯᠭᠠᠰᠤ ᠶᠢᠨ ᠭᠠᠵᠠᠷ ᠵᠦᠢ ᠶᠢᠨ ᠪᠠᠶᠢᠷᠢᠯᠠᠯ ᠨᠢ ᠶᠠᠨ ᠱᠠᠨ ᠪᠠ ᠯᠢᠶᠣᠤᠨᠢᠩ ᠤᠨ ᠪᠠᠷᠠᠭᠤᠨ ᠬᠡᠰᠡᠭ ᠤᠨ ᠳᠣᠪᠣᠷᠬᠠᠭ ᠣᠷᠣᠨ ᠤ ᠠᠭᠤᠯᠵᠠᠷ ᠬᠡᠰᠡᠭ ᠲᠤ ᠪᠠᠶᠢᠷᠢᠯᠠᠵᠤ᠂ ᠳᠠᠯᠠᠢ ᠶᠢᠨ ᠲᠦᠪᠰᠢᠨ ᠠᠴᠠ ᠳᠡᠭᠡᠭᠰᠢ 559.6 —768.9 ᠮᠧᠲᠷ᠂ ᠭᠠᠵᠠᠷ ᠤᠨ ᠪᠠᠶᠢᠴᠠ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ᠃ ᠯᠠᠤᠬ᠎ᠠ ᠭᠤᠣᠯ ᠤᠨ ᠰᠠᠯᠪᠤᠷᠢ ᠤᠷᠤᠰᠬᠠᠯ ᠮᠠ ᠵᠢᠶᠠ ᠽᠢ ᠭᠤᠣᠯ ᠨᠢ ᠪᠦᠬᠦ ᠪᠠᠯᠭᠠᠰᠤ ᠶᠢ ᠬᠥᠨᠳᠡᠯᠡᠨ ᠲᠤᠭᠤᠯᠵᠤ᠂ ᠪᠠᠯᠭᠠᠰᠤ ᠶᠢᠨ ᠬᠠᠷᠢᠶᠠᠨ ᠳᠠᠬᠢ ᠤᠷᠲᠤ ᠨᠢ 10.5 ᠺᠢᠯᠣᠮᠧᠲᠷ᠃ ᠲᠠᠷᠢᠶᠠᠨ ᠭᠠᠵᠠᠷ ᠤᠨ ᠲᠠᠯᠠᠪᠠᠢ 19319 ᠮᠤ᠋᠂ ᠭᠤᠣᠯᠳᠠᠭᠤ ᠠᠭᠤᠯᠠᠷᠬᠠᠭ᠂ ᠳᠣᠪᠣᠷᠬᠠᠭ ᠭᠠᠵᠠᠷ ᠪᠠ ᠭᠤᠣᠯ ᠤᠨ ᠲᠤᠨᠤᠮᠠᠯ ᠲᠠᠯ᠎ᠠ ᠭᠠᠵᠠᠷ ᠪᠠᠶᠢᠵᠤ᠂ ᠪᠦᠲᠦᠮᠵᠢᠲᠡᠢ ᠤᠰᠤᠯᠠᠯᠲᠠ ᠶᠢᠨ ᠲᠠᠷᠢᠶᠠᠯᠠᠩ ᠤᠨ ᠲᠠᠯᠠᠪᠠᠢ 11037 ᠮᠤ᠋ ᠳᠤ ᠬᠦᠷᠴᠦ ᠪᠤᠢ᠃ ᠰᠢᠭᠤᠶᠢᠲᠤ ᠭᠠᠵᠠᠷ ᠤᠨ ᠲᠠᠯᠠᠪᠠᠢ 1.22 ᠲᠦᠮᠡᠨ ᠮᠤ᠋᠂  ᠣᠢ ᠰᠢᠭᠤᠢ ᠶᠢᠨ ᠪᠦᠷᠬᠦᠴᠡ 21%᠃ ᠲᠠᠷᠢᠶᠠᠴᠢᠳ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ 6538 ᠲᠥᠭᠦᠷᠢᠭ  ᠃    ᠪᠠᠯᠭᠠᠰᠤᠨ ᠳᠤ ᠶᠢᠨ ᠴᠢᠶᠤᠣ ᠯᠢᠤᠢ ᠹᠧᠩ᠂ ᠹᠠᠩ ᠱᠧᠨ ᠶᠦᠩ ᠹᠧᠩ᠂ ᠪᠧᠢ ᠲᠠᠢ ᠽᠢ ᠲᠣᠰᠬᠤᠨ᠂ ᠦᠵᠢᠶᠠ ᠲᠣᠰᠬᠤᠨ ᠵᠡᠷᠭᠡ  ᠪᠣᠬᠢᠷᠲᠤᠯ ᠦᠭᠡᠢ ᠢᠳᠡᠰᠢᠨ ᠨᠣᠭᠤᠭ᠎ᠠ ᠶᠢᠨ ᠲᠠᠷᠢᠮᠠᠯ ᠤᠨ ᠰᠠᠭᠤᠷᠢᠨ ᠭᠠᠵᠠᠷ 4 ᠪᠠᠶᠢᠵᠤ᠂  ᠢᠳᠡᠰᠢᠨ ᠨᠣᠭᠤᠭ᠎ᠠ ᠲᠠᠷᠢᠬᠤ ᠲᠠᠯᠠᠪᠠᠢ ᠨᠢ 6000 ᠮᠤ᠋᠃ ᠮᠢᠬᠠᠨ ᠲᠠᠬᠢᠶ᠎ᠠ ᠪᠣᠷᠳᠣᠨ ᠲᠡᠵᠢᠭᠡᠬᠦ ᠪᠠᠭ᠎ᠠ ᠲᠣᠭᠤᠷᠢᠭ 7 ᠪᠠᠶᠢᠵᠤ᠂ ᠵᠢᠯ ᠳᠤ 300 ᠲᠦᠮᠡᠨ ᠮᠢᠬᠠᠨ ᠲᠠᠬᠢᠶ᠎ᠠ ᠪᠣᠷᠳᠣᠨ ᠲᠡᠵᠢᠭᠡᠬᠦ ᠴᠢᠳᠠᠪᠬᠢ ᠨᠢ ᠶᠣᠸᠠᠨ ᠪᠣᠤ ᠱᠠᠨ ᠲᠣᠭᠤᠷᠢᠭ ᠤᠨ ᠡᠮᠦᠨ᠎ᠡ ᠡᠩᠨᠡᠭᠡᠨ ᠳᠤ ᠣᠷᠣᠵᠤ ᠪᠣᠢ᠃ ᠲᠠᠪᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ᠂ 180 ᠲᠡᠵᠢᠭᠡᠨ ᠦᠷᠡᠵᠢᠭᠦᠯᠬᠦ ᠡᠷᠦᠬᠡ᠂ ᠲᠠᠪᠤᠨ ᠰᠠᠭᠠᠯᠢ ᠶᠢᠨ ᠥᠷᠲᠡᠭᠡ ᠲᠠᠢ᠂ 6421 ᠲᠣᠯᠣᠭᠠᠢ ᠰᠠᠭᠠᠯᠢ ᠶᠢᠨ ᠦᠨᠢᠶ᠎ᠡ᠂ 2724 ᠲᠣᠯᠣᠭᠠᠢ ᠠᠯᠠᠰᠢᠨ ᠦᠬᠡᠷ ᠪᠣᠷᠳᠣᠨ ᠲᠡᠵᠢᠭᠡᠵᠦ ᠪᠣᠢ᠃ ᠲᠠᠷᠢᠶᠠᠯᠠᠩ ᠤᠨ ᠪᠠᠲᠤᠯᠠᠭ᠎ᠠ ᠶᠢᠨ ᠢᠵᠢ ᠪᠦᠷᠢᠳᠦᠭᠰᠡᠨ ᠦᠢᠯᠡᠴᠢᠯᠡᠭᠡ ᠲᠠᠢ᠂ ᠦᠵᠢᠶᠠ ᠲᠢᠶᠠᠨ ᡂᠢ ᠢᠳᠡᠰᠢᠨ ᠨᠣᠭᠤᠭ᠎ᠠ ᠶᠢᠨ ᠤᠭ ᠭᠠᠷᠤᠯᠲᠠ ᠶᠢᠨ ᠣᠷᠣᠨ ᠳᠠᠬᠢ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠲᠠᠢ᠂ ᠨᠢᠭᠡ ᠦᠢᠯᠡᠳᠪᠦᠷᠢᠯᠡᠯ ᠤᠨ ᠬᠡᠯᠪᠡᠷᠢ ᠪᠠᠷ ᠴᠢᠬᠢ ᠪᠣᠶᠢᠵᠢᠭᠤᠯᠬᠤ ᠪᠠ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠰᠢᠨ᠎ᠡ ᠮᠡᠷᠭᠡᠵᠢᠯ ᠢ ᠲᠤᠷᠰᠢᠨ ᠵᠢᠱᠢᠶ᠎ᠡ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠴᠢᠬᠢ ᠪᠣᠶᠢᠵᠢᠭᠤᠯᠬᠤ ᠲᠥᠪ ᠎ ᠲᠠᠢ᠂ ᠨᠢᠭᠡ ᠡᠭᠦᠯᠳᠡᠷ ᠤᠨ ᠲᠠᠬᠢᠶᠠᠨ ᠲᠠᠯᠠᠪᠠᠢ ᠲᠠᠢ᠂ ᠢᠳᠡᠰᠢᠨ ᠨᠣᠭᠤᠭ᠎ᠠ᠂ ᠰᠠᠭᠠᠯᠢ ᠶᠢᠨ ᠦᠨᠢᠶ᠎ᠡ᠂ ᠢᠳᠡᠭᠡᠨ ᠤ ᠮᠥᠭᠦ ᠵᠡᠷᠭᠡ ᠪᠠᠷ ᠭᠤᠣᠯᠯᠠᠭᠤᠯᠤᠭᠰᠠᠨ ᠠᠵᠢᠯ ᠲᠥᠷᠥᠯ ᠤᠨ ᠨᠡᠶᠢᠭᠡᠮᠯᠢᠭ 7 ᠪᠣᠢ᠃     ᠪᠦᠬᠦ ᠪᠠᠯᠭᠠᠰᠤᠨ ᠳᠤ ᠡᠯ᠎ᠡ ᠲᠥᠷᠥᠯ ᠤᠨ ᠠᠵᠤ ᠠᠬᠤᠶᠢᠯᠠᠯ 32  ᠪᠣᠢ᠃ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠭᠠᠰᠤ ᠦᠢᠯᠡᠳᠪᠦᠷᠢᠯᠡᠬᠦ ᠪᠠ ᠴᠢᠳᠬᠤᠮᠠᠯ ᠤᠨ ᠦᠢᠯᠡᠳᠪᠦᠷᠢᠯᠡᠯ ᠵᠡᠷᠭᠡ 5 ᠶᠡᠭᠡ ᠲᠤᠯᠭᠠᠭᠤᠷᠢ ᠠᠵᠤ ᠦᠢᠯᠡᠰ ᠪᠦᠷᠢᠯᠳᠦᠵᠦ᠂ ᠲᠤᠯᠭᠠᠭᠤᠷᠢ ᠠᠵᠤ ᠦᠢᠯᠡᠰ ᠤᠨ ᠲᠣᠭᠤᠷᠢᠨ ᠳᠤ ᠲᠡᠭᠡᠭᠡᠪᠦᠷᠢ᠂ ᠰᠡᠯᠪᠢᠨ ᠵᠠᠰᠠᠯᠲᠠ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ᠤᠯᠠᠨ ᠦᠢᠯᠡᠴᠢᠯᠡᠭᠡᠨ ᠤ ᠦᠢᠯᠡᠰ ᠳᠠᠭᠠᠯᠳᠤᠨ ᠬᠥᠭᠵᠢᠪᠡ᠃ ᠦᠵᠢᠶᠠ ᠪᠠᠯᠭᠠᠰᠤ ᠳᠤ ᠣᠷᠣᠰᠢᠬᠤ 2 ᠲᠡᠭᠰᠢ ᠳᠥᠷᠪᠡᠯᠵᠢᠨ ᠺᠢᠯᠣᠮᠧᠲᠷ ᠤᠨ ᠥᠨᠳᠥᠷ ᠡᠨᠧᠷᠭᠢ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠠᠮ᠂ ᠴᠠᠬᠢᠯᠭᠠᠨ ᠬᠠᠩᠭᠠᠯᠭ᠎ᠠ᠂ ᠤᠰᠤᠨ ᠬᠠᠩᠭᠠᠯᠭ᠎ᠠ᠂ ᠤᠰᠤ ᠲᠠᠲᠠᠷᠠᠭᠤᠯᠬᠤ᠂ ᠴᠢᠮᠡᠭᠡ ᠬᠤᠯᠪᠣᠭ᠎ᠠ᠂ ᠭᠠᠵᠠᠷ ᠰᠢᠷᠤᠢ ᠲᠡᠭᠰᠢᠯᠡᠨ ᠬᠠᠲᠠᠭᠤᠷᠠᠭᠤᠯᠬᠤ ᠵᠢᠴᠢ ᠬᠦᠷᠢᠶᠡᠯᠡᠩ ᠲᠣᠭᠤᠷᠢᠭ ᠤᠨ ᠨᠣᠭᠤᠭᠠᠷᠠᠭᠤᠯᠤᠯᠲᠠ᠂ ᠵᠠᠮ ᠤᠨ ᠳ᠋ᠧᠩ ᠵᠡᠷᠭᠡ ᠢᠵᠢ ᠪᠦᠷᠢᠳᠦᠭᠦᠯᠦᠭᠰᠡᠨ ᠪᠠᠶᠢᠭᠤᠯᠤᠮᠵᠢ ᠪᠦᠷᠢᠨ ᠲᠡᠭᠦᠯᠳᠡᠷ ᠪᠠᠶᠢᠵᠤ᠂ ᠣᠳᠣᠬᠠᠨ ᠳᠤ ᠰᠠᠭᠤᠷᠢᠰᠢᠵᠤ ᠪᠠᠶᠢᠭ᠎ᠠ ᠲᠥᠷᠥᠯ ᠵᠦᠢᠯ  9  ᠪᠣᠢ᠃ ᠪᠡᠯᠡ ᠲᠠᠲᠠᠬᠤ ᠠᠵᠤ ᠠᠬᠤᠶᠢᠯᠠᠯ ᠤᠨ ᠲᠠᠯ᠎ᠠ ᠳᠤ᠂  ᠵᠢᠯ ᠳᠤ 1800 ᠲᠣᠨ ᠳᠡᠭᠡᠳᠦ᠂ ᠳᠣᠮᠳᠠ᠂ ᠳᠣᠣᠷ᠎ᠠ ᠳᠡᠰ ᠤᠨ ᠠᠷᠢᠭᠤᠨ ᠴᠡᠪᠡᠷ ᠤᠨ ᠴᠠᠭᠠᠰᠤ ᠦᠢᠯᠡᠳᠪᠦᠷᠢᠯᠡᠵᠦ ᠪᠦᠬᠦᠢ ᠤᠯᠠᠭᠠᠨᠬᠠᠳᠠ ᠶᠢᠨ ᠰᠢᠩ ᠯᠦᠩ ᠴᠠᠭᠠᠰᠤᠨ ᠦᠢᠯᠡᠰ ᠤᠨ ᠬᠢᠵᠠᠭᠠᠷᠲᠤ ᠺᠣᠮᠫᠠᠨᠢ︔ ᠵᠢᠯ ᠤᠨ 2000 ᠲᠣᠨ ᠴᠢᠳᠬᠤᠮᠠᠯ ᠪᠦᠲᠦᠭᠡᠭᠳᠡᠬᠦᠨ ᠦᠢᠯᠡᠳᠪᠦᠷᠢᠯᠡᠵᠦ ᠪᠦᠬᠦᠢ ᠴᠠᠩ ᠱᠦᠨ ᠠᠷᠠᠳ ᠤᠨ ᠬᠡᠷᠡᠭᠯᠡᠭᠡᠨ ᠤ ᠴᠢᠳᠬᠤᠮᠠᠯ ᠤᠨ ᠬᠢᠵᠠᠭᠠᠷᠲᠤ ᠺᠣᠮᠫᠠᠨᠢ︔ ᠵᠢᠯ ᠳᠤ 200 ᠲᠦᠮᠡᠨ ᠢᠵᠢ ᠴᠠᠭᠠᠰᠤᠨ ᠬᠠᠶᠢᠷᠴᠠᠭ ᠦᠢᠯᠡᠳᠪᠦᠷᠢᠯᠡᠵᠦ ᠪᠦᠬᠦᠢ ᠰᠠᠨ ᠾᠧ ᠪᠣᠭᠤᠳᠠᠯᠯᠠᠬᠤ ᠪᠦᠲᠦᠭᠡᠭᠳᠡᠬᠦᠨ ᠤ ᠦᠢᠯᠡᠳᠪᠦᠷᠢ︔ ᠲᠢᠶᠠᠨᠵᠢᠨ ᠤ ᠵᠢᠶᠠᠩ ᠱᠧᠩ ᠪᠦᠯᠦᠭᠯᠡᠯ︔. ᠪᠡᠭᠡᠵᠢᠩ ᠤᠨ ᠸᠧᠢ ᠶᠢᠨ ᠤᠯᠠᠨ ᠤᠯᠤᠰ ᠤᠨ ᠪᠡᠯᠡ ᠣᠷᠤᠭᠤᠯᠤᠯᠲᠠ ᠶᠢᠨ ᠪᠦᠯᠦᠭᠯᠡᠯ ᠤᠨ ᠺᠣᠮᠫᠠᠨᠢ ᠵᠡᠷᠭᠡ ᠪᠣᠢ᠃ ᠫᠢᠩᠵᠤᠸᠠᠩ ᠤᠨ ᠨᠡᠭᠦᠷᠡᠰᠦᠨ ᠦᠢᠯᠡᠰ ︵ᠪᠦᠯᠦᠭᠯᠡᠯ︶᠎ ᠤᠨ ᠺᠣᠮᠫᠠᠨᠢ ᠶᠢᠨ ᠦᠵᠢᠶᠠ ᠨᠡᠭᠦᠷᠡᠰᠦᠨ ᠠᠭᠤᠷᠬᠠᠢ ᠲᠣᠰ ᠪᠠᠯᠭᠠᠰᠤᠨ ᠳᠤ ᠪᠠᠶᠢᠷᠢᠰᠢᠵᠤ ᠪᠠᠶᠢᠳᠠᠭ᠃ ᠰᠢᠶᠠᠩ ᠪᠠᠯᠭᠠᠰᠤ ᠶᠢᠨ ᠠᠵᠤ ᠠᠬᠤᠶᠢᠯᠠᠯ ᠤᠨ ᠨᠡᠭᠦᠷᠡᠰᠦᠨ ᠠᠭᠤᠷᠬᠠᠢ 3 ᠪᠠᠶᠢᠵᠤ᠂ ᠵᠢᠯ ᠳᠤ 44 ᠲᠦᠮᠡᠨ ᠲᠣᠨ ᠨᠡᠭᠦᠷᠡᠰᠦ ᠭᠠᠷᠭᠠᠵᠤ ᠪᠣᠢ᠃     ᠴᠢᠮᠡᠭᠡ ᠬᠤᠯᠪᠣᠭᠠᠨ ᠤ ᠦᠢᠯᠡᠴᠢᠯᠡᠭᠡ ᠲᠡᠭᠦᠯᠳᠡᠷᠵᠢᠵᠦ᠂ ᠡᠵᠡᠮᠰᠢᠯᠲᠦ ᠤᠲᠠᠰᠤ᠂ ᠰᠢᠯᠵᠢᠮᠡᠯ ᠤᠲᠠᠰᠤ ᠪᠠ ᠤᠯᠠᠨ ᠵᠠᠭᠤᠴᠢᠲᠤ ᠮᠡᠳᠡᠭᠡ ᠵᠠᠩᠭᠢ ᠪᠦᠬᠦ ᠪᠠᠯᠭᠠᠰᠤᠨ ᠳᠤ ᠨᠡᠪᠲᠡᠷᠡᠪᠡ᠃ ᠪᠠᠯᠭᠠᠰᠤᠨ ᠤ ᠬᠠᠷᠢᠶᠠᠨ ᠳᠤ ᠨᠢᠭᠡ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠲᠠᠢ︔ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ᠂ ᠰᠢᠤᠳᠠᠨ ᠬᠠᠳᠠᠭᠠᠯᠠᠮᠵᠢ᠂ ᠳᠠᠭᠠᠳᠬᠠᠯ ᠤᠨ ᠺᠣᠮᠫᠠᠨᠢ ᠶᠢᠨ ᠣᠷᠣᠯᠠᠨ ᠭᠦᠢᠴᠡᠳᠬᠡᠬᠦ ᠭᠠᠵᠠᠷ ᠵᠡᠷᠭᠡ ᠮᠥᠩᠭᠦᠨ ᠭᠦᠢᠯᠭᠡᠭᠡᠨ ᠪᠠ ᠳᠠᠭᠠᠳᠬᠠᠯ ᠤᠨ ᠪᠠᠶᠢᠭᠤᠯᠤᠮᠵᠢ ᠲᠠᠢ︔  0.6 ᠲᠣᠨ ᠠᠮᠤ ᠪᠤᠳᠠᠭ᠎ᠠ ᠨᠥᠭᠡᠴᠡᠯᠡᠬᠦ ᠪᠠᠭᠲᠠᠭᠠᠮᠵᠢ ᠪᠦᠬᠦᠢ ᠬᠤᠷᠢᠶᠠᠨ ᠬᠠᠳᠠᠭᠠᠯᠠᠬᠤ ᠬᠥᠮᠥᠷᠭᠡ ᠨᠢᠭᠡ ᠪᠣᠢ︔ ᠳᠥᠷᠪᠡᠨ ᠰᠠᠭᠤᠷᠢ ᠳᠤᠮᠳᠠᠳᠤ ᠪᠠᠭ᠎ᠠ ᠰᠤᠷᠭᠠᠭᠤᠯᠢ᠂ ᠬᠤᠶᠠᠷ ᠡᠮᠨᠡᠯᠭᠡ ᠶᠢᠨ ᠬᠤᠷᠢᠶ᠎ᠠ᠂ ᠲᠣᠰᠬᠤᠨ ᠤ ᠱᠠᠲᠤᠨ ᠤ ᠡᠮᠴᠢᠯᠡᠭᠡᠨ ᠤ ᠲᠠᠰᠤᠭ ᠲᠠᠪᠤ ᠪᠣᠢ᠃ ᠰᠣᠶᠣᠯ ᠲᠠᠮᠢᠷ ᠷᠳᠢᠤ᠋ ᠲᠧᠯᠸᠢᠰ ᠦᠢᠯᠡᠴᠢᠯᠡᠭᠡᠨ ᠤ ᠲᠥᠪ ᠨᠢᠭᠡ ᠪᠠᠶᠢᠵᠤ᠂  ᠤᠲᠠᠰᠤᠲᠤ ᠲᠧᠯᠸᠢᠰ ᠪᠦᠬᠦ ᠪᠠᠯᠭᠠᠰᠤᠨ ᠳᠤ ᠲᠦᠭᠡᠮᠡᠯᠵᠢᠪᠡ︔ ᠠᠭᠤᠷᠬᠠᠢ ᠶᠢᠨ ᠲᠣᠭᠤᠷᠢᠭ ᠲᠤ ᠨᠢᠭᠡ ᠺᠢᠨᠣ᠋ ᠶᠢᠨ ᠣᠷᠳᠣᠨ ᠲᠠᠢ︔ ᠲᠣᠰᠬᠤᠨ ᠤ ᠱᠠᠲᠤᠨ ᠤ ᠰᠣᠶᠣᠯ ᠤᠨ ᠠᠵᠢᠯᠯᠠᠭᠠᠨ ᠤ ᠥᠷᠲᠡᠭᠡ ᠲᠠᠪᠤ ᠪᠣᠢ᠃      ᠎ ᠶᠢᠨ ᠴᠢᠶᠣᠤ ᠬᠤᠳᠠᠯᠳᠤᠭᠠᠨ ᠤ ᠵᠡᠭᠡᠯᠢ ᠪᠠ ᠪᠠᠯᠭᠠᠰᠤ ᠶᠢᠨ ᠬᠤᠳᠠᠯᠳᠤᠭᠠᠨ ᠤ ᠵᠡᠭᠡᠯᠢ ᠪᠠᠷ ᠭᠤᠣᠯ ᠱᠤᠭᠤᠮ ᠪᠣᠯᠭᠠᠭᠰᠠᠨ ᠴᠤᠭᠯᠠᠷᠠᠯ ᠨᠢ ᠦᠵᠢᠶᠠ ᠪᠠᠯᠭᠠᠰᠤ ᠶᠢᠨ ᠠᠷᠠᠯᠵᠢᠶ᠎ᠠ ᠭᠦᠢᠯᠭᠡᠭᠡ ᠶᠢᠨ ᠭᠤᠣᠯ ᠬᠡᠯᠪᠡᠷᠢ ᠪᠣᠯᠣᠨ ᠪᠦᠷᠢᠯᠳᠦᠪᠡ᠃ ᠪᠠᠯᠭᠠᠰᠤ ᠶᠢᠨ ᠵᠡᠭᠦᠨ ᠪᠠ ᠪᠠᠷᠠᠭᠤᠨ ᠬᠡᠰᠡᠭ ᠲᠤ ᠣᠷᠣᠰᠢᠬᠤ ᠴᠤᠭᠯᠠᠭ᠎ᠠ ᠠᠷᠠᠯᠵᠢᠶ᠎ᠠ ᠶᠢᠨ ᠵᠠᠬ᠎ᠠ ᠳᠡᠯᠭᠡᠭᠦᠷ ᠵᠢᠴᠢ ᠶᠢᠨ ᠴᠢᠶᠣᠤ ᠴᠤᠭᠯᠠᠭ᠎ᠠ ᠠᠷᠠᠯᠵᠢᠶ᠎ᠠ ᠶᠢᠨ ᠵᠠᠬ᠎ᠠ ᠳᠡᠯᠭᠡᠭᠦᠷ ᠨᠢ ᠪᠠᠯᠭᠠᠰᠤ ᠶᠢᠨ ᠭᠤᠷᠪᠠᠨ ᠭᠤᠣᠯ ᠠᠷᠠᠯᠵᠢᠶᠠᠨ ᠤ ᠲᠥᠪ ᠪᠣᠯᠵᠠᠢ᠃ ᠣᠳᠣᠬᠠᠨ ᠳᠤ 339 ᠬᠤᠳᠠᠯᠳᠤᠭᠠᠴᠢᠨ ᠡᠷᠦᠬᠡ᠂ ᠠᠩᠬ᠎ᠠ ᠠᠯᠬᠤᠮ ᠬᠡᠪᠴᠢᠶᠡᠵᠢᠭᠰᠡᠨ ᠥᠪᠡᠷᠲᠡᠭᠡᠨ ᠰᠣᠩᠭᠤᠬᠤ ᠳᠡᠯᠭᠡᠭᠦᠷ 2  ᠂ ᠲᠠᠸᠠᠷ ᠤᠨ ᠭᠦᠢᠯᠭᠡᠭᠡ ᠲᠣᠬᠢᠷᠠᠭᠤᠯᠤᠨ ᠬᠦᠷᠭᠡᠬᠦ ᠡᠷᠦᠬᠡ 1 ᠪᠠᠶᠢᠵᠤ᠂ ᠵᠢᠯ ᠤᠨ ᠵᠠᠬ᠎ᠠ ᠳᠡᠯᠭᠡᠭᠦᠷ ᠴᠤᠭᠯᠠᠭ᠎ᠠ ᠬᠤᠳᠠᠯᠳᠤᠭ᠎ᠠ ᠶᠢᠨ ᠠᠷᠠᠯᠵᠢᠶᠠᠯᠠᠭᠰᠠᠨ ᠥᠷᠲᠡᠭ 1.7 ᠳ᠋ᠦᠩᠰᠢᠭᠤᠷ ᠲᠥᠭᠦᠷᠢᠭ ᠬᠦᠷᠴᠦ ᠪᠣᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1