ᠵᠠᠰᠠᠭ ᠵᠠᠬᠢᠷᠭᠠᠨ ᠤ ᠬᠤᠪᠢᠶᠠᠷᠢ
ᠨᠡᠶᠢᠲᠡᠯᠡᠭᠰᠡᠨ ᠴᠠᠭ᠄
2017/9/15
    ᠶᠣᠸᠠᠨ ᠪᠣᠣ ᠱᠠᠨ ᠲᠣᠭᠤᠷᠢᠭ ᠶᠢ ᠴᠦᠨ ᠴᠢᠦ ᠶᠢᠨ ᠦᠶ᠎ᠡ ᠳᠤ ᠱᠠᠨ ᠷᠥᠩ ᠤᠨ ᠭᠠᠵᠠᠷ  ᠭᠡᠵᠦ᠂ ᠪᠠᠶᠢᠯᠳᠦᠭᠠᠨᠲᠣ ᠣᠯᠣᠰ ᠤᠨ ᠦᠶ᠎ᠡ ᠳᠤ ᠳ᠋ᠦᠩ ᠬᠡᠦ ᠳᠤ  ᠬᠠᠷᠢᠶᠠᠯᠠᠭᠳᠠᠠ᠂ ᠴᠢᠨ ᠬᠠᠨ ᠤ ᠦᠶ᠎ᠡ ᠳᠤ ᠾᠦᠩᠨᠦ ᠳᠤ ᠂ ᠭᠤᠷᠪᠠᠨ ᠣᠯᠣᠰ ᠤᠨ ᠦᠶ᠎ᠡ ᠳᠤ ᠰᠢᠶᠠᠨᠪᠢ ᠳᠤ᠂ ᠲᠠᠩ ᠣᠯᠣᠰ ᠤᠨ ᠦᠶ᠎ᠡ ᠳᠤ  ᠺᠦ᠋ ᠮᠦᠸᠧ ᠱᠢ  ︵ᠰᠢᠶᠠᠨᠪᠢ ᠦᠭᠡ ᠡᠯᠡᠰᠦ ᠮᠠᠩᠬᠠᠨ ᠭᠠᠵᠠᠷ︶ ᠭᠡᠵᠦ᠂ ᠷᠣᠣ ᠯᠧ ᠤᠨ ᠪᠦᠬᠦᠳᠠ ᠶᠢ ᠵᠠᠬᠢᠷᠣᠭᠴᠢ ᠶᠢᠨ ᠶᠠᠮᠣᠨ ᠳᠤ ᠬᠠᠷᠢᠶᠠᠯᠠᠭᠳᠠᠵᠣ ᠪᠠᠶᠢᠵᠠᠢ  ᠃1138 ᠣᠨ ᠳᠤ ᠶᠢᠨ ᠣᠯᠣᠰ ᠯᠢᠶᠣᠣ ᠶᠢᠨ ᠳᠣᠮᠳᠠᠳᠣ ᠨᠡᠶᠢᠰᠯᠡᠯ ᠎ ᠢ  ᠪᠡᠭᠡᠵᠢᠩ ᠭᠡᠵᠦ ᠬᠠᠯᠠᠵᠣ᠂ ᠪᠡᠭᠡᠵᠢᠩ ᠵᠠᠮ ᠤᠨ ᠳ᠋ᠠ ᠳ᠋ᠢᠩ ᠹᠦ᠋ ᠶᠢᠨ ᠰᠠᠨ ᠬᠠᠨ ᠰᠢᠶᠠᠨ ᠳᠤ ᠬᠠᠷᠢᠶᠠᠯᠠᠭᠳᠠᠵᠠᠢ᠃1270 ᠣᠨ ᠳᠤ ᠶᠣᠸᠠᠨ ᠭᠦᠷᠦᠨ ᠪᠡᠭᠡᠵᠢᠩ ᠵᠠᠮ ᠢ ᠳ᠋ᠠ ᠨᠢᠩ ᠯᠦ ᠵᠠᠮ ᠭᠡᠵᠦ ᠦᠭᠡᠷᠡᠴᠢᠯᠡᠵᠦ᠂ ᠳᠣᠣᠷ᠎ᠠ ᠪᠠᠨ ᠵᠸᠣ ᠪᠠᠶᠢᠭᠤᠯᠵᠣ᠂ ᠳ᠋ᠠ ᠨᠢᠩ ᠯᠦ ᠶᠢ ᠭᠤᠣ ᠵᠸᠦ ᠳᠤ ᠬᠠᠷᠢᠶᠠᠯᠠᠭᠤᠯᠵᠠᠢ᠃1940 ᠣᠨ ᠳᠤ᠂ ᠬᠠᠭᠤᠷᠮᠠᠭ ᠮᠠᠨᠵᠣ ᠣᠯᠣᠰ ᠬᠤᠰᠢᠭᠤ ᠰᠢᠶᠠᠨ ᠢ ᠨᠢᠭᠡᠳᠬᠡᠭᠦ ᠲᠦᠷᠦ ᠶᠢᠨ ᠪᠣᠳᠣᠯᠭ᠎ᠠ ᠶᠠᠪᠣᠭᠤᠯᠵᠣ᠂ ᠰᠢᠶᠠᠨ ᠤ ᠳᠦᠷᠢᠮ ᠢ ᠦᠭᠡᠶᠢᠰᠬᠡᠵᠦ᠂ ᠣᠯᠠᠭᠠᠨᠬᠠᠳᠠ ᠳᠤ  ᠣᠩᠨᠢᠭᠤᠳ ᠪᠠᠷᠠᠭᠤᠨ ᠬᠤᠰᠢᠭᠤ ᠪᠠᠶᠢᠭᠤᠯᠵᠣ᠂  ᠫᠢᠩᠵᠣᠸᠠᠩ ᠳᠤ ᠬᠠᠷᠠᠴᠢᠨ ᠪᠠᠷᠠᠭᠤᠨ ᠬᠤᠰᠢᠭᠤ ᠪᠠᠶᠢᠭᠤᠯᠵᠣ᠂ ᠶᠣᠸᠠᠨ ᠪᠣᠣ ᠱᠠᠨ ᠲᠣᠭᠤᠷᠢᠭ ᠤᠨ ᠬᠤᠶᠢᠲᠣ ᠬᠡᠰᠡᠭ ᠢ ᠣᠩᠨᠢᠭᠤᠳ ᠪᠠᠷᠠᠭᠤᠨ ᠬᠤᠰᠢᠭᠤᠨ ᠳᠤ ᠬᠠᠷᠢᠶᠠᠯᠠᠭᠤᠯᠵᠣ᠂ ᠡᠮᠦᠨ᠎ᠡ ᠬᠡᠰᠡᠭ ᠢ ᠬᠠᠷᠠᠴᠢᠨ ᠪᠠᠷᠠᠭᠤᠨ ᠬᠤᠰᠢᠭᠤᠨ ᠳᠤ ᠬᠠᠷᠢᠶᠠᠯᠠᠭᠤᠯᠵᠠᠢ᠃ 1946 ᠣᠨ ᠤ9 ᠰᠠᠷ᠎ᠠ ᠳᠤ ᠵᠢᠶᠠᠨ ᠵᠦᠩ ᠰᠢᠶᠠᠨ ᠢ ᠪᠠᠶᠢᠭᠤᠯᠵᠣ᠂  ᠫᠢᠩᠵᠣᠸᠠᠩ ᠳᠤ ᠰᠠᠭᠤᠷᠢᠰᠢᠵᠠᠢ᠃1947 ᠣᠨ ᠤ11 ᠰᠠᠷ᠎ᠠ ᠳᠤ᠂  ᠫᠢᠩᠵᠣᠸᠠᠩ ᠢ ᠬᠠᠷᠠᠴᠢᠨ ᠪᠠᠷᠠᠭᠤᠨ ᠬᠤᠰᠢᠭᠤᠨ ᠤ ᠵᠢᠶᠠᠨ ᠱᠢ ᠰᠢᠶᠠᠨ ᠤ ᠬᠤᠯᠪᠣᠭᠠᠯᠠᠭᠰᠠᠨ ᠵᠠᠰᠠᠭ ᠤᠨ ᠶᠢᠰᠦᠳᠦᠭᠡᠷ ᠲᠣᠭᠤᠷᠢᠭ ᠲᠤ  ᠰᠠᠭᠤᠷᠢᠯᠠᠭᠤᠯᠵᠠᠢ᠃1961 ᠣᠨ ᠳᠤ ᠫᠢᠩᠵᠣᠸᠠᠩ ᠲᠣᠭᠤᠷᠢᠭ ᠣᠯᠠᠭᠠᠨᠬᠠᠳᠠ ᠰᠢᠶᠠᠨ ᠳᠤ ᠬᠠᠷᠢᠶᠠᠯᠠᠭᠳᠠᠵᠣ 1979 ᠣᠨ ᠤ7 ᠰᠠᠷ᠎ᠠ ᠶᠢᠨ 1᠎ ᠤ ᠡᠳᠦᠷ ᠶᠣᠸᠠᠨ ᠪᠣᠣ ᠱᠠᠨ ᠲᠣᠭᠤᠷᠢᠭ ᠵᠣᠣ ᠣᠳᠠ ᠠᠶᠢᠮᠠᠭ ᠢ ᠳᠠᠭᠠᠵᠣ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠳᠤ ᠬᠤᠪᠢᠶᠠᠭᠳᠠᠵᠠᠢ᠃1983 ᠣᠨ ᠤ10 ᠰᠠᠷ᠎ᠠ ᠶᠢᠨ10᠎ ᠤ ᠡᠳᠦᠷ᠂  ᠲᠦᠷᠦ ᠶᠢᠨ ᠶᠠᠪᠣᠳᠠᠯ ᠤᠨ ᠬᠤᠷᠢᠶᠠᠨ ᠤ ᠵᠦᠪᠰᠢᠶᠡᠷᠡᠯ ᠎ ᠢᠶᠠᠷ ᠶᠣᠸᠠᠨ ᠪᠣᠣ ᠱᠠᠨ ᠲᠣᠭᠤᠷᠢᠭ ᠢ ᠪᠠᠶᠢᠭᠤᠯᠵᠣ  ᠂ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠶᠦᠨ ᠱᠠᠨ ᠵᠠᠮ ᠳᠤ  ᠪᠠᠶᠢᠭᠤᠯᠵᠣ᠂ ᠬᠠᠷᠢᠶᠠᠨ ᠳᠠᠭᠠᠨ 8 ᠰᠢᠶᠠᠩ᠂ 2 ᠪᠠᠯᠭᠠᠰᠣ᠂ 5 ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ  ᠎ ᠲᠠᠢ ᠪᠠᠶᠢᠵᠠᠢ᠃1993 ᠣᠨ ᠤ11 ᠰᠠᠷ᠎ᠠ ᠳᠤ᠂  ᠵᠠᠰᠠᠭ ᠤᠨ ᠣᠷᠳᠣᠨ ᠤ ᠰᠠᠭᠤᠭ᠎ᠠ ᠭᠠᠵᠠᠷ ᠢᠶᠠᠨ  ᠫᠢᠩᠵᠣᠸᠠᠩ ᠪᠠᠯᠭᠠᠰᠣᠨ ᠳᠤ ᠰᠢᠯᠵᠢᠭᠦᠯᠵᠦ᠂ 2008 ᠣᠨ ᠳᠤ᠂ ᠬᠠᠷᠢᠶᠠᠨ ᠳᠠᠭᠠᠨ ᠹᠧᠩ ᠱᠦᠢ ᠭᠸᠦ᠂  ᠮᠣᠬᠤᠷᠭᠤᠣᠯ᠂ ᠶᠣᠸᠠᠨ ᠪᠣᠣ ᠱᠠᠨ᠂  ᠫᠢᠩᠵᠣᠸᠠᠩ᠂  ᠦᠵᠢᠶᠠ 5 ᠪᠠᠯᠭᠠᠰᠣ ᠪᠣᠯᠣᠨ ᠫᠢᠩᠵᠣᠸᠠᠩ ᠬᠤᠲᠠ ᠲᠣᠭᠤᠷᠢᠭ᠂ ᠱᠢ ᠯᠦ ᠲᠢᠶᠠᠨ  ᠬᠤᠶᠠᠷ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ 66 ᠲᠣᠰᠬᠤᠨ ᠤ ᠠᠷᠠᠳ ᠤᠨ ᠵᠦᠪᠯᠡᠯ᠂ 60 ᠰᠠᠭᠤᠭᠠᠯᠢ ᠠᠷᠠᠳ ᠤᠨ ᠵᠦᠪᠯᠡᠯ  ᠎ ᠲᠠᠢ ᠪᠠᠶᠢᠵᠦ᠂ ᠶᠡᠷᠦᠩᠬᠡᠢ ᠬᠦᠮᠦᠨ ᠠᠮᠠ32.4 ᠲᠦᠮᠡᠨ᠂ ᠡᠭᠦᠨ ᠤ ᠳᠣᠲᠣᠷ᠎ᠠ ᠲᠠᠷᠢᠶᠠᠯᠠᠩ ᠤᠨ ᠪᠣᠰᠣ ᠬᠦᠮᠦᠨ ᠠᠮᠠ17.4 ᠲᠦᠮᠡᠨ ᠬᠦᠮᠦᠨ ᠲᠠᠢ ᠪᠠᠶᠢᠳᠠᠭ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1