ᠶᠤᠸᠠᠨ ᠪᠤᠤ ᠱᠠᠨ ᠲᠤᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2017/9/12
      ᠶᠤᠸᠠᠨ ᠪᠤᠤ ᠱᠠᠨ ᠲᠤᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ       1984 ᠤᠨ ᠤ 12 ᠰᠠᠷ᠎ᠠ ᠶᠢᠨ 1᠎ ᠤ ᠡᠳᠦᠷ᠂ ᠳ᠋ᠦᠩ ᠳ᠋ᠢᠶᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠭᠤᠯᠤᠭᠳᠠᠪᠠ᠃ 1985 ᠤᠨ ᠤ 9 ᠰᠠᠷ᠎ᠠ ᠶᠢᠨ 11᠎ ᠤ ᠡᠳᠦᠷ᠂ ᠲᠢᠶᠧ ᠨᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠡᠵᠦ ᠨᠡᠷ᠎ᠡ ᠪᠠᠨ ᠬᠠᠯᠠᠪᠠ᠃ 1986 ᠤᠨ ᠳᠤ᠂ ᠠᠵᠢᠯᠯᠠᠬᠤ ᠭᠠᠵᠠᠷ ᠎ ᠢᠶᠠᠨ ᠶᠦᠨ ᠱᠠᠨ ᠵᠠᠮ ᠤᠨ ᠪᠠᠷᠠᠭᠤᠨ ᠰᠢᠯᠵᠢᠬᠦᠯᠦᠨ᠂ ᠨᠡᠷ᠎ᠡ ᠪᠠᠨ ᠶᠦᠨ ᠱᠠᠨ ᠵᠠᠮ ᠤᠨ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠡᠵᠦ ᠦᠭᠡᠷᠡᠴᠢᠯᠡᠪᠡ᠃ 2004 ᠤᠨ ᠤ 5 ᠰᠠᠷ᠎ᠠ ᠳᠤ᠂ ᠵᠢᠶᠠᠨ ᠴᠠᠩ ᠢᠩ ᠪᠠᠯᠭᠠᠰᠤᠨ ᠎ ᠤ ᠠᠷᠠᠳ ᠤᠨ ᠵᠠᠰᠠᠭ ᠤᠨ ᠤᠷᠳᠤᠨ ᠳᠤ ᠨᠡᠶᠢᠯᠡᠬᠦᠯᠪᠡ᠃ 2005 ᠤᠨ ᠤ ᠡᠴᠦᠰ ᠲᠤ᠂ ᠶᠦᠨ ᠱᠠᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠰᠡᠷᠭᠦᠭᠡᠨ᠂ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠠᠰᠠᠷ ᠲᠤ ᠬᠠᠮᠲᠦ ᠠᠵᠢᠯᠯᠠᠪᠠ᠃ 2008 