ᠮᠣᠬᠤᠷᠭᠤᠣᠯ ᠪᠠᠯᠭᠠᠰᠣ
ᠨᠡᠶᠢᠲᠡᠯᠡᠭᠰᠡᠨ ᠴᠠᠭ᠄
2017/9/13
    ᠮᠣᠬᠤᠷᠭᠤᠣᠯ ᠪᠠᠯᠭᠠᠰᠣ ᠪᠣᠯ ᠶᠣᠸᠠᠨ ᠪᠣᠣ ᠱᠠᠨ ᠲᠣᠭᠤᠷᠢᠭ ᠤᠨ ᠲᠣᠮᠳᠠ ᠭᠡᠰᠡᠭ ᠲᠤ ᠪᠠᠶᠢᠷᠢᠰᠢᠵᠣ᠂ ᠣᠯᠠᠭᠠᠨᠬᠠᠳᠠ ᠬᠤᠲᠠ ᠠᠴᠠ45 ᠺᠢᠯᠣᠮᠧᠲᠷ ᠵᠠᠶᠢᠲᠠᠢ ᠪᠠᠶᠢᠳᠠᠭ᠃ ᠵᠡᠭᠦᠨ ᠲᠠᠯ᠎ᠠ ᠎ ᠪᠠᠷ ᠢᠶᠠᠨ ᠯᠣᠤᠬ᠎ᠠ ᠶᠢᠨ ᠭᠤᠣᠯ ᠢᠶᠠᠷ ᠯᠢᠶᠣᠤᠨᠢᠩ ᠮᠣᠵᠢ ᠶᠢᠨ ᠵᠢᠶᠠᠨ ᠫᠢᠩ ᠰᠢᠶᠠᠨ ᠲᠠᠢ ᠬᠦᠷᠰᠢᠯᠡᠵᠦ᠂  ᠪᠠᠷᠠᠭᠤᠨ ᠲᠠᠯ᠎ᠠ ᠪᠠᠷ ᠢᠶᠠᠨ ᠬᠠᠷᠠᠴᠢᠨ ᠬᠤᠰᠢᠭᠤᠨ ᠤ ᠱᠢ ᠵᠢᠶᠠ ᠮᠠᠨᠵᠣ ᠦᠨᠳᠦᠰᠦᠳᠡᠨ ᠤ ᠰᠢᠶᠠᠩ ᠲᠠᠢ ᠬᠢᠯᠢ ᠵᠠᠯᠭᠠᠯᠳᠣᠵᠣ᠂  ᠡᠮᠦᠨ᠎ᠡ ᠬᠡᠰᠡᠭ ᠎ ᠨᠢ ᠫᠢᠩᠵᠣᠸᠠᠩ ᠪᠠᠯᠭᠠᠰᠣ ᠲᠠᠢ ᠵᠠᠯᠭᠠᠯᠳᠣᠵᠣ᠂ ᠬᠤᠶᠢᠲᠣ ᠬᠡᠰᠡᠭ ᠨᠢ ᠶᠣᠸᠠᠨ ᠪᠣᠣ ᠱᠠᠨ ᠪᠠᠯᠭᠠᠰᠣ ᠲᠠᠢ ᠵᠠᠯᠭᠠᠯᠳᠣᠵᠣ᠂ ᠪᠠᠷᠠᠭᠤᠨ ᠬᠤᠶᠢᠰᠢ ᠪᠠᠨ  ᠬᠤᠩᠱᠠᠨ ᠲᠣᠭᠤᠷᠢᠭ ᠤᠨ  ᠸᠧᠨᠵᠦ᠋ᠩ ᠪᠠᠯᠭᠠᠰᠣ ᠲᠠᠢ  ᠬᠦᠷᠰᠢᠯᠡᠵᠦ ᠪᠠᠶᠢᠨ᠎ᠠ᠃ ᠶᠡᠷᠦᠩᠬᠡᠢ ᠲᠠᠯᠠᠪᠠᠢ 224.08 ᠲᠡᠭᠰᠢ ᠳᠦᠷᠪᠡᠯᠵᠢᠨ ᠺᠢᠯᠦᠮᠧᠲᠷ᠂ ᠲᠣᠪᠣᠷᠬᠠᠭ ᠭᠠᠵᠠᠷ ᠢᠶᠠᠷ ᠭᠤᠣᠯᠯᠠᠵᠣ᠂ ᠭᠠᠵᠠᠷ ᠤᠨ ᠪᠠᠶᠢᠴᠠ ᠢᠪᠴᠣᠣ ᠣᠷᠲᠣ᠂ ᠡᠮᠦᠨ᠎ᠡ  ᠬᠡᠰᠡᠭ ᠲᠤ ᠪᠠᠨ ᠦᠨᠳᠦᠷ  ᠂ ᠬᠤᠶᠢᠲᠣ ᠬᠡᠰᠡᠭ ᠲᠤ ᠪᠡᠨ‌‍ᠲ᠋ᠣᠣᠷ᠎ᠠ᠂ ᠪᠠᠷᠠᠭᠤᠨ ᠬᠡᠰᠡᠭ ᠲᠤ ᠪᠠᠨ ᠦᠨᠳᠦᠷ᠂ ᠵᠡᠭᠦᠨ ᠬᠡᠰᠡᠭ ᠲᠤ ᠪᠠᠨ ᠳᠣᠣᠷ᠎ᠠ᠂ ᠡᠮᠦᠨᠡᠰᠢ ᠬᠤᠶᠢᠰᠢ ᠪᠠᠨ ᠣᠷᠲᠣ ᠪᠠᠷ ᠢᠶᠠᠨ32 ᠺᠢᠯᠦᠮᠧᠲᠷ᠂ ᠵᠡᠭᠦᠨᠰᠢ ᠪᠠᠷᠠᠭᠤᠨᠰᠢ ᠬᠠᠮᠤᠭ ᠦᠷᠭᠡᠨ ᠳᠤ ᠪᠠᠨ22.5 ᠺᠢᠯᠣᠮᠧᠲᠷ  ᠬᠦᠷᠴᠣ ᠪᠠᠶᠢᠨ᠎ᠠ  ᠃     2005ᠣᠨ ᠤ11 ᠰᠠᠷ᠎ᠠ ᠳᠤ ᠮᠣᠬᠤᠷᠭᠤᠣᠯ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠰᠢᠶᠣᠣ ᠦᠵᠢᠶᠠ ᠬᠤᠲᠣᠩ ᠦᠨᠳᠦᠰᠦᠲᠡᠨ ᠤ ᠰᠢᠶᠠᠩ᠂ ᠭᠦ᠋ ᠱᠠᠨ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ  ᠱᠢ ᠵᠢᠶᠠ᠂  ᠱᠢ ᠯᠢᠦ ᠵᠢᠶᠠ᠂ ᠭᠥᠩ ᠭᠧ ᠶᠢᠩᠽᠢ ᠲᠣᠰᠬᠤᠨ ᠲᠠᠢ ᠨᠡᠶᠢᠯᠡᠭᠦᠯᠵᠦ᠂ ᠰᠢᠨ᠎ᠡ ᠮᠣᠬᠤᠷᠭᠤᠣᠯ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠢ  ᠪᠠᠶᠢᠭᠤᠯᠵᠣ᠂ ᠵᠠᠰᠠᠭ ᠤᠨ ᠣᠷᠳᠣᠨ ᠤ ᠰᠠᠭᠤᠭ᠎ᠠ ᠭᠠᠵᠠᠷ ᠢᠶᠠᠨ ᠡᠮᠦᠨ᠎ᠡ ᠮᠣᠬᠤᠷᠭᠤᠣᠯ ᠲᠣᠰᠬᠤᠨ ᠳᠤ  ᠪᠠᠶᠢᠷᠢᠯᠠᠭᠤᠯᠵᠠᠢ᠃ ᠪᠦᠬᠦ ᠪᠠᠯᠭᠠᠰᠣ ᠠᠷᠪᠠᠨ ᠭᠤᠷᠪᠠᠨ ᠲᠣᠰᠬᠤᠨ ᠤ ᠠᠷᠠᠳ ᠤᠨ ᠵᠦᠪᠯᠡᠯ᠂ ᠨᠢᠭᠡ ᠰᠠᠭᠤᠭᠠᠯᠢ ᠠᠷᠠᠳ ᠤᠨ ᠵᠦᠪᠯᠡᠯ᠂ ᠲᠣᠰᠬᠤᠨ ᠤ ᠠᠷᠠᠳ ᠤᠨ ᠪᠠᠭ᠎ᠠ ᠳᠣᠭᠤᠶᠢᠯᠠᠩ 117  ᠂  ᠲᠠᠪᠢᠨ ᠵᠢᠷᠭᠤᠭᠠᠨ ᠠᠶᠢᠯ ᠲᠣᠰᠬᠤᠨ  ᠢ ᠬᠠᠮᠢᠶᠠᠷᠴᠦ ᠪᠠᠶᠢᠨ᠎ᠠ᠃ 2008 ᠣᠨ ᠤ ᠵᠢᠯ ᠤᠨ ᠳᠣᠣᠷ᠎ᠠ᠂ ᠶᠡᠷᠦᠩᠬᠡᠢ ᠡᠷᠦᠬᠡ ᠶᠢᠨ ᠲᠤᠭ᠎ᠠ 9101᠂  ᠶᠡᠷᠦᠩᠬᠡᠢ ᠬᠦᠮᠦᠨ ᠠᠮᠠ ᠶᠢᠨ ᠲᠤᠭ᠎ᠠ 31299 ᠂ ᠡᠭᠦᠨ ᠤ ᠳᠣᠲᠣᠷ᠎ᠠ ᠬᠢᠲᠠᠳ ᠦᠨᠳᠦᠰᠦᠲᠡᠨ26160 ᠠᠮᠠ ᠬᠦᠮᠦᠨ᠂ ᠮᠣᠩᠭᠤᠯ ᠦᠨᠳᠦᠰᠦᠲᠡᠨ3501 ᠠᠮᠠ ᠬᠦᠮᠦᠨ᠂ ᠬᠤᠳᠣᠩ ᠦᠨᠳᠦᠰᠦᠲᠡᠨ1145 ᠠᠮᠠ ᠬᠦᠮᠦᠨ᠂ ᠮᠠᠨᠵᠣ ᠦᠨᠳᠦᠰᠦᠲᠡᠨ481ᠠᠮᠠ ᠬᠦᠮᠦᠨ ᠪᠠᠶᠢᠨ᠎ᠠ᠃     ᡂᠢ ︵ᠹᠧᠩ︶ ᠴᠣᠣ ︵ᠶᠠᠩ︶ ᠵᠠᠰᠠᠮᠠᠯ ᠵᠠᠮ᠂ ᠶᠢᠨ ︵ᠵᠸᠣ︶ ᡂᠢ ︵ᠹᠧᠩ︶ ᠲᠡᠮᠦᠷ ᠵᠠᠮ ᠬᠢᠯᠢ ᠶᠢ ᠨᠡᠪᠲᠡᠯᠦᠨ ᠦᠩᠭᠡᠷᠡᠵᠦ᠂ ᡂᠢ ︵ᠹᠧᠩ︶ ᠴᠣᠣ ︵ᠶᠠᠩ︶ ᠵᠠᠰᠠᠮᠠᠯ ᠵᠠᠮ ᠮᠣᠬᠤᠷᠭᠤᠣᠯ ᠪᠠᠯᠭᠠᠰᠣ ᠶᠢᠨ ᠬᠠᠷᠢᠶᠠᠨ‌‍ᠲ᠋ᠣᠲᠣᠷ᠎ᠠ15 ᠺᠢᠯᠣᠮᠧᠲᠷ ᠣᠷᠣᠰᠢᠵᠣ᠂ ᡂᠢ ︵ᠹᠧᠩ︶ ᠴᠣᠣ ︵ᠶᠠᠩ︶ ᠵᠠᠰᠠᠮᠠᠯ ᠵᠠᠮ ᠪᠣᠯᠣᠨ ᠮᠸᠢ ︵ᠯᠢ ᠾᠧ︶ ᠱᠠᠨ ︵ᠴᠢᠶᠠᠨ︶ ᠵᠠᠰᠠᠮᠠᠯ ᠵᠠᠮ ᠬᠠᠷᠢᠯᠴᠠᠨ  ᠰᠣᠯᠢᠪᠴᠠᠵᠣ ᠪᠠᠯᠭᠠᠰᠣᠨ ᠤ ᠳᠣᠲᠣᠷᠠᠬᠢ ᠭᠤᠣᠯ ᠵᠠᠮ ᠬᠠᠷᠢᠯᠴᠠᠭᠠᠨ ᠤ ᠰᠦᠯᠵᠢᠶ᠎ᠡ ᠪᠣᠯᠵᠠᠢ᠃      ᠬᠢᠵᠠᠭᠠᠷ ᠲᠣᠳᠣᠷ᠎ᠠ ᠷᠧ ᠱᠦᠢ ᠶᠢᠨ ᠭᠠᠯᠲᠣ ᠲᠡᠷᠭᠡᠨ ᠦᠷᠲᠡᠭᠡ ᠪᠠᠶᠢᠭᠤᠯᠵᠣ᠂ ᠣᠯᠣᠰ ᠤᠨ ᠳᠦᠷᠪᠡᠳᠦᠭᠡᠷ ᠳᠡᠰ ᠤᠨ ᠭᠠᠯᠲᠣ ᠲᠡᠷᠭᠡᠨ ᠦᠷᠲᠡᠭᠡ ᠪᠣᠯᠭᠠᠭᠰᠠᠨ ᠪᠠᠶᠢᠨ᠎ᠠ᠃      ᠮᠣᠬᠤᠷᠭᠤᠣᠯ ᠪᠠᠯᠭᠠᠰᠣᠨ ᠤ ᠬᠢᠵᠠᠭᠠᠷ ᠲᠣᠲᠣᠷ᠎ᠡ ᠡᠷᠲᠡᠨ ᠤ ᠲᠡᠣᠬᠡ ᠶᠢᠨ ᠲᠣᠷᠠᠰᠬᠠᠯᠲᠣ ᠵᠦᠢᠯᠡᠰ ᠤᠨ ᠦᠯᠡᠳᠡᠭᠳᠡᠯ ᠣᠯᠠᠨ ᠪᠠᠶᠢᠵᠣ  ᠂ ᠣᠷᠲᠣ ᠴᠠᠭᠠᠨ ᠬᠡᠷᠡᠮ ᠮᠣᠬᠤᠷᠭᠤᠣᠯ ᠪᠠᠯᠭᠠᠰᠣ ᠶᠢᠨ ᠬᠠᠷᠢᠶᠠᠨ ᠲᠣᠲᠣᠷ᠎ᠠ  25 ᠺᠢᠯᠦᠮᠧᠲᠷ ᠣᠷᠣᠰᠢᠵᠣ᠂ ᠯᠣᠤᠬ᠎ᠠ ᠶᠢᠨ ᠭᠤᠣᠯ ᠢ ᠳᠠᠪᠠᠨ ᠵᠢᠶᠠᠨ ᠫᠢᠩ ᠰᠢᠶᠠᠨ ᠤ ᠬᠠᠷᠢᠶᠠᠨ ᠲᠣᠳᠣᠷ᠎ᠠ ᠣᠷᠣᠵᠣ ᠢᠷᠡᠭᠰᠡᠨ ᠪᠠᠶᠢᠨ᠎ᠠ᠃ ᠳ᠋ᠠ ᠶᠢᠩᠽᠢ ᠲᠣᠰᠬᠤᠨ ᠳᠤ ᠨᠢᠭᠡᠨ ᠰᠠᠭᠤᠷᠢ ᠯᠢᠶᠣᠣ ᠤᠯᠤᠰ ᠤᠨ ᠱᠧᠨ ᠽᠧ ᠶᠢᠨ ᠦᠶ᠎ᠡ ᠳᠤ ︵916 ~921︶ ᠪᠠᠶᠢᠭᠤᠯᠣᠭᠰᠠᠨ ᠴᠠᠭᠠᠨ ᠰᠣᠪᠣᠷᠭ᠎ᠠ ᠪᠠᠶᠢᠨ᠎ᠠ᠃ ᠴᠢᠩ ᠣᠯᠣᠰ ᠤᠨ  ᠲᠦᠭᠡᠮᠡᠯ ᠡᠯᠪᠡᠭᠲᠦ ᠬᠠᠭᠠᠨ ᠤ ᠦᠶ᠎ᠡ ︵1851~1861︶᠎ ᠳᠤ ᠬᠠᠭᠤᠴᠢᠨ ᠰᠢ ᠶᠢᠩ  ᠲᠣᠰᠬᠤᠨ ᠤ ᠪᠠᠭ᠎ᠠ ᠯᠠᠮᠠ ︵小喇嘛地) ᠭᠡᠳᠡᠭ ᠭᠠᠵᠠᠷ ᠣᠯᠠᠭᠠᠨ ᠰᠣᠪᠣᠷᠭ᠎ᠠ  ᠯᠠᠯᠣ ᠶᠢᠨ ᠰᠦᠮ᠎ᠠ ᠶᠢ ᠪᠠᠶᠢᠭᠤᠯᠵᠠᠢ᠃      