ᠰᠢ ᠯᠧᠦ ᠲᠢᠶᠠᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2017/9/12
   ᠰᠢ ᠯᠧᠦ ᠲᠢᠶᠠᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠫᠢᠩᠵᠤᠸᠠᠩ ᠬᠤᠳᠠ ᠲᠤᠭᠤᠷᠢᠭ ᠤᠨ ᠪᠠᠷᠠᠭᠤᠨᠳᠡᠬᠢ 4 ᠺᠢᠯᠦᠮᠧᠲᠷ ᠲᠤ ᠪᠠᠶᠢᠷᠢᠯᠠᠵᠤ᠂ ᠶᠡᠷᠦᠩᠬᠡᠢ ᠡᠵᠡᠯᠡᠬᠦ ᠲᠠᠯᠠᠪᠠᠢ16.8 ᠲᠡᠭᠰᠢ ᠲᠦᠷᠪᠡᠯᠵᠢᠨ ᠺᠢᠯᠦᠮᠧᠲᠷ᠂  ᠬᠤᠶᠢᠰᠢ ᠫᠢᠩᠵᠤᠸᠠᠩ ᠪᠠᠯᠭᠠᠰᠤ᠂ ᠡᠮᠦᠨᠡᠰᠢ ᠦ᠋ ᠵᠢᠶᠠ ᠪᠠᠯᠭᠠᠰᠤ᠂ ᠵᠡᠬᠦᠨᠰᠢ ᠫᠢᠩᠵᠤᠸᠠᠩ ᠬᠤᠳᠠ ᠲᠤᠭᠤᠷᠢᠭ ᠲᠠᠢ ᠵᠠᠯᠭᠠᠯᠳᠤᠵᠤ᠂ ᠬᠠᠷᠢᠶᠠᠨ ᠳᠠᠭᠠᠨ6 ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ 9161 ᠡᠷᠦᠬᠡ22943 ᠠᠮᠠ ᠬᠦᠮᠦᠨ ᠲᠠᠢ᠃    1965 ᠤᠨ ᠤ 3 ᠰᠠᠷ᠎ᠠ ᠳᠤ᠂ ᠰᠢ ᠯᠧᠦ ᠲᠢᠶᠠᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠎ ᠨᠢ ᠪᠠᠶᠢᠭᠤᠯᠵᠤ᠂ ᠤᠤᠯ ᠤᠨ ᠤᠯᠠᠭᠠᠨᠬᠠᠳᠠ ᠬᠤᠳᠠ ᠲᠤᠭᠤᠷᠢᠭ  ᠤᠨ ᠬᠠᠷᠢᠶᠠᠨ ᠳᠤ ᠪᠠᠶᠢᠪᠠ  ᠃1983 ᠤᠨ ᠤ ᠰᠡᠬᠦᠯᠴᠢ ᠪᠠᠷ  ᠶᠤᠸᠠᠨ ᠪᠤᠤ ᠱᠠᠨ ᠲᠤᠭᠤᠷᠢᠭ ᠢ ᠪᠠᠶᠢᠭᠤᠯᠤᠭᠠᠳ᠂ ᠰᠢ ᠯᠸᠦ ᠲᠢᠶᠠᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠤᠷᠤᠭᠤᠯᠤᠨ ᠦᠭᠴᠦ᠂ 11 ᠰᠠᠭᠤᠭᠠᠯᠢ ᠠᠷᠠᠳ ᠤᠨ ᠵᠦᠪᠯᠡᠯ᠂146 ᠰᠠᠭᠤᠭᠠᠯᠢ ᠠᠷᠠᠳ ᠤᠨ ᠲᠤᠭᠤᠶᠢᠯᠠᠩ ᠢ ᠪᠠᠶᠢᠭᠤᠯᠵᠤ᠂ ᠬᠠᠷᠢᠶᠠᠨ ᠳᠤᠨᠢ ᠫᠢᠩᠵᠤᠸᠠᠩ ᠠᠭᠤᠷᠬᠠᠢ ᠶᠢᠨ ᠶᠠᠪᠤᠳᠠᠯ ᠤᠨ ᠲᠤᠪᠴᠢᠶ᠎ᠠ ᠳᠤ ᠬᠠᠷᠢᠶᠠᠯᠠᠭᠳᠠᠬᠤ ᠠᠵᠤ ᠠᠬᠤᠶᠢᠯᠠᠯ11 ᠪᠠᠶᠢᠵᠤ᠂ ᠡᠬᠦᠨ ᠤ ᠲᠤᠳᠤᠷ᠎ᠠ ᠰᠢᠶᠠᠨ ᠤ ᠲᠡᠰ ᠤᠨ4 ︵ᠰᠢ ᠯᠸᠦ ᠲᠢᠶᠠᠨ ᠠᠭᠤᠷᠬᠠᠢ᠂ ᠲᠡᠮᠦᠷ ᠵᠠᠮ ᠤᠨ ᠵᠦᠬᠡᠬᠡᠪᠦᠷᠢ ᠶᠢᠨ ᠬᠡᠯᠳᠡᠰ᠂ ᠮᠠᠰᠢᠨ ᠴᠠᠬᠢᠯᠭᠠᠨ ᠰᠠᠯᠪᠢᠨ ᠤᠭᠰᠠᠷᠠᠭᠤᠯᠬᠤ ᠦᠢᠯᠡᠳᠪᠦᠷᠢ᠂ 650 ᠦᠢᠯᠡᠳᠪᠦᠷᠢ︶ ᠪᠠᠶᠢᠭᠤᠯᠤᠯᠭ᠎ᠠ ᠶᠢ ᠪᠠᠭᠳᠠᠭᠠᠨ᠎ᠠ᠃ 2003 ᠤᠨ ᠳᠤ᠂  ᠤᠤᠯ ᠤᠨ11 ᠰᠠᠭᠤᠭᠠᠯᠢ ᠠᠷᠠᠳ ᠤᠨ ᠵᠦᠪᠯᠡᠯ ᠢ ᠫᠢᠩᠵᠤᠸᠠᠩ ᠤᠨ ᠪᠠᠷᠠᠭᠤᠨ ᠵᠡᠬᠡᠯᠢ᠂ ᠫᠢᠩᠵᠤᠸᠠᠩ ᠤᠨ ᠪᠠᠷᠠᠭᠤᠨ ᠡᠮᠦᠨ᠎ᠡ ᠵᠡᠬᠡᠯᠢ᠂ ᠫᠢᠩᠵᠤᠸᠠᠩ ᠤᠨ ᠬᠤᠶᠢᠳᠦ ᠵᠡᠬᠡᠯᠢ᠂ ᠬᠡᠪᠳᠡᠭᠡ ᠪᠤᠷᠬᠠᠨ ᠤ ᠬᠡᠶᠢᠳ᠂ ᠬᠠ ᠨᠤᠤ ᠠᠭᠤᠯᠠ᠂ ᠪᠸᠢ ᠴᠢ ᠵᠢᠶᠠ ᠵᠡᠷᠬᠡ 6 ᠰᠠᠭᠤᠭᠠᠯᠢ ᠠᠷᠠᠳ ᠤᠨ ᠵᠦᠪᠯᠡᠯ ᠪᠤᠯᠭᠠᠨ ᠦᠬᠡᠷᠡᠴᠢᠯᠡᠭᠰᠡᠨ ᠪᠠᠶᠢᠨ᠎ᠠ᠃    ᠰᠢ ᠯᠸᠦ ᠲᠢᠶᠠᠨ ᠠᠭᠤᠷᠬᠠᠢ ᠶᠢᠨ ᠲᠡᠮᠦᠷ ᠵᠠᠮ ᠨᠢ ᠭᠦ᠋ ᠱᠠᠨ ᠠᠭᠤᠷᠬᠠᠢ᠂ ᠦ᠋ ᠵᠢᠶᠠ ᠠᠭᠤᠷᠬᠠᠢ᠂ ᠶᠤᠸᠠᠨ ᠪᠤᠤ ᠱᠠᠨ ᠠᠭᠤᠷᠬᠠᠢ᠂ ᠬᠤᠩ ᠮᠢᠶᠤᠤ ᠠᠭᠤᠷᠬᠠᠢ᠂ ᠹᠧᠩ ᠱᠦᠢ ᠭᠸᠦ ᠠᠭᠤᠷᠬᠠᠢ ᠶᠢ ᠬᠤᠯᠪᠤᠵᠤ᠂ ᠤᠯᠤᠰ ᠤᠨ ᠲᠡᠮᠦᠷ ᠵᠠᠮ ᠪᠤᠯᠬᠤ ᠶᠧ —  ᡂᠢ ᠱᠤᠭᠤᠮ᠂ ᠪᠸᠢ  — ᠲᠦᠩ ᠱᠤᠭᠤᠮ ᠲᠠᠢ ᠵᠠᠯᠭᠠᠯᠳᠤᠵᠤ ᠪᠠᠶᠢᠳᠠᠭ᠃ ᠵᠠᠰᠠᠮᠠᠯ ᠵᠠᠮ ᠨᠢ ᠦ᠋ ᠵᠢᠶᠠ ᠪᠠᠯᠭᠠᠰᠤ᠂ ᠫᠢᠩᠵᠤᠸᠠᠩ ᠬᠤᠳᠠ ᠲᠤᠭᠤᠷᠢᠭ ᠲᠠᠢ ᠨᠠᠪᠳᠡᠷᠡᠵᠤ᠂ ᠠᠶᠠᠯᠠᠯ ᠪᠠ ᠲᠡᠭᠡᠭᠡᠪᠦᠷᠢ ᠲᠦᠬᠦᠮ ᠲᠦᠳᠠ ᠪᠠᠶᠢᠳᠠᠭ᠃    ᠡᠳᠦᠷ ᠲᠤᠳᠤᠮ ᠤᠨ ᠬᠡᠷᠡᠭᠯᠡᠬᠡᠨ ᠤ ᠪᠠᠷᠠᠭ᠎ᠠ᠂ ᠬᠤᠪᠴᠠᠰᠤ ᠬᠤᠨᠠᠷ᠂ ᠦ ᠡᠩᠰᠡᠭᠡ ᠵᠠᠰᠠᠯ ᠴᠢᠮᠡᠭᠯᠡᠯ ᠤᠨ ᠡᠳ᠋᠂ ᠲᠦᠬᠦᠬᠡᠢ ᠪᠤᠯᠭᠤᠭᠰᠠᠨ ᠢᠳᠡᠬᠡᠨ᠂ ᠰᠤᠯᠠ ᠢᠳᠡᠬᠡᠨ ᠵᠡᠷᠬᠡ ᠲᠦᠷᠦᠯ ᠵᠦᠢᠯ ᠬᠦᠢᠴᠡᠳ᠂ ᠦᠢᠯᠡᠳᠪᠦᠷᠢᠯᠡᠬᠦ᠂ ᠵᠠᠰᠠᠨ ᠰᠡᠯᠪᠢᠬᠦ᠂ ᠤᠶᠤᠳᠠᠯ᠂ ᠭᠤᠶᠤᠯᠠᠯ᠂ ᠠᠮᠤ ᠲᠤᠰᠤᠨ ᠤ ᠲᠡᠯᠬᠡᠬᠦᠷ᠂ ᠬᠤᠭᠤᠯᠠᠨ ᠬᠡᠷ ᠵᠡᠷᠬᠡ ᠬᠤᠳᠠᠯᠳᠤᠭᠠᠨ ᠤ ᠦᠢᠯᠡᠰ ᠬᠦᠭᠵᠢᠬᠡᠳ 570 ᠭᠠᠷᠤᠢ ᠡᠷᠦᠬᠡ ᠪᠠᠶᠢᠵᠤ᠂ ᠶᠠᠨ ᠵᠢᠩ ᠫᠢᠸᠤ᠋ ᠶᠢᠨ ᠬᠢᠵᠠᠭᠠᠷᠳᠤ ᠺᠤᠮᠫᠠᠨᠢ ᠪᠠᠷ ᠲᠦᠯᠦᠬᠡᠯᠡᠬᠦᠯᠦᠭᠰᠡᠨ ᠬᠡᠪᠴᠢᠶ᠎ᠠ ᠪᠠᠷ ᠶᠡᠭᠡ ᠰᠢᠭ ᠠᠷᠠᠳ ᠠᠴᠠ ᠡᠷᠬᠢᠯᠡᠭᠰᠡᠨ ᠠᠵᠤ ᠠᠬᠤᠶᠢᠯᠠᠯ 2 ᠪᠠᠶᠢᠵᠤ᠂ ᠲᠡᠭᠡᠭᠡᠪᠦᠷᠢ ᠶᠢᠨ ᠲᠤᠰᠬᠠᠢ ᠡᠷᠦᠬᠡ70 ᠭᠠᠷᠤᠢ ᠪᠤᠯᠵᠤ᠂ ᠠᠷᠠᠯᠵᠢᠶ᠎ᠠ ᠬᠤᠳᠠᠯᠳᠤᠭᠠᠨ ᠤ ᠲᠤᠰᠬᠠᠢ ᠵᠡᠬᠡᠯᠢ 500 ᠢᠯᠡᠬᠦᠦ ᠮᠧᠲᠷ ᠦᠷᠬᠦᠯᠵᠢᠯᠡᠵᠤ ᠪᠠᠶᠢᠳᠠᠭ᠃    2008 ᠤᠨ ᠤ ᠵᠢᠯ ᠤᠨ ᠰᠡᠬᠦᠯᠴᠢ ᠪᠤᠯᠬᠤ ᠳᠤ᠂ 60%᠎ ᠠᠴᠠ ᠲᠡᠭᠡᠭᠰᠢᠬᠢ ᠠᠵᠢᠯᠳᠠᠳ ᠠᠰᠠᠷ ᠲᠤ ᠰᠠᠭᠤᠵᠤ᠂ ᠵᠡᠬᠡᠯᠢ ᠲᠠᠭᠠᠤ ᠶᠢᠨ ᠡᠷᠡᠬᠦᠯ ᠬᠠᠮᠠᠭᠠᠯᠠᠯ ᠢ ᠬᠡᠷᠡᠭ ᠡᠷᠬᠢᠯᠡᠬᠦ ᠭᠠᠵᠠᠷ ᠠᠴᠠ ᠵᠤᠬᠢᠴᠠᠭᠤᠯᠤᠨ ᠬᠠᠮᠢᠶᠠᠷᠴᠦ᠂ ᠫᠢᠩᠵᠤᠸᠠᠩ ᠤᠨ ᠨᠠᠬᠦᠷᠡᠰᠤ ᠶᠢᠨ ᠠᠳᠠᠯ ᠠᠬᠤᠢ ᠶᠢᠨ ᠺᠤᠮᠫᠠᠨᠢ  ᠶᠢᠨ ᠰᠢ ᠯᠸᠦ ᠲᠢᠶᠠᠨ ᠬᠤᠪᠢᠶᠠᠷᠢ ᠺᠤᠮᠫᠠᠨᠢ ᠬᠠᠷᠢᠭᠤᠴᠠᠬᠤ ᠰᠢᠨ᠎ᠡ ᠲᠤᠭᠳᠠᠯᠴᠠᠭ᠎ᠠ ᠶᠢ ᠪᠠᠶᠢᠭᠤᠯᠵᠠᠢ᠃ ᠨᠠᠰᠤᠳᠠᠶᠢᠴᠤᠳ ᠤᠨ ᠶᠠᠩᠭᠠᠷ ᠤᠨ ᠠᠩᠬᠢ 3᠂ ᠪᠠᠶ᠎ᠠ ᠴᠠᠬᠢᠷᠠᠭᠵᠢᠭᠤᠯᠬᠤ ᠲᠠᠮᠢᠷ ᠤᠨ ᠠᠩᠬᠢ1᠂ ᠫᠢᠩᠫᠤᠩ ᠪᠦᠮᠪᠦᠭᠡ ᠶᠢᠨ ᠠᠩᠬᠢ1᠂ ᠡᠬᠦᠳᠡᠨ ᠪᠦᠮᠪᠦᠭᠡ ᠶᠢᠨ ᠠᠩᠬᠢ3 ᠂ ᠲᠠᠢ ᠵᠢᠢ ᠨᠢᠳᠤᠷᠭ᠎ᠠ ︵ᠰᠡᠯᠡᠮ᠎ᠠ︶᠎ ᠶᠢᠨ ᠠᠩᠬᠢ1᠂ ᠨᠠᠰᠤᠳᠠᠶᠢᠴᠤᠳ ᠤᠨ ᠦᠳᠡᠰᠢ ᠶᠢᠨ ᠲᠤᠯᠤᠩ ᠵᠦᠴᠦᠬᠡ ᠎ ᠶᠢᠨ ᠪᠦᠯᠬᠦᠮ1 ᠪᠠᠶᠢᠨ᠎ᠠ᠃ ᠤᠷᠤᠨ ᠨᠤᠳᠤᠭ ᠤᠨ ᠠᠵᠤ ᠠᠬᠤᠶᠢᠯᠠᠯ  230 ᠭᠠᠷᠤᠢ ᠲᠦᠮᠡᠨ ᠲᠦᠬᠦᠷᠢᠭ ᠪᠡᠯᠡ ᠤᠷᠤᠭᠤᠯᠤᠨ᠂ 3 ᠬᠡᠷ ᠤᠨ ᠭᠠᠳᠠᠨᠠᠬᠢ ᠪᠡᠶ᠎ᠠ ᠪᠤᠯᠪᠠᠰᠤᠷᠠᠭᠤᠯᠬᠤ ᠲᠠᠯᠠᠪᠠᠢ ᠵᠠᠰᠠᠨ ᠪᠠᠶᠢᠭᠤᠯᠵᠤ᠂ 5 ᠶᠡᠷᠦᠩᠬᠡᠢ ᠲᠠᠯᠠᠪᠠᠢ5000 ᠲᠡᠭᠰᠢ ᠲᠦᠷᠪᠡᠯᠵᠢᠨ ᠮᠧᠲᠷ ᠲᠤ ᠬᠦᠷᠦᠭᠰᠡᠨ ᠠᠭᠤᠳᠠᠮ ᠲᠠᠯᠠᠪᠠᠢ᠂ 2 ᠨᠡᠶᠢᠬᠡᠮ ᠲᠤᠭᠤᠷᠢᠭ ᠤᠨ ᠴᠡᠴᠡᠷᠯᠢᠭ ᠪᠠᠶᠢᠭᠤᠯᠪᠠ᠂ 3 ᠰᠢᠩ ᠭᠤᠸᠠᠩ ᠨᠠᠰᠤᠳᠠᠶᠢᠴᠤᠳ ᠤᠨ ᠬᠦᠷᠢᠶᠡᠯᠡᠩ ᠢ ᠪᠠᠶᠢᠭᠤᠯᠵᠤ᠂ ᠲᠤᠳᠤᠷ᠎ᠠ ᠨᠢ ᠲᠠᠶᠢᠰᠠᠨ ᠪᠦᠮᠪᠦᠭᠡ᠂  ᠫᠢᠩᠫᠤᠩ ᠪᠦᠮᠪᠦᠭᠡ᠂ ᠬᠦᠵᠦᠷ ᠠᠭᠠᠳᠬᠤ ᠦᠷᠦᠬᠡ᠂ ᠨᠤᠮ ᠤᠨ ᠦᠷᠦᠬᠡ ᠵᠡᠷᠬᠡ ᠶᠢ ᠲᠤᠬᠢᠷᠠᠭᠤᠯᠵᠠᠢ᠃ ᠪᠠᠰᠠ 2 ᠡᠬᠦᠳᠡᠨ ᠪᠦᠮᠪᠦᠭᠡ ᠶᠢᠨ ᠲᠠᠯᠠᠪᠠᠢ ᠪᠠᠶᠢᠭᠤᠯᠪᠠ᠃ 2 ᠰᠠᠭᠤᠷᠢ ᠰᠤᠷᠭᠠᠭᠤᠯᠢ ︵ᠰᠢ ᠯᠸᠦ ᠲᠢᠶᠠᠨ ᠠᠭᠤᠷᠬᠠᠢ ᠶᠢᠨ ᠲᠤᠭᠤᠷᠢᠭ ᠤᠨ ᠨᠢᠬᠡᠳᠦᠬᠡᠷ ᠲᠤᠮᠳᠠᠳᠤ ᠰᠤᠷᠭᠠᠭᠤᠯᠢ  ᠂ ᠰᠢ ᠯᠸᠦ ᠲᠢᠶᠠᠨ ᠠᠭᠤᠷᠬᠠᠢ ᠎ ᠶᠢᠨ ᠨᠢᠬᠡᠳᠦᠬᠡᠷ ᠪᠠᠭ᠎ᠠ ᠰᠤᠷᠭᠠᠭᠤᠯᠢ︶᠎ ᠲᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1