ᠫᠢᠩᠵᠤᠸᠠᠩ  ᠬᠤᠳᠠ ᠶᠢᠨ ᠲᠤᠭᠤᠷᠢᠭ ᠎ ᠳᠠᠬᠢ ᠠᠭᠠᠷ ᠎ ᠤᠨ ᠴᠡᠪᠡᠷᠴᠡ ᠶᠢ  ᠲᠡᠭᠡᠭᠰᠢᠯᠡᠭᠦᠯᠭᠦ ᠲᠤᠬᠠᠢ ᠠᠵᠢᠯ ᠢ ᠭᠡᠷᠡᠭᠵᠢᠭᠦᠯᠭᠦ ᠲᠦᠰᠦᠪ ᠤᠨ ᠮᠡᠳᠡᠭᠳᠡᠯ
ᠨᠡᠶᠢᠲᠡᠯᠡᠭᠰᠡᠨ ᠴᠠᠭ᠄
2017/9/14
      ᠫᠢᠩᠵᠤᠸᠠᠩ  ᠬᠤᠳᠠ ᠶᠢᠨ ᠲᠤᠭᠤᠷᠢᠭ  ᠎ ᠳᠠᠬᠢ ᠠᠭᠠᠷ  ᠎ ᠤᠨ ᠴᠡᠪᠡᠷᠴᠡ ᠶᠢ       ᠲᠡᠭᠡᠭᠰᠢᠯᠡᠭᠦᠯᠭᠦ ᠲᠤᠬᠠᠢ ᠠᠵᠢᠯ ᠢ ᠭᠡᠷᠡᠭᠵᠢᠭᠦᠯᠭᠦ ᠲᠦᠰᠦᠪ ᠤᠨ ᠮᠡᠳᠡᠭᠳᠡᠯ       ᠶᠤᠸᠠᠨ ᠵᠠᠰᠠᠭ  ᠲᠠᠷᠬᠠᠭᠠᠭᠰᠠᠨ ︵2017︶14 ᠳ᠋ᠤᠭᠡᠷ ᠲᠤᠭᠠᠳᠤ     ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ  ᠎ ᠤᠨ  ᠲᠡᠷᠤᠮᠠᠯᠯᠠᠨ  ᠲᠡᠷᠬᠠᠭᠠᠭᠰᠠᠨ  ᠫᠢᠩᠵᠤᠸᠠᠩ  ᠬᠤᠳᠠ  ᠎ ᠶᠢᠨ  ᠲᠤᠭᠤᠷᠢᠭ  ᠎ ᠳᠠᠬᠢ ᠠᠭᠠᠷ  ᠎ ᠤᠨ ᠴᠡᠪᠡᠷᠴᠡ ᠶᠢ ᠲᠡᠭᠡᠭᠰᠢᠯᠡᠭᠦᠯᠭᠦ  ᠲᠤᠬᠠᠢ ᠠᠵᠢᠯ ᠢ ᠭᠡᠷᠡᠭᠵᠢᠭᠦᠯᠭᠦ  ᠲᠦᠰᠦᠪ ᠤᠨ ᠮᠡᠳᠡᠭᠳᠡᠯ     ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂  ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠵᠦᠪᠯᠡᠯ᠂ ᠠᠯᠪᠠᠨ ᠭᠡᠷ᠂ ᠲᠤᠪᠴᠢᠶ᠎ᠠ  ᠂ ᠨᠡᠭᠡᠭᠡᠨ ᠠᠰᠢᠭᠯᠠᠬᠤ ᠲᠤᠷᠰᠢᠯᠳᠠ ᠶᠢᠨ ᠲᠤᠭᠤᠷᠢᠭ ᠤᠨ ᠬᠠᠮᠢᠶᠠᠷᠤᠯᠳᠠ ᠶᠢᠨ ᠭᠡᠯᠳᠡᠰ ᠲᠤ᠄ ᠲᠤᠭᠤᠷᠢᠭ ᠤᠨ ᠵᠠᠰᠠᠭ ᠤᠨ ᠤᠷᠳᠤᠨ ᠤ ᠰᠤᠳᠤᠯᠤᠨ ᠵᠦᠪᠰᠢᠶᠡᠷᠡᠯᠳᠡ ᠪᠠᠷ᠂  ᠲᠤᠤᠷ᠎ᠠ ︽ᠫᠢᠩᠵᠤᠸᠠᠩ ᠬᠤᠳᠠ ᠎ ᠶᠢᠨ ᠲᠤᠭᠤᠷᠢᠭ ᠳᠠᠬᠢ ᠠᠭᠠᠷ ᠤᠨ ᠴᠡᠪᠡᠷᠴᠡ ᠶᠢ ᠲᠡᠭᠡᠭᠰᠢᠯᠡᠭᠦᠯᠭᠦ ᠲᠤᠬᠠᠢ ᠠᠵᠢᠯ ᠢ ᠭᠡᠷᠡᠭᠵᠢᠭᠦᠯᠭᠦ ᠲᠦᠰᠦᠪ︾᠎ ᠢ ᠲᠠᠷᠤᠮᠠᠯᠯᠠᠨ ᠲᠠᠷᠬᠠᠭᠠᠯ᠎ᠠ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠴᠠᠭ ᠢ ᠠᠮᠵᠢᠨ ᠵᠤᠭᠢᠶᠠᠨ ᠪᠠᠶᠢᠭᠤᠯᠵᠦ ᠲᠤᠤᠱᠯᠠᠭᠤᠯᠬᠤ ᠪᠤᠯᠪᠠᠤ︕                                    2017 ᠤᠨ ᠤ 8 ᠰᠠᠷ᠎ᠠ ᠶᠢᠨ 30᠎ ᠤ ᠡᠳᠤᠷ ︵ᠲᠤᠰ ᠮᠠᠲ᠋ᠧᠷᠢᠶᠠᠯ ᠢ ᠢᠯᠡ ᠪᠠᠷ ᠨᠡᠶᠢᠳᠡᠯᠡᠨ᠎ᠡ︶        ᠫᠢᠩᠵᠤᠸᠠᠩ ᠬᠤᠳᠠ ᠶᠢᠨ ᠲᠤᠭᠤᠷᠢᠭ ᠳᠠᠬᠢ ᠠᠭᠠᠷ ᠤᠨ ᠴᠡᠪᠡᠷᠴᠡ ᠶᠢ        ᠲᠡᠭᠡᠭᠰᠢᠯᠡᠭᠦᠯᠭᠦ   ᠲᠤᠬᠠᠢ    ᠠᠵᠢᠯ  ᠎ ᠢ   ᠭᠡᠷᠡᠭᠵᠢᠭᠦᠯᠭᠦ   ᠲᠦᠰᠦᠪ    7 ᠰᠠᠷ᠎ᠠ ᠶᠢᠨ 28᠎ ᠤ ᠡᠳᠤᠷ᠂ ᠤᠯᠠᠭᠠᠨᠬᠠᠳᠠ ᠬᠤᠳᠠ ᠶᠢᠨ ᠠᠭᠠᠷ ᠮᠠᠨᠳᠠᠯ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠠᠵᠢᠯ ᠤᠨ ᠪᠠᠭ᠎ᠠ ᠲᠤᠭᠤᠶᠢᠯᠠᠩ ᠤᠨ ᠠᠯᠪᠠᠨ ᠭᠡᠷ ᠨᠢ ︽2017 ᠤᠨ ᠤ ᠲᠡᠭᠡᠳᠤ ᠬᠠᠭᠠᠰ ᠵᠢᠯ ᠤᠨ ᠤᠯᠠᠭᠠᠨᠬᠠᠳᠠ ᠬᠤᠳᠠ ᠶᠢᠨ ᠬᠤᠳᠠ ᠶᠢᠨ ᠲᠦᠪ ᠤᠨ ᠠᠭᠠᠷ ᠤᠨ ᠴᠡᠪᠡᠷᠴᠡ ᠶᠢᠨ ᠪᠠᠶᠢᠳᠠᠯ ᠤᠨ ᠮᠡᠳᠡᠭᠦᠯᠤᠯᠳᠡ︾ ︵ᠬᠤᠳᠠ ᠶᠢᠨ ᠠᠭᠠᠷ ᠤᠨ ᠬᠠᠮᠢᠶᠠᠷᠤᠯᠳᠠ ᠶᠢᠨ ᠠᠯᠪᠠᠨ ᠭᠡᠷ ᠤᠨ ﹇2017﹈ 5 ᠳ᠋ᠤᠭᠠᠷ ᠲᠤᠭᠠᠳᠤ︶᠎ ᠢ ᠲᠠᠷᠤᠮᠠᠯᠯᠠᠨ ᠲᠡᠷᠬᠠᠭᠠᠪᠠ᠃ ᠮᠠᠨ ᠤ ᠲᠤᠭᠤᠷᠢᠭ ᠤᠨ ᠠᠭᠠᠷ ᠤᠨ ᠴᠡᠪᠡᠷᠴᠡ ᠲᠤᠭᠤᠭᠰᠢᠯᠠᠭᠰᠠᠨ ᠪᠠᠶᠢᠳᠠᠯ ᠳᠤ ᠴᠢᠭᠯᠡᠭᠦᠯᠤᠨ ᠨᠡᠷ᠎ᠡ ᠲᠤᠷᠠᠳᠤᠨ ᠰᠢᠭᠦᠮᠵᠢᠯᠡᠯᠳᠡ ᠭᠢᠪᠡ᠃ ᠮᠠᠨ ᠤ ᠲᠤᠭᠤᠷᠢᠭ ᠤᠨ ᠶᠢᠨ ᠾᠧ ᠵᠡᠭᠡᠯᠢ ᠎ ᠶᠢᠨ ᠬᠤᠪᠢᠶᠠᠷᠢ ᠦᠷᠳᠡᠭᠡ ᠶᠢᠨ ᠤᠭᠢ ᠴᠡᠪᠡᠷ ᠠᠭᠠᠷ ᠲᠠᠢ ᠡᠳᠤᠷ ᠨᠢ ᠵᠦᠪᠭᠡᠨ 117 ᠡᠳᠤᠷ᠂ ᠤᠤᠯ ᠤᠨ ᠠᠴᠠ ᠎ ᠪᠠᠨ 18  ᠡᠳᠤᠷ ᠬᠠᠰᠤᠭᠳᠠᠵᠦ᠂ ᠤᠭᠢ ᠴᠡᠪᠡᠷᠴᠡ ᠶᠢᠨ ᠭᠡᠮᠵᠢᠶ᠎ᠡ ᠨᠢ 64.6%︔ ᠤᠨᠴᠠᠭᠠᠢ ᠪᠤᠭᠢᠷᠳᠤᠯᠳᠤ 14 ᠡᠳᠤᠷ᠂ ᠤᠤᠯ ᠤᠨ ᠠᠴᠠ ᠪᠠᠨ 7 ᠡᠳᠤᠷ ᠨᠡᠮᠡᠭᠳᠡᠵᠠᠢ᠃ ᠵᠢᠷᠭᠤᠭᠠᠨ ᠭᠦᠢᠴᠡᠳᠭᠡᠪᠡᠰᠤ ᠵᠤᠭᠢᠬᠤ ᠵᠢᠭᠠᠯᠲᠠ ᠲᠤᠭ᠎ᠠ ᠠᠴᠠ᠂ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠶᠢᠨ ᠦᠳᠭᠡᠴᠡ ᠲᠤᠷᠤᠭᠰᠢᠯᠠᠭᠰᠠᠨ ᠠᠴᠠ ᠪᠤᠰᠤᠳ ᠲᠠᠪᠤᠨ ᠲᠦᠷᠦᠯ ᠤᠨ ᠦᠳᠭᠡᠴᠡ ᠶᠢᠨ ᠭᠡᠮᠵᠢᠶ᠎ᠡ ᠨᠢ ᠴᠦᠮ ᠲᠡᠭᠡᠭᠰᠢᠯᠡᠭᠦ ᠬᠠᠨᠳᠤᠰᠢ ᠲᠠᠢ ᠪᠤᠯᠵᠠᠢ᠃ ᠡᠭᠦᠨ ᠳᠤ ᠨᠡᠭᠦᠷᠡᠰᠦᠳᠦ᠋ᠷᠦᠭᠴᠢ ᠶᠢᠨ ᠲᠠᠪᠬᠤᠷ ᠢᠰᠤᠯ ᠨᠢ ᠬᠤᠳᠠ ᠶᠢᠨ ᠲᠦᠪ ᠳᠠᠬᠢ ᠠᠭᠠᠷ ᠤᠨ ᠴᠡᠪᠡᠷᠴᠡ ᠶᠢᠨ ᠠᠳᠠᠯᠢᠳᠬᠠᠯ ᠳᠤ ᠦᠨᠳᠤᠷ ᠲᠦᠪᠰᠢᠨ ᠢ ᠡᠵᠡᠯᠡᠵᠦ ᠶᠡᠷᠤᠨᠢ ᠪᠠᠭᠤᠷᠠᠭᠰᠠᠨ ᠦᠭᠡᠢ ᠮᠦᠷᠳᠡᠭᠡᠨ ᠲᠡᠭᠡᠭᠰᠢᠯᠡᠭᠰᠡᠨ ᠴᠤᠷ ᠎ ᠤᠨ ᠭᠠᠭᠴᠠ ᠤᠷᠤᠨ ᠪᠤᠯᠵᠠᠢ᠃ PM10、PM2.5᠎ ᠶᠢᠨ ᠡᠵᠯᠡᠭᠦᠨ ᠨᠢ ᠤᠯᠤᠰ ᠤᠨ ᠠᠭᠠᠷ ᠤᠨ ᠤᠷᠴᠢᠨ ᠲᠤᠭᠤᠷᠢᠨ ᠤ ᠴᠡᠪᠡᠷᠴᠡ ᠶᠢᠨ ᠬᠤᠶᠠᠳᠤᠭᠠᠷ ᠲᠡᠰ ᠠᠴᠠ ᠭᠡᠳᠤᠷᠡᠵᠦ᠂ ᠭᠤᠤᠯ ᠵᠡᠭᠡᠯᠢ ᠶᠢᠨ ᠲᠦᠷᠪᠡᠨ ᠭᠢᠨᠠᠨ ᠰᠢᠯᠭᠠᠬᠤ ᠬᠤᠪᠢᠶᠠᠷᠢ ᠦᠷᠳᠡᠭᠡᠨ ᠳᠠᠬᠢ ᠦᠳᠭᠡᠴᠡ ᠪᠠᠷ ᠬᠠᠮᠤᠭ ᠦᠨᠳᠤᠷ ᠨᠢ ᠪᠤᠯᠤᠭᠰᠠᠨ ᠪᠠᠶᠢᠨ᠎ᠠ᠃     ᠮᠠᠨ ᠤ ᠲᠤᠭᠤᠷᠢᠭ ᠤᠨ ᠢᠶᠠᠨ ᠠᠭᠠᠷ ᠤᠨ ᠴᠡᠪᠡᠷᠴᠡ ᠶᠢ ᠪᠦᠭᠦ ᠲᠠᠯ᠎ᠠ ᠪᠠᠷ ᠲᠡᠭᠡᠭᠰᠢᠯᠡᠭᠦᠯᠭᠦ ᠶᠢᠨ ᠲᠦᠯᠦᠭᠡ᠂ ᠠᠭᠠᠷ ᠤᠨ ᠴᠡᠪᠡᠷᠴᠡ ᠶᠢᠨ ᠪᠠᠷᠢᠮᠵᠢᠶ᠎ᠠ ᠶᠢ ᠲᠡᠭᠡᠭᠰᠢᠯᠡᠭᠦᠯᠭᠦ ᠪᠠᠭᠢᠯᠡᠯᠳᠡ ᠶᠢᠨ ᠴᠢᠨᠠᠷᠳᠠᠢ ᠠᠵᠢᠯᠯᠠᠭᠠᠨ ᠢ ᠦᠷᠨᠢᠭᠦᠯᠵᠦ ᠂ ᠮᠠᠨ ᠤ ᠲᠤᠭᠤᠷᠢᠭ ᠤᠨ ᠢᠶᠠᠨ ᠪᠤᠳᠠᠳᠠᠢ ᠲᠠᠢ ᠤᠶᠠᠯᠳᠤᠭᠤᠯᠤᠨ᠂ ᠲᠤᠰ ᠲᠦᠰᠤᠪ ᠢ  ᠲᠤᠭᠳᠠᠭᠠᠪᠠ᠄     ᠨᠢᠭᠡ᠂ ᠠᠵᠢᠯ ᠤᠨ ᠬᠠᠷᠠᠯᠳᠠ     ᠪᠠᠷᠢᠯᠭ᠎ᠠ ᠶᠢᠨ ᠲᠠᠯᠠᠪᠤᠷ ᠤᠨ ᠲᠤᠭᠤᠰᠤ᠂ ᠵᠠᠳᠠᠭᠠᠢ ᠨᠠᠭᠦᠷᠠᠰᠤᠨ ᠠᠭᠤᠷᠬᠠᠢ ᠶᠢᠨ ᠨᠤᠴᠤᠯᠳᠠ ᠢ ᠵᠠᠰᠠᠬᠤ᠂ ᠪᠠᠶᠢᠰᠢᠩᠳᠤ ᠲᠤᠭᠤᠷᠢᠭ ᠤᠨ ᠨᠡᠭᠦᠷᠠᠰᠤᠨ ᠵᠤᠤᠬ᠎ᠠ ᠶᠢ ᠦᠭᠡᠷᠡᠴᠢᠯᠡᠭᠦ᠂ ᠨᠡᠭᠦᠷᠠᠰᠤᠨ ᠲᠠᠯᠠᠪᠤᠷ ᠪᠠ ᠵᠡᠭᠡᠯᠢ ᠲᠡᠭᠡᠷᠡᠭᠢ ᠰᠢᠷᠠᠮᠠᠯ ᠤᠨ ᠲᠡᠯᠭᠡᠭᠦᠷ ᠤᠳ ᠢ ᠦᠭᠡᠷᠡᠴᠢᠯᠡᠨ ᠵᠠᠰᠠᠬᠤ᠂ ᠬᠠᠤᠯᠢ ᠪᠤᠰᠤ ᠪᠠᠷ  ᠵᠠᠶᠢᠷ ᠴᠢᠯᠠᠭᠤ ᠮᠠᠯᠳᠠᠵᠦ ᠪᠦᠭᠦᠢ ᠶᠢ ᠴᠡᠭᠴᠡᠯᠡᠭᠦ᠂ ᠨᠡᠭᠦᠷᠠᠰᠤ ᠰᠢᠳᠠᠭᠠᠬᠤ ᠵᠤᠤᠬ᠎ᠠ  ᠶᠢ ᠦᠭᠡᠷᠡᠴᠢᠯᠡᠨ ᠰᠢᠨᠡᠴᠢᠯᠠᠭᠦ᠂ ᠡᠰᠢ ᠰᠦᠷᠢᠯ ᠤᠨ ᠰᠢᠳᠠᠭᠠᠯᠳᠠ ᠶᠢ ᠡᠵᠡᠮᠰᠢᠨ ᠬᠤᠷᠢᠭᠯᠠᠬᠤ ᠵᠡᠷᠭᠡ ᠠᠵᠢᠯ ᠢ ᠦᠷᠨᠢᠭᠦᠯᠭᠦ ᠪᠠᠷ ᠲᠠᠮᠵᠢᠨ᠂ ᠮᠠᠨ ᠤᠨ ᠲᠤᠭᠤᠷᠢᠭ ᠤᠨ ᠢᠶᠠᠨ ᠠᠭᠠᠷ ᠤᠨ ᠴᠡᠪᠡᠷᠴᠡ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠪᠤᠯᠤᠨ᠎ᠠ᠃     ᠬᠤᠶᠠᠷ᠂ ᠠᠵᠢᠯ ᠤᠨ ᠡᠭᠦᠷᠭᠡ    ︵ᠨᠢᠭᠡ︶ ᠪᠠᠷᠢᠯᠭ᠎ᠠ ᠪᠠ ᠵᠠᠮ ᠤᠨ ᠲᠤᠭᠤᠰᠤ  ᠶᠢᠨ   ᠪᠤᠬᠢᠷᠳᠤᠯ ᠢ ᠵᠠᠰᠠᠨ ᠬᠢᠵᠠᠭᠠᠷᠯᠠᠬᠤ ᠶᠢ ᠵᠠᠰᠠᠨ ᠴᠢᠩᠭᠠᠳᠬᠠᠬᠤ ︵ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠤᠭᠡᠨ ᠪᠠᠶᠢᠭᠤᠯᠤᠯᠳᠠ ᠶᠢᠨ ᠲᠤᠪᠴᠢᠶ᠎ᠠ︶     1. ᠬᠤᠳᠠ ᠶᠢᠨ ᠲᠤᠭᠤᠷᠢᠭ ᠳᠠᠬᠢ ᠭᠤᠤᠯ ᠪᠠ ᠰᠠᠯᠪᠤᠷᠢ ᠵᠠᠮ᠂ ᠬᠤᠳᠠ ᠲᠤᠰᠬᠤᠨ ᠤ ᠵᠠᠯᠭᠠᠯᠳᠤᠭᠰᠠᠨ ᠭᠡᠰᠡᠭ ᠤᠨ ᠴᠡᠪᠡᠷᠯᠡᠭᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠡᠳᠤᠷ ᠲᠤᠳᠤᠮ ᠤᠨ ᠤᠰᠤ ᠰᠦᠷᠴᠢᠭᠦ᠂ ᠮᠠᠰᠢᠨ ᠢᠶᠠᠷ ᠱᠦᠭᠦᠷᠳᠡᠭᠦ ᠶᠢᠨ ᠰᠠᠭᠤᠷᠢᠨ ᠲᠡᠭᠡᠷ᠎ᠡ᠂ ᠭᠤᠤᠯ ᠭᠤᠤᠯ ᠲᠤᠭᠤᠷᠢᠨ᠂ ᠭᠤᠤᠯ ᠵᠡᠭᠡᠯᠢ ᠪᠠᠷ ᠲᠤᠰᠬᠠᠢ ᠲᠡᠷᠭᠡ ᠲᠤᠭᠢᠷᠠᠭᠤᠯᠵᠦ᠂ ᠤᠯᠠᠨᠳᠠ ᠤᠰᠤ ᠰᠦᠷᠴᠢᠵᠦ᠂ ᠦᠷᠭᠦᠯᠵᠢᠯᠡᠨ ᠬᠤᠭ ᠨᠤᠪᠰᠢ᠂ ᠨᠠᠩᠭᠢ ᠰᠢᠷᠤᠢ᠂ ᠬᠠᠶᠢᠷ ᠴᠢᠯᠠᠭᠤ᠂ ᠰᠢᠷᠤᠢ ᠶᠢᠨ ᠤᠪᠤᠭ᠎ᠠ᠂ ᠴᠤᠬᠤᠢ ᠲᠠᠢ ᠤᠰᠤ ᠵᠡᠷᠭᠡ ᠶᠢ ᠵᠦᠭᠡᠭᠡᠪᠤᠷᠢᠯᠡᠭᠦ ᠠᠵᠢᠯ ᠤᠨ ᠬᠠᠮᠢᠶᠠᠷᠤᠯᠳᠠ ᠪᠠᠨ ᠴᠢᠩᠭᠠᠳᠬᠠᠵᠦ᠂ ᠠᠰᠬᠠᠵᠦ  ᠴᠢᠳᠬᠤᠨ᠂ ᠵᠠᠮ ᠭᠤᠳᠤᠰ ᠢ ᠪᠤᠭᠢᠷᠳᠤᠭᠤᠯᠬᠤ ᠠᠴᠠ ᠰᠡᠷᠭᠡᠶᠢᠯᠡᠨ᠎ᠡ︔ ᠪᠠᠷᠢᠯᠭ᠎ᠠ ᠶᠢᠨ ᠲᠠᠯᠠᠪᠤᠷ ᠤᠨ 8  ᠵᠤᠶᠢᠯ ᠤᠨ  ᠵᠠᠭᠤᠨ ᠤ ᠵᠠᠭᠤ  ᠎ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ︵ᠲᠠᠷᠤᠢ᠂ ᠪᠠᠷᠢᠯᠭ᠎ᠠ ᠶᠢᠨ ᠲᠠᠯᠠᠪᠤᠷ ᠢ ᠭᠦᠷᠢᠶᠡᠯᠡᠭᠦ᠂ ᠭᠠᠷᠴᠤ ᠤᠷᠤᠬᠤ ᠵᠠᠮ ᠢ ᠬᠠᠳᠠᠭᠤᠷᠠᠭᠤᠯᠬᠤ᠂ ᠭᠠᠷᠬᠤ ᠲᠡᠷᠭᠡ ᠶᠢ ᠤᠭᠢᠶᠠᠨ ᠴᠡᠪᠡᠷᠯᠡᠭᠦ᠂ ᠲᠡᠭᠡᠭᠡᠪᠤᠷᠢ ᠶᠢᠨ ᠮᠠᠰᠢᠨ ᠢ ᠪᠢᠳᠡᠭᠦᠮᠵᠢᠯᠡᠭᠦ᠂ ᠢᠯᠡ ᠪᠠᠶᠢᠭ᠎ᠠ ᠪᠤᠳᠠᠰ ᠢ ᠪᠦᠷᠭᠦᠭᠦ᠂ ᠤᠨᠴᠠᠭᠠᠢ ᠠᠵᠢᠯ ᠪᠠ ᠪᠤᠳᠠᠷᠠᠭᠰᠠᠨ ᠲᠤᠭᠤᠰᠤ ᠶᠢ ᠲᠠᠷᠤᠢ ᠳᠤᠨᠢ ᠤᠰᠤ ᠰᠦᠷᠴᠢᠭᠦ᠂ ᠠᠰᠢᠭᠯᠠᠭᠳᠠᠭᠠᠳᠤᠢ ᠭᠠᠵᠠᠷ ᠢ 100%᠎ ᠪᠠᠷ ᠨᠤᠭᠤᠭᠠᠷᠠᠭᠤᠯᠬᠤ ᠵᠡᠷᠭᠡ ᠪᠠᠷᠢᠮᠵᠢᠶ᠎ᠠ︶    2. ᠪᠠᠷᠢᠯᠭ᠎ᠠ ᠶᠢᠨ ᠬᠤᠭ ᠨᠤᠪᠰᠢ᠂ ᠢᠯᠡᠭᠦᠴᠡ ᠰᠢᠷᠤᠢ ᠵᠡᠷᠭᠡ ᠪᠤᠳᠠᠷᠠᠮᠠᠯ ᠪᠤᠳᠠᠰ ᠢ ᠲᠡᠭᠡᠭᠡᠪᠤᠷᠢᠯᠡᠭᠦ ᠲᠡᠷᠭᠡ ᠤᠨᠤᠭ᠎ᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠨᠢᠭᠡ ᠳᠤ᠂ ᠪᠢᠳᠡᠭᠦᠮᠵᠢᠯᠡᠨ ᠲᠡᠭᠡᠭᠡᠪᠤᠷᠢᠯᠡᠭᠦ ᠶᠢ ᠭᠢᠨᠠᠨ ᠬᠠᠮᠢᠶᠠᠷᠬᠤ ᠭᠦᠴᠤᠯᠡᠴᠠ ᠶᠢ ᠴᠢᠩᠭᠠᠳᠬᠠᠨ᠎ᠠ᠃ ᠲᠡᠭᠡᠭᠡᠪᠤᠷᠢᠯᠡᠭᠦ ᠶᠠᠪᠤᠴᠠ ᠲᠤᠮᠳᠠ ᠠᠰᠬᠠᠵᠦ ᠴᠢᠳᠬᠤᠬᠤ᠂ ᠭᠤᠭᠤᠵᠢᠭᠤᠯᠵᠦ ᠴᠤᠪᠤᠷᠠᠭᠤᠯᠬᠤ ᠵᠡᠷᠭᠡ ᠦᠵᠡᠭᠳᠡᠯ ᠢᠯᠡᠷᠡᠭᠦ ᠶᠢ ᠲᠤᠤᠱᠳᠠᠢ ᠰᠡᠷᠭᠡᠶᠢᠯᠡᠭᠦ᠃ ᠬᠤᠶᠠᠷ ᠲᠤ᠂ ᠪᠠᠷᠢᠯᠭ᠎ᠠ ᠶᠢᠨ ᠬᠤᠭ ᠨᠤᠪᠰᠢ᠂ ᠢᠯᠡᠭᠦᠴᠡ ᠰᠢᠷᠤᠢ ᠶᠢ ᠵᠦᠪᠰᠢᠶᠡᠷᠡᠯ ᠢᠶᠠᠷ ᠲᠤᠭᠳᠠᠭᠠᠭᠰᠠᠨ ᠴᠠᠭ᠂ ᠵᠠᠮ ᠱᠤᠭᠤᠮ ᠎ ᠢᠶᠠᠷ ᠲᠡᠭᠡᠭᠡᠪᠤᠷᠢᠯᠡᠭᠦ ᠶᠢ ᠴᠢᠩᠭ᠎ᠠ ᠱᠠᠭᠠᠷᠳᠠᠵᠦ᠂ ᠲᠤᠷ᠎ᠠ ᠲᠠᠪᠠ ᠪᠠᠷ ᠢᠶᠠᠨ ᠲᠡᠭᠡᠭᠡᠪᠤᠷᠢᠯᠡᠭᠦ ᠴᠠᠭ᠂ ᠵᠠᠮ ᠱᠤᠭᠤᠮ ᠢ ᠦᠭᠡᠷᠡᠴᠢᠯᠡᠵᠦ ᠪᠤᠯᠬᠤ ᠦᠭᠡᠢ᠃ ᠭᠤᠷᠪᠠ ᠳᠤ᠂  ᠤᠯᠠᠨᠳᠠ ᠴᠠᠭᠳᠠᠨ ᠪᠠᠶᠢᠴᠠᠭᠠᠬᠤ᠂ ᠴᠡᠭ ᠲᠤ ᠰᠠᠭᠤᠬᠤ ᠵᠡᠷᠭᠡ ᠠᠵᠢᠯᠯᠠᠬᠤ ᠠᠷᠭ᠎ᠠ ᠪᠠᠷ ᠲᠠᠮᠵᠢᠨ ᠬᠠᠤᠯᠢ ᠲᠤᠭᠳᠠᠭᠠᠯ ᠠᠴᠠ ᠵᠦᠷᠢᠴᠡᠭᠰᠡᠨ ᠪᠠᠷᠢᠯᠭ᠎ᠠ ᠶᠢᠨ ᠲᠡᠭᠡᠭᠡᠪᠤᠷᠢ ᠶᠢᠨ ᠲᠡᠷᠭᠡ ᠤᠨᠤᠭ᠎ᠠ ᠶᠢ ᠪᠠᠶᠢᠴᠠᠭᠠᠵᠦ᠂ ᠨᠢᠭᠡ ᠢᠯᠡᠷᠡᠪᠡᠯ ᠨᠢᠭᠡ ᠶᠢ ᠰᠢᠳᠭᠡᠵᠦ᠂ ᠲᠡᠭᠡᠭᠡᠪᠤᠷᠢ ᠶᠢᠨ ᠵᠠᠮ ᠤᠨ ᠤᠷᠴᠢᠨ ᠤ ᠪᠤᠭᠢᠷᠳᠤᠯ ᠦᠭᠡᠢ ᠪᠠᠶᠢᠬᠤ ᠶᠢ ᠪᠠᠳᠤᠯᠠᠨ᠎ᠠ᠃     ︵ᠬᠤᠶᠠᠷ︶  ᠵᠠᠳᠠᠭᠠᠢ ᠰᠢᠷᠠᠮᠠᠯ ᠤᠨ ᠲᠡᠯᠭᠡᠭᠦᠷ ᠤᠳ ᠢ ᠴᠡᠭᠴᠡᠯᠡᠭᠦ ︵ᠤᠷᠤᠨ ᠰᠠᠭᠤᠴᠠ ᠪᠠ ᠬᠤᠳᠠ ᠭᠦᠳᠡᠭᠡ ᠎ ᠶᠢᠨ ᠪᠦᠳᠤᠭᠡᠨ ᠪᠠᠶᠢᠭᠤᠯᠤᠯᠳᠠ ᠶᠢᠨ ᠲᠤᠪᠴᠢᠶ᠎ᠠ  ᠂ ᠬᠤᠳᠠ ᠶᠢᠨ ᠶᠡᠷᠦᠩᠭᠡᠶᠢᠯᠡᠭᠰᠡᠨ ᠬᠠᠤᠯᠢ ᠶᠢᠨ ᠰᠠᠯᠠᠭ᠎ᠠ ᠮᠦᠴᠢᠷ    1. ᠵᠠᠳᠠᠭᠠᠢ ᠰᠢᠷᠠᠮᠠᠯ ᠤᠨ ᠲᠡᠯᠭᠡᠭᠦᠷ ᠤᠳ ᠢ ᠭᠢᠨᠠᠨ ᠴᠡᠭᠴᠡᠯᠡᠭᠦ ᠭᠦᠴᠦᠯᠡᠴᠡ ᠪᠠᠨ ᠦᠷᠭᠦᠯᠵᠢᠯᠡᠨ ᠴᠢᠩᠭᠠᠳᠬᠠᠵᠦ᠂ ᠬᠤᠷᠢᠭ᠎ᠠ ᠲᠠᠢ ᠴᠠᠭ ᠪᠤᠶᠤ ᠭᠡᠪᠴᠢᠶ᠎ᠡ ᠴᠠᠷ᠎ᠠ ᠠᠴᠠ ᠭᠠᠳᠠᠭᠤᠷ ᠢᠳᠡᠭᠡᠨ ᠰᠢᠷᠠᠬᠤ ᠪᠤᠶᠤ ᠡᠵᠡᠩᠨᠡᠭᠴᠢᠳ ᠲᠤ ᠲᠠᠯᠠᠪᠤᠷ ᠬᠠᠩᠭᠠᠭᠴᠢᠳ ᠢ ᠬᠠᠤᠯᠢ ᠶᠤᠰᠤᠭᠠᠷ ᠬᠤᠷᠢᠭᠯᠠᠨ ᠰᠢᠳᠭᠡᠵᠦ᠂ ᠰᠢᠯᠵᠢᠮᠠᠯ ᠴᠢᠨᠠᠷᠳᠠᠢ ᠰᠢᠷᠠᠮᠠᠯ ᠤᠨ  ᠡᠵᠡᠩᠨᠡᠭᠴᠢᠳ ᠲᠤ ᠴᠢᠩᠭ᠎ᠠ ᠴᠤᠭᠢᠯᠳᠠ ᠦᠭᠭᠦᠨ᠎ᠡ᠃    2. ᠰᠠᠭᠤᠭᠠᠯᠢ ᠲᠦᠪᠯᠡᠷᠡᠭᠰᠡᠨ ᠤᠷᠤᠨ ᠳᠤ ᠡᠰᠢ ᠰᠦᠷᠢᠯ᠂ ᠤᠨᠠᠭᠰᠠᠨ ᠨᠠᠪᠴᠢ᠂ ᠬᠠᠷ᠎ᠠ ᠲᠤᠰᠤ᠂ ᠲᠤᠰᠤᠨ ᠢᠰᠡᠭᠡᠶᠢᠨᠴᠡᠷ᠂ ᠲᠦᠭᠦᠭᠡᠢ ᠵᠢᠶᠤᠤᠫᠢ᠂ ᠰᠦᠯᠢᠶᠤᠤ᠂ ᠠᠷᠠᠰᠤ ᠰᠢᠷᠢ᠂ ᠬᠤᠭ ᠨᠤᠪᠰᠢ ᠵᠡᠷᠭᠡ ᠶᠢ ᠰᠢᠳᠠᠭᠠᠬᠤ ᠶᠢ ᠬᠠᠤᠯᠢ ᠶᠤᠰᠤᠭᠠᠷ ᠪᠠᠶᠢᠴᠠᠭᠠᠨ ᠰᠢᠳᠭᠡᠨ᠎ᠡ᠃    3. ᠭᠦᠮᠤᠨ ᠠᠮᠠ ᠲᠦᠪᠯᠡᠷᠡᠵᠦ ᠪᠦᠭᠦᠢ ᠤᠷᠤᠨ ᠤ ᠮᠤᠳᠤ᠂ ᠬᠤᠸᠠᠷ ᠴᠡᠴᠡᠭ ᠲᠤ ᠬᠤᠤᠷᠳᠤ ᠡᠮ ᠰᠦᠷᠴᠢᠭᠦ ᠪᠤᠶᠤ ᠡᠰᠢ ᠰᠦᠷᠢᠯ᠂ ᠤᠨᠠᠭᠰᠠᠨ ᠨᠠᠪᠴᠢ ᠵᠡᠷᠭᠡ ᠶᠢ ᠰᠢᠳᠠᠭᠠᠬᠤ ᠳᠤ ᠡᠭᠦᠰᠦᠭᠰᠡᠨ ᠠᠭᠤᠷ ᠤᠳᠤᠭᠠᠨ ᠤ ᠪᠤᠭᠢᠷᠳᠤᠯ ᠎ ᠤᠨ ᠪᠠᠶᠢᠳᠠᠯ ᠳᠤ ᠭᠢᠨᠠᠯᠳᠠ ᠲᠠᠯᠪᠢᠨ᠎ᠠ᠃     ︵ᠭᠤᠷᠪᠠ︶ ᠵᠠᠳᠠᠭᠠᠢ ᠨᠡᠭᠦᠷᠡᠰᠤᠨ ᠠᠭᠤᠷᠬᠠᠢ ᠶᠢᠨ ᠰᠢᠳᠠᠯᠳᠠ ᠶᠢ ᠵᠠᠰᠠᠬᠤ᠂ ᠭᠠᠯ ᠤᠨᠳᠠᠷᠭᠠᠭᠰᠠᠨ ᠢᠶᠠᠨ ᠪᠤᠯᠠᠬᠤ ᠠᠴᠠ ᠪᠤᠯᠤᠭᠰᠠᠨ ᠲᠤᠭᠤᠰᠤ ᠰᠢᠷᠤᠢ ᠶᠢ ᠰᠡᠷᠭᠡᠶᠢᠯᠡᠨ᠎ᠠ᠃ ︵ ᠫᠢᠩ ᠮᠸᠢ ᠨᠡᠭᠦᠷᠡᠰᠤᠨ ᠤ ᠺᠤᠮᠫᠠᠨᠢ᠂ ᠠᠮᠤᠷ ᠲᠦᠪᠰᠢᠨ ᠢ ᠭᠢᠨᠠᠨ ᠬᠠᠮᠢᠶᠠᠷᠬᠤ ᠲᠤᠪᠴᠢᠶ᠎ᠠ︶    1. ᠫᠢᠩ ᠮᠸᠢ ᠨᠡᠭᠦᠷᠡᠰᠤᠨ ᠤ ᠺᠤᠮᠫᠠᠨᠢ ᠨᠢ ᠪᠠᠷᠠᠭᠤᠨ ᠵᠠᠳᠠᠭᠠᠢ ᠨᠡᠭᠦᠷᠡᠰᠤᠨ ᠠᠭᠤᠷᠬᠠᠢ ᠶᠢᠨ ᠨᠡᠭᠡᠭᠡᠨ ᠮᠠᠯᠳᠠᠬᠤ ᠎ ᠳᠤ  ᠪᠠᠳᠤᠳᠠᠢ ᠠᠷᠭ᠎ᠠ ᠭᠡᠮᠵᠢᠶ᠎ᠡ ᠠᠪᠴᠤ᠂  ᠰᠢᠳᠠᠯᠳᠠ ᠠᠴᠠ ᠪᠤᠯᠤᠭᠰᠠᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠤᠯ᠂ ᠨᠡᠭᠦᠷᠡᠰᠦ᠋ᠳᠦᠷᠦᠭᠴᠢ ᠶᠢᠨ ᠲᠠᠩ ᠢᠰᠤᠯ ᠢ ᠲᠤᠷ᠎ᠠ ᠪᠠᠷ ᠭᠠᠳᠠᠭᠰᠢ ᠲᠠᠯᠪᠢᠬᠤ ᠶᠢ ᠦᠭᠡᠶᠢᠰᠭᠡᠨ᠎ᠡ᠃    2. ᠠᠮᠤᠷ ᠲᠦᠪᠰᠢᠨ ᠢ ᠭᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠰᠢᠶᠠᠩ ᠶᠠᠩ ᠪᠸᠢ ᠱᠠᠨ ᠭᠠᠯ ᠤᠨᠳᠠᠷᠭᠠᠬᠤ ᠢᠨᠵᠧᠨᠧᠷᠢᠩ ᠤᠨ ᠨᠡᠭᠡᠭᠡᠨ ᠮᠠᠯᠳᠠᠬᠤ ᠭᠡᠪᠴᠢᠶ᠎ᠡ ᠶᠢᠨ ᠰᠢᠳᠠᠯᠳᠠ ᠳᠤ ᠪᠠᠳᠤᠳᠠᠢ ᠠᠷᠭ᠎ᠠ ᠭᠡᠮᠵᠢᠶ᠎ᠡ ᠠᠪᠴᠤ ᠵᠠᠰᠠᠨ᠂ ᠰᠢᠳᠠᠯᠳᠠ ᠠᠴᠠ ᠪᠤᠯᠤᠭᠰᠠᠨ ᠭᠦᠭᠦᠷ ᠤᠨ ᠲᠠᠪᠬᠤᠷ ᠢᠰᠤᠯ᠂ ᠨᠡᠭᠦᠷᠡᠰᠦ᠋ᠳᠦᠷᠦᠭᠴᠢ ᠶᠢᠨ ᠲᠠᠩ ᠢᠰᠤᠯ ᠢ ᠲᠤᠷ᠎ᠠ ᠪᠠᠷ ᠭᠠᠳᠠᠭᠰᠢ ᠲᠠᠯᠪᠢᠬᠤ ᠶᠢ ᠦᠭᠡᠶᠢᠰᠭᠡᠨ᠎ᠡ᠃    3. ᠠᠮᠤᠷ ᠲᠦᠪᠰᠢᠨ ᠢ ᠭᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠰᠢᠶᠠᠩ ᠶᠠᠩ ᠪᠸᠢ ᠱᠠᠨ ᠵᠡᠷᠭᠡ ᠭᠠᠵᠠᠷ ᠎ ᠤᠨ ᠭᠠᠯ ᠤᠨᠳᠠᠷᠭᠠᠭᠰᠠᠨ  ᠭᠠᠵᠠᠷ ᠤᠨ ᠦᠨᠡᠰᠦ  ᠶᠢ ᠪᠤᠯᠠᠬᠤ ᠠᠵᠢᠯ ᠢ ᠴᠢᠩᠭ᠎ᠠ ᠬᠠᠮᠢᠶᠠᠷᠴᠤ᠂ ᠤᠰᠤ ᠰᠦᠷᠴᠢᠵᠦ ᠲᠤᠭᠤᠰᠤ ᠶᠢ ᠨᠠᠮᠬᠠᠷᠠᠭᠤᠯᠬᠤ ᠵᠡᠷᠭᠡ ᠪᠠᠳᠤᠳᠠᠢ ᠠᠷᠭ᠎ᠠ ᠠᠪᠴᠢᠯ ᠢᠶᠠᠷ ᠲᠤᠭᠤᠰᠤᠨ ᠤ ᠪᠤᠭᠢᠷᠳᠤᠯ ᠢ ᠰᠡᠷᠭᠡᠶᠢᠯᠡᠨ᠎ᠡ᠃ ᠶᠡᠭᠡ ᠰᠠᠯᠭᠢ ᠲᠠᠢ ᠡᠳᠤᠷ ᠠᠵᠢᠯᠯᠠᠵᠦ ᠪᠤᠯᠬᠤ ᠦᠭᠡᠢ᠃     ︵ᠲᠦᠷᠪᠡ︶ ᠪᠠᠶᠢᠰᠢᠩᠳᠤ ᠲᠤᠭᠤᠷᠢᠭ ᠤᠨ ᠨᠡᠭᠦᠷᠡᠰᠤᠨ ᠵᠤᠤᠬ᠎ᠠ ᠶᠢ ᠦᠭᠡᠷᠡᠴᠢᠯᠡᠨ ᠵᠠᠰᠠᠬᠤ ︵ᠤᠷᠴᠢᠨ ᠲᠤᠭᠤᠷᠢᠨ ᠢ ᠬᠠᠮᠠᠭᠠᠯᠠᠬᠤ ᠰᠠᠯᠠᠭ᠎ᠠ ᠮᠦᠴᠢᠷ︶     ᠢᠳᠡᠪᠭᠢᠳᠠᠢ ᠪᠠᠷ ᠲᠡᠭᠡᠳᠤ ᠱᠠᠳᠤᠨ ᠠᠴᠠ ᠪᠡᠯᠡ ᠮᠦᠩᠭᠦ ᠡᠷᠡᠮᠡᠯᠵᠢᠯᠡᠵᠦ᠂ ᠵᠢᠯ ᠤᠨ ᠡᠴᠤᠰ ᠠᠴᠠ ᠡᠮᠦᠨ᠎ᠡ 6500 ᠪᠠᠶᠢᠰᠢᠩᠳᠤ ᠡᠷᠦᠭᠡ ᠶᠢᠨ ᠨᠡᠭᠦᠷᠡᠰᠤᠨ ᠵᠤᠤᠬ᠎ᠠ ᠶᠢ ᠦᠭᠡᠷᠡᠴᠢᠯᠡᠨ ᠵᠠᠰᠠᠬᠤ ᠡᠭᠦᠷᠭᠡ ᠶᠢ ᠭᠦᠴᠤᠯᠡᠨ ᠭᠦᠢᠴᠡᠳᠭᠡᠵᠦ᠂ ᠠᠷᠢᠭᠤᠨ ᠴᠡᠪᠡᠷ ᠤᠨ ᠡᠨᠧᠷᠭᠢ ᠶᠢᠨ ᠠᠰᠢᠭᠯᠠᠯᠳᠠ ᠶᠢᠨ ᠮᠡᠷᠭᠡᠵᠢᠯ ᠢ ᠲᠡᠯᠭᠡᠷᠡᠭᠦᠯᠤᠨ᠂ ᠨᠡᠭᠦᠷᠰᠤᠨ ᠎ ᠤ ᠰᠢᠳᠠᠭᠠᠯᠳᠠ ᠶᠢᠨ ᠭᠡᠮᠵᠢᠶ᠎ᠡ ᠶᠢ ᠪᠠᠭᠠᠰᠬᠠᠨ᠎ᠠ᠃     ︵ᠲᠠᠪᠤ︶ ᠦᠨᠳᠦᠷ ᠬᠥᠭᠡᠷᠭᠡ ᠬᠤᠯᠠᠩ ᠎ ᠢᠶᠠᠷ ᠭᠠᠳᠠᠭᠰᠢᠯᠠᠬᠤ ᠬᠡᠢ ᠶᠢᠨ ᠡᠭᠢ  ᠰᠤᠷᠪᠤᠯᠵᠢ ᠶᠢᠨ ᠭᠢᠨᠠᠨ ᠬᠠᠮᠢᠶᠠᠷᠤᠯᠳᠠ ᠶᠢ ᠴᠢᠩᠭᠠᠳᠬᠠᠬᠤ ︵ᠤᠷᠴᠢᠨ ᠲᠤᠭᠤᠷᠢᠨ ᠢ ᠬᠠᠮᠠᠭᠠᠯᠠᠬᠤ ᠰᠠᠯᠠᠭ᠎ᠠ ᠮᠦᠴᠢᠷ︶ ᠤᠷᠴᠢᠨ ᠲᠤᠭᠤᠷᠢᠨ ᠤ ᠬᠠᠤᠯᠢ ᠭᠡᠷᠡᠭᠵᠢᠭᠦᠯᠭᠦ ᠭᠦᠴᠤᠯᠡᠴᠡ ᠪᠠᠨ ᠦᠷᠭᠦᠯᠵᠢᠯᠡᠨ ᠴᠢᠩᠭᠠᠳᠬᠠᠵᠦ᠂ ᠦᠨᠳᠤᠷ ᠲᠠᠷᠤᠯᠳᠠ ᠪᠠᠷ ᠬᠠᠤᠯᠢ ᠭᠡᠷᠡᠭᠵᠢᠭᠦᠯᠭᠦ ᠬᠠᠨᠳᠤᠰᠢ ᠪᠠᠨ ᠪᠠᠷᠢᠮᠳᠠᠯᠠᠵᠦ᠂  ᠨᠢᠭᠡᠨᠳᠡ ᠪᠠᠶᠢᠭᠤᠯᠤᠭᠰᠠᠨ ᠬᠡᠢ ᠠᠭᠤᠷ ᠭᠠᠳᠠᠭᠰᠢᠯᠠᠭᠤᠯᠬᠤ ᠠᠵᠦ  ᠠᠬᠤᠶᠢᠯᠠᠯ ᠤᠨ ᠭᠢᠨᠠᠨ ᠬᠠᠮᠢᠶᠠᠷᠤᠯᠳᠠ ᠶᠢ ᠴᠢᠩᠭᠠᠳᠬᠠᠨ᠂ ᠰᠦᠯᠵᠢᠶᠡᠨ ᠳᠠᠬᠢ ᠲᠤᠭ᠎ᠠ ᠪᠠᠷᠢᠮᠳᠠ ᠶᠢ ᠬᠠᠭᠤᠷᠮᠠᠭᠯᠠᠬᠤ᠂ ᠪᠤᠭᠢᠷᠳᠠᠯ ᠤᠨ ᠪᠤᠳᠠᠰ ᠢ  ᠪᠠᠷᠢᠮᠵᠢᠶ᠎ᠠ ᠪᠠ ᠶᠡᠷᠦᠩᠭᠡᠢ ᠲᠤᠭᠠᠨ ᠠᠴᠠ ᠭᠡᠳᠤᠷᠡᠳᠡᠯ᠎ᠡ  ᠭᠠᠳᠠᠭᠰᠢᠯᠠᠭᠤᠯᠬᠤ ᠬᠠᠤᠯᠢ ᠪᠤᠰᠤ ᠠᠵᠢᠯᠯᠠᠭ᠎ᠠ ᠳᠤ ᠭᠦᠴᠤᠳᠠᠢ ᠴᠤᠭᠢᠯᠳᠠ ᠦᠭᠴᠤ᠂ ᠦᠨᠳᠤᠷ ᠬᠥᠭᠡᠷᠭᠡ ᠬᠤᠯᠠᠩ ᠢᠶᠠᠷ ᠭᠠᠳᠠᠭᠰᠢᠯᠠᠬᠤ ᠬᠡᠢ ᠠᠭᠤᠷ ᠤᠨ ᠪᠠᠷᠢᠮᠵᠢᠶ᠎ᠠ  ᠳᠤ ᠨᠡᠶᠢᠴᠡᠬᠦ ᠶᠢ ᠪᠠᠳᠤᠯᠠᠨ᠎ᠠ᠃ ᠶᠤᠸᠠᠨ ᠪᠤᠤ ᠱᠠᠨ ᠤ ᠴᠠᠭᠢᠯᠭᠠᠨ ᠭᠠᠷᠭᠠᠬᠤ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ 2 ᠳ᠋ᠤᠭᠠᠷ ᠨᠤᠮᠧᠷᠳᠤ ᠴᠠᠭᠢᠯᠭᠠᠨ ᠤᠭᠰᠠᠷᠠᠮᠵᠢ ᠎ ᠶᠢᠨ ᠲᠤᠤᠷᠠᠳᠤ ᠭᠡᠮᠵᠢᠶ᠎ᠡ  ᠪᠠᠷ  ᠭᠠᠳᠠᠭᠰᠢᠯᠠᠭᠤᠯᠬᠤ ᠮᠡᠷᠭᠡᠵᠢᠯ ᠤᠨ ᠰᠢᠨᠡᠴᠢᠯᠡᠯᠳᠡ ᠶᠢᠨ ᠠᠵᠢᠯ  ᠢᠶᠠᠨ ᠴᠠᠭ ᠲᠤᠬᠠᠢ ᠎ ᠳᠠᠭᠠᠨ ᠪᠡᠶᠡᠯᠡᠭᠳᠡᠭᠦ ᠶᠢ ᠭᠢᠨᠠᠨ ᠱᠠᠭᠠᠷᠳᠠᠨ᠎ᠠ᠃     ︵ᠵᠢᠷᠭᠤᠭ᠎ᠠ︶  ᠨᠡᠭᠦᠷᠡᠰᠤ ᠰᠢᠳᠠᠭᠠᠬᠤ ᠵᠤᠤᠬ᠎ᠠ ᠶᠢ  ᠦᠭᠡᠷᠡᠴᠢᠯᠡᠨ ᠰᠢᠨᠡᠴᠢᠯᠡᠭᠦ ︵ᠤᠷᠴᠢᠨ ᠲᠤᠭᠤᠷᠢᠨ ᠢ ᠬᠠᠮᠠᠭᠠᠯᠠᠬᠤ ᠰᠠᠯᠠᠭ᠎ᠠ ᠮᠦᠴᠢᠷ︶     ᠬᠤᠳᠠ ᠶᠢᠨ  ᠤᠷᠤᠨ ᠰᠠᠭᠤᠴᠠ‌ᠵᠢᠨ ᠭᠠᠳᠠᠨᠠᠭᠢ ᠨᠠᠭᠦᠷᠡᠰᠤᠨ ᠵᠤᠤᠬ᠎ᠠ ᠶᠢᠨ ᠪᠠᠶᠢᠳᠠᠯ  ᠳᠤ  ᠪᠠᠶᠢᠴᠠᠭᠠᠯᠳᠠ  ᠬᠢᠵᠦ  ᠂ ᠪᠦᠭᠦ ᠲᠠᠯ᠎ᠠ ᠪᠠᠷ ᠵᠤᠤᠬᠠᠨ ᠲᠤᠭ᠎ᠠ ᠶᠢ ᠲᠤᠳᠤᠷᠬᠠᠢ ᠮᠡᠳᠡᠵᠦ᠂ ᠲᠤᠭ᠎ᠠ ᠪᠠᠷᠢᠮᠳᠠ ᠶᠢᠨ ᠭᠦᠮᠤᠷᠭᠡ ᠶᠢ ᠪᠠᠶᠢᠭᠤᠯᠤᠨ᠂ ᠲᠠᠷᠬᠠᠴᠠ ᠶᠢᠨ ᠪᠠᠶᠢᠳᠠᠯ  ᠤᠨ ᠵᠢᠷᠤᠮᠠᠭ ᠦᠢᠯᠡᠳᠴᠤ᠂ ᠲᠦᠷᠤᠯ ᠵᠤᠶᠢᠯ ᠢᠶᠠᠷ ᠠᠩᠭᠢᠯᠠᠨ ᠬᠠᠮᠢᠶᠠᠷᠬᠤ ᠂ ᠵᠢᠷᠤᠭ ᠲᠦᠯᠦᠪᠯᠡᠭᠡ ᠪᠠᠨ ᠪᠤᠳᠠᠳᠠᠢ ᠳᠤ ᠭᠡᠷᠡᠭᠵᠢᠭᠦᠯᠤᠨ᠂  ᠤᠯᠠᠭᠠᠨᠬᠠᠳᠠ‌ᠬᠤᠳᠠ ᠶᠢᠨ  ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶᠠᠨ ᠠᠴᠠ ᠪᠠᠭᠤᠯᠭᠠᠭᠰᠠᠨ ᠡᠭᠦᠷᠭᠡ ᠶᠢᠨ ᠬᠠᠷᠠᠯᠳᠠ ᠪᠠᠨ ᠴᠠᠭ ᠲᠤᠬᠠᠢ ᠳᠤᠨᠢ ᠪᠡᠶᠡᠯᠡᠭᠦᠯᠤᠨ᠎ᠡ᠃    ︵ᠲᠤᠯᠤᠭ᠎ᠠ︶ ᠬᠤᠳᠠ ᠶᠢᠨ ᠲᠦᠪᠯᠡᠷᠡᠭᠦᠯᠤᠨ ᠲᠤᠯᠠᠭᠠᠴᠠᠬᠤ ᠶᠢ ᠲᠦᠯᠭᠢᠨ ᠠᠭᠢᠭᠤᠯᠬᠤ ︵ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠤᠭᠡᠨ ᠪᠠᠶᠢᠭᠤᠯᠤᠯᠳᠠ ᠶᠢᠨ ᠲᠤᠪᠴᠢᠶ᠎ᠠ︶ ᠪᠦᠷᠭᠡ ᠲᠤᠭᠤᠷᠢᠭ ᠤᠨ ᠵᠠᠰᠠᠨ ᠰᠢᠨᠡᠳᠭᠡᠭᠦ ᠲᠦᠷᠤᠯ ᠵᠤᠶᠢᠯ  ᠢᠶᠠᠨ ᠲᠦᠷᠭᠡᠳᠭᠡᠵᠦ᠂ ᠬᠤᠳᠠ ᠶᠢᠨ ᠤᠷᠤᠨ ᠰᠠᠭᠤᠴᠠ ᠶᠢᠨ ᠲᠤᠭᠤᠷᠢᠭ ᠳᠠᠬᠢ ᠲᠤᠯᠠᠭᠠᠴᠠᠯ ᠤᠨ ᠲᠤᠤᠷ ᠢ ᠨᠢᠭᠡᠳᠭᠡᠭᠦ ᠠᠵᠢᠯ ᠢ ᠴᠢᠩᠭ᠎ᠠ ᠠᠳᠬᠤᠨ᠎ᠠ᠃    ︵ᠨᠠᠢᠮᠠ︶ ᠨᠡᠭᠦᠷᠡᠰᠤᠨ ᠲᠠᠯᠠᠪᠤᠷ ᠢ ᠴᠡᠭᠴᠡᠯᠡᠭᠦ ︵ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠨᠡᠭᠦᠷᠠᠰᠤᠨ ᠵᠠᠬ᠎ᠠ ᠲᠡᠯᠭᠡᠭᠦᠷ ᠢ ᠴᠡᠭᠴᠡᠯᠡᠨ ᠵᠠᠰᠬᠤ ᠪᠠᠭ᠎ᠠ ᠲᠤᠭᠤᠶᠢᠯᠠᠩ ᠤᠨ ᠪᠦᠷᠢᠯᠳᠤᠭᠦᠨ ᠨᠢᠭᠡᠴᠡ︶    1. ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂  ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠨᠢ ᠬᠤᠪᠢᠳᠠᠭᠰᠠᠨ ᠤᠷᠤᠨ ᠤ ᠪᠠᠨ ᠬᠠᠮᠢᠶᠠᠷᠤᠯᠳᠠ ᠶᠢᠨ ᠡᠭᠦᠷᠭᠡ ᠬᠠᠷᠢᠭᠤᠴᠠᠯᠭ᠎ᠠ ᠪᠠᠨ ᠲᠤᠤᠱᠯᠠᠭᠤᠯᠤᠨ᠂ ᠪᠦᠭᠦ ᠬᠤᠳᠠ ᠶᠢᠨ ᠨᠢᠭᠡᠳᠤᠭᠡᠷ ᠤᠳᠠᠭᠠᠨ ᠤ ᠨᠡᠭᠦᠷᠠᠰᠤᠨ ᠤ ᠡᠵᠡᠩᠨᠡᠯᠳᠡ ᠶᠢᠨ ᠲᠠᠯᠠᠪᠤᠷ ᠢ ᠴᠡᠭᠴᠡᠯᠡᠨ᠂ ᠪᠠᠷᠢᠮᠵᠢᠶᠠᠨ ᠳᠤ ᠨᠡᠶᠢᠴᠡᠭᠦ ᠦᠭᠡᠢ ᠶᠢ ᠨᠢ ᠭᠦᠴᠤᠨ ᠦᠭᠡᠢ ᠪᠤᠯᠭᠠᠬᠤ ᠦᠷ᠎ᠠ ᠪᠦᠳᠤᠮᠵᠢ ᠪᠠᠨ ᠦᠷᠭᠦᠯᠵᠢᠯᠡᠨ ᠪᠠᠳᠤᠳᠬᠠᠵᠦ᠂ ᠨᠡᠭᠦᠷᠠᠰᠤ ᠤᠭᠢᠶᠠᠨ ᠬᠠᠳᠠᠭᠠᠯᠠᠬᠤ ᠦᠢᠯᠡᠳᠪᠤᠷᠢ ᠶᠢ ᠬᠠᠮᠢᠶᠠᠷᠬᠤ ᠭᠦᠴᠤᠯᠡᠴᠡ ᠪᠠᠨ ᠴᠢᠩᠭᠠᠳᠬᠨ᠂ ᠲᠤᠭᠳᠠᠭᠠᠯ ᠠᠴᠠ ᠭᠠᠳᠠᠭᠤᠷ ᠲᠠᠭᠢᠨ ᠰᠡᠷᠭᠦᠭᠡᠭᠦ ᠶᠢ ᠡᠷᠡᠰ ᠬᠤᠷᠢᠭᠯᠠᠨ᠎ᠠ᠃    2. ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠢᠳᠡᠪᠭᠢᠴᠢ ᠦᠢᠯᠡᠳᠤᠯ ᠦᠵᠡᠭᠦᠯᠵᠦ᠂  ᠪᠠᠷᠢᠮᠵᠢᠶᠠᠵᠢᠭᠰᠠᠨ ᠨᠡᠭᠦᠷᠠᠰᠤᠨ ᠤ ᠡᠵᠡᠩᠨᠡᠯᠳᠡ ᠶᠢᠨ ᠵᠠᠬ᠎ᠠ ᠲᠡᠯᠭᠡᠭᠦᠷ ᠡᠵᠡᠩᠨᠡᠯᠳᠡ ᠶᠢᠨ ᠲᠠᠯᠠᠪᠤᠷ ᠢ ᠲᠦᠰᠦᠪᠯᠡᠨ ᠪᠦᠳᠤᠭᠡᠨ ᠪᠠᠶᠢᠭᠤᠯᠤᠨ᠂ ᠨᠡᠭᠦᠷᠡᠰᠤᠨ ᠤ ᠡᠵᠡᠩᠨᠡᠯᠳᠡ ᠶᠢᠨ ᠭᠠᠵᠠᠷ ᠢ ᠴᠤᠮᠬᠠᠳᠬᠠᠵᠤ᠂ ᠡᠵᠡᠩᠨᠡᠯᠳᠡ ᠶᠢ ᠲᠦᠪᠯᠡᠷᠡᠭᠦᠯᠤᠨ᠂ ᠪᠤᠭᠢᠷᠳᠤᠯ ᠢ ᠰᠡᠷᠭᠡᠶᠢᠯᠡᠭᠦ ᠲᠦᠭᠦᠭᠡᠮᠵᠢ ᠶᠢ ᠨᠢᠭᠡᠳᠤᠯᠵᠢᠭᠦᠯᠤᠨ ᠪᠦᠳᠤᠭᠡᠨ ᠪᠠᠶᠢᠭᠤᠯᠤᠨ᠎ᠠ᠃    3. ᠲᠤᠭᠤᠷᠢᠭ ᠤᠨ ᠨᠡᠭᠦᠷᠡᠰᠤᠨ ᠤ ᠵᠠᠬ᠎ᠠ ᠲᠡᠯᠭᠡᠭᠦᠷ ᠢ ᠴᠡᠭᠴᠡᠯᠡᠨ ᠵᠠᠰᠠᠬᠤ ᠪᠠᠭ᠎ᠠ ᠲᠤᠭᠤᠶᠢᠯᠠᠩ ᠨᠢᠭᠡᠴᠡ ᠨᠢ ᠲᠤᠰᠪᠤᠷᠢ ᠶᠢᠨ ᠬᠠᠷᠢᠭᠤᠴᠠᠯᠭ᠎ᠠ ᠪᠠᠨ ᠡᠭᠦᠷᠭᠡᠯᠡᠨ ᠭᠦᠢᠴᠡᠳᠭᠡᠵᠦ᠂ ᠬᠠᠤᠯᠢ ᠪᠤᠰᠤ ᠡᠵᠡᠩᠨᠡᠵᠦ ᠪᠠᠶᠢᠭ᠎ᠠ ᠨᠡᠭᠦᠷᠡᠰᠤ ᠤᠭᠢᠶᠠᠨ ᠬᠠᠳᠠᠭᠠᠯᠠᠬᠤ ᠲᠠᠯᠠᠪᠤᠷ ᠢ ᠪᠠᠶᠢᠴᠠᠭᠠᠨ ᠰᠢᠳᠭᠡᠨ᠎ᠡ᠃     ︵ᠶᠢᠰᠤ︶ ᠬᠠᠤᠯᠢ ᠪᠤᠰᠤ ᠪᠠᠷ  ᠵᠠᠶᠢᠷ ᠴᠢᠯᠠᠭᠤ ᠮᠠᠯᠳᠠᠵᠦ ᠪᠠᠶᠢᠭ᠎ᠠ ᠶᠢ ᠴᠡᠭᠴᠡᠯᠡᠭᠦ ︵ᠤᠯᠤᠰ ᠤᠨ  ᠭᠠᠵᠠᠷ ᠰᠢᠷᠤᠢ ᠡᠭᠢ ᠪᠠᠶᠠᠯᠢᠭ ᠤᠨ ᠰᠠᠯᠠᠭ᠎ᠠ ᠮᠦᠴᠢᠷ︶     ᠬᠠᠤᠯᠢ ᠪᠤᠰᠤ ᠪᠠᠷ ᠠᠭᠤᠷᠬᠠᠢ ᠮᠠᠯᠳᠠᠬᠤ᠂ ᠴᠢᠯᠠᠭᠤ ᠭᠠᠷᠭᠠᠬᠤ᠂ ᠡᠯᠡᠰᠤ ᠠᠪᠴᠤ ᠪᠠᠶᠢᠭ᠎ᠠ ᠠᠵᠦ ᠠᠬᠤᠶᠢᠯᠠᠯ ᠎ ᠢ ᠭᠦᠴᠤᠨ ᠦᠭᠡᠢ ᠪᠤᠯᠭᠠᠨ᠎ᠠ᠃ ᠠᠭᠤᠷᠬᠠᠢ ᠶᠢᠨ ᠤᠷᠴᠢᠨ ᠢ ᠵᠠᠰᠠᠨ ᠰᠠᠶᠢᠵᠢᠷᠠᠭᠤᠯᠬᠤ ᠪᠠ ᠭᠠᠵᠠᠷ ᠰᠢᠷᠤᠢ ᠶᠢ ᠲᠠᠭᠢᠨ ᠬᠠᠭᠠᠯᠬᠤ ᠶᠢ ᠭᠢᠨᠠᠨ ᠬᠠᠮᠢᠶᠠᠷᠬᠤ ᠠᠵᠢᠯ ᠢ ᠴᠢᠩᠭᠠᠳᠬᠠᠵᠦ᠂ ᠠᠵᠦ ᠠᠬᠤᠶᠢᠯᠠᠯ ᠨᠢ ᠠᠭᠤᠷᠬᠠᠢ ᠨᠡᠭᠡᠭᠡᠭᠰᠡᠨ ᠎ ᠠᠴᠠ ᠪᠤᠯᠵᠦ ᠭᠠᠵᠠᠷ ᠰᠢᠷᠤᠢ ᠶᠢ ᠡᠪᠳᠡᠨ ᠰᠤᠶᠢᠳᠭᠡᠭᠰᠡᠨ᠂ ᠤᠷᠴᠢᠨ ᠲᠤᠭᠤᠷᠢᠨ ᠡᠪᠳᠡᠭᠰᠡᠨ  ᠪᠠᠶᠢᠳᠠᠯ ᠢᠶᠠᠨ ᠳᠠᠬᠢᠨ ᠵᠠᠰᠠᠬᠤ ᠳᠤ ᠭᠢᠨᠠᠯᠳᠠ ᠲᠠᠯᠪᠢᠨ᠎ᠠ᠃      ︵ᠠᠷᠪᠠ︶ ᠡᠰᠢ ᠰᠦᠷᠢᠯ ᠰᠢᠳᠠᠭᠠᠬᠤ ᠶᠢ ᠬᠤᠷᠢᠭᠯᠠᠨ ᠰᠡᠷᠭᠡᠶᠢᠯᠡᠭᠦ ︵ᠮᠠᠯ ᠠᠵᠦ ᠠᠬᠤᠢ ᠶᠢᠨ ᠰᠠᠯᠠᠭ᠎ᠠ ᠮᠦᠴᠢᠷ᠂ ᠡᠯ᠎ᠠ ᠰᠢᠶᠠᠩ ᠪᠠᠯᠭᠠᠰᠤ ᠵᠡᠭᠡᠯᠢ ᠭᠤᠳᠤᠮᠵᠢ︶      1. ᠮᠠᠯ ᠠᠵᠦ ᠠᠬᠤᠢ ᠶᠢᠨ ᠰᠠᠯᠠᠭ᠎ᠠ ᠮᠦᠴᠢᠷ ᠨᠢ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠲᠠᠢ ᠬᠠᠮᠳᠤ ᠪᠠᠷ ᠡᠰᠢ ᠰᠦᠷᠢᠯ ᠰᠢᠳᠠᠭᠠᠬᠤ ᠶᠢ ᠬᠤᠷᠢᠭᠯᠠᠨ ᠰᠡᠷᠭᠡᠶᠢᠯᠡᠭᠦ ᠲᠦᠰᠤᠪ ᠢ ᠲᠤᠭᠳᠠᠭᠠᠵᠦ᠂ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ᠡᠰᠢ ᠰᠦᠷᠢᠯ ᠰᠢᠳᠠᠭᠠᠬᠤ ᠠᠵᠢᠯ ᠢ ᠦᠨᠡᠠᠭᠦ ᠰᠠᠶᠢᠳᠤᠷ ᠭᠢᠭᠦ ᠭᠡᠷᠡᠭᠳᠠᠢ᠃     2. ᠮᠠᠯ ᠠᠵᠦ ᠠᠬᠤᠢ ᠶᠢᠨ ᠰᠠᠯᠠᠭ᠎ᠠ ᠮᠦᠴᠢᠷ ᠨᠢ ᠡᠰᠢ ᠰᠦᠷᠢᠯ ᠢ ᠶᠡᠷᠦᠩᠭᠡᠶᠢᠯᠡᠨ ᠠᠰᠢᠭᠯᠠᠬᠤ ᠶᠢ ᠵᠤᠭᠢᠶᠠᠨ ᠪᠠᠶᠢᠭᠤᠯᠵᠦ ᠪᠤᠳᠠᠳᠠᠢ ᠪᠠᠷ ᠭᠡᠷᠡᠭᠵᠢᠭᠦᠯᠵᠦ᠂ ᠮᠠᠯ ᠠᠵᠦ ᠠᠬᠤᠢ ᠶᠢᠨ ᠭᠡᠭᠡᠭᠳᠡᠮᠡᠯ ᠪᠤᠳᠠᠰ ᠤᠨ ᠭᠡᠮᠵᠢᠶ᠎ᠡ ᠶᠢ ᠪᠠᠭᠠᠰᠬᠠᠨ᠂ ᠡᠭᠢ ᠪᠠᠶᠠᠯᠢᠭᠵᠢᠭᠤᠯᠬᠤ ᠪᠠ ᠭᠦᠨᠦᠭᠡᠯ ᠦᠭᠡᠢ ᠪᠤᠯᠭᠠᠬᠤ ᠶᠢ ᠲᠦᠯᠭᠢᠨ ᠠᠭᠢᠭᠤᠯᠤᠨ᠎ᠠ᠃      ︵ᠠᠷᠪᠠᠨ ᠨᠢᠭᠡ︶ ᠦᠨᠡᠮᠯᠡᠯ ᠦᠭᠡᠢ ᠪᠠᠷ  ᠭᠦᠨᠳᠤ ᠪᠤᠭᠢᠷᠳᠠᠯᠳᠤ ᠰᠢᠳᠠᠯᠳᠠ ᠶᠢᠨ  ᠪᠤᠳᠠᠰ  ᠡᠵᠡᠩᠨᠡᠬᠦ ᠪᠠ ᠪᠤᠷᠤᠯᠠᠭᠤᠯᠬᠤ  ᠎ ᠢ ᠪᠠᠶᠢᠴᠠᠭᠠᠨ ᠰᠢᠳᠭᠡᠭᠦ ︵ᠵᠠᠬ᠎ᠠ ᠲᠡᠯᠭᠡᠭᠦᠷ ᠢ ᠭᠢᠨᠠᠨ ᠬᠠᠮᠢᠠᠷᠬᠤ ᠰᠠᠯᠠᠭ᠎ᠠ ᠮᠦᠴᠢᠷ︶     1. ᠦᠨᠡᠮᠯᠡᠯ ᠦᠭᠡᠢ ᠪᠠᠷ ᠡᠵᠡᠩᠨᠡᠵᠦ ᠪᠦᠭᠦᠢ ᠨᠡᠭᠦᠷᠡᠰᠤ ᠬᠠᠳᠠᠭᠠᠯᠠᠬᠤ ᠪᠠ ᠤᠭᠢᠶᠠᠬᠤ ᠲᠠᠯᠠᠪᠤᠷ ᠢ ᠬᠠᠤᠯᠢ ᠶᠤᠰᠤᠭᠠᠷ ᠭᠦᠴᠤᠨ ᠦᠭᠡᠢ ᠪᠤᠯᠭᠠᠨ᠎ᠠ︔    2. ᠰᠢᠳᠠᠭᠠᠯᠳᠠ ᠶᠢ ᠰᠡᠷᠭᠡᠶᠢᠯᠡᠵᠦ ᠪᠠᠶᠢᠭ᠎ᠠ ᠤᠷᠴᠢᠨ ᠳᠤ ᠦᠨᠳᠤᠷ ᠪᠤᠭᠢᠷᠳᠤᠯᠳᠤ ᠰᠢᠳᠠᠯᠳᠠ ᠶᠢᠨ ᠪᠤᠳᠠᠰ ᠢ ᠬᠠᠤᠯᠢ ᠪᠤᠰᠤ ᠪᠠᠷ ᠠᠷᠠᠯᠵᠢᠶᠠᠯᠠᠬᠤ ᠪᠤᠶᠤ ᠴᠢᠨᠠᠷ ᠴᠢᠨᠰᠠᠭ᠎ᠠ ᠶᠢᠨ ᠪᠠᠷᠢᠮᠵᠢᠶᠠᠨ ᠳᠤ ᠡᠰᠡ ᠭᠦᠷᠦᠭᠰᠡᠨ ᠨᠡᠭᠦᠷᠠᠰᠤ᠂ ᠴᠢᠯᠠᠭᠤᠨ ᠲᠤᠰᠤ ᠪᠤᠷᠤᠯᠠᠭᠤᠯᠬᠤ ᠬᠠᠤᠯᠢ ᠪᠤᠰᠤ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠳᠭᠡᠨ᠎ᠡ᠃     3. ᠪᠠᠷᠢᠮᠵᠢᠶᠠᠨ ᠳᠤ ᠡᠰᠡ ᠭᠦᠷᠦᠭᠰᠡᠨ ᠮᠠᠰᠢᠨ ᠲᠡᠷᠭᠡ ᠪᠤᠯᠤᠨ ᠮᠠᠰᠢᠨ ᠮᠧᠬᠠᠨᠢᠭ ᠲᠤ ᠭᠡᠷᠡᠭᠰᠡᠭᠦ ᠲᠦᠯᠡᠰᠢ᠂ ᠭᠦᠳᠡᠯᠭᠡᠭᠦᠷ ᠤᠨ ᠲᠤᠰᠤ᠂ ᠳ᠋ᠠᠨ ᠢᠰᠦᠯ ᠢ ᠠᠩᠭᠢᠵᠢᠷᠠᠭᠤᠯᠤᠭᠴᠢ᠂ ᠲᠦᠯᠡᠰᠢ ᠪᠤᠯᠤᠨ ᠭᠤᠯᠭᠤᠭᠤᠷ ᠲᠤᠰᠤᠨ ᠤ ᠨᠡᠮᠡᠯᠳᠡ ᠡᠳ᠋ ᠭᠢᠭᠡᠳ ᠪᠤᠰᠤᠳ ᠨᠡᠮᠡᠯᠳᠡ ᠡᠳ᠋ ᠢ ᠦᠢᠯᠡᠳᠪᠤᠷᠢᠯᠡᠭᠦ ᠪᠠ ᠪᠤᠷᠤᠯᠠᠭᠤᠯᠵᠦ ᠪᠠᠶᠢᠭ᠎ᠠ ᠠᠵᠢᠯᠯᠠᠭᠠᠨ ᠢ ᠬᠠᠤᠯᠢ ᠶᠤᠰᠤᠭᠠᠷ  ᠪᠠᠶᠢᠴᠠᠭᠠᠨ ᠰᠢᠳᠭᠡᠨ᠎ᠡ᠃     4. ᠰᠠᠭᠤᠭᠠᠯᠢ ᠠᠷᠠᠳ ᠤᠨ ᠠᠰᠠᠷ᠂ ᠤᠳᠤᠭᠠᠨ ᠬᠤᠭᠤᠯᠠᠢ ᠤᠭᠰᠠᠭ᠎ᠠ ᠦᠭᠡᠢ ᠬᠤᠳᠠᠯᠳᠤᠭ᠎ᠠ ᠪᠠ ᠰᠠᠭᠤᠭᠠᠯᠢ ᠎ ᠶᠢᠨ ᠶᠡᠷᠦᠩᠭᠡᠶᠢᠯᠡᠭᠰᠡᠨ ᠠᠰᠠᠷ᠂ ᠶᠡᠷᠦᠩᠭᠡᠶᠢᠯᠡᠭᠰᠡᠨ ᠠᠰᠠᠷ ᠤᠨ ᠲᠤᠳᠤᠷ᠎ᠠ ᠰᠠᠭᠤᠭᠠᠯᠢ ᠲᠠᠪᠬᠤᠷᠭ᠎ᠠ ᠲᠠᠢ ᠭᠦᠷᠰᠢᠯᠡᠭᠰᠡᠨ ᠬᠤᠳᠠᠯᠳᠤᠭᠠᠨ ᠤ ᠲᠠᠪᠬᠤᠷᠭ᠎ᠠ  ᠎ ᠶᠢᠨ ᠢᠳᠡᠭᠡᠨ ᠤᠮᠳᠠᠭᠠᠨ ᠤ ᠲᠦᠷᠦᠯ ᠵᠤᠶᠢᠯ ᠤᠨ ᠡᠵᠡᠩᠨᠡᠯᠳᠡ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠶᠡᠭᠡᠳᠭᠡᠨ ᠪᠠᠭᠤᠯᠬᠤ ᠳᠤ ᠡᠭᠦᠰᠦᠭᠰᠡᠨ ᠲᠤᠰᠤᠨ ᠤᠳᠤᠭ᠎ᠠ ᠂ ᠡᠳᠡᠭᠡᠳ ᠦᠨᠦᠷ᠂ ᠪᠤᠭᠢᠷᠳᠤᠯ ᠤᠨ ᠠᠭᠤᠷ ᠤᠳᠤᠭ᠎ᠠ ᠡᠭᠦᠰᠭᠡᠭᠦ ᠶᠢ ᠪᠦᠭᠦ ᠲᠠᠯ᠎ᠠ ᠪᠠᠷ ᠴᠡᠭᠴᠡᠯᠡᠨ ᠵᠠᠰᠠᠨ᠎ᠠ᠃      ︵ᠠᠷᠪᠠᠨ ᠬᠤᠶᠠᠷ︶ ᠬᠦᠮᠦᠨ ᠤ ᠬᠦᠴᠦᠨ ᠤ ᠲᠡᠷᠭᠡ  ᠎ ᠶᠢ ᠴᠡᠭᠴᠡᠯᠡᠭᠦ ︵ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ︶      ︽ ᠬᠠᠷ᠎ᠠ ᠤᠳᠤᠭᠠᠳᠤ ᠲᠡᠷᠭᠡ︾᠎ ᠶᠢᠨ ᠵᠠᠮ ᠳᠤ ᠭᠠᠷᠬᠤ ᠶᠢ ᠬᠠᠤᠯᠢ ᠶᠤᠰᠤᠭᠠᠷ ᠪᠠᠶᠢᠴᠠᠭᠠᠨ ᠰᠢᠳᠭᠡᠵᠦ᠂ᠬᠦᠮᠦᠨ ᠤ ᠬᠦᠴᠦᠨ ᠤ ᠲᠡᠷᠭᠡ  ᠎ ᠶᠢᠨ ᠰᠢᠭᠰᠢᠶ᠎ᠡ ᠶᠢᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ᠎ᠠ᠃       ᠭᠤᠷᠪᠠ᠂ ᠠᠵᠢᠯ ᠤᠨ ᠱᠠᠭᠠᠷᠳᠠᠯᠭ᠎ᠠ       ︵ᠨᠢᠭᠡ︶ ᠤᠳᠤᠷᠢᠳᠬᠤ ᠵᠤᠭᠢᠶᠠᠨ ᠪᠠᠶᠢᠭᠤᠯᠤᠯᠳᠠ ᠪᠠᠨ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠎ ᠪᠠᠨ ᠲᠤᠳᠤᠷᠬᠠᠶᠢᠯᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠎ ᠶᠢᠨ ᠭᠡᠷᠡᠭ ᠡᠷᠭᠢᠯᠡᠭᠦ ᠭᠠᠵᠠᠷ ᠪᠤᠯᠤᠨ ᠬᠤᠯᠪᠤᠭᠳᠠᠯ ᠪᠦᠭᠦᠢ ᠰᠠᠯᠠᠭ᠎ᠠ ᠮᠦᠴᠢᠷ ᠨᠢ ᠠᠭᠠᠷ ᠤᠨ ᠪᠤᠭᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠬᠠᠷᠢᠭᠤᠴᠠᠯᠭ᠎ᠠ ᠶᠢ ᠨᠠᠷᠢᠨ ᠭᠢᠨᠠᠮᠠᠭᠠᠢ ᠪᠠᠷ ᠲᠤᠤᠱᠯᠠᠭᠤᠯᠤᠨ ᠭᠡᠷᠡᠭᠵᠢᠭᠦᠯᠵᠦ᠂ ᠤᠳᠤᠷᠢᠳᠬᠤ ᠬᠠᠷᠠᠯᠳᠠ ᠪᠠᠨ ᠲᠤᠳᠤᠷᠬᠠᠢ ᠪᠤᠯᠭᠠᠨ᠂ ᠲᠤᠰ ᠪᠦᠷᠢ ᠶᠢᠨ ᠠᠵᠢᠯ ᠶᠢᠨ ᠬᠠᠷᠢᠭᠤᠴᠠᠵᠦ᠂ ᠠᠵᠢᠯ ᠤᠨ ᠪᠠᠶᠢᠳᠠᠯ ᠶᠢᠨ ᠴᠢᠩᠭ᠎ᠠ ᠠᠳᠬᠤᠨ ᠬᠠᠮᠢᠶᠠᠷᠴᠤ᠂ ᠰᠢᠢᠳᠪᠤᠷᠢᠯᠡᠭᠦ ᠠᠷᠭ᠎ᠠ ᠠᠪᠴᠠᠯ ᠢᠶᠠᠨ ᠦᠳᠳᠡᠷ ᠲᠦᠷᠭᠡᠨ ᠴᠡᠭᠴᠡᠯᠡᠨ ᠦᠭᠡᠷᠡᠴᠢᠯᠡᠵᠦ᠂ ᠡᠯ᠎ᠠ ᠵᠤᠶᠢᠯ ᠤᠨ ᠴᠡᠭᠴᠡᠯᠡᠨ ᠦᠭᠡᠷᠡᠴᠢᠯᠡᠭᠦ ᠠᠵᠢᠯ ᠤᠨ ᠪᠤᠳᠠᠳᠠᠢ ᠠᠮᠵᠢᠯᠳᠠ ᠶᠢ ᠪᠠᠳᠤᠯᠠᠬᠤ ᠭᠡᠷᠡᠭᠳᠠᠢ᠃      ︵ᠬᠤᠶᠠᠷ︶ ᠭᠦᠨᠵᠡᠭᠡᠢ ᠤᠬᠠᠭᠤᠯᠤᠨ᠂ ᠨᠦᠯᠦᠭᠡᠯᠡᠭᠦ ᠠᠭᠤᠷ ᠠᠮᠢᠰᠬᠤᠯ ᠢ ᠪᠦᠷᠢᠯᠳᠤᠭᠦᠯᠵᠦ᠂  ᠤᠬᠠᠭᠤᠯᠬᠤ ᠰᠠᠯᠠᠭ᠎ᠠ ᠮᠦᠴᠢᠷ ᠪᠠ ᠰᠤᠶᠤᠯ ᠤᠷᠠᠯᠢᠭ ᠤᠨ ᠰᠠᠯᠠᠭ᠎ᠠ ᠮᠦᠴᠢᠷ ᠤᠨ ᠭᠢᠨᠢ ᠨᠡᠪᠳᠡᠷᠡᠭᠦᠯᠭᠡ᠂ ᠲᠧᠯᠧᠰ᠂ ᠰᠤᠨᠢᠨ ᠰᠡᠳᠭᠦᠯ᠂ ᠲᠤᠤᠷ ᠰᠦᠯᠵᠢᠶ᠎ᠡ ᠵᠡᠷᠭᠡ ᠵᠠᠭᠤᠴᠢ ᠶᠢᠨ ᠶᠠᠷᠢᠶ᠎ᠠ ᠭᠡᠯᠡᠯᠴᠡᠭᠡᠨ ᠤ ᠲᠠᠭᠠᠭᠤᠯᠬᠤ ᠦᠢᠯᠡᠳᠤᠯ ᠢ ᠭᠦᠢᠴᠡᠳ ᠪᠠᠳᠠᠷᠠᠭᠤᠯᠵᠦ᠂ ᠲᠤᠭᠤᠰᠤ᠂ ᠲᠤᠰᠤᠨ ᠤᠳᠤᠭᠠᠨ ᠤ ᠪᠤᠭᠢᠷᠳᠤᠯ ᠢ ᠶᠡᠷᠦᠩᠭᠡᠶᠢᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠤᠭᠳᠠᠯ ᠢ ᠪᠦᠭᠦ ᠭᠦᠴᠤᠨ ᠢᠶᠠᠷ ᠢᠶᠠᠨ ᠤᠬᠠᠭᠤᠯᠤᠨ᠂ ᠨᠡᠶᠢᠳᠡᠯᠢᠭ ᠴᠢᠨᠠᠷᠳᠠᠢ ᠪᠤᠳᠠᠳᠤ ᠭᠡᠷᠡᠭ ᠎ ᠢ ᠢᠯᠡᠴᠢᠯᠡᠭᠦ ᠶᠢ ᠴᠢᠬᠤᠯᠠᠴᠢᠯᠠᠵᠦ᠂ ᠨᠡᠶᠢᠭᠡᠮ ᠤᠨ ᠭᠢᠨᠠᠯᠳᠠ ᠶᠢᠨ ᠪᠠᠶᠢᠭᠤᠯᠤᠮᠵᠢ ᠳᠤ ᠤᠳᠤᠷᠢᠳᠤᠨ᠂ ᠤᠯᠠᠨ ᠲᠦᠮᠡᠨ ᠢ ᠦᠷᠭᠡᠨ ᠢᠶᠠᠷ ᠤᠷᠤᠯᠴᠠᠭᠤᠯᠵᠦ᠂ ᠪᠦᠭᠦ ᠨᠡᠶᠢᠭᠡᠮ ᠢᠶᠠᠷ ᠢᠶᠠᠨ ᠠᠭᠤᠷ ᠠᠮᠢᠰᠬᠤᠯ ᠢᠶᠠᠨ ᠴᠡᠪᠡᠷᠰᠢᠭᠦᠯᠭᠦ ᠶᠢ ᠶᠡᠷᠦᠩᠭᠡᠶᠢᠯᠡᠨ ᠵᠠᠰᠠᠬᠤ ᠶᠢ ᠬᠠᠯᠠᠮᠵᠢᠯᠠᠨ ᠲᠡᠮᠵᠢᠭᠦ ᠪᠠ ᠤᠷᠤᠯᠴᠠᠬᠤ ᠰᠠᠶᠢᠨ ᠤᠷᠴᠢᠨ ᠢ ᠪᠤᠢ ᠪᠤᠯᠭᠠᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1