ᠶᠤᠸᠠᠨ ᠪᠤᠤ ᠱᠠᠨ ᠪᠠᠯᠭᠠᠰᠤ ︽ᠰᠢᠨᠵᠢᠯᠡᠬᠦ ᠤᠬᠠᠭᠠᠨᠴᠢ ᠪᠠᠷ ᠬᠡᠦᠬᠡᠳ ᠢ ᠪᠤᠶᠢᠵᠢᠭᠤᠯᠬᠤ︾ ᠡᠷᠡᠬᠦᠯ ᠮᠡᠨᠳᠦ ᠶᠢᠨ ᠮᠡᠳᠡᠯᠬᠡ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2017/9/18
   9 ᠰᠠᠷ᠎ᠠ ᠶᠢᠨ8᠎ ᠤ ᠡᠳᠦᠷ᠂ ᠶᠤᠸᠠᠨ ᠪᠤᠤ ᠱᠠᠨ ᠪᠠᠯᠭᠠᠰᠤ ᠰᠢᠨ᠎ᠡ ᠬᠡᠷ ᠪᠦᠯᠢ ᠶᠢᠨ ᠲᠦᠯᠦᠪᠯᠡᠭᠡ ︽ᠰᠢᠨᠵᠢᠯᠡᠬᠦ ᠤᠬᠠᠭᠠᠨᠴᠢ ᠪᠠᠷ ᠬᠡᠦᠬᠡᠳ ᠢ ᠪᠤᠶᠢᠵᠢᠭᠤᠯᠬᠤ︾ ᠡᠷᠡᠬᠦᠯ ᠮᠡᠨᠳᠦ ᠶᠢᠨ ᠮᠡᠳᠡᠯᠬᠡ ᠶᠢᠨ ᠪᠤᠯᠪᠠᠰᠤᠷᠠᠯ ᠡᠷᠬᠢᠯᠡᠵᠤ᠂ ᠶᠤᠸᠠᠨ ᠪᠤᠤ ᠱᠠᠨ ᠬᠢᠳᠡᠳ ᠡᠮᠨᠡᠯᠬᠡ ᠶᠢᠨ ᠬᠤᠷᠢᠶ᠎ᠠ ᠶᠢᠨ ᠬᠡᠦᠬᠡᠳ ᠤᠨ ᠰᠠᠯᠠᠭ᠎ᠠ ᠶᠢᠨ ᠡᠷᠬᠢᠯᠡᠭᠴᠢ ᠯᠢᠦ ᠴᠢᠨ ᠢᠦᠢ ᠡᠮᠴᠢ ᠶᠢ ᠤᠷᠢᠵᠤ᠂ ᠲᠤᠬᠠᠢ ᠶᠢᠨ ᠲᠠᠯᠠᠪᠤᠷ ᠤᠨ ᠬᠢᠴᠢᠶᠠᠯ ᠲᠠᠶᠢᠯᠤᠮᠵᠢ ᠬᠢᠯᠬᠡᠭᠰᠡᠨ ᠪᠠᠶᠢᠨ᠎ᠠ᠂ ᠪᠦᠬᠦ ᠲᠤᠭᠤᠷᠢᠭ ᠎ ᠤᠨ160 ᠭᠠᠷᠤᠢ ᠬᠡᠦᠬᠡᠳ ᠤᠨ ᠬᠡᠷ ᠤᠨ ᠠᠬᠠᠮᠠᠳ ᠬᠢᠴᠢᠶᠠᠯ ᠲᠠᠶᠢᠯᠤᠮᠵᠢ ᠶᠢ ᠰᠤᠨᠤᠰᠪᠠ᠃    ᠬᠢᠴᠢᠶᠠᠯ ᠲᠠᠶᠢᠯᠤᠮᠵᠢ ᠳᠤ᠂ ᠯᠢᠦ ᠴᠢᠨ ᠢᠦᠢ ᠡᠮᠴᠢ ᠠᠴᠠ ᠡᠩ ᠤᠨ ᠦᠢᠯᠠᠭᠠᠮᠵᠢᠳᠠᠢ ᠦᠬᠡ ᠶᠠᠷᠢᠶ᠎ᠠ ᠪᠠᠷ ᠵᠢᠷᠤᠭ ᠦᠰᠦᠭ ᠢ ᠬᠠᠪᠰᠤᠷᠭᠠᠨ ᠰᠢᠨᠵᠢᠯᠡᠬᠦ ᠤᠬᠠᠭᠠᠨᠴᠢ ᠪᠠᠷ ᠬᠡᠦᠬᠡᠳ ᠢ ᠪᠤᠶᠢᠵᠢᠭᠤᠯᠬᠤ ᠦᠢᠯᠠᠭᠠᠭᠳᠠᠬᠤᠨ᠂ ᠡᠯ᠎ᠡ ᠦᠰᠬᠦ ᠨᠠᠰᠤᠨ ᠤ ᠬᠡᠦᠬᠡᠳ ᠤᠨ ᠤᠨᠴᠠᠯᠢᠭ᠂ ᠬᠡᠦᠬᠡᠳ ᠤᠨ ᠪᠠᠶᠢᠩᠭᠤ ᠲᠤᠬᠢᠶᠠᠯᠳᠤᠳᠠᠭ ᠡᠪᠡᠳᠴᠢᠨ ᠢ ᠡᠮᠴᠢᠯᠡᠬᠦ ᠵᠡᠷᠬᠡ ᠬᠡᠦᠬᠡᠳ ᠢ ᠦᠰᠬᠡᠨ ᠪᠤᠶᠢᠵᠢᠭᠤᠯᠬᠤ ᠮᠡᠳᠡᠯᠬᠡ ᠶᠢᠨ ᠲᠤᠭᠤᠷᠢᠨ ᠳᠤ ᠬᠦᠨᠵᠡᠬᠡᠢ ᠨᠠᠷᠢᠯᠢᠭ ᠬᠢᠴᠢᠶᠠᠯ ᠲᠠᠶᠢᠯᠦᠮᠵᠢ ᠬᠢᠭᠰᠡᠨ ᠪᠠᠶᠢᠨ᠎ᠠ᠂ ᠬᠡᠷ ᠤᠨ ᠠᠬᠠᠮᠠᠳ ᠠᠴᠠ ᠬᠡᠦᠬᠡᠳ ᠢᠶᠠᠨ ᠦᠰᠬᠡᠨ ᠪᠤᠶᠢᠵᠢᠭᠤᠯᠬᠤ ᠶᠠᠪᠤᠴᠠ ᠳᠤ ᠲᠤᠬᠢᠶᠠᠯᠳᠤᠭᠰᠠᠨ ᠠᠰᠠᠭᠤᠳᠠᠯ ᠪᠠ ᠬᠦᠴᠢᠷᠳᠡᠯ ᠢᠶᠠᠨ ᠢᠳᠡᠪᠬᠢᠳᠠᠢ ᠪᠠᠷ ᠲᠤᠷᠠᠳᠴᠤ ᠠᠰᠠᠭᠤᠨ ᠯᠠᠪᠯᠠᠬᠤ ᠶᠢᠨ ᠬᠠᠮᠳᠤ᠂ ᠤᠯᠤᠯᠳᠠ ᠲᠦᠷᠦᠭᠳᠡᠯ ᠮᠠᠰᠢ ᠬᠦᠨ ᠪᠠᠶᠢᠨ᠎ᠠ ᠬᠡᠵᠡᠬᠡᠵᠤ ᠪᠠᠶᠢᠯ᠎ᠠ᠃    ᠦᠢᠯᠠᠭᠠᠭᠰᠠᠨ ᠢᠶᠠᠷ᠂ ᠰᠢᠨᠵᠢᠯᠡᠬᠦ ᠤᠬᠠᠭᠠᠨᠴᠢ ᠪᠠᠷ ᠬᠡᠦᠬᠡᠳ ᠢ ᠪᠤᠶᠢᠵᠢᠭᠤᠯᠬᠤ ᠪᠤᠯ ᠶᠤᠸᠠᠨ ᠪᠤᠤ ᠱᠠᠨ ᠪᠠᠯᠭᠠᠰᠤ ᠶᠢᠨ ᠰᠢᠨ᠎ᠡ ᠬᠡᠷ ᠪᠦᠯᠢ ᠶᠢᠨ ᠲᠦᠯᠦᠪᠯᠡᠭᠡ ᠶᠢᠨ ᠨᠢᠬᠡᠨ ᠴᠢᠬᠤᠯᠠ ᠠᠭᠤᠯᠭ᠎ᠠ ᠪᠠᠶᠢᠵᠤ᠂ ᠶᠤᠸᠠᠨ ᠪᠤᠤ ᠱᠠᠨ ᠪᠠᠯᠭᠠᠰᠤ ᠨᠢ ᠦᠷᠬᠦᠯᠵᠢᠯᠡᠨ ᠬᠢᠴᠢᠶᠠᠯ ᠲᠠᠶᠢᠯᠦᠮᠵᠢ ᠬᠢᠬᠦ ᠠᠷᠭ᠎ᠠ ᠬᠡᠯᠪᠡᠷᠢ ᠪᠠᠷ ᠰᠢᠨᠵᠢᠯᠡᠬᠦ ᠤᠬᠠᠭᠠᠨᠴᠢ ᠪᠠᠷ ᠬᠡᠦᠬᠡᠳ ᠎ ᠢ ᠪᠤᠶᠢᠵᠢᠭᠤᠯᠬᠤ ᠰᠢᠨ᠎ᠡ ᠮᠡᠳᠡᠯᠬᠡ ᠶᠢ ᠤᠬᠠᠭᠤᠯᠤᠨ ᠲᠦᠬᠡᠮᠡᠯᠵᠢᠬᠦᠯᠵᠤ᠂ ᠬᠡᠦᠬᠡᠳ ᠤᠨ ᠬᠡᠷ ᠤᠨ ᠠᠬᠠᠮᠠᠳ ᠤᠨ ᠤᠯᠠᠨ ᠶᠠᠩᠵᠤᠳᠤ ᠠᠩᠬᠠᠨ ᠤ ᠦᠶ᠎ᠠ ᠶᠢᠨ ᠬᠡᠦᠬᠡᠳ ᠬᠦᠮᠦᠵᠢᠬᠦᠯᠬᠦ ᠬᠡᠷᠡᠭᠴᠡᠭᠡ ᠶᠢ ᠦᠨᠡᠩᠬᠦ ᠬᠠᠩᠭᠠᠵᠤ᠂ ᠡᠷᠡᠬᠦᠯ ᠴᠢᠬᠢᠷᠠᠭ ᠵᠤᠯ ᠵᠢᠷᠭᠠᠯᠳᠤ ᠬᠡᠷ ᠪᠦᠯᠢ ᠶᠢ ᠪᠠᠶᠢᠭᠤᠯᠬᠤ ᠳᠤ ᠬᠠᠮᠵᠢᠨ ᠲᠤᠰᠠᠯᠠᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1