ᠰᠢᠶᠤᠤ ᠡᠦ ᠵᠢᠶᠠ ᠰᠢᠶᠠᠩ ᠨᠢ ᠲᠣᠭᠤᠷᠢᠭ ᠤᠨ ᠡᠷᠡᠭᠦᠯ ᠬᠠᠮᠠᠭᠠᠯᠠᠯ ᠲᠦᠯᠦᠪᠯᠡᠭᠡᠳᠦ  ᠦᠷᠡᠵᠢᠯ ᠤᠨ ᠲᠣᠪᠴᠢᠶ᠎ᠡ ᠲᠠᠢ ᠬᠠᠮᠳᠦᠷᠠᠵᠤ ᠶᠠᠳᠠᠭᠤ ᠬᠦᠴᠢᠷᠲᠠᠢ ᠠᠶᠢᠯ ᠤᠨ ᠬᠡᠦᠬᠡᠨ ᠰᠤᠷᠤᠭᠴᠢ ᠳᠤ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2017/9/18
     9 ᠰᠠᠷ᠎ᠠ ᠶᠢᠨ 11᠎ ᠤ ᠡᠳᠦᠷ ᠰᠢᠶᠤᠤ ᠡᠦ ᠵᠢᠶᠠ ᠰᠢᠶᠠᠩ ᠨᠢ ᠲᠣᠭᠤᠷᠢᠭ ᠤᠨ ᠡᠷᠡᠭᠦᠯ ᠬᠠᠮᠠᠭᠠᠯᠠᠯ ᠲᠦᠯᠦᠪᠯᠡᠭᠡᠳᠦ  ᠦᠷᠡᠵᠢᠯ  ᠤᠨ ᠲᠣᠪᠴᠢᠶ᠎ᠡ ᠲᠠᠢ ᠬᠠᠮᠲᠤᠷᠠᠵᠦ ᠰᠢᠶᠤᠤ ᠡᠦ ᠵᠢᠶᠠ ᠪᠠᠭ᠎ᠠ ᠰᠤᠷᠭᠠᠭᠤᠯᠢ ᠳᠤ ᠶᠠᠳᠠᠭᠤ ᠬᠦᠴᠢᠷᠲᠠᠢ ᠠᠶᠢᠯ ᠤᠨ ᠬᠡᠦᠬᠡᠨ ᠰᠤᠷᠤᠭᠴᠢ ᠶᠢ ᠲᠣᠰᠠᠯᠠᠨ ᠲᠡᠮᠵᠢᠬᠦ ᠶᠤᠰᠤᠯᠠᠯ ᠶᠠᠪᠤᠭᠤᠯᠪᠠ᠃ᠲᠣᠰᠠᠯᠠᠨ ᠲᠡᠮᠵᠢᠬᠦ ᠶᠤᠰᠤᠯᠠᠯ ᠳᠡᠭᠡᠷ᠎ᠡ᠂ ᠰᠢᠶᠤᠤ ᠡᠦ ᠵᠢᠶᠠ ᠰᠢᠶᠠᠩ ᠵᠢᠴᠢ ᠲᠣᠭᠤᠷᠢᠭ ᠤᠨ ᠡᠷᠡᠭᠦᠯ ᠬᠠᠮᠠᠭᠠᠯᠠᠯ ᠲᠦᠯᠦᠪᠯᠡᠭᠡᠳᠦ  ᠦᠷᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠤᠰ ᠰᠤᠷᠭᠠᠭᠤᠯᠢ ᠶᠢᠨ 85 ᠶᠠᠳᠠᠭᠤ ᠬᠦᠴᠢᠷᠲᠠᠢ ᠠᠶᠢᠯ ᠤᠨ ᠬᠡᠦᠬᠡᠨ ᠰᠤᠷᠤᠭᠴᠢ ᠳᠤ 8920 ᠲᠦᠭᠦᠷᠢᠭ ᠤᠨ ᠪᠢᠴᠢᠭ ᠤᠨ ᠪᠣᠭᠴᠤ᠂ ᠰᠤᠷᠤᠯᠭ᠎ᠠ ᠶᠢᠨ ᠬᠡᠷᠡᠭᠰᠡᠯ ᠬᠦᠷᠭᠡᠨ ᠦᠭᠭᠦᠭᠰᠡᠨ ᠪᠦᠭᠡᠳ ᠲᠡᠳᠡᠨᠡᠷ ᠢ ᠠᠮᠢᠳᠤᠷᠠᠯ ᠳᠠᠭᠠᠨ ᠬᠠᠶᠢᠷᠠᠲᠠᠢ᠂ ᠰᠢᠮᠳᠡᠨ ᠰᠤᠷᠤᠯᠴᠠᠵᠤ᠂ ᠶᠣᠰᠤ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠤᠷᠠᠨ ᠰᠠᠶᠢᠬᠠᠨ ᠵᠡᠷᠭᠡ ᠪᠦᠬᠦ ᠲᠠᠯ᠎ᠠ ᠪᠠᠷ ᠬᠥᠭᠵᠢᠭᠰᠡᠨ ᠵᠠᠯᠠᠭᠤ ᠪᠠᠭᠠᠴᠤᠳ ᠪᠣᠯᠵᠤ᠂ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠨᠡᠶᠢᠭᠡᠮ ᠤᠨ ᠡᠯ᠎ᠠ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠬᠠᠷᠢᠭᠤᠯᠲᠤᠭᠠᠢ ᠭᠡᠰᠡᠨ ᠪᠠᠶᠢᠨ᠎ᠠ᠃     ᠲᠤᠰᠠᠯᠠᠮᠵᠢ ᠬᠦᠷᠲᠡᠭᠰᠡᠨ ᠰᠤᠷᠤᠭᠴᠢ ᠶᠢᠨ ᠲᠦᠯᠦᠭᠡᠯᠡᠭᠴᠢ ᠯᠢ ᠰᠤ᠋ ᠢ ᠠᠴᠠ ︽ᠪᠢ ᠵᠠᠪᠠᠯ ᠴᠢᠷᠮᠠᠶᠢᠨ ᠰᠤᠷᠤᠯᠴᠠᠵᠤ᠂ ᠢᠷᠡᠭᠡᠲᠦᠢ ᠳᠤ ᠨᠠᠶᠢᠭᠡᠮ ᠤᠨ ᠠᠴᠢ ᠶᠢ ᠬᠠᠷᠢᠭᠤᠯᠤᠨ᠂ ᠬᠠᠶᠢᠷ᠎ᠠ ᠬᠠᠯᠠᠮᠵᠢ ᠶᠢ ᠦᠷᠭᠦᠯᠵᠢᠯᠡᠨ ᠳᠠᠮᠵᠢᠭᠤᠯᠤᠨ᠎ᠠ︾ ᠭᠡᠵᠦ ᠰᠡᠳᠬᠢᠯ ᠬᠦᠳᠡᠯᠵᠦ ᠬᠡᠯᠡᠭᠰᠡᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1