ᠶᠤᠸᠠᠨ ᠪᠤᠤ ᠱᠠᠨ ᠪᠠᠯᠭᠠᠰᠤ
ᠨᠡᠶᠢᠲᠡᠯᠡᠭᠰᠡᠨ ᠴᠠᠭ᠄
2017/9/12
ᠶᠤᠸᠠᠨ ᠪᠤᠤ ᠱᠠᠨ ᠪᠠᠯᠭᠠᠰᠤ       ᠶᠤᠸᠠᠨ ᠪᠤᠤ ᠱᠠᠨ ᠪᠠᠯᠭᠠᠰᠤ ᠶᠤᠸᠠᠨ ᠪᠤᠤ ᠱᠠᠨ ᠲᠤᠭᠤᠷᠢᠭ ᠤᠨ ᠵᠡᠬᠦᠨ ᠬᠤᠶᠢᠲᠦ ᠬᠡᠰᠡᠭ ᠲᠤ ᠪᠠᠶᠢᠷᠢᠰᠢᠨ ᠂ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠶᠦᠨ ᠱᠠᠨ ᠵᠠᠮ ᠳᠡᠭᠡᠷ᠎ᠡ ᠪᠠᠶᠢᠵᠦ᠂ ᠫᠢᠩᠵᠤᠸᠠᠩ ᠠᠴᠠ 42 ᠺᠢᠯᠤᠮᠧᠲᠷ ᠵᠠᠶᠢᠲᠠᠢ᠂ ᠤᠯᠠᠭᠠᠨᠬᠠᠲᠠ ᠬᠤᠲᠠ ᠠᠴᠠ 35 ᠺᠢᠯᠤᠮᠧᠲᠷ ᠵᠠᠶᠢᠲᠠᠢ᠂ ᠵᠡᠭᠦᠨ ᠲᠠᠯ᠎ᠠ ᠪᠠᠷ ᠢᠶᠠᠨ ᠹᠧᠩ ᠱᠦᠢ ᠭᠸᠤ ᠪᠠᠯᠭᠠᠰᠤ ᠲᠠᠢ ᠬᠢᠯᠢ ᠨᠡᠶᠢᠯᠡᠵᠦ᠂ ᠡᠮᠦᠨ᠎ᠡ ᠲᠡᠯ᠎ᠠ ᠪᠠᠷ ᠢᠶᠠᠨ ᠯᠢᠶᠤᠤᠨᠢᠩ ᠮᠤᠵᠢ ᠶᠢᠨ ᠵᠢᠶᠠᠨ ᠫᠢᠩ ᠰᠢᠶᠠᠨ ᠲᠠᠢ ᠭᠤᠤᠯ ᠠᠯᠤᠰᠯᠠᠨ ᠨᠢᠭᠤᠷᠯᠠᠵᠦ᠂ ᠮᠸᠢ ᠯᠢ ᠡᠾᠧ ᠪᠠᠯᠭᠠᠰᠤ ᠲᠠᠢ ᠵᠠᠯᠭᠠᠯᠳᠤᠨ᠂ ᠪᠠᠷᠠᠭᠤᠨ ᠢᠶᠠᠨ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠬᠤᠩ ᠮᠢᠶᠤᠤ ᠽᠢ ᠪᠠᠯᠭᠠᠰᠤ᠂ ᠸᠧᠨ ᠵᠦᠩ ᠪᠠᠯᠭᠠᠰᠤ ᠲᠠᠢ ᠵᠠᠬ᠎ᠠ ᠨᠡᠶᠢᠯᠡᠨ᠎ᠡ᠃ ᠬᠤᠶᠢᠲᠦ ᠬᠡᠰᠡᠭ ᠢᠶᠠᠷ ᠢᠶᠠᠨ ᠰᠦᠩᠱᠠᠨ ᠲᠤᠭᠤᠷᠢᠭ ᠱᠦᠢ ᠳ᠋ᠢ ᠰᠢᠶᠠᠩ᠂ ᠠᠨ ᠴᠢᠩ ᠪᠠᠯᠭᠠᠰᠤ ᠎ ᠲᠠᠢ ᠬᠤᠯᠪᠤᠯᠳᠤᠨ᠎ᠠ᠃   ᠵᠡᠭᠦᠨᠰᠢ ᠪᠠᠷᠠᠭᠤᠨᠰᠢ ᠤᠷᠲᠤ ᠨᠢ 35 ᠺᠢᠯᠤᠮᠧᠲᠷ᠂ ᠬᠤᠶᠢᠰᠢ ᠡᠮᠦᠨᠡᠰᠢ ᠦᠷᠭᠡᠨ ᠨᠢ 18 ᠺᠢᠯᠤᠮᠧᠲᠷ᠂ ᠶᠡᠷᠦᠩᠬᠡᠢ ᠲᠠᠯᠠᠪᠠᠢ 319.34 ᠺᠦᠸᠠᠳ᠋ ᠺᠢᠯᠤᠮᠧᠲᠷ᠃ 2008 ᠤᠨ ᠳᠤ᠂ 16 ᠲᠤᠰᠬᠤᠨ ᠤ ᠵᠦᠪᠯᠡᠯ᠂ 24 ᠰᠠᠭᠤᠭᠠᠯᠢ ᠠᠷᠠᠳ ᠤᠨ ᠵᠦᠪᠯᠡᠯ᠂ 85 ᠪᠠᠶᠢᠭᠠᠯᠢᠯᠢᠭ ᠲᠤᠰᠬᠤᠨ᠂ 32187 ᠡᠷᠦᠬᠡ᠂ 87313 ᠬᠦᠮᠦᠨ ᠠᠮᠠ ᠲᠠᠢ᠂ ᠡᠬᠦᠨ ᠤ ᠲᠤᠳᠤᠷ᠎ᠠ ᠲᠠᠷᠢᠶᠠᠯᠠᠩ ᠶᠢᠨ ᠪᠤᠰᠤ ᠬᠦᠮᠦᠨ ᠠᠮᠠ 56707᠂ ᠬᠢᠲᠠᠳ ᠦᠨᠳᠦᠰᠦᠲᠡᠨ 76686 ᠬᠦᠮᠦᠨ᠂ ᠮᠤᠩᠭᠤᠯ ᠦᠨᠳᠦᠰᠦᠲᠡᠨ 8099 ᠬᠦᠮᠦᠨ᠂  ᠬᠤᠲᠤᠩ ᠦᠨᠳᠦᠰᠦᠲᠡᠨ 188 ᠬᠦᠮᠦᠨ᠂ ᠮᠠᠨᠵᠦ ᠦᠨᠳᠦᠰᠦᠲᠡᠨ 2261  ᠬᠦᠮᠦᠨ᠃      ᠭᠠᠵᠠᠷ ᠤᠨ ᠪᠠᠶᠢᠴᠠ ᠪᠠᠷᠠᠭᠤᠨ ᠬᠤᠶᠢᠲᠦ ᠪᠠᠨ ᠦᠨᠳᠦᠷ᠂ ᠵᠡᠬᠦᠨ ᠡᠮᠦᠨ᠎ᠡ ᠪᠠᠨ ᠳᠤᠤᠷ᠎ᠠ᠂ ᠬᠢᠵᠠᠭᠠᠷ ᠲᠤᠳᠤᠷ᠎ᠠ ᠯᠤᠤᠬ᠎ᠠ ᠶᠢᠨ ᠭᠤᠤᠯ᠂ ᠢᠨᠵᠢ ᠭᠤᠤᠯ ᠤᠷᠤᠰᠴᠤ᠂ ᠪᠠᠯᠭᠠᠰᠤᠨ ᠤ ᠵᠡᠬᠦᠨ ᠬᠡᠰᠡᠭ ᠲᠤ ᠤᠷᠤᠰᠬᠠᠯ ᠨᠡᠶᠢᠯᠡᠨ᠎ᠡ᠃ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ 360 ~ 380 ᠮᠢᠯᠢᠯᠢᠲ᠋ᠧᠷ᠂ ᠵᠢᠯ ᠤᠨ ᠳᠤᠮᠳᠠᠴᠢ ᠳᠤᠯᠠᠭᠠᠨ ᠤ ᠬᠡᠮᠵᠢᠶ᠎ᠡ 6.0℃ ~7.0℃  ᠃      ᠶᠤᠸᠠᠨ ᠪᠤᠤ ᠱᠠᠨ ᠪᠠᠯᠭᠠᠰᠤ ᠦᠨᠢ ᠤᠳᠠᠭᠠᠨ ᠲᠡᠤᠬᠡ ᠲᠠᠢ᠂ ᠡᠷᠲᠡ ᠲᠠᠪᠤᠨ ᠮᠢᠩᠭᠠᠨ ᠵᠢᠯ ᠤᠨ ᠡᠮᠦᠨ᠎ᠡ᠂ ᠠᠳᠡ ᠬᠦᠮᠦᠨ ᠲᠦᠷᠦᠯᠬᠢᠲᠡᠨ ᠰᠠᠭᠤᠷᠢᠰᠢᠵᠦ᠂ ︽ᠰᠢᠶᠠ ᠵᠢᠶᠠ ᠳ᠋ᠢᠶᠠᠨ ᠤ ᠰᠤᠶᠤᠯ︾᠎ ᠤᠨ ᠦᠯᠡᠳᠡᠭᠳᠡᠯ ᠲᠠᠢ ᠶᠤᠮ᠃ ᠢᠷᠭᠡᠨ ᠤᠯᠤᠰ ᠤᠨ ᠬᠤᠷᠢᠨ ᠤᠨ ︵1931 ᠤᠨ︶᠎ ᠳᠤ ᠤᠯᠠᠭᠠᠨᠬᠠᠳᠠ ᠰᠢᠶᠠᠨ 5 ᠦᠪᠡᠷᠲᠡᠭᠡᠨ ᠵᠠᠰᠠᠬᠤ ᠲᠤᠭᠤᠷᠢᠭ ᠪᠠᠶᠢᠵᠦ᠂ ᠬᠤᠶᠠᠳᠤᠭᠠᠷ ᠲᠤᠭᠤᠷᠢᠭ ︵ᠦᠨᠦᠳᠦᠷ ᠤᠨ ᠵᠢᠶᠠᠨ ᠴᠠᠩ ᠢᠩ ᠲᠤᠰᠬᠤᠨ︶ ᠶᠤᠸᠠᠨ ᠪᠤᠤ ᠱᠠᠨ ᠤ ᠬᠠᠷᠢᠶᠠᠨ ᠳᠤ ᠤᠷᠤᠰᠢᠵᠦ᠂ 26 ᠰᠢᠶᠠᠩ ᠢ ᠬᠠᠮᠢᠶᠠᠷᠴᠦ ᠪᠠᠶᠢᠪᠠ᠃ ᠢᠷᠭᠡᠨ ᠤᠯᠤᠰ ᠤᠨ ᠭᠤᠴᠢᠨ ᠳᠦᠷᠪᠡᠳᠦᠭᠡᠷ ᠤᠨ ︵1945 ᠤᠨ︶᠂ ᠶᠤᠸᠠᠨ ᠪᠤᠤ ᠱᠠᠨ ᠤᠯᠠᠭᠠᠨᠬᠠᠳᠠ ᠰᠢᠶᠠᠨ ᠤ ᠬᠠᠷᠢᠶᠠᠨ ᠳᠤ ᠵᠠᠬᠢᠷᠤᠭᠳᠠᠪᠠ᠃ 1956 ᠤᠨ ᠤ 1 ᠰᠠᠷ᠎ᠠ ᠳᠤ᠂ ᠿᠸᠡᠾᠧ ᠮᠤᠵᠢ ᠶᠢᠨ ᠪᠠᠶᠢᠭᠤᠯᠤᠮᠵᠢ ᠶᠢ ᠬᠠᠰᠤᠵᠦ ᠬᠠᠶᠠᠭᠠᠳ᠂ ᠶᠤᠸᠠᠨ ᠪᠤᠤ ᠱᠠᠨ ᠪᠠᠯᠭᠠᠰᠤ ᠵᠤᠤ ᠤᠳᠠ ᠠᠶᠢᠮᠠᠭ ᠤᠨ ᠵᠠᠰᠠᠭ ᠵᠠᠬᠢᠷᠭᠠᠨ ᠤ ᠬᠠᠷᠢᠶᠠᠨ ᠳᠤ ᠵᠠᠬᠢᠷᠤᠭᠳᠠᠪᠠ᠃ 1969 ᠤᠨ ᠤ 7 ᠰᠠᠷ᠎ᠠ ᠳᠤ᠂ ᠶᠤᠸᠠᠨ ᠪᠤᠤ ᠱᠠᠨ ᠲᠤᠭᠤᠷᠢᠭ ᠵᠤᠤ ᠤᠳᠠ ᠠᠶᠢᠮᠠᠭ ᠲᠠᠢ ᠬᠠᠮᠲᠦ ᠯᠢᠶᠤᠤᠨᠢᠩ ᠮᠤᠵᠢ ᠳᠤ ᠬᠠᠷᠢᠶᠠᠯᠠᠭᠳᠠᠵᠤ᠂ 1979 ᠤᠨ ᠤ 7 ᠰᠠᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ  ᠬᠠᠷᠢᠶᠠᠯᠠᠭᠳᠠᠪᠠ᠃ 1983 ᠤᠨ ᠠᠴᠠ ᠡᠮᠦᠨ᠎ᠡ᠂ ᠶᠤᠸᠠᠨ ᠪᠤᠤ ᠱᠠᠨ ᠪᠠᠯᠭᠠᠰᠤ ᠶᠢᠨ ᠬᠡᠰᠡᠭ ᠪᠦᠯᠦᠭ ᠵᠠᠰᠠᠭ ᠵᠠᠬᠢᠷᠭᠠᠨ ᠤ ᠲᠤᠰᠬᠤᠨ ᠵᠤᠤ ᠤᠳᠠ ᠠᠶᠢᠮᠠᠭ ᠤᠨ ᠤᠯᠠᠭᠠᠨᠬᠠᠳᠠ ᠬᠤᠲᠠ ᠳᠤ ᠬᠠᠷᠢᠶᠠᠯᠠᠭᠳᠠᠨ᠂ ᠬᠡᠰᠡᠭ ᠪᠦᠯᠦᠭ ᠨᠢ ᠤᠯᠠᠭᠠᠨᠬᠠᠳᠠ ᠰᠢᠶᠠᠨ ᠳᠤ ᠬᠤᠪᠢᠶᠠᠭᠳᠠᠪᠠ᠃ 1983 ᠤᠨ ᠤ 10 ᠰᠠᠷ᠎ᠠ ᠶᠢᠨ 10  ᠎ ᠤ ᠡᠳᠦᠷ᠂ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠᠶᠢᠭᠤᠯᠤᠭᠳᠠᠵᠦ᠂ ᠶᠤᠸᠠᠨ ᠪᠤᠤ ᠱᠠᠨ ᠲᠤᠭᠤᠷᠢᠭ ᠳᠤ  ᠬᠠᠷᠢᠶᠠᠯᠠᠭᠳᠠᠪᠠ᠃ 2005 ᠤᠨ ᠤ 11 ᠰᠠᠷ᠎ᠠ ᠳᠤ᠂ ᠵᠢᠶᠠᠨ ᠴᠠᠩ ᠢᠩ ᠲᠤᠰᠬᠤᠨ᠂ ᠮᠠ ᠯᠢᠨ᠂ ᠶᠤᠸᠠᠨ ᠪᠤᠤ ᠱᠠᠨ ᠵᠡᠷᠬᠡ ᠭᠤᠷᠪᠠᠨ ᠪᠠᠯᠭᠠᠰᠤ ᠶᠢ ᠨᠡᠶᠢᠯᠡᠬᠦᠯᠦᠨ ᠶᠤᠸᠠᠨ ᠪᠤᠤ ᠱᠠᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠢ ᠶᠦᠨ ᠱᠠᠨ ᠵᠠᠮ ᠳᠡᠭᠡᠷ᠎ᠡ ᠪᠠᠶᠢᠭᠤᠯᠪᠠ᠃ ᠲᠤᠰ ᠵᠢᠯ ᠳᠤ᠂ ᠶᠦᠨ ᠱᠠᠨ ᠵᠠᠮ ᠎ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ ᠠᠵᠢᠯ ᠢᠶᠠᠨ ᠰᠡᠷᠭᠦᠭᠡᠵᠦ᠂ ᠶᠤᠸᠠᠨ ᠪᠤᠤ ᠱᠠᠨ ᠪᠠᠯᠭᠠᠰᠤ ᠎ ᠲᠠᠢ ᠬᠠᠮᠲᠤᠷᠠᠨ ᠠᠵᠢᠯᠯᠠᠪᠠ᠃     ᠶᠤᠸᠠᠨ ᠪᠤᠤ ᠱᠠᠨ ᠨᠡᠭᠦᠷᠡᠰᠦᠨ ᠠᠭᠤᠷᠬᠠᠢ ᠵᠢᠴᠢ ᠶᠤᠸᠠᠨ ᠪᠤᠤ ᠱᠠᠨ ᠵᠠᠳᠠᠭᠠᠢ ᠨᠡᠬᠦᠷᠡᠰᠦᠨ ᠨᠡᠭᠦᠷᠡᠰᠦᠨ ᠠᠭᠤᠷᠬᠠᠢ᠂ ᠡᠾᠦ᠋ᠩ ᠮᠢᠶᠤᠤ ᠨᠡᠭᠦᠷᠡᠰᠦᠨ ᠠᠭᠤᠷᠬᠠᠢ ᠵᠢᠴᠢ ᠶᠡᠷᠦᠩᠬᠡᠢ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠎ ᠨᠢ 210 ᠲᠦᠮᠡᠨ ᠺᠢᠯᠤᠸᠠᠲ ᠶᠢᠨ ᠶᠤᠸᠠᠨ ᠪᠤᠤ ᠱᠠᠨ ᠴᠠᠬᠢᠯᠭᠠᠨ ᠭᠠᠷᠭᠠᠬᠤ ᠤᠶᠢᠯᠡᠳᠪᠦᠷᠢ᠂ ᠵᠡᠬᠦᠨ ᠬᠡᠰᠡᠭ ᠤᠨ ᠭᠠᠵᠠᠷ ᠤᠷᠤᠨ ᠤ ᠴᠠᠬᠢᠯᠭᠠᠨ ᠬᠦᠴᠦᠨ ᠤ ᠨᠢᠭᠡᠳᠦᠭᠡᠷ ᠺᠤᠮᠫᠠᠨᠢ᠂ ᠶᠤᠸᠠᠨ ᠪᠤᠤ ᠱᠠᠨ ᠤᠯᠤᠰ ᠤᠨ ᠠᠮᠤ ᠪᠤᠳᠠᠭᠠᠨ ᠎ ᠤ ᠬᠦᠮᠦᠷᠭᠡ ᠵᠡᠷᠭᠡ ᠤᠯᠤᠰ ᠤᠨ ᠦᠮᠴᠢᠯᠡᠯᠲᠦ  ᠲᠤᠮᠤ ᠬᠡᠪᠴᠢᠶᠡᠨ ᠤ ᠠᠵᠤ ᠠᠬᠤᠶᠢᠯᠠᠯ ᠶᠤᠸᠠᠨ ᠪᠤᠤ ᠱᠠᠨ ᠪᠠᠯᠭᠠᠰᠤᠨ ᠳᠤ ᠰᠠᠭᠤᠷᠢᠰᠢᠵᠤ  ᠪᠠᠶᠢᠨ᠎ᠠ᠃ ᠤᠯᠠᠭᠠᠨᠬᠠᠳᠠ ᠬᠤᠲᠠ ᠶᠢᠨ ᠡᠬᠢ ᠪᠠᠶᠠᠯᠢᠭ ᠤᠨ ᠬᠡᠯᠪᠡᠷᠢᠯᠲᠦ  ᠬᠤᠳᠠ ᠎ ᠶᠢᠨ ᠠᠬᠤ ᠠᠬᠤᠢ ᠶᠢᠨ ᠬᠡᠯᠪᠡᠷᠢ ᠶᠢᠨ  ᠦᠭᠡᠷᠡᠴᠢᠯᠡᠯᠳᠡ ᠶᠢᠨ ᠲᠤᠷᠰᠢᠯᠲᠠ ᠶᠢᠨ  ᠲᠤᠭᠤᠷᠢᠭ ᠶᠤᠸᠠᠨ ᠪᠤᠤ ᠱᠠᠨ ᠪᠠᠯᠭᠠᠰᠤᠨ ᠳᠤ   ᠰᠠᠭᠤᠷᠢᠰᠢᠵᠤ᠂ ᠲᠦᠯᠦᠪᠵᠢᠭᠦᠯᠭᠡ ᠶᠢᠨ ᠭᠠᠵᠠᠷ ᠤᠨ ᠶᠡᠷᠦᠩᠬᠡᠢ ᠲᠠᠯᠠᠪᠠᠢ 24.8 ᠺᠦᠸᠠᠳ᠋ ᠺᠢᠯᠤᠮᠧᠲᠷ᠃ ᠲᠤᠰᠬᠤᠨ ᠪᠠᠯᠭᠠᠰᠤ ᠶᠢᠨ ᠶᠡᠭᠡ ᠬᠡᠪᠴᠢᠶᠠᠨ ᠤ ᠠᠵᠤ ᠠᠬᠤᠶᠢᠯᠠᠯ ᠳᠤ ᠤᠯᠠᠭᠠᠨᠬᠠᠳᠠ ᠶᠢᠨ ᠪᠤᠤ ᠱᠠᠨ ᠡᠨᠧᠷᠭᠢ ᠶᠢᠨ ᠰᠤᠷᠪᠤᠯᠵᠢ  ︵ᠪᠦᠯᠦᠭᠯᠡᠯ︶ ᠢᠯᠴᠢ ᠴᠢᠬᠢᠯᠭᠠᠨ ᠤ ᠬᠢᠵᠠᠭᠠᠷᠲᠦ ᠺᠤᠮᠫᠠᠨᠢ᠂ ᠵᠢᠶᠠᠨ ᠴᠠᠩ ᠢᠩ ᠨᠡᠭᠦᠷᠡᠰᠦᠨ ᠠᠭᠤᠷᠬᠠᠢ᠂ ᠴᠠᠩ ᠱᠧᠩ ᠨᠡᠭᠦᠷᠡᠰᠦᠨ ᠠᠭᠤᠷᠬᠠᠢ᠂ ᠭᠤᠸᠠᠩ ᠮᠢᠩ ᠰᠢᠷ ᠪᠣᠳᠤᠭ ᠤᠨ ᠦᠢᠯᠡᠳᠪᠦᠷᠢ᠂ ᠪᠠᠷᠢᠯᠭ᠎ᠠ ᠶᠢᠨ ᠺᠤᠮᠫᠠᠨᠢ᠂ ᠪᠤᠤ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠵᠡᠷᠭᠡ  ᠪᠠᠶᠢᠨ᠎ᠠ᠃     ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠦᠢᠯᠡᠰ ᠪᠤᠯ ᠶᠤᠸᠠᠨ ᠪᠤᠤ ᠱᠠᠨ ᠪᠠᠯᠭᠠᠰᠤᠨ ᠤ ᠰᠠᠭᠤᠷᠢ ᠠᠵᠤ ᠦᠢᠯᠡᠰ ᠪᠤᠯᠤᠨ᠎ᠠ᠂ ᠲᠠᠷᠢᠶᠠᠯᠠᠩ ᠤᠨ ᠲᠠᠷᠢᠮᠠᠯ ᠤᠨ ᠤᠷᠤᠨ ᠭᠤᠤᠯᠳᠠᠭᠤ ᠪᠠᠷᠠᠭᠤᠨ ᠡᠮᠦᠨ᠎ᠡ ᠬᠡᠰᠡᠭ ᠪᠤᠯᠤᠨ ᠬᠤᠶᠢᠲᠦ ᠬᠡᠰᠡᠭ ᠲᠤ ᠪᠠᠶᠢᠷᠢᠰᠢᠵᠤ ᠪᠤᠢ᠃ ᠲᠠᠷᠢᠶᠠᠯᠠᠬᠤ ᠲᠠᠯᠠᠪᠠᠢ 96384 ᠮᠤ᠋᠂ ᠭᠤᠤᠯ ᠲᠠᠷᠢᠮᠠᠯ ᠨᠢ  ᠨᠠᠷᠢᠮᠤ᠂ ᠡᠷᠳᠡᠨᠢ ᠰᠢᠰᠢ᠂ ᠰᠢᠰᠢ᠂ ᠰᠢᠷ᠎ᠠ ᠪᠤᠷᠴᠠᠭ ᠵᠡᠷᠭᠡ᠃ 2008 ᠤᠨ ᠤ ᠡᠴᠦᠰ ᠲᠤ᠂ ᠤᠢ ᠰᠢᠭᠤᠢ ᠶᠢᠨ ᠲᠠᠯᠠᠪᠠᠢ 93180 ᠮᠤ᠋᠂ ᠤᠢ ᠮᠤᠳᠤᠨ ᠤ ᠪᠦᠷᠬᠦᠴᠡ 31.36%᠃      ᠪᠠᠯᠭᠠᠰᠤᠨ ᠲᠤᠳᠤᠷ᠎ᠠ ᠵᠠᠮ ᠬᠠᠷᠢᠯᠴᠠᠭ᠎ᠠ ᠬᠦᠭᠵᠢᠩᠭᠦᠢ᠂ ᠶᠤᠸᠠᠨ ᠪᠤᠤ ᠱᠠᠨ ᠠᠴᠢᠶᠠᠨ ᠤ ᠮᠠᠰᠢᠨ ᠲᠡᠷᠭᠡᠨ ᠦᠷᠲᠡᠭᠡ᠂ ᠮᠠ ᠯᠢᠨ ᠭᠠᠯ ᠲᠡᠷᠭᠡᠨ ᠤ ᠦᠷᠲᠡᠭᠡ ᠪᠠᠶᠢᠨ᠎ᠠ᠃ ᡂᠢ ᠶᠤᠸᠠᠨ ︵ᠤᠯᠠᠭᠠᠨᠬᠠᠳᠠ ᠶᠤᠸᠠᠨ ᠪᠤᠤ ᠱᠠᠨ︶᠂ ᠫᠢᠩ ᠶᠤᠸᠠᠨ ︵ ᠫᠢᠩᠵᠤᠸᠠᠩ᠂ ᠶᠤᠸᠠᠨ ᠪᠤᠤ ᠱᠠᠨ  ︶ ᠵᠠᠰᠠᠮᠠᠯ ᠵᠠᠮ ᠪᠤᠯ ᠤᠯᠤᠰ ᠤᠨ ᠬᠤᠶᠠᠳᠤᠭᠠᠷ ᠳᠡᠰ ᠤᠨ ᠵᠠᠰᠠᠮᠠᠯ ᠵᠠᠮ᠃ ᡂᠢ ᠶᠧ ︵ᠤᠯᠠᠭᠠᠨᠬᠠᠳᠠ᠂ ᠶᠧ ᠪᠠᠢ ᠱᠸᠤ︶᠂ ᡂᠢ ᠶᠢᠨ ︵ᠤᠯᠠᠭᠠᠨᠬᠠᠳᠠ᠂ ᠵᠢᠨᠵᠸᠤ︶᠂ ᡂᠢ ᠱᠧᠨ ︵ᠤᠯᠠᠭᠠᠨᠬᠠᠳᠠ᠂ ᠱᠧᠨ᠋ᠶᠠᠩ︶᠂ ᡂᠢ ᠳ᠋ᠠ ︵ᠤᠯᠠᠭᠠᠨᠬᠠᠳᠠ᠂ ᠳ᠋ᠠᠯᠢᠶᠠᠨ︶ ᠲᠡᠮᠦᠷ ᠵᠠᠮ ᠪᠠᠯᠭᠠᠰᠤ ᠪᠠᠷ ᠦᠩᠭᠡᠷᠡᠨ᠎ᠡ᠂ ᠵᠢᠩ ᠲᠦᠩ ︵ᠪᠡᠭᠡᠵᠢᠩ᠂ ᠲᠦᠩᠯᠢᠶᠤᠤ︶ ᠲᠡᠮᠦᠷ ᠵᠠᠮ ᠬᠤᠶᠢᠲᠦ ᠬᠡᠰᠡᠭ ᠤᠨ ᠬᠦᠪᠡᠭᠡ ᠪᠠᠷ ᠦᠩᠭᠡᠷᠡᠨ᠂ ᠴᠢᠮᠡᠭᠡ ᠬᠤᠯᠪᠤᠭ᠎ᠠ ᠶᠢᠨ ᠲᠤᠨᠤᠭ ᠲᠦᠭᠦᠬᠡᠷᠦᠮᠵᠢ ᠪᠦᠷᠢᠨ᠂ ᠰᠢᠯᠵᠢᠮᠡᠯ  ᠬᠤᠯᠪᠤᠭ᠎ᠠ᠂ ᠨᠢᠭᠡᠲᠦᠮᠡᠯ ᠬᠤᠯᠪᠤᠭ᠎ᠠ ᠵᠢᠴᠢ ᠬᠤᠯᠪᠤᠭᠠᠲᠦ ᠺᠤᠮᠫᠠᠨᠢ ᠪᠦᠬᠦ ᠪᠠᠯᠭᠠᠰᠤ ᠶᠢ ᠪᠦᠷᠬᠦᠭᠰᠡᠨ ᠪᠠᠶᠢᠨ᠎ᠠ᠃     ᠵᠢᠶᠠᠨ ᠴᠠᠩ ᠢᠩ ᠰᠠᠭᠤᠭᠠᠯᠢ ᠠᠷᠠᠳ ᠤᠨ ᠲᠤᠭᠤᠷᠢᠭ ᠨᠢ ᠶᠤᠸᠠᠨ ᠪᠤᠤ ᠱᠠᠨ ᠪᠠᠯᠭᠠᠰᠤᠨ ᠤ ᠶᠦᠨ ᠱᠠᠨ ᠵᠠᠮ ᠵᠠᠰᠠᠭ ᠤᠨ ᠤᠷᠳᠤᠨ ᠤ ᠬᠤᠶᠢᠨ᠎ᠠ ᠨᠢᠭᠡ ᠺᠢᠯᠤᠮᠧᠲᠷ ᠤᠨ ᠵᠠᠶᠢᠲᠠᠢ ᠤᠷᠤᠰᠢᠨ᠎ᠠ᠃  2410 ᠬᠦᠮᠦᠨ ᠠᠮᠠ ᠎ ᠲᠠᠢ᠂ 3 ᠰᠠᠭᠤᠭᠠᠯᠢ ᠠᠷᠠᠳ ᠤᠨ ᠵᠦᠪᠯᠡᠯ ᠢ ᠬᠠᠮᠢᠶᠠᠷᠤᠨ᠎ᠠ᠃ ᠵᠡᠬᠦᠨᠰᠢ ᠪᠠᠷᠠᠭᠤᠨᠰᠢ ᠴᠢᠭᠯᠡᠯ ᠤᠨ ᠶᠡᠭᠡ ᠵᠡᠭᠡᠯᠢ ᠬᠤᠶᠠᠷ ᠵᠤᠷᠪᠤᠰ᠂ ᠬᠤᠶᠢᠨ᠎ᠠ ᠡᠮᠦᠨᠡᠰᠢ ᠴᠢᠭᠯᠡᠯ ᠤᠨ ᠵᠠᠮ ᠨᠢᠭᠡ ᠵᠤᠷᠪᠤᠰ᠂ ᠶᠤᠸᠠᠨ ᠹᠧᠩ ᠵᠠᠰᠠᠮᠠᠯ ᠵᠠᠮ ︵ᠶᠤᠸᠠᠨ ᠪᠤᠤ ᠱᠠᠨ᠂ ᠹᠧᠩ ᠱᠦᠢ ᠭᠸᠤ︶᠂ ᠶᠤᠸᠠᠨ ᠹᠧᠩ ︵ᠶᠤᠸᠠᠨ ᠪᠤᠤ ᠱᠠᠨ᠂ ᠹᠧᠩ ᠱᠦᠢ ᠭᠸᠤ︶ ᠲᠡᠮᠦᠷ ᠵᠠᠮ ᠵᠠᠭᠡᠯᠢ ᠎ ᠪᠠᠷ ᠦᠩᠭᠡᠷᠡᠨ᠎ᠡ᠃ ᠵᠢᠶᠠᠨ ᠴᠠᠩ ᠢᠩ ᠪᠠᠭ᠎ᠠ ᠰᠤᠷᠭᠠᠭᠤᠯᠢ᠂ ᠵᠢᠶᠠᠨ ᠴᠠᠩ ᠢᠩ ᠳᠤᠮᠳᠠᠳᠤ ᠰᠤᠷᠭᠠᠭᠤᠯᠢ᠂ ᠶᠤᠸᠠᠨ ᠪᠤᠤ ᠱᠠᠨ ᠲᠤᠭᠤᠷᠢᠭ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠪᠠᠶᠢᠷᠢᠰᠢᠨ᠎ᠡ᠃        ᠶᠤᠸᠠᠨ ᠪᠤᠤ ᠱᠠᠨ ᠠᠭᠤᠯᠠᠨ ᠳᠡᠭᠡᠷᠡᠬᠢ ᠰᠠᠭᠤᠭᠠᠯᠢ ᠠᠷᠠᠳ ᠤᠨ ᠲᠤᠭᠤᠷᠢᠭ ᠨᠢ ᠶᠤᠸᠠᠨ ᠪᠤᠤ ᠱᠠᠨ ᠪᠠᠯᠭᠠᠰᠤᠨ ᠤ ᠶᠦᠨ ᠱᠠᠨ ᠵᠠᠮ ᠳᠡᠭᠡᠷᠡᠬᠢ ᠵᠠᠰᠠᠭ ᠤᠨ ᠤᠷᠳᠤᠨ ᠠᠴᠠ ᠪᠠᠷᠠᠭᠤᠨ ᠬᠤᠶᠢᠲᠠᠢ ᠨᠢᠭᠡ ᠺᠢᠯᠤᠮᠧᠲᠷ ᠤᠨ ᠵᠠᠶᠢᠲᠠᠢ᠃ ᠰᠠᠭᠤᠷᠢᠰᠢᠵᠦ ᠪᠠᠶᠢᠭ᠎ᠠ ᠬᠦᠮᠦᠨ ᠠᠮᠠ 22928᠂ ᠶᠤᠸᠠᠨ ᠪᠤᠤ ᠱᠠᠨ ᠠᠭᠤᠷᠬᠠᠢ᠂ ᠶᠤᠸᠠᠨ ᠪᠤᠤ ᠱᠠᠨ ᠎ ᠤ ᠵᠠᠳᠠᠭᠠᠢ ᠨᠡᠬᠦᠷᠡᠰᠦᠨ ᠠᠭᠤᠷᠬᠠᠢ ᠶᠢᠨ ᠰᠠᠭᠤᠭᠠᠯᠢ ᠠᠷᠠᠳ ᠤᠨ ᠲᠤᠭᠤᠷᠢᠭ ᠪᠤᠯᠤᠨ᠎ᠠ᠃ 14 ᠰᠠᠭᠤᠭᠠᠯᠢ ᠠᠷᠠᠳ ᠎ ᠤᠨ ᠵᠦᠪᠯᠡᠯ ᠢ ᠬᠠᠮᠢᠶᠠᠷᠤᠨ᠎ᠠ᠃ ᠶᠤᠸᠠᠨ ᠪᠤᠤ ᠱᠠᠨ ᠠᠴᠢᠶᠠᠨ ᠤ ᠮᠠᠰᠢᠨ ᠲᠡᠷᠭᠡᠨ ᠦᠷᠲᠡᠭᠡ ᠶᠢ ᠵᠡᠭᠡᠯᠢ ᠶᠢᠨ ᠲᠤᠳᠤᠷ᠎ᠠ ᠪᠠᠶᠢᠭᠤᠯᠵᠦ᠂ ᠶᠤᠸᠠᠨ ᠪᠤᠤ ᠱᠠᠨ ᠠᠮᠤ ᠪᠤᠳᠠᠭᠠᠨ ᠬᠦᠮᠦᠷᠭᠡ ᠠᠳᠡ ᠪᠠᠶᠢᠷᠢᠯᠡᠨ᠎ᠡ᠃ ᡂᠢ ᠶᠤᠸᠠᠨ ︵ᠤᠯᠠᠭᠠᠨᠬᠠᠳᠠ᠂ ᠶᠤᠸᠠᠨ ᠪᠤᠤ ᠱᠠᠨ︶ ᠵᠠᠰᠠᠮᠠᠯ ᠵᠠᠮ ᠵᠡᠭᠡᠯᠢ ᠪᠠᠷ ᠦᠩᠭᠡᠷᠡᠨ᠎ᠡ᠃ ᠵᠡᠬᠦᠨᠰᠢ ᠪᠠᠷᠠᠭᠤᠨᠰᠢ ᠴᠢᠭᠯᠡᠯ ᠤᠨ ᠵᠠᠰᠠᠮᠠᠯ ᠵᠠᠮ 3 ᠵᠤᠷᠪᠤᠰ᠂ ᠬᠤᠶᠢᠨ᠎ᠠ ᠡᠮᠦᠨᠡᠰᠢ ᠴᠢᠭᠯᠡᠯ ᠤᠨ ᠵᠠᠰᠠᠮᠠᠯ ᠵᠠᠮ 3 ᠵᠤᠷᠪᠤᠰ ᠪᠠᠶᠢᠨ᠎ᠠ᠃ ᠶᠤᠸᠠᠨ ᠪᠤᠤ ᠱᠠᠨ ᠠᠭᠤᠷᠬᠠᠢ ᠶᠢᠨ ᠬᠡᠤᠬᠡᠳ ᠤᠨ ᠪᠠᠭ᠎ᠠ ᠰᠤᠷᠭᠠᠭᠤᠯᠢ᠂ ᠶᠤᠸᠠᠨ ᠪᠤᠤ ᠱᠠᠨ ᠠᠭᠤᠷᠬᠠᠢ ᠶᠢᠨ ᠳᠤᠮᠳᠠᠳᠤ ᠰᠤᠷᠭᠠᠭᠤᠯᠢ᠂ ᠶᠤᠸᠠᠨ ᠪᠤᠤ ᠱᠠᠨ ᠠᠭᠤᠷᠬᠠᠢ ᠶᠢᠨ ᠡᠮᠨᠡᠯᠭᠡ  ᠎ ᠶᠢᠨ ᠬᠤᠷᠢᠶ᠎ᠠ᠂ ᠶᠤᠸᠠᠨ ᠪᠤᠤ ᠱᠠᠨ ᠬᠤᠶᠠᠳᠤᠭᠠᠷ ᠡᠮᠨᠡᠯᠭᠡ ᠶᠢᠨ ᠬᠤᠷᠢᠶ᠎ᠠ ᠪᠠᠶᠢᠷᠢᠰᠢᠨ᠎ᠠ᠃          ᠡᠾᠦ᠋ᠩ ᠮᠢᠶᠤᠤ ᠠᠭᠤᠷᠬᠠᠢ ᠶᠢᠨ ᠰᠠᠭᠤᠭᠠᠯᠢ ᠠᠷᠠᠳ ᠤᠨ ᠲᠤᠭᠤᠷᠢᠭ ᠶᠤᠸᠠᠨ ᠪᠤᠤ ᠱᠠᠨ ᠪᠠᠯᠭᠠᠰᠤᠨ ᠎ ᠠᠴᠠ ᠪᠠᠷᠠᠭᠤᠨᠰᠢ 8.5 ᠺᠢᠯᠤᠮᠧᠲᠷ ᠲᠤ ᠪᠠᠶᠢᠷᠢᠯᠠᠨ᠎ᠠ᠃ ᠰᠠᠭᠤᠭᠠᠯᠢ ᠬᠦᠮᠦᠨ ᠠᠮᠠ 8296᠃ ᡂᠢ ᠶᠤᠸᠠᠨ ᠵᠠᠰᠠᠮᠠᠯ ᠵᠠᠮ ᠨᠢ ᠰᠠᠭᠤᠭᠠᠯᠢ ᠠᠷᠠᠳ ᠤᠨ ᠲᠤᠭᠤᠷᠢᠭ ᠤᠨ ᠬᠤᠶᠢᠲᠦ ᠬᠡᠰᠡᠭ ᠢᠶᠠᠷ ᠦᠩᠭᠡᠷᠡᠨ᠎ᠡ᠃ ᡂᠢ ᠶᠧ ︵ᠤᠯᠠᠭᠠᠨᠬᠠᠳᠠ᠂ ᠶᠧ ᠪᠠᠢ ᠱᠸᠤ︶ ᠲᠡᠮᠦᠷ ᠵᠠᠮ ᠵᠡᠭᠡᠯᠢ ᠶᠢᠨ ᠪᠠᠷᠠᠭᠤᠨ ᠬᠡᠰᠡᠭ ᠢᠶᠠᠷ ᠦᠩᠭᠡᠷᠡᠨ᠂ ᠮᠠ ᠯᠢᠨ ᠦᠷᠲᠡᠭᠡ ᠠᠳᠡ ᠪᠠᠶᠢᠷᠢᠯᠠᠵᠦ᠂ ᠵᠡᠭᠡᠯᠢ ᠭᠤᠳᠤᠮᠵᠢ ᠶᠢᠨ ᠲᠤᠳᠤᠷ᠎ᠠ ᠮᠠ ᠯᠢᠨ ᠰᠤᠷᠭᠠᠭᠤᠯᠢ᠂ ᠡᠾᠦ᠋ᠩ ᠮᠢᠶᠤᠤ ᠠᠭᠤᠷᠬᠠᠢ ᠶᠢᠨ ᠰᠤᠷᠭᠠᠭᠤᠯᠢ᠂ ᠡᠾᠦ᠋ᠩ ᠮᠢᠶᠤᠤ ᠠᠭᠤᠷᠬᠠᠢ ᠶᠢᠨ ᠪᠠᠭ᠎ᠠ ᠰᠤᠷᠭᠠᠭᠤᠯᠢ ᠪᠠᠶᠢᠷᠢᠯᠠᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1