ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢ ᠬᠡᠷᠡᠭᠵᠢᠭᠦᠯᠵᠦ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2017/9/15
             ᠡᠨᠡ ᠵᠢᠯ ᠠᠴᠠ ᠨᠠᠰᠢ᠂ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ  ︾ ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠢ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠤᠬᠠᠭᠤᠯᠤᠯ ᠬᠥᠮᠥᠵᠢᠯ ᠤᠨ ᠠᠵᠢᠯᠯᠠᠭᠠᠨ ᠢᠶᠠᠷ ᠠᠴᠢᠶᠠᠪᠤᠷᠢ ᠪᠣᠯᠭᠠᠵᠤ᠂ ᠪᠦᠬᠦ ᠲᠣᠭᠤᠷᠢᠭ ᠤᠨ ᠬᠡᠪᠴᠢᠶᠠᠨ ᠳᠤ ᠬᠠᠤᠯᠢ ᠪᠠᠷ ᠵᠠᠰᠠᠬᠤ ᠤᠬᠠᠭᠤᠯᠤᠯ ᠤᠨ ᠠᠵᠢᠯᠯᠠᠭᠠᠨ ᠥᠷᠨᠢᠭᠦᠯᠵᠦ᠂ ᠲᠤᠩ ᠰᠠᠶᠢᠨ ᠨᠡᠶᠢᠭᠡᠮ ᠤᠨ ᠦᠷ᠎ᠡ ᠠᠰᠢᠭ ᠣᠯᠣᠭᠰᠠᠨ ᠪᠠᠶᠢᠨ᠎ᠠ᠃    ᠨᠢᠭᠡ ᠳᠤ᠂ ᠵᠣᠬᠢᠶᠠᠨ ᠪᠠᠶᠢᠭᠤᠯᠤᠯᠲᠠ ᠪᠠᠨ ᠨᠡᠩ ᠨᠠᠷᠢᠯᠢᠭᠵᠢᠭᠤᠯᠪᠠ᠃ ᠵᠢᠯ ᠤᠨ ᠡᠬᠢᠨ ᠳᠤ᠂ ᠳᠡᠭᠡᠳᠦ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠡᠯ᠎ᠠ ᠰᠠᠯᠠᠭ᠎ᠠ ᠮᠦᠴᠢᠷ᠂ ᠡᠯ᠎ᠡ ᠠᠵᠢᠯ ᠲᠥᠷᠥᠯ ᠤᠨ ᠨᠢᠭᠡᠴᠡ ᠶᠢᠨ ᠬᠠᠤᠯᠢ ᠳᠦᠷᠢᠮ ᠤᠨ ᠤᠬᠠᠭᠤᠯᠤᠯ ᠬᠥᠮᠥᠵᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢᠶᠠᠨ ᠤᠯᠠᠮ ᠨᠠᠷᠢᠯᠢᠭᠵᠢᠭᠤᠯᠤᠨ᠂ ᠬᠠᠤᠯᠢ ᠪᠠᠷ ᠲᠣᠭᠤᠷᠢᠭ ᠢᠶᠠᠨ ᠵᠠᠰᠠᠬᠤ ᠠᠯᠪᠡᠨ ᠭᠡᠷ ᠲᠠᠢ ᠬᠠᠮᠲᠤᠷᠠᠨ᠂ ᠬᠠᠤᠯᠢ ᠲᠦᠭᠡᠮᠡᠯᠵᠢᠭᠦᠯᠬᠦ ᠪᠠᠬᠢᠯᠡᠯᠲᠡ ᠶᠢᠨ ᠭᠠᠵᠠᠷ ᠢ ᠥᠷᠭᠡᠳᠬᠡᠨ᠂ ᠮᠠᠨ ᠤ ᠲᠣᠭᠤᠷᠢᠭ ᠤᠨ ᠬᠠᠮᠤᠭ ᠠᠩᠬᠠᠨ ᠤ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠢ ᠶᠢ ᠪᠠᠶᠢᠭᠤᠯᠤᠭᠰᠠᠨ ᠪᠠᠶᠢᠨ᠎ᠠ᠃    ᠬᠤᠶᠠᠷ ᠲᠤ᠂ ᠡᠩᠨᠡᠭᠡ ᠪᠠᠨ ᠤᠯᠠᠮ ᠰᠢᠯᠢᠳᠡᠭᠵᠢᠭᠦᠯᠪᠡ᠃ ︽ᠣᠳᠣᠨ ᠮᠡᠴᠢᠳ ᠲᠥᠯᠥᠪᠯᠡᠭᠡ︾᠎ ᠶᠢ ᠦᠷᠭᠦᠯᠵᠢᠯᠡᠨ ᠬᠡᠷᠡᠭᠵᠢᠭᠦᠯᠵᠦ᠂ ᠬᠠᠤᠯᠢ ᠲᠦᠭᠡᠮᠡᠯᠵᠢᠭᠦᠯᠬᠦ ᠰᠠᠶᠢᠨ ᠳᠣᠷᠠᠴᠣᠳ ᠪᠠ ᠬᠠᠤᠯᠢ ᠲᠦᠭᠡᠮᠡᠯᠵᠢᠭᠦᠯᠬᠦ ᠬᠤᠯᠪᠣᠭᠠᠴᠢᠨ ᠤ ᠡᠩᠨᠡᠭᠡ ᠪᠠᠨ ᠴᠡᠭᠴᠡᠯᠡᠨ ᠥᠷᠭᠡᠳᠬᠡᠵᠦ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠰᠬᠤᠨ᠂ ᠨᠡᠶᠢᠭᠡᠮ ᠲᠤᠭᠤᠷᠢᠭ ᠢ ᠬᠠᠤᠯᠢ ᠲᠦᠭᠡᠮᠡᠯᠵᠢᠭᠦᠯᠬᠦ ᠪᠦᠷᠢᠯᠳᠦᠭᠦᠨ ᠨᠢᠭᠡᠴᠡ ᠪᠠᠷ ᠤᠷᠢᠵᠤ  ᠂ ᠪᠠᠶᠢᠭᠤᠯᠤᠯᠭ᠎ᠠ ᠨᠢᠭᠡᠴᠡ ᠪᠠ ᠠᠵᠤ ᠠᠬᠤᠶᠢᠯᠠᠯ ᠤᠨ ᠬᠡᠪ ᠪᠣᠯᠪᠠᠰᠤᠷᠠᠯ ᠨᠢ ᠥᠨᠳᠥᠷ᠂ ᠠᠵᠢᠯ ᠤᠨ ᠴᠢᠳᠠᠪᠤᠷᠢ ᠨᠢ ᠰᠠᠶᠢᠨ᠂ ᠬᠠᠷᠢᠭᠤᠴᠠᠯᠭᠠᠲᠤ ᠰᠡᠳᠬᠢᠯᠭᠡ ᠲᠠᠢ ᠺᠠᠳ᠋ᠷᠴᠤᠳ ᠢᠶᠠᠷ ᠬᠠᠤᠯᠢ ᠲᠦᠭᠡᠮᠡᠯᠵᠢᠭᠦᠯᠬᠦ ᠰᠠᠶᠢᠨ ᠳᠣᠷᠠᠴᠤᠳ ᠪᠣᠯᠭᠠᠵᠤ᠂ ᠪᠠᠶᠢᠭᠤᠯᠤᠯᠭ᠎ᠠ ᠨᠢᠭᠡᠴᠡ᠂ ᠨᠡᠶᠢᠭᠡᠮ ᠲᠣᠭᠤᠷᠢᠭ ︵ᠲᠣᠰᠬᠤᠨ︶᠎ ᠲᠤ ᠬᠦᠷᠴᠦ᠂ ᠣᠯᠠᠨ ᠲᠦᠮᠡᠨ ᠤ ᠰᠣᠨᠣᠰᠬᠤ ᠳᠤᠷ᠎ᠠ ᠲᠠᠢ᠂ ᠣᠶᠢᠯᠠᠭᠠᠵᠤ ᠳᠡᠶᠢᠯᠬᠦ᠂ ᠬᠢᠯᠪᠠᠷ ᠬᠦᠯᠢᠶᠡᠨ ᠠᠪᠴᠦ ᠲᠡᠶᠢᠯᠬᠦ ᠠᠷᠭ᠎ᠠ ᠪᠠᠷ ᠬᠠᠤᠯᠢ ᠴᠠᠭᠠᠵᠠ ᠶᠢ ᠤᠬᠠᠭᠤᠯᠤᠭᠰᠠᠨ ᠪᠠᠶᠢᠨ᠎ᠠ᠃    ᠭᠤᠷᠪᠠ  ᠳᠤ᠂ ᠨᠡᠩ ᠰᠠᠶᠢᠨ ᠦᠷ᠎ᠠ ᠪᠦᠲᠦᠮᠵᠢ ᠣᠯᠵᠠᠢ᠃ ᠲᠣᠭᠤᠷᠢᠭ ᠤᠨ ᠬᠠᠯᠤᠢ ᠴᠠᠭᠠᠵᠠ ᠶᠢᠨ ᠲᠣᠪᠴᠢᠶ᠎ᠠ ᠲᠣᠰ ᠪᠡᠶ᠎ᠡ ᠶᠢᠨ ᠢᠶᠠᠨ ᠪᠣᠳᠠᠲᠠᠢ ᠪᠠᠶᠢᠳᠠᠯ ᠬᠢᠭᠡᠳ ᠬᠠᠤᠯᠢ ᠬᠡᠷᠡᠭᠵᠢᠭᠦᠯᠬᠦ ᠡᠲᠡᠭᠡᠳ᠂ ᠦᠢᠯᠡᠴᠢᠯᠡᠬᠦ ᠡᠲᠡᠭᠡᠳ ᠎ ᠲᠠᠢ ᠪᠠᠨ ᠤᠶᠠᠯᠳᠤᠭᠤᠯᠤᠨ᠂ ᠭᠤᠣᠯᠳᠠᠯᠭ᠎ᠠ ᠲᠠᠢ᠂ ᠴᠢᠭᠯᠡᠭᠦᠯᠬᠦ ᠴᠢᠨᠠᠷ ᠲᠠᠢ ᠪᠠᠷ ᠬᠠᠤᠯᠢ ᠴᠠᠭᠠᠵᠠ ᠶᠢᠨ ᠤᠬᠠᠭᠤᠯᠤᠯ ᠬᠥᠮᠥᠵᠢᠯ ᠬᠢᠵᠦ᠂ ᠬᠠᠤᠯᠢ ᠪᠠᠷ ᠵᠠᠰᠠᠬᠤ ᠶᠠᠷᠢᠶ᠎ᠠ ᠬᠡᠯᠡᠯᠴᠡᠭᠡ ᠶᠢᠨ ᠣᠷᠴᠢᠨ ᠲᠣᠭᠤᠷᠢᠨ ᠢ ᠪᠣᠢ ᠪᠣᠯᠭᠠᠭᠰᠠᠨ ᠪᠠᠶᠢᠨ᠎ᠠ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1