| | ᠶᠤᠸᠠᠨ ᠵᠠᠰᠠᠭ ᠠᠯᠪᠠᠨ ﹇2017﹈ 157 ᠲᠤᠭᠠᠲᠦ | ᠤᠯᠠᠭᠠᠨᠬᠠᠳᠠ ᠬᠤᠳᠠ ᠶᠢᠨ ᠶᠤᠸᠠᠨ ᠪᠣᠣ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ | ᠤᠨ ᠤᠯᠠᠨ ᠨᠡᠶᠢᠳᠠ ᠶᠢᠨ ᠤᠶᠢᠯᠡᠴᠢᠯᠡᠯᠭᠡᠨ ᠤ ᠲᠦᠷᠦᠯ ᠵᠤᠶᠢᠯ ᠤᠨ ᠲᠤᠳᠤᠷᠬᠠᠢ ᠬᠠᠭᠤᠳᠠᠰᠤ ᠶᠢ ᠨᠠᠶᠢᠷᠠᠭᠤᠯᠤᠨ | ᠪᠢᠴᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠲᠡᠭᠲᠡᠯ | | ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ ᠠᠴᠠ ᠲᠠᠷᠬᠠᠭᠠᠭᠰᠠᠨ ᠦᠪᠡᠷᠲᠡᠭᠡᠨ ᠵᠠᠰᠠᠬᠤ ᠤᠷᠤᠨ ᠤ ᠤᠯᠨᠨ ᠨᠠᠶᠢᠲᠠ ᠶᠢᠨ ᠦᠢᠯᠡᠴᠢᠯᠡᠭᠡᠨ ᠤ | ᠶᠠᠪᠤᠴᠠ ᠶᠢ ᠳᠦᠭᠦᠮᠴᠢᠯᠡᠨ ᠰᠢᠯᠢᠳᠡᠭᠵᠢᠭᠦᠯᠵᠦ᠂ ᠦᠨᠲᠤᠰᠤᠨ ᠱᠠᠲᠤᠨ ᠤ ᠠᠷᠠᠳ ᠲᠦᠮᠡᠨ ᠤ ᠬᠡᠷᠡᠭ ᠡᠷᠬᠢᠯᠡᠬᠦ | ᠦᠢᠯᠡᠰ ᠪᠦᠳᠦᠭᠡᠬᠦ ᠳᠤ ᠳᠦᠭᠦᠮ ᠦᠵᠡᠭᠦᠯᠬᠦ ᠠᠵᠢᠯ ᠤᠨ ᠲᠦᠰᠦᠪ ᠤᠨ ᠮᠡᠲᠡᠭᠲᠡᠯ︾ ︵ ᠦᠪᠤᠷ ᠵᠠᠰᠠᠭ | ᠠᠯᠪᠠᠨ ᠲᠠᠷᠬᠠᠭᠠᠭᠰᠠᠨ ﹇2016﹈ 8 ᠲᠤᠭᠠᠲᠦ︶ ᠪᠢᠴᠢᠭ ᠮᠠᠲ᠋ᠧᠷᠢᠶᠠᠯ ᠢ ᠦᠨᠲᠤᠰᠤᠯᠡᠵᠦ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠢ ᠲᠦᠯᠬᠢᠨ ᠠᠬᠢᠭᠤᠯᠵᠤ᠂ | ᠤᠯᠠᠨ ᠨᠡᠶᠢᠳᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠲᠡᠭᠡᠭᠰᠢᠯᠡᠬᠦᠯᠬᠦ ᠶᠢᠨ | ᠲᠦᠯᠦᠭᠡ᠂ ᠮᠠᠨ ᠤ ᠲᠤᠭᠤᠷᠢᠭ ᠤᠨ ᠤᠯᠠᠨ ᠨᠡᠶᠢᠳᠠ ᠶᠢᠨ ᠤᠶᠢᠯᠡᠴᠢᠯᠡᠯᠭᠡᠨ ᠤ ᠲᠦᠷᠦᠯ ᠵᠤᠶᠢᠯ ᠤᠨ ᠲᠤᠳᠤᠷᠬᠠᠢ | ᠬᠠᠭᠤᠳᠠᠰᠤ ᠶᠢ ᠨᠠᠶᠢᠷᠠᠭᠤᠯᠤᠨ ᠪᠢᠴᠢᠬᠦ ᠠᠵᠢᠯ ᠤᠨ ᠲᠤᠬᠠᠢ ᠲᠤᠤᠷᠠᠬᠢ ᠮᠡᠲᠦ ᠮᠡᠳᠡᠭᠳᠡᠪᠡ᠄ | ᠨᠢᠭᠡ᠂ ᠤᠯᠠᠨ ᠨᠡᠶᠢᠳᠠ ᠶᠢᠨ ᠤᠶᠢᠯᠡᠴᠢᠯᠡᠯᠭᠡᠨ ᠤ ᠲᠦᠷᠦᠯ ᠵᠤᠶᠢᠯ ᠤᠨ ᠲᠤᠳᠤᠷᠬᠠᠢ ᠬᠠᠭᠤᠳᠠᠰᠤ ᠶᠢ | ᠨᠠᠶᠢᠷᠠᠭᠤᠯᠤᠨ ᠡᠮᠬᠢᠯᠡᠬᠦ | ᠤᠯᠠᠨ ᠨᠡᠶᠢᠳᠠ ᠶᠢᠨ ᠤᠶᠢᠯᠡᠴᠢᠯᠡᠯᠭᠡᠨ ᠤ ᠲᠦᠷᠦᠯ ᠵᠤᠶᠢᠯ ᠤᠨ ᠲᠤᠳᠤᠷᠬᠠᠢ ᠬᠠᠭᠤᠳᠠᠰᠤ ᠪᠤᠯ ᠵᠠᠰᠠᠭ | ᠵᠠᠭᠢᠷᠭᠠᠨ ᠤ ᠡᠷᠭᠡ ᠮᠡᠳᠡᠯ ᠤᠨ ᠡᠷᠭᠡ ᠶᠢᠨ ᠲᠤᠳᠤᠷᠬᠠᠢ ᠬᠠᠭᠤᠳᠠᠰᠤ ᠪᠠ ᠬᠠᠷᠢᠭᠤᠴᠠᠯᠭ᠎ᠠ ᠶᠢᠨ ᠲᠤᠳᠤᠷᠬᠠᠢ | ᠬᠠᠭᠤᠳᠠᠰᠤ ᠮᠦᠨ᠃ ᠡᠷᠭᠡ ᠬᠠᠷᠢᠭᠤᠴᠠᠯᠭ᠎ᠠ ᠨᠢᠭᠡᠲᠤᠯᠲᠠᠢ ᠪᠠᠶᠢᠬᠤ ᠵᠠᠷᠴᠢᠮ ᠶᠤᠰᠤᠭᠠᠷ᠂ ᠦᠢᠯᠡᠴᠢᠯᠡᠭᠡ᠂ | ᠦᠢᠯᠡᠰ ᠪᠦᠲᠤᠭᠡᠬᠦ ᠂ ᠰᠢᠨ᠎ᠡ ᠶᠢ ᠡᠬᠦᠳᠬᠦ ᠪᠤᠯᠤᠨ ᠠᠷᠠᠳ ᠤᠯᠨᠨ ᠤ ᠡᠲᠤᠷ ᠲᠤᠲᠤᠮ ᠤᠨ ᠦᠢᠯᠡᠳᠪᠤᠷᠢᠯᠡᠯ | ᠠᠮᠢᠲᠤᠷᠠᠯ ᠲᠠᠢ ᠨᠢᠭᠲᠠ ᠬᠤᠯᠪᠤᠭᠲᠠᠬᠤ ᠤᠯᠨᠨ ᠨᠠᠶᠢᠲᠠ ᠶᠢᠨ ᠦᠢᠯᠡᠴᠢᠯᠡᠭᠡᠨ ᠤ ᠲᠦᠷᠤᠯ ᠵᠤᠶᠢᠯ ︵ᠲᠠᠷᠤᠢ | ᠡᠷᠭᠡ ᠶᠢᠨ ᠲᠤᠳᠤᠷᠬᠠᠢ ᠬᠠᠭᠤᠳᠠᠰᠤ ᠲᠤ᠂ ᠤᠯᠨᠨ ᠨᠠᠶᠢᠲᠠ ᠶᠢᠨ ᠦᠢᠯᠡᠴᠢᠯᠡᠭᠡᠨ ᠢ ᠡᠷᠡᠮᠡᠯᠵᠢᠯᠡᠭᠰᠡᠨ ᠵᠦᠢᠯ ᠳᠠᠬᠢ | ᠵᠠᠰᠠᠭ ᠵᠠᠬᠢᠷᠭᠠᠨ ᠤ ᠡᠷᠭᠡ ᠮᠡᠳᠡᠯ ᠤᠨ ᠲᠦᠷᠤᠯ ᠵᠦᠢᠯ ᠳᠤ᠂ ᠵᠠᠰᠠᠭ ᠵᠠᠬᠢᠷᠭᠠᠨ ᠤ ᠵᠦᠪᠰᠢᠶᠠᠷᠠᠯ᠂ ᠵᠠᠰᠠᠭ | ᠵᠠᠭᠢᠷᠭᠠᠨ ᠤ ᠨᠤᠳᠠᠯᠠᠯᠳᠠ᠂ ᠵᠠᠰᠠᠭ ᠵᠠᠭᠢᠷᠭᠠᠨ ᠤ ᠦᠭᠭᠦᠯᠳᠡ᠂ ᠵᠠᠰᠠᠭ ᠵᠠᠭᠢᠷᠭᠠᠨ ᠤ ᠱᠠᠩᠨᠠᠯ᠂ ᠵᠠᠰᠠᠭ ᠵᠠᠬᠢᠷᠭᠠᠨ ᠤ | ᠲᠠᠰᠤᠯᠤᠨ ᠰᠢᠢᠳᠪᠤᠷᠢᠯᠡᠯᠡᠲᠡ ᠵᠡᠷᠭᠡ ᠵᠠᠰᠠᠭ ᠵᠠᠭᠢᠷᠭᠠᠨ ᠤ ᠡᠷᠭᠡ ᠮᠡᠳᠡᠯ ︶ ᠢ ᠵᠤᠷᠪᠤᠰ ᠳᠠᠷᠠᠭᠠᠯᠠᠨ ᠡᠮᠬᠢᠯᠡᠵᠦ᠂ | ᠲᠤᠳᠤᠷᠬᠠᠢ ᠬᠠᠭᠤᠳᠠᠰᠤ ᠶᠢᠨ ᠭᠠᠷᠴᠠᠭ ᠢ ᠪᠠᠶᠢᠭᠤᠯᠵᠦ᠂ ᠬᠠᠷᠢᠭᠤᠴᠠᠯᠭ᠎ᠠ ᠶᠢᠨ ᠭᠤᠤᠯ ᠴᠤᠭᠴᠠ ᠶᠢ | ᠲᠤᠲᠤᠷᠬᠠᠶᠢᠯᠠᠵᠦ᠂ ᠬᠠᠷᠢᠭᠤᠴᠠᠯᠭ᠎ᠠ ᠨᠡᠭᠡᠮᠵᠢᠯᠡᠬᠦ ᠲᠤᠭᠳᠠᠯᠴᠠᠭ᠎ᠠ ᠶᠢ ᠲᠡᠭᠦᠯᠳᠠᠷᠵᠢᠬᠦᠯᠤᠨᠡ᠃ | ᠬᠤᠶᠠᠷ ᠂ ᠤᠯᠠᠨ ᠨᠡᠶᠢᠳᠠ ᠶᠢᠨ ᠤᠶᠢᠯᠡᠴᠢᠯᠡᠯᠭᠡᠨ ᠤ ᠲᠦᠷᠦᠯ ᠵᠤᠶᠢᠯ ᠤᠨ ᠲᠤᠳᠤᠷᠬᠠᠢ ᠬᠠᠭᠤᠳᠠᠰᠤ ᠶᠢ | ᠨᠠᠶᠢᠷᠠᠭᠤᠯᠤᠨ ᠪᠢᠴᠢᠬᠦ ᠠᠵᠢᠯ ᠢ ᠮᠡᠳᠡᠭᠦᠯᠬᠦ | ᠡᠯ᠎ᠡ ᠪᠠᠶᠢᠭᠤᠯᠭ᠎ᠠ ᠶᠢᠨ ᠬᠢᠨ ᠱᠠᠭᠠᠷᠳᠠᠯᠭ᠎ᠠ ᠶᠤᠰᠤᠭᠠᠷ᠂ ᠤᠯᠠᠨ ᠨᠡᠶᠢᠳᠠ ᠶᠢᠨ ᠤᠶᠢᠯᠡᠴᠢᠯᠡᠯᠭᠡᠨ ᠤ ᠲᠦᠷᠦᠯ | ᠵᠤᠶᠢᠯ ᠤᠨ ᠲᠤᠳᠤᠷᠬᠠᠢ ᠬᠠᠭᠤᠳᠠᠰᠤ ᠶᠢ ᠨᠠᠶᠢᠷᠠᠭᠤᠯᠤᠨ ᠪᠢᠴᠢᠬᠦ ᠠᠵᠢᠯ ᠢ ᠨᠠᠷᠢᠨ ᠬᠢᠨᠠᠮᠠᠭᠠᠢ ᠬᠢᠵᠦ᠂ 9 ᠰᠠᠷ᠎ᠠ ᠶᠢᠨ | 6 ᠤ ᠡᠳᠤᠷ ᠠᠴᠠ ᠡᠮᠤᠨ᠎ᠡ᠂ ᠠᠯᠪᠠᠨ ᠲᠠᠮᠠᠭ᠎ᠠ ᠲᠠᠢ ᠮᠠᠲ᠋ᠧᠷᠢᠶᠠᠯ ᠢᠶᠠᠨ ᠲᠤᠭᠤᠷᠢᠭ ᠤᠨ ᠵᠠᠰᠠᠭ ᠤᠨ | ᠤᠷᠲᠤᠨ ᠤ ᠬᠠᠤᠯᠢ ᠪᠠᠷ ᠵᠠᠰᠠᠬᠤ ᠠᠯᠪᠠᠨ ᠭᠡᠷ ︵ ᠨᠠᠮ ᠵᠠᠰᠠᠭ ᠤᠨ ᠶᠡᠷᠤᠩᠭᠡᠶᠢᠯᠡᠭᠰᠡᠨ ᠠᠰᠠᠷ ᠤᠨ 251 | ᠭᠡᠷ︶ ᠲᠤ ᠬᠦᠷᠭᠡᠬᠦ ᠶᠢᠨ ᠬᠠᠮᠳᠤ ᠡᠯᠧᠺᠲᠷᠤᠨ ᠮᠠᠲ᠋ᠧᠷᠢᠶᠠᠯ ᠢ ᠰᠦᠯᠵᠢᠶᠡᠨ ᠬᠠᠶᠢᠷᠴᠠᠭ ybsfzb@163. | com ᠳᠤ ᠢᠯᠡᠭᠡᠨ᠎ᠡ᠃ ᠬᠢᠨᠠᠨ ᠪᠠᠶᠢᠴᠠᠭᠠᠭᠰᠠᠨ ᠤ ᠲᠠᠷᠠᠭ᠎ᠠ ᠤᠯᠠᠨ ᠨᠡᠶᠢᠳᠠ ᠶᠢᠨ ᠤᠶᠢᠯᠡᠴᠢᠯᠡᠯᠭᠡᠨ ᠤ | ᠲᠦᠷᠦᠯ ᠵᠤᠶᠢᠯ ᠤᠨ ᠲᠤᠳᠤᠷᠬᠠᠢ ᠬᠠᠭᠤᠳᠠᠰᠤ ᠶᠢ ᠶᠤᠸᠠᠨ ᠪᠣᠣ ᠱᠠᠨ ᠲᠤᠭᠤᠷᠢᠭ ᠤᠨ ᠠᠷᠠᠳ ᠤᠨ ᠵᠠᠰᠠᠭ ᠤᠨ | ᠤᠷᠲᠤᠨ ᠤ ᠰᠦᠯᠵᠢᠶᠡᠨ ᠳᠤ ᠨᠠᠶᠢᠲᠠᠯᠡᠨᠡ ᠃ | 2017 ᠤᠨ 8 ᠰᠠᠷ᠎ᠠ 30 ᠡᠳᠤᠷ | ᠤᠯᠠᠭᠠᠨᠬᠠᠳᠠ ᠬᠤᠳᠠ ᠶᠢᠨ ᠶᠤᠸᠠᠨ ᠪᠣᠣ ᠱᠠᠨ ᠲᠤᠭᠤᠷᠢᠭ ᠤᠨ ᠠᠷᠠᠳ ᠤᠨ ᠵᠠᠰᠠᠭ ᠤᠨ | ᠤᠷᠲᠤᠨ ᠤ ᠠᠯᠪᠠᠨ ᠭᠡᠷ | 2017 ᠤᠨ 8 ᠰᠠᠷ᠎ᠠ 30 ᠡᠳᠤᠷ ᠭᠡᠪᠯᠨᠨ ᠲᠠᠷᠬᠠᠭᠠᠪᠠ | |