ᠮᠣᠬᠤᠷᠭᠤᠣᠯ  ᠤᠨ ᠠᠮᠣ ᠪᠣᠳᠠᠭᠠᠨ ᠤ ᠬᠦᠮᠦᠷᠭᠡ ᠶᠢᠨ ᠡᠵᠡᠯᠡᠬᠦ ᠲᠠᠯᠠᠪᠠᠢ 26664 ᠲᠡᠭᠰᠢ ᠳᠦᠷᠪᠡᠯᠵᠢᠨ ᠮᠧᠲᠷ ᠪᠠᠶᠢᠵᠣ᠂ ᠬᠤᠶᠠᠷ ᠠᠮᠣ ᠪᠣᠳᠠᠭᠠᠨ ᠤ ᠬᠠᠳᠠᠭᠠᠯᠠᠮᠵᠢ ᠶᠢᠨ ᠬᠦᠮᠦᠷᠭᠡ ᠲᠠᠢ᠂ ᠨᠢᠭᠡ ᠲᠦᠮᠡᠨ ᠲᠣᠨ ᠠᠮᠣ ᠪᠣᠳᠠᠭ᠎ᠠ ᠬᠠᠳᠠᠭᠠᠯᠠᠵᠣ ᠲᠡᠶᠢᠯᠦᠨ᠎ᠡ᠃ ᠨᠢᠭᠡ ᠰᠠᠭᠤᠷᠢ 66 ᠺᠢᠯᠣᠸᠣᠯᠲ ᠶᠢᠨ ᠴᠠᠬᠢᠯᠭᠠᠨ ᠬᠤᠪᠢᠰᠬᠠᠬᠤ ᠦᠷᠲᠡᠭᠡ ᠎ ᠲᠠᠢ᠂  ᠲᠡᠷᠡ ᠨᠢ ᠵᠡᠭᠦᠨ ᠬᠤᠶᠢᠲᠣ ᠶᠢᠨ ᠴᠠᠬᠢᠯᠭᠠᠨ ᠰᠦᠯᠵᠢᠶ᠎ᠡ ᠳᠤ ᠵᠠᠬᠢᠷᠣᠭᠳᠠᠵᠣ ᠪᠠᠶᠢᠨ᠎ᠠ᠃ ᠴᠠᠬᠢᠯᠭᠠᠨ ᠬᠦᠴᠦᠨ ᠤ ᠡᠨᠧᠷᠭᠢ ᠶᠢᠨ 2 ᠰᠠᠭᠤᠷᠢ 3150 ᠺᠢᠯᠣᠸᠣᠯᠲ ᠤᠨ ᠬᠦᠴᠦᠳᠡᠯ ᠦᠭᠡᠷᠡᠴᠢᠯᠡᠬᠦ  ᠴᠠᠬᠢᠯᠭᠠᠨ ᠬᠦᠴᠦᠨ ᠤ ᠡᠨᠧᠷᠭᠢ ᠶᠢᠨ ᠲᠦᠬᠦᠭᠡᠷᠦᠮᠵᠢ ᠲᠠᠢ᠃     ᠠᠷᠠᠳ ᠠᠴᠠ ᠡᠷᠬᠢᠯᠡᠭᠰᠡᠨ ᠠᠵᠣ ᠠᠬᠤᠶᠢᠯᠠᠯ ᠳᠤ ᠨᠡᠭᠦᠷᠡᠰᠦ᠂ ᠪᠠᠷᠢᠯᠭ᠎ᠠ ᠵᠢᠨ‌ᠮᠠᠲ᠋ᠧᠷᠢᠶᠠᠯ᠂ ᠲᠡᠮᠦᠷᠯᠢᠭ ᠪᠣᠯᠪᠠᠰᠣᠷᠠᠭᠤᠯᠬᠤ᠂ ᠮᠣᠳᠣᠨ ᠮᠠᠲ᠋ᠧᠷᠢᠶᠠᠯ ᠦᠢᠯᠡᠳᠪᠦᠷᠢᠯᠡᠬᠦ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠣᠯᠲᠠ ᠪᠠᠷ ᠭᠤᠣᠯᠳᠠᠭᠤᠯᠵᠠᠢ᠃ 2008 ᠣᠨ ᠳᠤ ᠪᠦᠬᠦ ᠪᠠᠯᠭᠠᠰᠣᠨ ᠳᠤ 2 ᠰᠠᠭᠤᠷᠢ ᠨᠡᠭᠦᠷᠡᠰᠦᠨ ᠠᠭᠤᠷᠬᠠᠢ ᠲᠠᠢ ᠪᠠᠶᠢᠵᠣ᠂ ᠵᠢᠯ ᠳᠤ 60 ᠲᠦᠮᠡᠨ ᠲᠣᠨ ᠨᠡᠭᠦᠷᠡᠰᠦ ᠭᠠᠷᠴᠣ ᠪᠠᠶᠢᠨ᠎ᠠ᠃ ᠢᠳᠡᠰᠢᠨ ᠨᠣᠭᠤᠭᠠᠨ ᠤ ᠲᠠᠷᠢᠮᠠᠯ ᠤᠨ ᠲᠣᠭᠤᠷᠢᠭ ᠪᠣᠯᠣᠨ   ᠰᠠᠭᠠᠯᠢ ᠶᠢᠨ  ᠦᠨᠢᠶ᠎ᠡ ᠲᠡᠵᠢᠭᠡᠨ ᠦᠷᠡᠵᠢᠭᠦᠯᠬᠦ ᠲᠣᠭᠤᠷᠢᠭ ᠢ ᠲᠡᠷᠢᠭᠦᠨ ᠤ ᠠᠵᠣ ᠦᠢᠯᠡᠰ ᠢᠶᠠᠷ ᠪᠦᠳᠦᠭᠡᠨ ᠪᠠᠶᠢᠭᠤᠯᠵᠣ᠂ ᠢᠳᠡᠰᠢᠨ ᠨᠣᠭᠤᠭ᠎ᠠ ᠲᠠᠷᠢᠬᠤ ᠬᠠᠮᠠᠭᠠᠯᠠᠯᠲᠠ ᠶᠢᠨ ᠭᠠᠵᠠᠷ 2668 ᠲᠦᠮᠡᠨ ᠲᠡᠭᠰᠢ ᠳᠦᠷᠪᠡᠯᠵᠢᠨ ᠮᠧᠲᠷ᠂  ᠵᠠᠯᠭᠠᠯᠳᠣᠭᠰᠠᠨ ᠭᠡᠰᠡᠭᠳᠣ ᠨᠠᠷᠠᠨ ᠭᠡᠷᠡᠯ ᠤᠨ ᠬᠦᠯᠡᠮᠵᠢ 667 ᠲᠦᠮᠡᠨ ᠲᠡᠭᠰᠢ ᠳᠦᠷᠪᠡᠯᠵᠢᠨ ᠮᠧᠲᠷ᠂ ᠬᠦᠢᠲᠡᠨ ᠰᠠᠷᠠᠪᠴᠢ 334ᠲᠦᠮᠡᠨ ᠲᠡᠭᠰᠢ ᠳᠦᠷᠪᠡᠯᠵᠢᠨ ᠮᠧᠲᠷ  ᠪᠠᠶᠢᠭᠤᠯᠵᠠᠢ᠃ ᠲᠦᠷᠪᠡᠨ ᠪᠠᠷᠢᠯᠭ᠎ᠠ ᠪᠣᠯᠣᠨ ᠪᠠᠷᠢᠯᠭ᠎ᠠ ᠶᠢᠨ ᠮᠠᠲ᠋ᠧᠷᠢᠶᠠᠯ ᠤᠨ ᠠᠵᠣ ᠠᠬᠤᠶᠢᠯᠠᠯ ᠲᠠᠢ᠂  ᠲᠦᠷᠪᠡᠨ ᠮᠣᠳᠣᠨ ᠮᠠᠲ᠋ᠧᠷᠢᠶᠠᠯ ᠢ ᠭᠦᠨᠵᠡᠭᠡᠢ ᠪᠣᠯᠪᠠᠰᠣᠷᠠᠭᠤᠯᠬᠤ ᠠᠵᠣ ᠠᠬᠤᠶᠢᠯᠠᠯ ᠲᠠᠢ᠂ ᠮᠣᠳᠣᠨ ᠮᠠᠲ᠋ᠧᠷᠢᠶᠠᠯ ᠦᠢᠯᠡᠳᠪᠦᠷᠢᠯᠡᠬᠦ ᠡᠷᠦᠬᠡ 25 ᠪᠠᠶᠢᠵᠣ᠂ ᠵᠢᠯ ᠳᠤ 25 ᠲᠦᠮᠡᠨ ᠪᠣᠰᠤᠭ᠎ᠠ ᠲᠦᠷᠪᠡᠯᠵᠢᠨ ᠮᠧᠲᠷ ᠮᠣᠳᠣᠨ ᠮᠠᠲ᠋ᠧᠷᠢᠶᠠᠯ ᠦᠢᠯᠡᠳᠪᠦᠷᠢᠯᠡᠵᠣ ᠪᠠᠶᠢᠨ᠎ᠠ᠃      ᠬᠠᠯᠠᠭᠤᠨ ᠣᠰᠣᠨ ᠤ ᠡᠬᠢ ᠰᠣᠷᠪᠣᠯᠵᠢ ᠶᠢ ᠦᠷᠦᠮᠳᠡᠨ ᠬᠠᠶᠢᠬᠤ᠂ ᠣᠯᠠᠭᠠᠨᠬᠠᠳᠠ ᠬᠤᠲᠠ ᠶᠢᠨ ᠬᠤᠸᠠ ᠢ ᠽᠧᠮᠧᠨ᠋ᠲ ᠤᠨ ᠦᠢᠯᠡᠳᠪᠦᠷᠢ ᠶᠢᠨ20 ᠲᠦᠮᠡᠨ ᠲᠣᠨ ᠴᠠᠷᠴᠠᠭᠠᠭᠰᠠᠨ ᠴᠢᠯᠠᠭᠤ ᠶᠢᠨ ᠦᠢᠯᠡᠳᠪᠦᠷᠢᠯᠡᠯ ᠤᠨ ᠲᠦᠷᠦᠯ ᠵᠦᠢᠯ  ᠂ ᠣᠯᠠᠭᠠᠨᠬᠠᠳᠠ ᠬᠤᠲᠠ ᠶᠢᠨ ᠶᠣᠸᠠᠨ ᠮᠧᠢ ᠳᠡᠳ᠋ ᠲᠠᠷᠢᠶᠠᠯᠠᠩ ᠤᠨ ᠦᠢᠯᠡᠳᠬᠦᠨ ᠤ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ  ᠰᠢᠬᠢᠷᠳᠣ ᠠᠯᠳᠧᠬᠢᠳ᠋ ᠤᠨ ᠦᠢᠯᠡᠳᠪᠦᠷᠢᠯᠠᠯ ᠤᠨ ᠲᠦᠷᠦᠯ ᠵᠦᠢᠯ ᠵᠡᠷᠭᠡ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠣ ᠪᠠᠶᠢᠨ᠎ᠠ᠃     ᠮᠣᠬᠤᠷᠭᠤᠣᠯ ᠤᠨ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠢ ᠲᠠᠯᠠᠪᠠᠢ18.67 ᠲᠡᠭᠰᠢ ᠳᠦᠷᠪᠡᠯᠵᠢᠨ ᠺᠢᠯᠣᠮᠧᠲᠷ᠂ 3129ᠠᠮᠠ ᠬᠦᠮᠦᠨ ᠲᠠᠢ᠂1926 ᠡᠷᠦᠬᠡ᠂18 ᠲᠣᠰᠬᠤᠨ ᠤ ᠠᠷᠠᠳ ᠤᠨ ᠲᠣᠭᠤᠶᠢᠯᠠᠩ ᠲᠠᠢ᠃  ᠪᠠᠯᠭᠠᠰᠣᠨ ᠤ ᠭᠤᠣᠯ ᠪᠣᠯᠬᠤ ᠪᠠᠶᠢᠭᠤᠯᠭ᠎ᠠ ᠨᠢᠭᠡᠴᠡ ᠨᠢ ᠠᠷᠣ ᠮᠣᠬᠤᠷᠭᠤᠣᠯ ᠲᠣᠰᠬᠤᠨ ᠤ ᠪᠠᠭ᠎ᠠ ᠰᠣᠷᠭᠠᠭᠤᠯᠢ᠂ ᠮᠣᠬᠤᠷᠭᠤᠣᠯ ᠪᠠᠯᠭᠠᠰᠣᠨ ᠤ ᠲᠣᠮᠳᠠᠳᠣ ᠰᠣᠷᠭᠠᠭᠤᠯᠢ᠂ ᠮᠣᠬᠤᠷᠭᠤᠣᠯ ᠪᠠᠯᠭᠠᠰᠣᠨ ᠤ ᠡᠮᠨᠡᠯᠭᠡ ᠶᠢᠨ ᠬᠤᠷᠢᠶ᠎ᠠ᠂ ᠮᠣᠬᠤᠷᠭᠤᠣᠯ ᠠᠮᠣ ᠪᠣᠳᠠᠭᠠᠨ ᠤ ᠬᠦᠮᠦᠷᠭᠡ᠂ ᠷᠧ ᠱᠦᠢ ᠶᠢᠨ ᠭᠠᠯᠲᠣ ᠲᠡᠷᠭᠡᠨ ᠦᠷᠲᠡᠭᠡ᠂ ᠮᠣᠬᠤᠷᠭᠤᠣᠯ ᠴᠠᠬᠢᠯᠭᠠᠨ ᠬᠤᠪᠢᠰᠬᠠᠬᠤ ᠦᠷᠲᠡᠭᠡ᠂ ᠮᠣᠬᠤᠷᠭᠤᠣᠯ ᠰᠢᠣᠳᠠᠨ ᠤ ᠲᠣᠪᠴᠢᠶ᠎ᠠ᠂ ᠹᠧᠩ ᠮᠧᠢ ᠽᠧᠮᠧᠨ᠋ᠲ ᠶᠢᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠪᠣᠯᠣᠨ᠎ᠠ᠃     ᠭᠦᠩ ᠭᠧ  ᠶᠢᠩᠽᠢ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠢ ᠲᠠᠯᠠᠪᠠᠢ10.34 ᠲᠡᠭᠰᠢ ᠳᠦᠷᠪᠡᠯᠵᠢᠨ ᠺᠢᠯᠣᠮᠧᠲᠷ᠂ 3603 ᠡᠷᠦᠬᠡ12703 ᠠᠮᠠ ᠬᠦᠮᠦᠨ ᠲᠠᠢ᠂18 ᠲᠣᠰᠬᠤᠨ ᠤ ᠠᠷᠠᠳ ᠤᠨ ᠪᠠᠭ᠎ᠠ ᠲᠣᠭᠤᠶᠢᠯᠠᠩ ᠲᠠᠢ᠃ ᠭᠤᠣᠯ ᠪᠣᠯᠬᠤ ᠪᠠᠶᠢᠭᠤᠯᠭ᠎ᠠ ᠨᠢᠭᠡᠴᠡ ᠨᠢ ᠭᠦ᠋ ᠱᠠᠨ ᠭᠤᠣᠯ ᠰᠣᠷᠭᠠᠭᠤᠯᠢ᠂ ᠭᠦᠩ ᠭᠧ  ᠶᠢᠩᠽᠢ ᠲᠣᠰᠬᠤᠨ ᠤ ᠪᠠᠭ᠎ᠠ ᠰᠣᠷᠭᠠᠭᠤᠯᠢ᠂ ᠭᠦ᠋ ᠱᠠᠨ ᠲᠣᠮᠳᠠᠳᠣ ᠰᠣᠷᠭᠠᠭᠤᠯᠢ᠂ ᠭᠦ᠋ ᠱᠠᠨ  ᠡᠮᠨᠡᠯᠭᠡ ᠶᠢᠨ ᠬᠤᠷᠢᠶ᠎ᠠ  ᠪᠣᠯᠣᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1