ᠫᠢᠩᠵᠣᠸᠠᠩ ᠬᠤᠲᠠ ᠲᠣᠭᠤᠷᠢᠭ ᠤᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2017/9/13
    ᠫᠢᠩᠵᠣᠸᠠᠩ ᠬᠤᠲᠠ ᠲᠣᠭᠤᠷᠢᠭ ᠤᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ 2002ᠣᠨ ᠤ 11 ᠰᠠᠷ᠎ᠠ ᠶᠢᠨ 29᠎ ᠤ ᠡᠳᠦᠷ ᠪᠠᠶᠢᠭᠤᠯᠣᠭᠳᠠᠵᠣ᠂ ᠶᠣᠸᠠᠨ ᠪᠣᠣ ᠱᠠᠨ ᠲᠣᠭᠤᠷᠢᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠣᠭᠰᠠᠨ ᠢᠶᠠᠷ ᠪᠠᠷᠠᠬᠤ ᠦᠭᠡᠢ᠂ ᠪᠦᠬᠦ ᠲᠣᠭᠤᠷᠢᠭ ᠤᠨ ᠣᠯᠣᠰ ᠲᠦᠷᠦ᠂ ᠠᠵᠣ ᠠᠬᠤᠢ᠂ ᠰᠣᠶᠣᠯ ᠤᠨ ᠭᠤᠣᠯ ᠲᠦᠪ ᠪᠣᠯᠣᠭᠰᠠᠨ ᠪᠠᠶᠢᠨ᠎ᠠ᠃ ᠶᠡᠷᠦᠩᠬᠡᠢ ᠲᠠᠯᠠᠪᠠᠢ10.8 ᠲᠡᠭᠰᠢ ᠳᠦᠷᠪᠡᠯᠵᠢᠨ ᠺᠢᠯᠣᠮᠧᠲᠷ᠂ ᠡᠮᠦᠨ᠎ᠡ ᠬᠡᠰᠡᠭ ᠨᠢ ᠵᠡᠭᠦᠨᠰᠢ ᠭᠦ᠋ ᠱᠠᠨ ᠵᠠᠮ᠂ ᠡᠮᠦᠨᠡᠰᠢ ᠪᠠᠨ ᠳᠣᠲᠣᠷ᠎ᠠ ᠲᠣᠭᠤᠷᠢᠭ ᠤᠨ ᠡᠮᠦᠨ᠎ᠡ ᠵᠠᠮ᠂  ᠪᠠᠷᠠᠭᠤᠨᠰᠢ ᠪᠠᠨ ᠬᠠᠨ ᠾᠧ ᠶᠡᠭᠡ ᠬᠠᠰᠢᠯᠭ᠎ᠠ ᠬᠦᠷᠴᠦ᠂ ᠬᠤᠶᠢᠰᠢ ᠪᠠᠨ ᠯᠢᠩ ᠾᠧ ᠵᠡᠭᠡᠯᠢ ᠭᠦᠷᠴᠦ᠂ ᠬᠤᠶᠢᠲᠣ ᠬᠡᠰᠡᠭ ᠨᠢ ᠵᠡᠭᠦᠨᠰᠢ ᠪᠠᠨ  ᠫᠢᠩᠵᠣᠸᠠᠩ ᠪᠠᠯᠭᠠᠰᠣ ᠪᠣᠯᠣᠨ ᠮᠸᠢ ᠯᠢ ᠾᠧ ᠪᠠᠯᠭᠠᠰᠣᠨ ᠤ ᠠᠭᠤᠯᠵᠠᠷ ᠲᠤ ᠭᠦᠷᠴᠦ ᠪᠠᠶᠢᠨ᠎ᠠ᠃ ᠡᠮᠦᠨᠡᠰᠢ ᠪᠠᠨ ᠭᠦ᠋ ᠱᠠᠨ ᠠᠭᠤᠷᠬᠠᠢ ᠶᠢᠨ ᠦᠪᠡᠷᠲᠡᠭᠡᠨ ᠬᠡᠷᠡᠭᠯᠡᠵᠦ ᠪᠠᠶᠢᠭ᠎ᠠ ᠲᠡᠮᠦᠷ ᠵᠠᠮ᠂ ᠪᠠᠷᠠᠭᠤᠨᠰᠢ ᠪᠠᠨ ᠭᠦ᠋ ᠱᠠᠨ ᠠᠭᠤᠷᠬᠠᠢ ᠶᠢᠨ ᠬᠦᠷᠢᠶᠡᠨ ᠭᠠᠳᠠᠨᠠᠬᠢ ᠦᠶᠡᠷ ᠤᠨ ᠰᠣᠪᠠᠭ  ᠂ ᠬᠤᠶᠢᠰᠢ ᠭᠦ᠋ ᠱᠠᠨ ᠠᠭᠤᠷᠬᠠᠢ ᠶᠢᠨ ᠠᠵᠢᠯᠴᠢᠨ ᠤ  ᠡᠷᠣᠭᠡ ᠶᠢᠨ ᠰᠠᠭᠤᠭᠠᠯᠢ ᠶᠢᠨ ᠬᠠᠮᠤᠭ ᠬᠤᠶᠢᠲᠣ ᠬᠡᠰᠡᠭ ᠬᠦᠷᠴᠦ᠂  ᠫᠢᠩᠵᠣᠸᠠᠩ ᠪᠠᠯᠭᠠᠰᠣ᠂ ᠮᠸᠢ ᠯᠢ ᠾᠧ ᠪᠠᠯᠭᠠᠰᠣ᠂ ᠱᠢ ᠯᠦ ᠲᠢᠶᠠᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠦᠷᠰᠢᠯᠡᠵᠦ ᠪᠠᠶᠢᠨ᠎ᠠ᠃ ᠫᠢᠩ ᠵᠣᠸᠠᠩ ᠲᠣᠰᠬᠤᠨ ᠪᠣᠯᠣᠨ7 ᠭᠠᠵᠠᠷ ᠣᠷᠣᠨ ᠤ ᠰᠠᠭᠤᠭᠠᠯᠢ ᠠᠷᠠᠳ ᠤᠨ ᠵᠦᠪᠯᠡᠯ᠂ 13 ᠠᠵᠣ ᠠᠬᠤᠶᠢᠯᠠᠯ ᠤᠨ ᠰᠠᠭᠤᠭᠠᠯᠢ ᠠᠷᠠᠳ ᠤᠨ ᠵᠦᠪᠯᠡᠯ  ᠢ ᠬᠠᠮᠢᠶᠠᠷᠴᠣ ᠪᠠᠶᠢᠨ᠎ᠠ᠃ 2008 ᠣᠨ ᠤ ᠵᠢᠯ ᠤᠨ  ᠰᠠᠭᠦᠯ ᠪᠤᠯᠳᠠᠯ᠎ᠠ 24299 ᠡᠷᠦᠬᠡ᠂ 69341 ᠠᠮᠠ ᠬᠦᠮᠦᠨ ᠲᠠᠢ ᠪᠠᠶᠢᠵᠠᠢ᠃     ᠫᠢᠩᠵᠣᠸᠠᠩ ᠬᠤᠲᠠ ᠲᠣᠭᠤᠷᠢᠭ ᠲᠤ ᠭᠠᠵᠠᠷ ᠣᠷᠣᠨ ᠤ ᠠᠵᠣ ᠠᠬᠤᠶᠢᠯᠠᠯ ᠠᠭᠤᠰᠣᠯᠴᠠᠵᠣ᠂ ᠬᠤᠲᠠ ᠪᠠᠯᠭᠠᠰᠣ ᠬᠤᠯᠢᠯᠳᠣᠭᠰᠠᠨ ᠨᠡᠶᠢᠲᠡ ᠶᠢᠨ ᠦᠮᠴᠢᠯᠡᠯᠲᠦ ᠠᠵᠣ ᠠᠬᠤᠶᠢᠯᠠᠯ ᠪᠣᠯᠣᠨ ᠨᠡᠶᠢᠲᠡ ᠶᠢᠨ ᠪᠣᠰᠣ ᠦᠮᠴᠢᠯᠡᠯᠲᠦ ᠠᠵᠣ ᠠᠬᠤᠶᠢᠯᠠᠯ ᠦᠳᠲᠡᠷ ᠲᠦᠷᠭᠡᠨ ᠬᠦᠭᠵᠢᠵᠦ᠂ ᠬᠤᠪᠢ ᠶᠢᠨ ᠦᠢᠯᠡᠳᠪᠦᠷᠢ ᠬᠤᠳᠠᠯᠳᠣᠭᠠᠴᠢᠨ‌ᠡᠷᠦᠬᠡ 6686᠂ ᠬᠤᠪᠢ ᠶᠢᠨ ᠡᠷᠬᠢᠯᠡᠭᠰᠡᠨ ᠬᠤᠪᠢᠴᠠᠭᠠᠲᠣ  ᠠᠵᠤ ᠠᠬᠤᠶᠢᠯᠠᠯ 285᠂ ᠰᠠᠭᠤᠭᠠᠯᠢ ᠲᠣᠭᠤᠷᠢᠭ ᠤᠨ ᠪᠠᠶᠢᠭᠤᠯᠭ᠎ᠠ108 ᠪᠠᠶᠢᠨ᠎ᠠ᠃    ᠵᠠᠮ ᠬᠠᠷᠢᠯᠴᠠᠭᠠᠨ ᠤ  ᠲᠤᠤᠷᠵᠢᠯ ︽ᠰᠢᠲᠠᠷ᠎ᠠ ᠶᠢᠨ ᠬᠦᠯᠦᠭ︾ ᠬᠡᠯᠪᠡᠷᠢ ᠲᠠᠢ  ᠲᠦᠯᠦᠪᠰᠢᠵᠦ᠂  ᠬᠤᠩ ᠱᠠᠨ ᠵᠠᠮ᠂ ᠪᠣᠣ ᠱᠠᠨ ᠵᠠᠮ᠂ ᠶᠢᠨ ᠱᠠᠨ ᠵᠠᠮ᠂ ᠲᠢᠶᠠᠨ ᠱᠠᠨ ᠵᠠᠮ᠂ ᠲᠠᠢ ᠱᠠᠨ ᠵᠠᠮ᠂ ᠰᠦᠩ ᠱᠠᠨ ᠵᠠᠮ᠂ ᠳᠣᠲᠣᠷ᠎ᠠ ᠲᠣᠭᠤᠷᠢᠭ ᠤᠨ ᠪᠠᠷᠠᠭᠤᠨ ᠵᠠᠮ ᠵᠡᠷᠭᠡ ᠨᠢ  ᠬᠤᠲᠠ ᠶᠢᠨ ᠲᠣᠭᠤᠷᠢᠭ ᠎ ᠤᠨ ᠡᠮᠦᠨᠡᠰᠢ ᠠᠴᠠ ᠣᠮᠠᠷ᠎ᠠ ᠪᠠᠶᠢᠷᠢᠯᠠᠵᠤ᠂ ᠳᠣᠲᠣᠷ᠎ᠠ ᠲᠣᠭᠤᠷᠢᠭ ᠤᠨ ᠡᠮᠦᠨ᠎ᠡ ᠵᠠᠮ᠂ ᠯᠢᠶᠣᠣ ᠾᠧ ᠵᠡᠭᠡᠯᠢ᠂ ᠢᠩ ᠾᠧ ᠵᠡᠭᠡᠯᠢ᠂ ᠶᠢᠨ ᠾᠧ ᠵᠡᠭᠡᠯᠢ᠂ ᠬᠠ ᠾᠧ ᠵᠡᠭᠡᠯᠢ  ᠂ ᠳᠣᠲᠣᠷ᠎ᠠ ᠲᠣᠭᠤᠷᠢᠭ ᠤᠨ ᠬᠤᠶᠢᠲᠣ ᠵᠠᠮ  ᠵᠡᠷᠭᠡ ᠨᠢ  ᠵᠡᠭᠦᠨᠰᠢ ᠪᠠᠷᠠᠭᠤᠨᠰᠢ ᠵᠠᠯᠭᠠᠯᠳᠣᠵᠣ  ᠂ ᠶᠧ  ᡂᠢ  ᠲᠡᠮᠦᠷ ᠵᠠᠮ ᠬᠤᠲᠠ ᠶᠢᠨ ᠲᠣᠭᠤᠷᠢᠭ ᠢᠶᠠᠷ ᠦᠩᠭᠡᠷᠡᠵᠦ  ᠪᠠᠶᠢᠳᠠᠭ᠃    11ᠰᠠᠭᠤᠷᠢ ᠰᠣᠷᠭᠠᠭᠤᠯᠢ ᠲᠠᠢ  ᠪᠠᠶᠢᠵᠣ᠂ ᠪᠣᠣ ᠱᠠᠨ ᠡᠮᠨᠡᠯᠭᠡ ᠶᠢᠨ ᠬᠤᠷᠢᠶ᠎ᠠ᠂ ᠫᠢᠩ ᠮᠸᠢ ᠡᠮᠨᠡᠯᠭᠡ ᠶᠢᠨ ᠬᠤᠷᠢᠶ᠎ᠠ ᠪᠣᠯᠣᠨ ᠶᠣᠸᠠᠨ ᠪᠣᠣ ᠱᠠᠨ ᠲᠣᠭᠤᠷᠢᠭ ᠤᠨ ᠬᠢᠵᠢᠭ ᠢ ᠰᠡᠷᠭᠡᠶᠢᠯᠡᠬᠦ ᠲᠦᠪ ᠢᠶᠠᠷ ᠭᠤᠣᠯ  ᠪᠣᠯᠭᠠᠭᠰᠠᠨ ᠡᠯ᠎ᠡ ᠲᠦᠷᠦᠯ ᠤᠨ ᠡᠷᠡᠭᠦᠯ ᠬᠠᠮᠠᠭᠠᠯᠠᠯ ᠤᠨ ᠪᠠᠶᠢᠭᠤᠯᠣᠮᠵᠢ 30 ᠢᠯᠡᠭᠦᠦ ᠪᠠᠶᠢᠵᠣ᠂ ᠣᠷᠢᠳᠴᠢᠯᠠᠨ ᠰᠡᠷᠭᠡᠶᠢᠯᠡᠵᠦ ᠡᠷᠡᠭᠦᠯᠵᠢᠬᠦ᠂ ᠡᠮᠴᠢᠯᠡᠬᠦ ᠡᠷᠡᠭᠦᠯᠵᠡᠬᠦ‍ ᠨᠢᠭᠡ ᠴᠣᠭᠴᠠ ᠪᠣᠯᠣᠭᠰᠠᠨ ᠡᠮᠴᠢᠯᠡᠭᠡᠨ ᠤ ᠦᠢᠯᠡᠴᠢᠯᠡᠭᠡ ᠶᠢᠨ ᠰᠦᠯᠵᠢᠶ᠎ᠡ ᠪᠦᠷᠢᠯᠳᠦᠵᠡᠢ᠃ ᠣᠳᠠᠰᠣᠲᠣ ᠲᠧᠯᠸᠢᠰ ᠡᠷᠦᠬᠡ ᠳᠤ ᠣᠷᠣᠭᠰᠠᠨ ᠨᠣᠷᠮ᠎ᠠ95%  ᠂ ᠲᠦᠪᠯᠡᠷᠡᠭᠦᠯᠦᠨ ᠢᠯᠴᠢ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ95%᠎ ᠳᠤ ᠬᠦᠷᠴᠦ᠂ ᠮᠦᠩᠭᠦᠨ ᠭᠦᠢᠯᠭᠡᠭᠡᠨ ᠤ ᠲᠠᠭᠠᠳᠬᠠᠯ᠂ ᠵᠣᠴᠢᠳ ᠤᠨ ᠪᠠᠭᠤᠳᠠᠯ ᠬᠤᠭᠤᠯᠠᠨ ᠭᠡᠷ᠂ ᠨᠡᠶᠢᠲᠡ ᠶᠢᠨ ᠮᠠᠰᠢᠨ᠂ ᠣᠰᠣ ᠬᠠᠩᠭᠠᠬᠤ᠂ ᠴᠠᠬᠢᠯᠭᠠᠨ ᠬᠤᠯᠪᠣᠭ᠎ᠠ᠂ ᠰᠣᠶᠣᠯ ᠪᠣᠯᠪᠠᠰᠣᠨ ᠵᠤᠭ᠎ᠠ ᠴᠡᠩᠬᠡᠯ ᠤᠨ ᠲᠠᠯᠠᠪᠣᠷ ᠵᠡᠷᠭᠡ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮ ᠪᠦᠷᠢᠨ ᠲᠦᠬᠦᠷ ᠪᠣᠯᠵᠠᠢ᠃    7ᠨᠡᠶᠢᠭᠡᠮ ᠲᠣᠭᠤᠷᠢᠭ ᠤᠨ ᠠᠯᠪᠠᠯᠠᠬᠤ ᠭᠠᠵᠠᠷ ᠤᠨ ᠳᠣᠮᠳᠠᠴᠢ ᠡᠵᠡᠯᠡᠬᠦ ᠲᠠᠯᠠᠪᠠᠢ 317 ᠲᠡᠭᠰᠢ ᠳᠦᠷᠪᠡᠯᠵᠢᠨ ᠮᠧᠲᠷ᠂ ᠠᠯᠪᠠᠯᠠᠬᠤ ᠪᠣᠯᠣᠨ ᠬᠦᠳᠡᠯᠭᠡᠭᠡᠨ ᠤ ᠪᠡᠯᠡᠳᠬᠡᠯ ᠲᠦᠬᠦᠭᠡᠷᠦᠮᠵᠢ ᠪᠦᠷᠢᠨ ᠭᠦᠢᠴᠡᠳ ᠪᠠᠶᠢᠵᠣ᠂ ᠰᠢᠨ ᠬᠤᠸᠠ ᠂ ᠰᠢᠶᠠᠩ ᠶᠠᠩ᠂ ᠶᠢᠨ ᠾᠧ ᠨᠡᠶᠢᠭᠡᠮ ᠲᠣᠭᠤᠷᠢᠭ  ᠢ ᠣᠯᠣᠰ ᠤᠨ ᠠᠷᠠᠳ ᠤᠨ ᠶᠠᠪᠣᠳᠠᠯ  ᠤᠨ ᠶᠠᠮᠤᠨ ᠠᠴᠠ ︽ᠣᠳᠣᠨ ᠭᠡᠷᠡᠯᠳᠣ ᠨᠠᠰᠣᠳᠠᠨ ᠤ ᠭᠡᠷ》 ᠭᠡᠵᠦ  ᠨᠡᠷᠡᠯᠡᠭᠰᠡᠨ ᠪᠠᠶᠢᠨ᠎ᠠ᠃ ᠰᠢᠨ ᠬᠤᠸᠠ ᠨᠡᠶᠢᠭᠡᠮ ᠲᠣᠭᠤᠷᠢᠭ ᠲᠤ ᠵᠡᠮᠳᠡᠭᠴᠦᠳ ᠤᠨ ᠡᠷᠡᠭᠦᠯᠵᠢᠯ ᠤᠨ ᠲᠠᠰᠤᠭ ᠲᠠᠢ ᠪᠠᠶᠢᠵᠣ᠂ ᠰᠢᠨ ᠬᠤᠸᠠ᠂ ᠰᠢᠶᠠᠩ ᠶᠠᠩ᠂ ᠶᠢᠨ ᠾᠧ᠂ ᠶᠢᠩ ᠾᠧ᠂ ᠰᠢᠦᠢ ᠷᠢ ᠨᠡᠶᠢᠭᠡᠮ ᠲᠣᠭᠤᠷᠢᠭ ᠨᠠᠰᠣᠲᠠᠶᠢᠴᠣᠣᠯ ᠤᠨ ᠬᠦᠳᠡᠯᠭᠡᠭᠡᠨ ᠤ ᠭᠡᠷ᠂ ᠨᠣᠮ ᠤᠨ ᠦᠷᠦᠭᠡ ᠪᠠᠶᠢᠭᠤᠯᠵᠠᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1