ᠤᠨ ᠤ ᠡᠴᠦᠰ ᠪᠤᠯᠬᠤ ᠳᠤ᠂  ᠬᠠᠷᠢᠶᠠᠨ ᠳᠠᠬᠢ ᠳᠦᠷᠪᠡᠨ ᠰᠠᠭᠤᠭᠠᠯᠢ ᠠᠷᠠᠳ ᠤᠨ ᠵᠦᠪᠯᠡᠯ ᠨᠢ 4669 ᠡᠷᠦᠬᠡ᠂ 11381 ᠬᠦᠮᠦᠨ ᠠᠮᠠ ᠲᠠᠢ ᠪᠠᠶᠢᠵᠦ᠂ ᠴᠦᠮ ᠲᠠᠷᠢᠶᠠᠯᠠᠩ ᠤᠨ ᠪᠤᠰᠤ ᠬᠦᠮᠦᠨ ᠠᠮᠠ ᠪᠤᠯᠤᠨ᠎ᠠ᠃ ᠡᠬᠦᠨ ᠤ ᠲᠤᠳᠤᠷ᠎ᠠ᠂ ᠮᠤᠩᠭᠤᠯ ᠦᠨᠳᠦᠰᠦᠲᠡᠨ 1828 ᠬᠦᠮᠦᠨ᠂ ᠮᠠᠨᠵᠦ ᠦᠨᠳᠦᠰᠦᠲᠡᠨ 586 ᠬᠦᠮᠦᠨ᠂ ᠬᠤᠲᠤᠩ ᠦᠨᠳᠦᠰᠦᠲᠡᠨ 57 ᠬᠦᠮᠦᠨ᠂ ᠪᠤᠰᠤᠳ ᠴᠦᠬᠡᠨ ᠲᠤᠭᠠᠲᠦ ᠦᠨᠳᠦᠰᠦᠲᠡᠨ 31 ᠬᠦᠮᠦᠨ ᠪᠠᠭᠲᠠᠨ᠎ᠠ᠃ ᠬᠠᠷᠢᠶᠠᠲᠦ ᠤᠷᠤᠨ ᠨᠢ ᠤᠯᠤᠰ ᠎ ᠤᠨ ᠭᠤᠤᠯᠳᠠᠯᠭᠠᠲᠦ ᠡᠨᠧᠷᠬᠢ ᠶᠢᠨ ᠰᠠᠭᠤᠷᠢᠨ ᠭᠠᠵᠠᠷ ᠪᠠᠶᠢᠵᠦ᠂ ᠶᠤᠸᠠᠨ ᠪᠤᠤ ᠱᠠᠨ ᠤ ᠴᠠᠬᠢᠯᠭᠠᠨ ᠭᠠᠷᠭᠠᠬᠤ ᠦᠷᠲᠡᠭᠡ᠂ ᠵᠡᠬᠦᠨ ᠬᠡᠰᠡᠭ ᠤᠨ ᠤᠷᠤᠨ ᠤ ᠴᠠᠬᠢᠯᠭᠠᠨ ᠬᠦᠴᠦᠨ ᠤ ᠨᠢᠭᠡᠳᠦᠭᠡᠷ ᠺᠤᠮᠫᠠᠨᠢ ᠶᠢᠨ ᠤᠯᠠᠭᠠᠨᠬᠠᠲᠠ ᠳᠠᠬᠢ ᠬᠤᠪᠢᠶᠠᠷᠢ ᠺᠤᠮᠫᠠᠨᠢ᠂ ᠲᠠᠯ᠎ᠠ ᠨᠤᠲᠤᠭ ᠤᠨ ᠰᠢᠩ ᠹᠠ ᠠᠵᠤ ᠦᠢᠯᠡᠰ ᠤᠨ ᠬᠡᠯᠲᠡᠰ ᠵᠡᠷᠭᠡ ᠰᠠᠭᠤᠷᠢᠰᠢᠵᠦ᠂ ᠲᠤᠰᠬᠤᠨ ᠠᠴᠠ ᠡᠷᠬᠢᠯᠡᠭᠰᠡᠨ ᠠᠵᠤ ᠠᠬᠤᠶᠢᠯᠠᠯ ᠪᠤᠯᠬᠤ ᠬᠡ ᠴᠢ ᠵᠡᠰ ᠤᠨ ᠦᠢᠯᠡᠰ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ᠂ ᠪᠤᠤ ᠱᠠᠨ ᠡᠨᠧᠷᠬᠢ ᠶᠢᠨ ᠰᠤᠷᠪᠤᠯᠵᠢ ᠢᠯᠴᠢ ᠴᠠᠬᠢᠯᠭᠠᠨ ᠤ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠡᠷᠭᠡ ᠠᠵᠤ ᠠᠬᠤᠶᠢᠯᠠᠯ ᠰᠠᠭᠤᠷᠢᠰᠢᠨ᠎ᠠ᠃ ᠶᠦᠨ ᠱᠠᠨ ᠵᠠᠮ ᠤᠨ ᠰᠠᠭᠤᠭᠠᠯᠢ ᠠᠷᠠᠳ ᠎ ᠤᠨ ᠲᠤᠭᠤᠷᠢᠭ ᠤᠨ ᠲᠤᠲᠤᠷ᠎ᠠ ᠵᠡᠭᠡᠯᠢ ᠭᠤᠳᠤᠮᠵᠢ 26 ᠪᠠᠶᠢᠵᠦ᠂ ᠴᠠᠬᠢᠯᠭᠠᠨ ᠬᠠᠩᠭᠠᠬᠤ ᠲᠤᠪᠴᠢᠶ᠎ᠠ᠂ ᠲᠠᠷᠢᠶᠠᠯᠠᠩ ᠎ ᠤᠨ ᠴᠠᠬᠢᠯᠭᠠᠨ ᠤ ᠲᠤᠪᠴᠢᠶ᠎ᠠ᠂ ᠰᠢᠯᠵᠢᠮᠠᠯ ᠬᠤᠯᠪᠤᠭ᠎ᠠ ᠶᠢᠨ ᠺᠤᠮᠫᠠᠨᠢ᠂ ᠨᠢᠭᠡᠳᠦᠮᠡᠯ ᠬᠤᠯᠪᠤᠭ᠎ᠠ ᠶᠢᠨ ᠺᠤᠮᠫᠠᠨᠢ᠂ ᠰᠦᠯᠵᠢᠮᠡᠯ ᠬᠤᠯᠪᠤᠭ᠎ᠠ ᠶᠢᠨ ᠺᠤᠮᠫᠠᠨᠢ ᠵᠡᠷᠭᠡ ᠴᠠᠬᠢᠯᠭᠠᠨ ᠬᠦᠴᠦᠨ᠂ ᠴᠠᠬᠢᠯᠭᠠᠨ ᠮᠡᠳᠡᠭᠡᠨ ᠤ ᠺᠤᠮᠫᠠᠨᠢ ᠤᠷᠤᠰᠢᠵᠦ᠂ ᠶᠤᠸᠠᠨ ᠪᠤᠤ ᠱᠠᠨ ᠲᠤᠭᠤᠷᠢᠭ ᠤᠨ ᠦᠨᠳᠦᠰᠦᠲᠡᠨ ᠤ ᠳᠤᠮᠳᠠᠳᠤ ᠰᠤᠷᠭᠠᠭᠤᠯᠢ᠂ ᠶᠤᠸᠠᠨ ᠪᠤᠤ ᠱᠠᠨ ᠲᠤᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠶᠤᠸᠠᠨ ᠪᠤᠤ ᠱᠠᠨ ᠴᠠᠬᠢᠯᠭᠠᠨ ᠭᠠᠷᠭᠠᠬᠤ ᠦᠷᠲᠡᠭᠡ ᠶᠢᠨ ᠠᠵᠢᠯᠲᠠᠳ ᠤᠨ ᠬᠡᠤᠬᠡᠳ ᠤᠨ ᠰᠤᠷᠭᠠᠭᠤᠯᠢ᠂ ᠶᠤᠸᠠᠨ ᠪᠤᠤ ᠱᠠᠨ ᠴᠠᠬᠢᠯᠭᠠᠨ ᠦᠷᠲᠡᠭᠡᠨ ᠤ ᠡᠮᠨᠡᠯᠭᠡ ᠶᠢᠨ ᠬᠤᠷᠢᠶ᠎ᠠ᠂ ᠶᠤᠸᠠᠨ ᠪᠤᠤ ᠱᠠᠨ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠰᠤᠶᠤᠯ ᠰᠤᠷᠭᠠᠨ ᠬᠦᠮᠦᠵᠢᠯ ᠡᠮᠴᠢᠯᠡᠭᠡᠨ ᠤ ᠪᠠᠶᠢᠭᠤᠯᠤᠯᠭ᠎ᠠ ᠰᠠᠭᠤᠷᠢᠰᠢᠵᠦ᠂ ᠶᠤᠸᠠᠨ ᠪᠤᠤ ᠱᠠᠨ ᠲᠤᠭᠤᠷᠢᠭ ᠤᠨ ᠬᠤᠶᠢᠲᠦ ᠬᠡᠰᠡᠭ ᠤᠨ ᠴᠢᠬᠤᠯᠠ ᠠᠵᠤ ᠠᠬᠤᠢ ᠤᠯᠤᠰ ᠲᠦᠷᠦ ᠰᠤᠶᠤᠯ ᠤᠨ ᠲᠦᠪ ᠪᠤᠯᠤᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1