| ᠶᠤᠸᠠᠨ ᠪᠣᠤ ᠱᠠᠨ ᠲᠣᠭᠤᠷᠢᠭ 5910 ᠲᠦᠮᠡᠨ ᠲᠥᠭᠦᠷᠢᠭ ᠤᠨ ᠪᠡᠯᠡ ᠣᠷᠣᠭᠤᠯᠵᠤ᠂ 17 ᠰᠠᠭᠤᠷᠢ | ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ 6797 ᠬᠠᠪᠲᠠᠭᠠᠢ ᠳᠥᠷᠪᠡᠯᠵᠢᠨ ᠮᠧᠲᠷ ᠪᠦᠬᠦᠢ | ᠰᠤᠷᠤᠭᠴᠢ ᠶᠢᠨ ᠪᠠᠶᠢᠷᠢ ᠶᠢᠨ ᠵᠣᠷᠯᠣᠩ᠂ ᠤᠭᠢᠶᠠᠯᠭ᠎ᠠ ᠶᠢᠨ ᠲᠠᠰᠤᠭ᠂ ᠰᠦᠷᠴᠢᠭᠦᠷ ᠤᠭᠢᠶᠠᠯᠭ᠎ᠠ ᠶᠢᠨ ᠭᠡᠷ ᠢ | ᠰᠢᠨᠡᠳᠬᠡᠵᠦ ᠵᠠᠰᠠᠨ᠂ 2730 ᠬᠠᠪᠲᠠᠭᠠᠢ ᠳᠥᠷᠪᠡᠯᠵᠢᠨ ᠮᠧᠲᠷ ᠪᠦᠬᠦᠢ 92 ᠲᠠᠰᠤᠭ ᠪᠠᠭᠰᠢ ᠠᠵᠢᠯᠲᠠᠨ ᠤ | ᠪᠠᠶᠢᠷᠢ ᠶᠢᠨ ᠭᠡᠷ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 6.3 ᠲᠦᠮᠡᠨ ᠬᠠᠪᠲᠠᠭᠠᠢ ᠳᠥᠷᠪᠡᠯᠵᠢᠨ ᠮᠧᠲᠷ | ᠪᠦᠬᠦᠢ 23 ᠵᠤᠷᠪᠤᠰ ᠭᠦᠶᠦᠯᠲᠡ ᠶᠢᠨ ᠵᠠᠮ᠂ 13.9 ᠲᠦᠮᠡᠨ ᠬᠠᠪᠲᠠᠭᠠᠢ ᠳᠥᠷᠪᠡᠯᠵᠢᠨ ᠮᠧᠲᠷ ᠪᠦᠬᠦᠢ 23 | ᠬᠡᠰᠡᠭ ᠬᠥᠯ ᠪᠥᠮᠪᠥᠭᠡᠨ ᠲᠠᠯᠠᠪᠤᠷ᠂ 2.7 ᠲᠦᠮᠡᠨ ᠬᠠᠪᠲᠠᠭᠠᠢ ᠳᠥᠷᠪᠡᠯᠵᠢᠨ ᠮᠧᠲᠷ ᠪᠦᠬᠦᠢ 54 ᠬᠡᠰᠡᠭ ᠰᠠᠭᠰᠤᠨ | ᠪᠥᠮᠪᠥᠭᠡᠨ ᠲᠠᠯᠠᠪᠤᠷ᠂ 1.2 ᠲᠦᠮᠡᠨ ᠬᠠᠪᠲᠠᠭᠠᠢ ᠳᠥᠷᠪᠡᠯᠵᠢᠨ ᠮᠧᠲᠷ ᠪᠦᠬᠦᠢ 34 ᠬᠡᠰᠡᠭ ᠠᠯᠠᠭᠠᠳᠠᠬᠤ ᠪᠥᠮᠪᠥᠭᠡᠨ | ᠲᠠᠯᠠᠪᠤᠷ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ᠶᠤᠸᠠᠨ ᠪᠣᠤ ᠱᠠᠨ ᠲᠣᠭᠤᠷᠢᠭ ᠬᠥᠳᠡᠭᠡ ᠲᠣᠰᠬᠤᠨ ᠤ | ᠰᠤᠷᠭᠠᠭᠤᠯᠢ ᠶᠢᠨ ᠦᠨᠳᠦᠰᠦᠨ ᠨᠥᠬᠦᠴᠡᠯ ᠢᠶᠠᠨ ᠦᠷᠭᠦᠯᠵᠢᠯᠡᠨ ᠪᠠᠬᠢᠵᠢᠭᠦᠯᠵᠦ᠂ ᠪᠠᠭᠤᠷᠠᠢ ᠰᠤᠷᠭᠠᠭᠤᠯᠢ ᠶᠢᠨ | ᠳᠦᠷᠢᠮᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠪᠠᠨ ᠲᠦᠷᠭᠡᠳᠬᠡᠨ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠢᠯᠢᠳᠡᠭ ᠲᠡᠩᠴᠡᠭᠦᠷᠢᠲᠦ | ᠬᠥᠭᠵᠢᠯᠲᠡ ᠶᠢ ᠲᠦᠯᠬᠢᠨ ᠠᠬᠢᠭᠤᠯᠤᠭᠰᠠᠨ ᠪᠠᠶᠢᠨ᠎ᠠ᠃ |