ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶᠠᠨ | ᠤ ᠵᠠᠰᠠᠭ ᠵᠠᠬᠢᠷᠭᠠᠨ ᠤ ᠲᠤᠷᠭᠠᠭᠤᠯᠢ ᠦᠭᠬᠦ ᠲᠤᠭᠳᠠᠭᠠᠯ | ᠶᠤᠸᠠᠨ ᠤᠷᠴᠢᠨ ᠲᠤᠷᠭᠠᠭᠤᠯᠢ ᠦᠰᠦᠭ ﹇2017﹈ 11 ᠲᠤᠭᠠᠲᠦ | ᠤᠯᠠᠭᠠᠨᠨᠬᠠᠳᠠ ᠬᠤᠳᠠ ᠶᠢᠨ ᠮᠤᠬᠤᠷᠭᠤᠤᠯ ᠵᠠᠬ᠎ᠠ ᠲᠡᠯᠭᠡᠭᠦᠷ ᠤᠨ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ | ᠄ | ᠡᠵᠡᠩᠨᠡᠯᠲᠡ ᠶᠢᠨ ᠦᠨᠡᠮᠯᠡᠯ ᠤᠨ ᠪᠦᠷᠢᠳᠬᠡᠯ ᠨᠤᠮᠧᠷ᠄150403000010245 | ᠬᠠᠶᠠᠭ᠄ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨᠮᠤᠬᠤᠷᠭᠤᠤᠯ ᠪᠠᠯᠭᠠᠰᠤ ᠶᠢᠨ | ᠪᠠᠷᠠᠭᠤᠨᠳᠠᠬᠢ ᠯᠢᠦ ᠵᠢᠶᠠ ᠲᠤᠰᠬᠤᠨ | ᠬᠠᠤᠯᠢ ᠵᠢᠨᠲ᠋ᠦ᠋ᠯᠤᠭᠡᠯᠡᠭᠴᠢ᠄ ᠬᠠᠨ ᠢᠦᠢ ᠭᠥᠸᠧ | 2017 ᠤᠨ ᠤ5 ᠰᠠᠷ᠎ᠠ ᠶᠢᠨ13 ᠤ ᠡᠳᠤᠷ᠂ ᠮᠠᠨ ᠤ ᠲᠤᠪᠴᠢᠶᠠᠨ ᠤ ᠤᠷᠴᠢᠨ ᠲᠤᠭᠤᠷᠢᠨ ᠤ ᠬᠢᠨᠠᠨ | ᠪᠠᠶᠢᠴᠠᠭᠠᠭᠴᠢ ᠠᠴᠠ ᠤᠯᠠᠭᠠᠨᠨᠬᠠᠳᠠ ᠬᠤᠳᠠ ᠶᠢᠨ ᠮᠤᠬᠤᠷᠭᠤᠤᠯ ᠵᠠᠬ᠎ᠠ ᠳᠡᠯᠭᠡᠭᠦᠷ ᠶᠢᠨ ᠬᠠᠮᠢᠶᠠᠷᠤᠯᠳᠠ ᠶᠢᠨ | ᠬᠢᠵᠠᠭᠠᠷᠳᠤ ᠺᠤᠮᠫᠠᠨᠢ ᠶᠢᠨ ᠲᠤᠬᠠᠢ ᠶᠢᠨ ᠭᠠᠵᠠᠷ ᠲᠤ ᠪᠠᠶᠢᠴᠠᠭᠠᠯᠳᠠ ᠬᠢᠵᠦ᠂ ᠲᠤᠰ ᠺᠤᠮᠫᠠᠨᠢ ᠶᠢᠨ ᠤᠷᠴᠢᠨ | ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠶᠢ ᠲᠤᠤᠷᠠᠬᠢ ᠮᠡᠳᠦ ᠢᠯᠡᠷᠡᠬᠦᠯᠪᠡ ᠄ | ᠲᠠᠨ ᠤ ᠺᠤᠮᠫᠠᠨᠢ ᠨᠡᠬᠦᠷᠡᠰᠦ ᠵᠶ᠋ᠠᠨᠢᠯᠨ ᠤᠪᠤᠭᠠᠯᠠᠵᠤ᠂ ᠲᠤᠭᠤᠰᠦ ᠪᠤᠬᠢᠷᠲᠤᠯ ᠢ ᠰᠡᠷᠭᠡᠶᠢᠯᠡᠵᠦ | ᠪᠢᠲᠠᠬᠦᠮᠵᠢᠯᠡᠬᠦ ᠠᠷᠭ᠎ᠠ ᠠᠪᠤᠭᠰᠠᠨ ᠦᠭᠡᠢ᠃ | ᠲᠡᠭᠡᠷᠡᠬᠢ ᠪᠤᠲᠠᠲᠦ ᠤᠴᠢᠷ ᠨᠢ ᠲᠠᠷᠠᠭᠠᠬᠢ ᠪᠠᠷᠢᠮᠲᠠ ᠪᠠᠷ ᠦᠨᠳᠤᠰᠤ ᠪᠤᠯᠭᠠᠪᠠ᠄ | 1. 2017 ᠤᠨ ᠤ 5 ᠰᠠᠷ᠎ᠠ ᠶᠢᠨ13 ᠤ ᠡᠳᠤᠷ ︽ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ | ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠶᠢᠨ ᠲᠤᠬᠠᠢ ᠶᠢᠨ ᠭᠠᠵᠠᠷ ᠤᠨ ᠪᠠᠶᠢᠴᠠᠭᠠᠯᠳᠠ | ᠶᠢᠨ ᠲᠡᠮᠳᠡᠭᠯᠡᠯ︾᠃ | 2. 2017 ᠤᠨ ᠤ 5 ᠰᠠᠷ᠎ᠠ ᠶᠢᠨ13 ᠤ ᠡᠳᠤᠷ ︽ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ | ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠶᠢᠨ ᠯᠠᠪᠯᠠᠨ ᠠᠰᠠᠭᠤᠭᠰᠠᠨ ᠪᠠᠶᠢᠴᠠᠭᠠᠯᠳᠠ ᠶᠢᠨ | ᠲᠡᠮᠳᠡᠭᠯᠡᠯ︾᠃ | 3. 2017 ᠤᠨ ᠤ 5 ᠰᠠᠷ᠎ᠠ ᠶᠢᠨ13 ᠤ ᠡᠳᠤᠷ ︽ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ | ᠲᠤᠭᠤᠷᠢᠭ ᠤᠨ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ ᠶᠢᠨ ᠪᠠᠶᠢᠴᠠᠭᠠᠭᠰᠠᠨᠲ᠋ᠤᠬᠠᠢ ᠶᠢᠨ ᠭᠠᠵᠠᠷ ᠤᠨ | ᠭᠡᠷᠡᠯ ᠵᠢᠷᠤᠭ ᠤᠨ ᠲᠠᠶᠢᠯᠪᠤᠷᠢ︾᠃ | ᠭᠡᠷᠡᠴᠢ 1 —3᠂ ᠲᠠᠨ ᠤ ᠺᠤᠮᠫᠠᠨᠢ ᠨᠡᠬᠦᠷᠡᠰᠦ ᠵᠶ᠋ᠠᠨᠢᠯᠨ ᠤᠪᠤᠭᠠᠯᠠᠵᠤ᠂ ᠲᠤᠭᠤᠰᠦ ᠪᠤᠬᠢᠷᠲᠤᠯ ᠢ | ᠰᠡᠷᠭᠡᠶᠢᠯᠡᠵᠦ ᠪᠢᠲᠠᠬᠦᠮᠵᠢᠯᠡᠬᠦ ᠠᠷᠭ᠎ᠠ ᠠᠪᠤᠭᠰᠠᠨ ᠦᠭᠡᠢ ᠶᠢ ᠭᠡᠷᠡᠴᠢᠯᠡᠨ᠎ᠡ᠃ | 4. ︽ ᠡᠵᠡᠩᠨᠡᠯᠲᠡ ᠶᠢᠨ ᠦᠨᠡᠮᠯᠡᠯ︾ ᠤᠨ ᠳᠡᠳ᠋ ᠲᠡᠪᠳᠡᠷ ︵ ᠨᠤᠮᠧᠷ 1 —1︶ ᠤᠨ ᠬᠠᠭᠤᠯᠪᠤᠷᠢ ᠃ | 5. ᠤᠯᠠᠭᠠᠨᠨᠬᠠᠳᠠ ᠬᠤᠳᠠ ᠶᠢᠨ ᠮᠤᠬᠤᠷᠭᠤᠤᠯ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢᠨ ᠬᠢᠵᠠᠭᠠᠷᠳᠤ | ᠺᠤᠮᠫᠠᠨᠢ ᠶᠢᠨ ᠬᠠᠤᠯᠢ ᠶᠢᠨ ᠲᠦᠯᠤᠭᠡᠯᠡᠭᠴᠢ ᠬᠠᠨ ᠢᠦᠢ ᠭᠥᠸᠧ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠃ | ᠭᠡᠷᠡᠴᠢ 4 —5᠂ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠭᠤᠤᠯ ᠴᠤᠭᠴᠠ ᠪᠤᠯ ᠤᠯᠠᠭᠠᠨᠨᠬᠠᠳᠠ | ᠬᠤᠳᠠ ᠶᠢᠨ ᠮᠤᠬᠤᠷᠭᠤᠤᠯ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ ᠵᠢᠨᠬᠠᠤᠯᠢ ᠶᠢᠨ | ᠲᠦᠯᠤᠭᠡᠯᠡᠭᠴᠢ ᠬᠠᠨ ᠢᠦᠢ ᠭᠥᠸᠧ ᠪᠤᠯᠬᠤ ᠶᠢ ᠭᠡᠷᠡᠴᠢᠯᠡᠨ᠎ᠡ ᠃ | ᠲᠤᠰ ᠠᠵᠢᠯᠯᠠᠭ᠎ᠠ ᠨᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠭᠠᠷ ᠤᠨ ᠪᠤᠬᠢᠷᠳᠤᠯ ᠢ | ᠰᠡᠷᠭᠡᠶᠢᠯᠡᠭᠦ ᠬᠠᠤᠯᠢ︾ ᠶᠢᠨ ᠲᠠᠯᠠᠨ ᠬᠤᠶᠠᠳᠤᠭᠠᠷ ᠲᠦᠷᠢᠮ ᠤᠨ ᠨᠢᠭᠡᠳᠤᠭᠡᠷ ᠵᠤᠷᠪᠤᠰ ᠪᠤᠯᠬᠤ 《 ᠨᠡᠭᠦᠷᠡᠰᠤ ᠂ | ᠨᠡᠭᠦᠷᠡᠰᠤᠨ ᠤ ᠢᠯᠳᠠᠰᠤ᠂ ᠨᠡᠭᠦᠷᠡᠰᠤᠨ ᠤ ᠦᠨᠡᠰᠤ᠂ ᠨᠡᠭᠦᠷᠡᠰᠤᠨ ᠴᠢᠯᠠᠭᠤᠯᠢᠭ ᠂ ᠴᠤᠬᠤᠢ᠂ ᠵᠤᠭᠠᠩ ᠰᠢᠷᠤᠢ | ᠵᠡᠷᠭᠡ ᠲᠤᠭᠤᠰᠦ ᠪᠤᠬᠢᠷᠲᠤᠯ ᠬᠢᠯᠪᠠᠷ ᠡᠬᠦᠰᠬᠦ ᠪᠤᠲᠠᠰ ᠢ ᠬᠠᠳᠠᠭᠠᠯᠠᠬᠤ ᠳᠠᠭᠠᠨ ᠵᠤᠬᠢᠰᠲᠠᠢ ᠪᠢᠲᠡᠬᠦᠮᠵᠢᠯᠡᠨᠡ᠃ | ᠪᠢᠲᠡᠭᠦᠮᠵᠢᠯᠡᠵᠦ ᠲᠡᠶᠢᠯᠬᠦ ᠦᠭᠡᠢ ᠪᠣᠯ ᠤᠪᠤᠭᠠᠯᠠᠵᠤ ᠲᠠᠯᠪᠢᠭᠰᠠᠨ ᠪᠤᠲᠠᠰ ᠠᠴᠠ ᠦᠨᠲᠤᠷ ᠬᠠᠰᠢᠭᠤᠷ ᠪᠠᠶᠢᠭᠤᠯᠵᠦ᠂ | ᠨᠢᠭᠲᠠ ᠲᠤᠭᠤᠷᠢᠭᠤᠯᠵᠦ ᠪᠢᠲᠡᠬᠦᠮᠵᠢᠯᠡᠨᠡ᠃ ᠲᠡᠭᠡᠬᠦ ᠮᠦᠷᠲᠡᠭᠡᠨ ᠲᠤᠭᠤᠰᠦ ᠪᠤᠬᠢᠷᠲᠤᠯ ᠠᠴᠠ ᠰᠡᠷᠭᠡᠶᠢᠯᠡᠬᠦ | ᠵᠤᠬᠢᠰᠲᠠᠢ ᠠᠷᠭ᠎ᠠ ᠶᠢ ᠠᠪᠤᠨ᠎ᠠ ︾ ᠭᠡᠳᠡᠭ ᠢ ᠵᠦᠷᠢᠴᠡᠵᠡᠢ᠃ ᠮᠠᠨ ᠤ ᠲᠤᠪᠴᠢᠶᠠᠨ ᠨᠢ 2017 ᠤᠨ ᠤ 5 | ᠰᠠᠷ᠎ᠠ ᠶᠢᠨ 26 ᠤ ᠡᠳᠤᠷ ︽ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨ ᠤᠷᠴᠢᠨ ᠲᠤᠭᠤᠷᠢᠨ | ᠢ ᠬᠠᠮᠠᠭᠠᠯᠠᠬᠤ ᠲᠤᠪᠴᠢᠶᠠᠨ ᠤ ᠵᠠᠰᠠᠭ ᠵᠠᠬᠢᠷᠭᠠᠨ ᠤ ᠲᠤᠷᠭᠠᠭᠤᠯᠢ ᠶᠢᠨ ᠤᠷᠢᠳᠴᠢᠯᠠᠨ ᠮᠡᠳᠡᠭᠳᠡᠭᠦ ᠪᠢᠴᠢᠭ︾ ﹇ | ᠶᠤᠸᠠᠨ ᠤᠷᠴᠢᠨ ᠰᠣᠨᠣᠰᠬᠤ ᠮᠡᠳᠡᠭᠳᠡᠬᠦ ᠦᠰᠦᠭ ︵2017︶ 12 ᠨᠤᠮᠧᠷ ᠲᠤ ﹈ ᠢᠯᠡᠭᠡᠵᠦ᠂ ᠲᠠᠨ ᠤ | ᠺᠤᠮᠫᠠᠨᠢ ᠳᠤ ᠲᠤᠭᠠᠴᠢᠨ ᠮᠠᠷᠭᠤᠬᠤ ᠡᠷᠬᠡ ᠬᠢᠬᠡᠳ ᠭᠡᠷᠡᠴᠢᠯᠡᠯᠳᠡ ᠰᠣᠨᠣᠰᠬᠤ ᠡᠷᠬᠡ ᠶᠢ ᠮᠡᠳᠡᠭᠳᠡᠭᠰᠡᠨ ᠪᠤᠯᠪᠠᠴᠤ | ᠲᠠᠨ ᠤ ᠺᠤᠮᠫᠠᠨᠢ ᠲᠤᠭᠳᠠᠭᠰᠠᠨ ᠬᠤᠭᠤᠴᠠᠭᠠᠨ ᠳᠤ ᠪᠠᠨ ᠪᠢᠴᠢᠭ ᠢᠶᠠᠷ ᠲᠤᠭᠠᠴᠢᠨ ᠮᠠᠷᠭᠤᠬᠤ ᠰᠠᠨᠠᠯ ᠢᠶᠠᠨ | ᠲᠤᠷᠠᠲᠤᠭᠰᠠᠨ ᠦᠬᠡᠢ ᠪᠦᠭᠡᠳ ᠭᠡᠷᠡᠴᠢᠯᠡᠯᠳᠡ ᠰᠤᠨᠤᠰᠬᠤ ᠶᠢ ᠭᠤᠶᠤᠴᠢᠯᠠᠭᠰᠠᠨ ᠦᠬᠡᠢ᠃ | ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠭᠠᠷ ᠤᠨ ᠪᠤᠬᠢᠷᠳᠤᠯ ᠢ ᠰᠡᠷᠭᠡᠶᠢᠯᠡᠭᠦ ᠬᠠᠤᠯᠢ︾ | ᠶᠢᠨ ᠨᠢᠭᠡ ᠵᠠᠭᠤ ᠠᠷᠪᠠᠨ ᠲᠤᠯᠤᠳᠤᠭᠠᠷ ᠵᠤᠷᠪᠤᠰ ᠤᠨ ᠨᠢᠭᠡᠳᠤᠭᠡᠷ ᠲᠦᠷᠤᠯ ᠪᠣᠯᠬᠤ 《 ᠨᠡᠭᠦᠷᠡᠰᠤ ᠂ ᠨᠡᠭᠦᠷᠡᠰᠤᠨ | ᠤ ᠢᠯᠳᠠᠰᠤ᠂ ᠨᠡᠭᠦᠷᠡᠰᠤᠨ ᠤ ᠦᠨᠡᠰᠤ᠂ ᠨᠡᠭᠦᠷᠡᠰᠤᠨ ᠴᠢᠯᠠᠭᠤᠯᠢᠭ ᠂ ᠴᠤᠬᠤᠢ᠂ ᠵᠤᠭᠠᠩ ᠰᠢᠷᠤᠢ ᠵᠡᠷᠭᠡ | ᠲᠤᠭᠤᠰᠦ ᠪᠤᠬᠢᠷᠲᠤᠯ ᠬᠢᠯᠪᠠᠷ ᠡᠬᠦᠰᠬᠦ ᠪᠤᠲᠠᠰ ᠢ ᠪᠢᠳᠡᠭᠦᠮᠵᠢᠯᠡᠨ ᠬᠠᠳᠠᠭᠠᠯᠠᠭᠰᠠᠨ ᠦᠭᠡᠢ ᠪᠣᠯ᠂ ᠰᠢᠶᠠᠨ ᠤ ᠲᠡᠰ | ᠠᠴᠠ ᠲᠡᠭᠡᠭᠰᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠢ ᠭᠤᠤᠯᠴᠢᠯᠠᠨ ᠬᠠᠮᠠᠭᠠᠯᠠᠬᠤ ᠰᠠᠯᠠᠭ᠎ᠠ | ᠮᠦᠴᠢᠷ ᠠᠴᠠ ᠡᠭᠦᠷᠭᠡ ᠲᠤᠰᠢᠶᠠᠯ ᠤᠨ ᠬᠦᠷᠢᠶ᠎ᠡ ᠬᠡᠪᠴᠢᠶᠠᠨ ᠲᠡᠭᠡᠨ ᠱᠠᠭᠠᠷᠳᠠᠨ ᠵᠠᠯᠠᠷᠠᠭᠤᠯᠵᠦ᠂ ᠨᠢᠭᠡ ᠲᠦᠮᠡ | ᠲᠦᠭᠦᠷᠢᠭ ᠠᠴᠠ ᠲᠡᠭᠡᠭᠰᠢ ᠠᠷᠪᠠᠨ ᠲᠦᠮᠡᠨ ᠲᠦᠭᠦᠷᠢᠭ ᠠᠴᠠ ᠲᠤᠷᠤᠭᠰᠢ ᠲᠤᠷᠭᠠᠨ ᠰᠢᠢᠳᠭᠡᠨ᠎ᠡ︔ | ᠲᠤᠷᠭᠠᠭᠤᠯᠢ ᠶᠢ ᠡᠰᠡᠷᠭᠦᠴᠡᠨ ᠲᠠᠷᠤᠢ ᠳᠤᠨᠢ ᠵᠠᠯᠠᠷᠠᠭᠤᠯᠤᠭ᠎ᠠ ᠬᠢᠬᠦ ᠦᠭᠡᠢ ᠪᠣᠯ ᠠᠯᠪᠠᠳᠠᠯᠭ᠎ᠠ ᠪᠠᠷ ᠠᠵᠢᠯ ᠢ ᠨᠢ | ᠵᠤᠭᠰᠤᠭᠠᠵᠦ ᠵᠠᠯᠠᠷᠠᠭᠤᠯᠬᠤ ᠪᠤᠶᠤ ᠡᠬᠦᠲᠡ ᠶᠢ ᠨᠢ ᠬᠠᠭᠠᠯᠭᠠᠨ᠎ᠠ ︾ ᠭᠡᠳᠡᠭ ᠲᠤᠭᠳᠠᠭᠠᠯ ᠪᠠ ᠲᠠᠨ ᠤ ᠺᠤᠮᠫᠠᠨᠢ | ᠶᠢᠨ ᠠᠵᠢᠯᠯᠠᠭ᠎ᠠ ᠨᠢ ︽ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨ ᠤᠷᠴᠢᠨ ᠲᠤᠭᠤᠷᠢᠨ ᠢ | ᠬᠠᠮᠠᠭᠠᠯᠠᠬᠤ ᠲᠤᠪᠴᠢᠶᠠᠨ ᠤ ᠵᠠᠰᠠᠭ ᠵᠠᠭᠢᠷᠭᠠᠨ ᠤ ᠲᠤᠷᠭᠠᠭᠤᠯᠢ ᠶᠢᠨ ᠡᠷᠬᠡ ᠶᠢᠨ ᠡᠷᠬᠡᠳᠦ ᠬᠡᠮᠵᠢᠶ᠎ᠡ ᠶᠢᠨ | ᠦᠨᠲᠤᠰᠤᠨ ᠪᠠᠷᠢᠮᠵᠢᠶ᠎ᠠ ︵ ᠲᠤᠷᠰᠢᠨ ᠭᠡᠷᠡᠭᠵᠢᠬᠦᠯᠬᠦ︶︾ ᠶᠢᠨ ᠲᠠᠪᠢᠨ ᠬᠤᠶᠠᠲᠤᠭᠠᠷ ᠵᠦᠢᠯ ᠪᠣᠯᠬᠤ ︽ ᠪᠤᠲᠠᠰ | ᠤᠨ ᠬᠡᠮᠵᠢᠶ᠎ᠡ ᠨᠢ 50 ᠲᠤᠨ ᠠᠴᠠ ᠶᠡᠭᠡ ᠪᠣᠯ 6 ᠲᠦᠮᠡᠨ ᠲᠥᠭᠦᠷᠢᠭ ᠠᠴᠠ ᠲᠡᠭᠡᠭᠰᠢ 10 ᠲᠦᠮᠡᠨ | ᠲᠥᠭᠦᠷᠢᠭ ᠠᠴᠠ ᠲᠤᠷᠤᠭᠰᠢ ᠲᠣᠷᠭᠠᠨ᠎ᠠ︾ ᠭᠡᠬᠦ ᠵᠡᠷᠭᠡ ᠲᠤᠭᠲᠠᠭᠠᠯ ᠢ ᠦᠨᠳᠦᠰᠦᠯᠡᠵᠦ ᠂ ᠮᠠᠨ ᠤ ᠲᠤᠪᠴᠢᠶ᠎ᠠ | ᠠᠴᠠ ᠲᠠᠨ ᠤ ᠺᠤᠮᠫᠠᠨᠢ ᠳᠤ ᠲᠤᠤᠷᠠᠬᠢ ᠮᠡᠲᠦ ᠵᠠᠰᠠᠭ ᠵᠠᠬᠢᠷᠭᠠᠨ ᠤ ᠲᠤᠷᠭᠠᠭᠤᠯᠢ ᠦᠭᠬᠦ ᠪᠠᠷ ᠲᠤᠭᠲᠠᠪᠠ᠃ | ᠲᠤᠷᠭᠠᠭᠤᠯᠢ ᠶᠢᠨ ᠮᠦᠩᠬᠦ᠄ ᠠᠷᠠᠳ ᠤᠨ ᠵᠤᠭᠤᠰ ᠶᠢᠰᠤᠨ ᠲᠦᠮᠡ ︵90,000.0)᠃ | ᠲᠤᠷᠭᠠᠭᠤᠯᠢ ᠶᠢᠨ ᠮᠦᠩᠬᠦ ᠶᠢ ᠵᠠᠰᠠᠭ ᠵᠠᠬᠢᠷᠭᠠᠨ ᠤ ᠲᠤᠷᠭᠠᠭᠤᠯᠢ ᠢ ᠬᠦᠯᠢᠶᠡᠭᠰᠡᠨ ᠡᠲᠤᠷ ᠠᠴᠠ ᠪᠠᠨ | ᠡᠬᠢᠯᠡᠵᠤ ᠠᠷᠪᠠᠨ ᠲᠠᠪᠤᠨ ᠡᠳᠤᠷ ᠤᠨ ᠲᠤᠳᠤᠷ᠎ᠠ ᠲᠤᠭᠳᠠᠭᠰᠠᠨ ᠪᠠᠩᠬᠢ ᠪᠠ ᠲᠠᠩᠰᠠᠨ ᠤ ᠳ᠋ᠤᠭᠠᠷ ᠲᠤ ᠲᠤᠰᠢᠶᠠᠬᠤ | ᠬᠡᠷᠡᠭᠳᠡᠢ᠃ ᠬᠡᠷᠪᠡ ᠲᠤᠰᠢᠶᠠᠬᠤ ᠬᠤᠭᠤᠴᠠᠭ᠎ᠠ ᠠᠴᠠ ᠪᠠᠨ ᠬᠡᠲᠦᠷᠡᠭᠰᠡᠨ ᠪᠤᠯ ︽ᠪᠦᠬᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠤᠷᠭᠠᠭᠤᠯᠢ ᠶᠢᠨ ᠬᠠᠤᠯᠢ︾ ᠶᠢᠨ ᠲᠠᠪᠢᠨ ᠨᠢᠭᠡᠳᠤᠭᠡᠷ | ᠵᠤᠷᠪᠤᠰ ᠤᠨ ᠭᠤᠷᠪᠠᠳᠤᠭᠠᠷ ᠵᠦᠢᠯ ᠪᠣᠯᠬᠤ ᠄ ᠲᠤᠬᠠᠢ ᠶᠢᠨ ᠭᠦᠮᠤᠨ ᠲᠤᠭᠲᠠᠭᠰᠠᠨ ᠬᠤᠭᠤᠴᠠᠭᠠᠨ ᠳᠤ ᠪᠠᠨ | ᠵᠠᠰᠠᠭ ᠵᠠᠬᠢᠷᠭᠠᠨ ᠤ ᠲᠤᠷᠭᠠᠭᠤᠯᠢ ᠶᠢ ᠬᠦᠯᠢᠶᠡᠬᠦ ᠦᠭᠡᠢ ᠪᠤᠯ ᠵᠠᠰᠠᠭ ᠵᠠᠬᠢᠷᠭᠠᠨ ᠤ ᠲᠤᠷᠭᠠᠭᠤᠯᠢ ᠭᠠᠷᠭᠠᠭᠰᠠᠨ | ᠪᠠᠶᠢᠭᠤᠯᠭ᠎ᠠ ᠠᠴᠠ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠢᠯᠡᠵᠦ ᠠᠯᠪᠠᠳᠠᠨ ᠬᠡᠷᠡᠭᠵᠢᠭᠦᠯᠦᠨ᠎ᠡ᠃ | ᠮᠦᠩᠬᠦ ᠬᠤᠷᠢᠶᠠᠬᠤ ᠪᠠᠩᠬᠢ᠄ ᠲᠤᠮᠳᠠᠳᠤ ᠤᠯᠤᠰ ᠤᠨ ᠪᠠᠩᠬᠢ ᠵᠢᠨᠶᠤᠸᠠᠨ ᠪᠣᠣ ᠱᠠᠨ ᠲᠤᠭᠤᠷᠢᠭ ᠤᠨ | ᠰᠠᠯᠪᠤᠷᠢ ᠪᠠᠩᠬᠢ | ᠡᠷᠤᠭᠡ ᠶᠢᠨ ᠨᠡᠷ᠎ᠡ᠄ ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨ ᠤᠷᠴᠢᠨ | ᠲᠤᠭᠤᠷᠢᠨ ᠢ ᠬᠠᠮᠠᠭᠠᠯᠠᠬᠤ ᠲᠤᠪᠴᠢᠶ᠎ᠠ | ᠲᠠᠩᠰᠠᠨ ᠤ ᠳ᠋ᠤᠭᠠᠷ᠄150800911581 | ᠲᠠᠨ ᠤ ᠺᠤᠮᠫᠠᠨᠢ ᠬᠡᠷᠪᠡ ᠲᠤᠰ ᠰᠢᠢᠳᠪᠤᠷᠢ ᠶᠢ ᠬᠦᠯᠢᠶᠡᠨ ᠵᠦᠪᠰᠢᠶᠡᠷᠡᠬᠦ ᠦᠭᠡᠢ ᠪᠣᠯ ᠂ | ᠲᠤᠷᠭᠠᠭᠤᠯᠢ ᠶᠢᠨ ᠪᠢᠴᠢᠭ ᠢ ᠬᠤᠷᠢᠶᠠᠨ ᠤᠯᠤᠭᠰᠠᠨ ᠡᠲᠤᠷ ᠠᠴᠠ ᠪᠠᠨ ᠡᠬᠢᠯᠡᠵᠦ ᠵᠢᠷᠡᠨ ᠡᠲᠤᠷ ᠤᠨ ᠲᠤᠲᠤᠷ᠎ᠠ | ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠲᠤᠨ ᠪᠤᠶᠤ ᠤᠯᠠᠭᠠᠨᠬᠠᠲᠠ ᠬᠤᠲᠠ ᠶᠢᠨ ᠤᠷᠴᠢᠨ | ᠲᠤᠭᠤᠷᠢᠨ ᠢ ᠬᠠᠮᠠᠭᠠᠯᠠᠬᠤ ᠲᠤᠪᠴᠢᠶ᠎ᠠ ᠳᠤ ᠵᠠᠰᠠᠭ ᠵᠠᠬᠢᠷᠭᠠᠨ ᠤ ᠲᠠᠬᠢᠨ ᠵᠦᠪᠯᠡᠬᠦ ᠪᠠᠷ ᠡᠷᠡᠮᠡᠯᠵᠢᠯᠡᠵᠦ ᠪᠤᠯᠤᠨ᠎ᠠ | ᠂ ᠮᠦᠨᠴᠦ ᠵᠢᠷᠭᠤᠭᠠᠨ ᠰᠠᠷ᠎ᠠ ᠶᠢᠨ ᠲᠤᠳᠤᠷ᠎ᠠ ᠶᠤᠸᠠᠨ ᠪᠣᠣ ᠱᠠᠨ ᠲᠤᠭᠤᠷᠢᠭ ᠤᠨ ᠠᠷᠠᠳ ᠤᠨ ᠰᠢᠭᠦᠭᠦ | ᠬᠤᠷᠢᠶᠠᠨ ᠳᠤ ᠠᠯᠪᠠᠨ ᠵᠠᠭᠠᠯᠳᠤᠯᠭ᠎ᠠ ᠬᠢᠵᠦ ᠪᠤᠯᠤᠨ᠎ᠠ᠃ ᠡᠨᠡᠬᠦ ᠬᠤᠭᠤᠴᠠᠭᠠᠨ ᠳᠤ ᠲᠤᠷᠭᠠᠭᠤᠯᠢ ᠬᠦᠴᠦᠨ ᠲᠠᠢ᠃ | | ᠬᠡᠷᠪᠡ ᠲᠤᠭᠲᠠᠭᠰᠠᠨ ᠬᠤᠭᠤᠴᠠᠭᠠᠨ ᠳᠤ ᠵᠠᠰᠠᠭ ᠵᠠᠬᠢᠷᠭᠠᠨ ᠤ ᠲᠠᠬᠢᠨ ᠵᠦᠪᠲᠡᠬᠦ ᠂ ᠠᠯᠪᠠᠨ | ᠵᠠᠭᠠᠯᠳᠤᠯᠭ᠎ᠠ ᠵᠡᠷᠭᠡ ᠶᠢ ᠬᠢᠬᠦ ᠦᠭᠡᠢ ᠪᠦᠭᠡᠳ ᠲᠤᠰ ᠲᠤᠷᠭᠠᠭᠤᠯᠢ ᠶᠢ ᠭᠦᠢᠴᠡᠳᠭᠡᠬᠦ ᠦᠬᠡᠢ ᠪᠤᠯ ᠮᠠᠨ ᠤ | ᠲᠤᠪᠴᠢᠶ᠎ᠠ ᠠᠴᠠ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠢᠯᠡᠨ ᠠᠯᠪᠠᠲᠠᠨ | ᠭᠡᠷᠡᠭᠵᠢᠬᠦᠯᠤᠨ᠎ᠡ᠃ | | ᠤᠯᠠᠭᠠᠨᠬᠠᠲᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨ ᠤᠷᠴᠢᠨ ᠲᠤᠭᠤᠷᠢᠨ ᠢ | ᠬᠠᠮᠠᠭᠠᠯᠠᠬᠤ ᠲᠤᠪᠴᠢᠶ᠎ᠠ | | 2017 ᠤᠨ 6 ᠰᠠᠷ᠎ᠠ 10 | ᠡᠳᠤᠷ | |