ᠶᠤᠸᠠᠨ ᠪᠣᠤ ᠱᠠᠨ ᠲᠣᠭᠤᠷᠢᠭ ᠤᠨ ᠭᠤᠷᠪᠠᠨ ᠰᠠᠭᠤᠷᠢ ᠰᠤᠷᠭᠠᠭᠤᠯᠢ ᠨᠢ 2017 ᠣᠨ ᠤ ᠪᠦᠬᠦ ᠤᠯᠤᠰ ᠤᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠠᠷ ᠦᠨᠡᠯᠡᠭᠳᠡᠨ ᠨᠡᠷᠡᠯᠡᠭᠳᠡᠪᠡ
ᠨᠡᠶᠢᠲᠡᠯᠡᠭᠰᠡᠨ ᠴᠠᠭ᠄
2017/9/15
    2017 ᠣᠨ ᠤ ᠪᠦᠬᠦ ᠤᠯᠤᠰ ᠤᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ ᠰᠢᠯᠢᠵᠦ ᠰᠣᠩᠭᠤᠬᠤ ᠠᠵᠢᠯ ᠨᠢ ᠬᠤᠯᠪᠣᠭᠳᠠᠯ ᠪᠦᠬᠦᠢ ᠪᠠᠶᠢᠭᠤᠯᠤᠯᠭ᠎ᠠ ᠥᠪᠡᠷᠲᠡᠭᠡᠨ ᠮᠡᠳᠡᠭᠦᠯᠦᠨ ᠡᠷᠡᠮᠡᠯᠵᠡᠯᠡᠵᠦ᠂ ᠡᠯ᠎ᠡ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠳᠡᠪᠰᠢᠭᠦᠯᠦᠭᠰᠡᠨ ᠰᠠᠭᠤᠷᠢᠨ ᠳᠡᠭᠡᠷ᠎ᠡ᠂ ᠰᠤᠷᠭᠠᠨ ᠬᠥᠮᠥᠵᠢᠯ ᠤᠨ ᠶᠠᠮᠤᠨ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠬᠢᠨᠠᠨ ᠳᠡᠪᠰᠢᠭᠦᠯᠦᠭᠰᠡᠨ ᠣᠨᠴᠠᠯᠢᠭᠲᠤ ᠰᠤᠷᠭᠠᠭᠤᠯᠢ ᠶᠢ ᠶᠡᠷᠦᠩᠬᠡᠢ ᠴᠢᠨᠠᠷᠲᠠᠢ ᠦᠨᠡᠯᠡᠨ ᠲᠣᠭᠲᠠᠭᠠᠭᠰᠠᠨ ᠤ ᠬᠤᠶᠢᠨ᠎ᠠ ᠪᠠᠲᠤᠯᠠᠯᠲᠠ ᠬᠢᠳᠡᠭ ᠪᠠᠶᠢᠨ᠎ᠠ᠃      ᠲᠤᠰ ᠵᠢᠯ ᠳᠤ᠂ ᠪᠦᠬᠦ ᠤᠯᠤᠰ ᠤᠨ 6832 ᠰᠠᠭᠤᠷᠢ ᠳᠤᠮᠳᠠᠳᠤ ᠪᠠᠭ᠎ᠠ ᠰᠤᠷᠭᠠᠭᠤᠯᠢ ᠰᠢᠯᠢᠭᠳᠡᠵᠦ᠂  ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢᠨ ᠶᠡᠷᠦᠩᠬᠡᠢ ᠲᠤᠭ᠎ᠠ ᠬᠤᠶᠠᠷ ᠲᠦᠮᠡ ᠭᠠᠷᠤᠢ ᠪᠣᠯᠵᠠᠢ᠃  ᠶᠤᠸᠠᠨ ᠪᠣᠤ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠱᠠᠨ ᠴᠢᠶᠠᠨ ᠰᠤᠷᠭᠠᠭᠤᠯᠢ ᠪᠠ ᠫᠢᠩᠵᠤᠸᠠᠩ ᠳᠤᠮᠳᠠᠳᠤ ᠰᠤᠷᠭᠠᠭᠤᠯᠢ ᠵᠡᠷᠭᠡ ᠭᠤᠷᠪᠠᠨ ᠰᠠᠭᠤᠷᠢ ᠰᠤᠷᠭᠠᠭᠤᠯᠢ ᠨᠢ 2017 ᠣᠨ ᠤ ᠪᠦᠬᠦ ᠤᠯᠤᠰ ᠤᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠠᠷ ᠦᠨᠡᠯᠡᠭᠳᠡᠨ ᠨᠡᠷᠡᠯᠡᠭᠳᠡᠪᠡ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1