ᠬᠤᠶᠠᠳᠤᠭᠠᠷ ᠪᠦᠯᠦᠭ ᠰᠠᠨᠠᠭᠠᠴᠢᠯᠠᠭ᠎ᠠ ᠲᠠᠢ ᠪᠠᠷ ᠢᠯᠡ ᠨᠡᠶᠢᠳᠡᠯᠡᠭᠦ | ᠵᠢᠷᠭᠤᠳᠤᠭᠠᠷ ᠵᠤᠷᠪᠤᠰ ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠲᠤᠤᠷᠠᠭᠢ ᠱᠠᠭᠠᠷᠳᠠᠯᠭ᠎ᠠ ᠳᠤ | ᠨᠡᠶᠢᠴᠡᠭᠰᠡᠨ ᠵᠠᠰᠠᠭ ᠤᠨ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ᠄ | ︵ᠨᠢᠭᠡ︶ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠶᠢᠨ ᠬᠤᠪᠢ | ᠪᠡᠶ᠎ᠡ ᠶᠢᠨ ᠭᠢᠨᠢ ᠠᠰᠢᠭ ᠲᠤᠰᠠ ᠳᠤ ᠬᠤᠯᠪᠤᠭᠳᠠᠭᠰᠠᠨ︔ | ︵ᠬᠤᠶᠠᠷ︶ ᠨᠡᠶᠢᠭᠡᠮ ᠤᠨ ᠤᠯᠠᠨ ᠨᠡᠶᠢᠲᠡ ᠪᠠᠷ ᠢᠶᠠᠨ ᠤᠶᠢᠯᠭᠠᠨ ᠮᠡᠳᠡᠭᠦ ᠪᠤᠶᠤ ᠤᠷᠤᠯᠴᠠᠬᠤ ᠱᠠᠭᠠᠷᠳᠠᠯᠭ᠎ᠠ | ᠲᠠᠢ ︔ | ︵ᠭᠤᠷᠪᠠ︶ ᠲᠤᠰ ᠪᠠᠶᠢᠭᠤᠯᠤᠯᠭ᠎ᠠ ᠨᠢᠭᠡᠴᠠ ᠶᠢᠨ ᠵᠤᠭᠢᠶᠠᠨ ᠪᠠᠶᠢᠭᠤᠯᠤᠮᠵᠢ᠂ ᠲᠤᠰᠢᠶᠠᠯ ᠴᠢᠳᠠᠪᠬᠢ᠂ ᠤᠴᠠᠷ | ᠶᠠᠪᠤᠳᠠᠯ ᠭᠦᠢᠴᠡᠳᠬᠡᠬᠦ ᠶᠠᠪᠤᠴᠠ ᠵᠡᠷᠭᠡ ᠪᠠᠶᠢᠳᠠᠯ ᠢ ᠲᠤᠰᠬᠠᠭᠰᠠᠨ︔ | ︵ᠲᠦᠷᠪᠡ︶ ᠪᠤᠰᠤᠳ ᠬᠠᠤᠯᠢ ᠴᠠᠭᠠᠵᠠ᠂ ᠬᠠᠤᠯᠢ ᠳᠦᠷᠢᠮ ᠪᠤᠯᠤᠨ ᠲᠦᠷᠢᠮ ᠲᠤᠭᠳᠠᠭᠠᠯ ᠵᠡᠷᠭᠡ ᠳᠤ | ᠲᠤᠭᠳᠠᠭᠠᠭᠰᠠᠨ ᠰᠠᠨᠠᠭᠠᠴᠢᠯᠠᠭ᠎ᠠ ᠲᠠᠢ ᠪᠠᠷ ᠢᠯᠡ ᠪᠤᠯᠭᠠᠪᠠᠰᠤ ᠵᠤᠭᠢᠬᠤ ᠵᠤᠶᠢᠯ᠃ | ᠲᠤᠯᠤᠳᠤᠭᠠᠷ ᠵᠤᠷᠪᠤᠰ ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠲᠤᠰ ᠲᠤᠭᠳᠠᠭᠠᠯ ᠢ ᠦᠨᠳᠤᠰᠤᠯᠡᠨ᠂ | ᠲᠤᠰᠪᠤᠷᠢ ᠶᠢᠨ ᠬᠠᠷᠢᠭᠤᠴᠠᠯᠭ᠎ᠠ ᠶᠢᠨ ᠲᠤᠭᠤᠷᠢᠨ ᠳᠠᠭᠠᠨ ᠰᠠᠨᠠᠭᠠᠴᠢᠯᠠᠭ᠎ᠠ ᠲᠠᠢ ᠪᠠᠷ ᠢᠯᠡ ᠪᠠᠷ ᠪᠤᠯᠭᠠᠬᠤ ᠵᠠᠰᠠᠭ | ᠤᠨ ᠴᠢᠮᠡᠭᠡ ᠵᠠᠩᠭᠢ ᠶᠢᠨ ᠭᠤᠤᠯ ᠠᠭᠤᠯᠭ᠎ᠠ ᠶᠢ ᠲᠤᠭᠳᠠᠭᠠᠵᠦ᠂ ᠲᠤᠤᠷᠠᠭᠢ ᠵᠠᠰᠠᠭ ᠤᠨ ᠴᠢᠮᠡᠭᠡ ᠵᠠᠩᠭᠢ ᠶᠢ | ᠭᠤᠤᠯᠳᠠᠯᠭ᠎ᠠ ᠲᠠᠢ ᠪᠠᠷ ᠢᠯᠡ ᠪᠤᠯᠭᠠᠨ᠎ᠠ᠄ | ︵ᠨᠢᠭᠡ︶ ᠬᠠᠮᠢᠶᠠᠷᠤᠯᠳᠠ ᠶᠢᠨ ᠲᠦᠷᠢᠮᠵᠢᠯ ᠪᠠ ᠭᠦᠭᠵᠢᠯᠳᠡ ᠶᠢᠨ ᠲᠦᠯᠦᠪᠯᠡᠯᠭᠡ ᠶᠢᠨ ᠲᠠᠯ᠎ᠠ ᠪᠠᠷ | 1. ᠵᠠᠰᠠᠭ ᠤᠨ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠪᠠ ᠪᠤᠰᠤᠳ ᠲᠦᠷᠦ ᠶᠢᠨ ᠪᠤᠳᠤᠯᠭ᠎ᠠ ᠶᠢᠨ | ᠲᠦᠷᠢᠮ ᠲᠤᠭᠳᠠᠭᠠᠯ︔ | 2. ᠵᠠᠰᠠᠭ ᠤᠨ ᠪᠠᠶᠢᠭᠤᠯᠭ᠎ᠠ ᠨᠢᠭᠡᠴᠠ ᠶᠢᠨ ᠵᠠᠰᠠᠭ ᠵᠠᠭᠢᠷᠭᠠᠨ ᠤ ᠵᠦᠪᠰᠢᠶᠡᠷᠡᠯᠳᠡ᠂ ᠵᠠᠰᠠᠭ ᠵᠠᠭᠢᠷᠭᠠᠨ ᠤ | ᠲᠤᠷᠭᠠᠭᠤᠯᠢ ᠵᠡᠷᠭᠡ ᠶᠠᠪᠤᠳᠠᠯ ᠤᠳ︔ | 3. ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠳᠡ ᠶᠢᠨ ᠲᠦᠯᠦᠪᠵᠢᠭᠦᠯᠭᠡ᠂ ᠲᠤᠰᠬᠠᠢ | ᠵᠤᠶᠢᠯ ᠤᠨ ᠲᠦᠯᠦᠪᠵᠢᠭᠦᠯᠭᠡ᠂ ᠤᠷᠤᠨ ᠨᠤᠲᠤᠭ ᠤᠨ ᠲᠦᠯᠦᠪᠵᠢᠭᠦᠯᠭᠡ ᠪᠠ ᠭᠡᠷᠡᠭᠵᠢᠭᠦᠯᠦᠭᠰᠡᠨ ᠪᠠᠶᠢᠳᠠᠯ︔ | 4. ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠳᠡ ᠶᠢᠨ ᠪᠦᠷᠢᠳᠭᠡᠯ ᠤᠨ ᠴᠢᠮᠡᠭᠡ ᠵᠠᠩᠭᠢ᠃ | ︵ᠬᠤᠶᠠᠷ︶ ᠤᠯᠠᠨ ᠨᠡᠶᠢᠲᠡ ᠶᠢᠨ ᠠᠰᠢᠭ ᠲᠤᠰᠠ ᠲᠠᠢ ᠨᠢᠬᠳᠠ ᠬᠤᠯᠪᠤᠭᠳᠠᠬᠤ ᠶᠠᠪᠤᠳᠠᠯ ᠤᠳ ᠤᠨ ᠲᠠᠯ᠎ᠠ ᠪᠠᠷ | 1. ᠰᠤᠷᠭᠠᠨ ᠭᠦᠮᠤᠵᠢᠯ᠂ ᠡᠮ ᠡᠮᠨᠡᠯᠭᠡ᠂ ᠨᠡᠶᠢᠭᠡᠮ ᠤᠨ ᠪᠠᠳᠤᠯᠠᠭ᠎ᠠ᠂ ᠠᠵᠢᠯ ᠤᠯᠭᠤᠯᠳᠠ ᠶᠢ ᠠᠭᠢᠭᠤᠯᠬᠤ᠂ | ᠤᠨᠴᠠ ᠲᠡᠳᠭᠦᠮᠵᠢ᠂ ᠲᠦᠯᠦᠪᠯᠡᠭᠡᠳᠤ ᠦᠷᠡᠵᠢᠯ᠂ ᠭᠠᠵᠠᠷ ᠰᠢᠷᠤᠢ ᠲᠠᠳᠠᠪᠤᠷᠢᠯᠠᠵᠦ ᠨᠡᠭᠦᠯᠭᠡᠭᠦ᠂ ᠲᠥᠪᠬᠢᠨᠡᠭᠦᠯᠬᠦ | ᠨᠦᠭᠦᠪᠤᠷᠢ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠭᠡᠮᠵᠢᠶ᠎ᠡ ᠪᠠ ᠭᠡᠷᠡᠭᠵᠢᠭᠦᠯᠦᠭᠰᠡᠨ ᠪᠠᠶᠢᠳᠠᠯ︔ | 2. ᠤᠯᠠᠨ ᠨᠡᠶᠢᠲᠡ ᠶᠢᠨ ᠠᠰᠢᠭ ᠲᠤᠰᠠ ᠲᠠᠢ ᠬᠤᠯᠪᠤᠭᠳᠠᠬᠤ ᠴᠢᠬᠤᠯᠠ ᠪᠠᠷᠢᠯᠭ᠎ᠠ ᠶᠢᠨ ᠲᠦᠷᠦᠯ ᠵᠤᠶᠢᠯ ᠤᠨ | ᠵᠦᠪᠰᠢᠶᠡᠷᠡᠭᠰᠡᠨ ᠪᠠ ᠭᠡᠷᠡᠭᠵᠢᠭᠦᠯᠵᠦ ᠪᠠᠶᠢᠭ᠎ᠠ ᠪᠠᠶᠢᠳᠠᠯ︔ | 3. ᠤᠯᠠᠨ ᠨᠡᠶᠢᠳᠡ ᠶᠢᠨ ᠬᠤᠪᠢ ᠪᠡᠶ᠎ᠡ ᠪᠠ ᠡᠳ᠋ ᠭᠦᠷᠦᠩᠭᠡ ᠶᠢᠨ ᠠᠮᠤᠷ ᠲᠦᠪᠰᠢᠨ ᠢ ᠨᠦᠯᠦᠭᠡᠯᠡᠬᠦ | ᠡᠪᠡᠳᠴᠢᠨ ᠬᠢᠵᠢᠭ᠂ ᠭᠠᠢ ᠭᠠᠮᠰᠢᠭ ᠵᠡᠷᠭᠡ ᠭᠡᠨᠡᠳᠲᠡ ᠶᠢᠨ ᠬᠡᠷᠡᠭ ᠤᠴᠠᠷ ᠢ ᠠᠷᠭᠠᠴᠠᠭᠠᠬᠤ ᠲᠦᠰᠤᠯ᠂ | ᠰᠡᠷᠡᠮᠵᠢᠯᠡᠭᠦᠯᠭᠦ ᠴᠢᠮᠡᠭᠡ ᠵᠠᠩᠭᠢ ᠪᠠ ᠠᠷᠭᠠᠴᠠᠭᠠᠭᠰᠠᠨ ᠪᠠᠶᠢᠳᠠᠯ︔ | 4. ᠤᠷᠴᠢᠨ ᠲᠤᠭᠤᠷᠢᠨ ᠤ ᠬᠠᠮᠠᠭᠠᠯᠠᠯᠳᠠ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ᠂ ᠠᠶᠤᠯᠭᠦᠢ | ᠦᠢᠯᠡᠳᠪᠤᠷᠢᠯᠡᠭᠦ᠂ ᠢᠳᠡᠭᠡᠨ ᠤᠮᠳᠠᠭᠠᠨ᠂ ᠡᠮ ᠤᠨ ᠲᠦᠷᠦᠯ᠂ ᠲᠠᠸᠠᠷ ᠤᠨ ᠴᠢᠨᠠᠷ ᠴᠢᠨᠰᠠᠭ᠎ᠠ ᠶᠢᠨ ᠭᠢᠨᠠᠨ | ᠬᠠᠮᠢᠶᠠᠷᠤᠯᠳᠠ ᠶᠢ ᠪᠠᠶᠢᠴᠠᠭᠠᠭᠰᠠᠨ ᠪᠠᠶᠢᠳᠠᠯ︔ | 5. ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠨᠡᠶᠢᠭᠡᠮ ᠳᠤ ᠭᠦᠢᠴᠡᠳᠭᠡᠬᠦ ᠪᠠᠷ ᠠᠮᠠᠯᠠᠭᠰᠠᠨ ᠲᠦᠷᠦᠯ ᠵᠤᠶᠢᠯ ᠪᠠ | ᠭᠦᠢᠴᠡᠳᠭᠡᠭᠰᠡᠨ ᠪᠠᠶᠢᠳᠠᠯ︔ | 6. ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠤᠭᠡᠨ ᠪᠠᠶᠢᠭᠤᠯᠤᠯᠳᠠ ᠶᠢᠨ ᠪᠠᠶᠢᠳᠠᠯ︔ | 7. ᠵᠠᠰᠠᠭ ᠵᠠᠭᠢᠷᠭᠠᠨ ᠤ ᠠᠵᠢᠯ ᠦᠢᠯᠡᠰ ᠤᠨ ᠴᠢᠨᠠᠷᠳᠠᠢ ᠰᠤᠶᠢᠳᠭᠡᠯ ᠬᠤᠷᠢᠶᠠᠬᠤ ᠲᠦᠷᠤᠯ ᠵᠤᠶᠢᠯ᠂ | ᠦᠨᠳᠤᠰᠤᠯᠡᠯ᠂ ᠪᠠᠷᠢᠮᠵᠢᠶ᠎ᠠ᠃ | ︵ᠭᠤᠷᠪᠠ︶ ᠤᠯᠠᠨ ᠨᠡᠶᠢᠳᠡ ᠶᠢᠨ ᠪᠡᠯᠡ ᠮᠦᠩᠭᠦ ᠶᠢ ᠭᠡᠷᠡᠭᠯᠡᠭᠦ ᠪᠠ ᠭᠢᠨᠠᠯᠳᠠ ᠲᠠᠯᠪᠢᠬᠤ ᠲᠠᠯ᠎ᠠ ᠪᠠᠷ | 1. ᠵᠠᠰᠠᠭ ᠤᠨ ᠤᠨ ᠤ ᠡᠳ᠋ ᠤᠨ ᠵᠠᠰᠠᠭ ᠤᠨ ᠲᠦᠰᠤᠪ᠂ ᠲᠦᠰᠤᠪ ᠢᠶᠠᠨ ᠭᠦᠢᠴᠡᠳᠭᠡᠭᠰᠡᠨ ᠪᠠᠶᠢᠳᠠᠯ᠂ ᠡᠳ᠋ | ᠤᠨ ᠵᠠᠰᠠᠭ ᠤᠨ ᠴᠢᠬᠤᠯᠠ ᠲᠦᠷᠦᠯ ᠵᠤᠶᠢᠯ ᠳᠤ ᠪᠡᠯᠡ ᠮᠦᠩᠭᠦ ᠲᠤᠭᠢᠷᠠᠭᠤᠯᠤᠭᠰᠠᠨ ᠪᠠᠶᠢᠳᠠᠯ︔ | 2. ᠵᠠᠰᠠᠭ ᠠᠴᠠ ᠲᠦᠪᠯᠡᠷᠡᠭᠦᠯᠤᠨ ᠬᠤᠳᠠᠯᠳᠤᠨ ᠠᠪᠬᠤ ᠲᠦᠷᠦᠯ ᠵᠤᠶᠢᠯ᠂ ᠪᠠᠷᠢᠮᠵᠢᠶ᠎ᠠ ᠪᠠ ᠭᠡᠷᠡᠭᠵᠢᠭᠦᠯᠦᠭᠰᠡᠨ | ᠪᠠᠶᠢᠳᠠᠯ︔ | 3. ᠨᠡᠶᠢᠳᠡ ᠶᠢᠨ ᠡᠳ᠋ ᠤᠨ ᠵᠠᠰᠠᠭ ᠤᠨ ᠪᠡᠯᠡ ᠤᠷᠤᠭᠤᠯᠤᠨ ᠪᠦᠳᠤᠭᠡᠨ ᠪᠠᠶᠢᠭᠤᠯᠤᠯᠳᠠ ᠭᠢᠭᠦ ᠲᠦᠷᠦᠯ | ᠵᠤᠶᠢᠯ ᠤᠨ ᠢᠯᠡ ᠪᠠᠷ ᠲᠠᠭᠠᠭᠠᠴᠢᠯᠠᠯᠳᠠ ᠵᠠᠷᠯᠠᠬᠤ᠂ ᠲᠠᠭᠠᠭᠠᠴᠢᠯᠠᠯᠳᠠ ᠤᠨᠤᠭᠰᠠᠨ ᠪᠠ ᠪᠦᠳᠤᠭᠡᠨ ᠪᠠᠶᠢᠭᠤᠯᠵᠦ | ᠪᠠᠶᠢᠭ᠎ᠠ ᠪᠠᠶᠢᠳᠠᠯ᠃ | ︵ᠲᠦᠷᠪᠡ︶ ᠵᠠᠰᠠᠭ ᠤᠨ ᠪᠠᠶᠢᠭᠤᠯᠤᠮᠵᠢ ᠪᠠ ᠠᠵᠢᠯᠳᠠᠨ ᠤ ᠶᠠᠪᠤᠳᠠᠯ ᠤᠨ ᠲᠠᠯ᠎ᠠ ᠪᠠᠷ | 1. ᠵᠠᠰᠠᠭ ᠤᠨ ᠪᠠᠶᠢᠭᠤᠯᠭ᠎ᠠ ᠨᠢᠭᠡᠴᠠ ᠶᠢᠨ ᠪᠠᠶᠢᠭᠤᠯᠤᠮᠵᠢ ᠶᠢᠨ ᠲᠤᠭᠢᠷᠠᠭᠤᠯᠤᠯᠳᠠ᠂ ᠠᠵᠢᠯ ᠤᠨ | ᠬᠤᠪᠢᠶᠠᠷᠢᠯᠠᠯᠳᠠ᠂ ᠠᠵᠢᠯᠯᠠᠬᠤ ᠭᠠᠵᠠᠷ᠂ ᠴᠢᠮᠡᠭᠡ ᠨᠡᠪᠳᠡᠷᠡᠯᠭᠡ ᠶᠢᠨ ᠭᠡᠯᠪᠡᠷᠢ ᠵᠷᠭᠡ︔ | 2. ᠵᠠᠰᠠᠭ ᠤᠨ ᠤᠳᠤᠷᠢᠳᠬᠤ ᠪᠠᠭ ᠤᠨ ᠪᠦᠷᠢᠯᠳᠤᠭᠦᠨ ᠪᠠ ᠠᠵᠢᠯ ᠤᠨ ᠬᠤᠪᠢᠶᠠᠷᠢᠯᠠᠯᠳᠠ ᠶᠢᠨ ᠪᠠᠶᠢᠳᠠᠯ︔ | 3. ᠠᠯᠪᠠᠳᠠᠨ ᠪᠠ ᠠᠯᠪᠠᠳᠠᠨ ᠢᠶᠠᠷ ᠯᠠᠪᠯᠠᠯᠳᠠ ᠪᠤᠯᠭᠠᠨ ᠬᠠᠮᠢᠶᠠᠷᠬᠤ ᠠᠵᠢᠯᠳᠠᠨ ᠡᠯᠰᠡᠭᠦ ᠰᠢᠯᠭᠠᠯᠳᠠ᠂ ᠡᠯᠰᠡᠨ | ᠭᠡᠷᠡᠭᠯᠡᠭᠦ ᠪᠠ ᠢᠯᠡ ᠪᠠᠷ ᠰᠤᠩᠭᠤᠨ ᠲᠤᠮᠢᠯᠠᠬᠤ ᠺᠠᠳ᠋ᠷ ᠤᠨ ᠤᠷᠤᠨ ᠲᠤᠭ᠎ᠠ᠂ ᠨᠦᠭᠦᠴᠠᠯ᠂ ᠶᠠᠪᠤᠴᠠ᠂ ᠦᠷ᠎ᠠ | ᠳ᠋ᠦᠩ ᠵᠡᠷᠭᠡ ᠪᠠᠶᠢᠳᠠᠯ᠃ | ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠮᠦᠨᠡᠬᠢ ᠵᠤᠷᠪᠤᠰ ᠲᠤ ᠪᠤᠰᠤᠳ ᠲᠤᠭᠳᠠᠭᠠᠯ ᠲᠠᠢ ᠪᠤᠯ | ᠲᠤᠰ ᠲᠤᠭᠲᠠᠭᠠᠯ ᠢ ᠬᠡᠷᠡᠭᠵᠢᠭᠦᠯᠦᠨ᠎ᠡ᠃ | ᠨᠠᠢᠮᠠᠳᠤᠭᠠᠷ ᠵᠤᠷᠪᠤᠰ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠨᠢ ᠡᠷᠭᠡ ᠲᠤᠰᠢᠶᠠᠯ ᠤᠨ | ᠭᠡᠪᠴᠢᠶᠡᠨ ᠳᠡᠭᠡᠨ ᠰᠠᠨᠠᠭᠠᠴᠢᠯᠠᠭ᠎ᠠ ᠠᠴᠠ ᠪᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠪᠠᠨ ᠢᠯᠡ ᠪᠤᠯᠭᠠᠬᠤ ᠶᠢᠨ | ᠬᠠᠮᠳᠤ ᠲᠤᠤᠷᠠᠭᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠪᠠᠨ ᠭᠤᠤᠯᠳᠠᠯᠭ᠎ᠠ ᠲᠠᠢ ᠪᠠᠷ ᠢᠯᠡ ᠪᠤᠯᠭᠠᠨ᠎ᠠ᠄ | ︵ᠨᠢᠭᠡ︶ ᠭᠦᠳᠡᠭᠡ ᠲᠤᠰᠬᠤᠨ ᠤ ᠠᠵᠢᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠡᠯ᠎ᠡ ᠲᠦᠷᠦᠯ ᠤᠨ ᠲᠤᠰᠬᠠᠢ ᠵᠠᠷᠤᠳᠠᠯ ᠮᠦᠩᠭᠦ | ᠤᠨ ᠬᠠᠮᠢᠶᠠᠷᠤᠯᠳᠠ ᠪᠠ ᠵᠠᠷᠤᠴᠠᠭᠤᠯᠤᠭᠰᠠᠨ ᠪᠠᠶᠢᠳᠠᠯ︔ | ︵ᠭᠤᠷᠪᠠ︶ ᠭᠠᠵᠠᠷ ᠨᠤᠳᠤᠭ ᠤᠨ ᠶᠡᠷᠦᠩᠭᠡᠢ ᠲᠦᠯᠦᠪᠵᠢᠭᠦᠯᠭᠡ ᠶᠢᠨ ᠪᠠᠶᠢᠳᠠᠯ︔ | ︵ᠲᠦᠷᠪᠡ︶ ᠭᠠᠵᠠᠷ ᠰᠢᠷᠤᠢ ᠶᠢ ᠠᠯᠪᠠᠨ ᠳᠤ ᠲᠠᠳᠠᠪᠤᠷᠢᠯᠠᠬᠤ᠂ ᠭᠡᠷ ᠪᠠᠶᠢᠰᠢᠩ ᠢ ᠨᠤᠷᠠᠭᠠᠨ ᠨᠡᠭᠦᠯᠭᠡᠭᠦ ᠵᠡᠷᠭᠡ | ᠶᠢᠨ ᠨᠦᠭᠦᠪᠤᠷᠢ᠂ ᠲᠤᠰᠠᠯᠠᠬᠤ ᠵᠠᠷᠤᠳᠠᠯ ᠢ ᠭᠠᠷᠳᠠᠭᠤᠯᠤᠭᠰᠠᠨ᠂ ᠭᠡᠷᠡᠭᠯᠡᠭᠰᠡᠨ ᠪᠠᠶᠢᠳᠠᠯ︔ | ︵ᠲᠠᠪᠤ︶ ᠠᠪᠤᠴᠠᠭ᠎ᠠ ᠦᠭᠴᠡᠭᠡ᠂ ᠪᠡᠯᠡ ᠮᠦᠩᠭᠦ ᠭᠦᠳᠠᠯᠮᠤᠷᠢ ᠭᠦᠴᠤᠨ ᠴᠤᠭᠯᠠᠭᠤᠯᠬᠤ ᠪᠠᠶᠢᠳᠠᠯ︔ | | ︵ᠵᠢᠷᠭᠤᠭ᠎ᠠ︶ ᠠᠶᠤᠯ ᠭᠠᠮᠰᠢᠭ ᠠᠴᠠ ᠠᠪᠤᠷᠠᠬᠤ᠂ ᠤᠨᠴᠠ ᠲᠡᠳᠭᠦᠮᠵᠢ᠂ ᠨᠡᠶᠢᠭᠡᠮ ᠤᠨ ᠲᠤᠰᠠᠯᠠᠮᠵᠢ ᠵᠡᠷᠭᠡ | ᠮᠦᠩᠭᠦ ᠪᠤᠳᠠᠰ ᠢ ᠭᠠᠷᠳᠠᠭᠤᠯᠤᠭᠰᠠᠨ ᠪᠠᠶᠢᠳᠠᠯ︔ | ︵ᠲᠤᠯᠤᠭ᠎ᠠ︶ ᠲᠦᠯᠦᠪᠯᠡᠭᠡᠳᠤ ᠦᠷᠡᠵᠢᠯ ᠤᠨ ᠲᠦᠷᠦ ᠶᠢᠨ ᠪᠤᠳᠤᠯᠭ᠎ᠠ ᠶᠢ ᠭᠦᠢᠴᠡᠳᠭᠡᠭᠰᠡᠨ ᠪᠠᠶᠢᠳᠠᠯ᠃ | ᠶᠢᠰᠤᠳᠤᠭᠡᠷ ᠵᠤᠷᠪᠤᠰ ᠵᠠᠰᠠᠭ ᠤᠨᠪᠠᠶᠢᠭᠤᠯᠤᠯᠭᠠ ᠨᠢᠭᠡᠴᠠ ᠨᠢ ᠲᠤᠤᠷᠠᠭᠢ ᠮᠡᠳᠤ ᠤᠯᠠᠨ ᠨᠡᠶᠢᠲᠡ ᠶᠢᠨ | ᠠᠰᠢᠭ ᠲᠤᠰᠠ ᠬᠤᠯᠪᠤᠭᠳᠠᠬᠤ ᠨᠡᠶᠢᠭᠡᠮ ᠨᠡᠶᠢᠲᠡ ᠳᠤ ᠴᠢᠬᠤᠯᠠ ᠨᠦᠯᠦᠭᠡ ᠲᠠᠢ ᠬᠡᠷᠡᠭ ᠤᠴᠢᠷ ᠢ ᠲᠤᠭᠳᠠᠭᠠᠬᠤ | ᠶᠠᠪᠤᠴᠠ ᠳᠠᠭᠠᠨ᠂ ᠨᠤᠤᠷᠠᠭᠯᠠᠬᠤ ᠪᠠᠶᠢᠭᠤᠯᠭ᠎ᠠ ᠨᠢᠭᠡᠴᠠ ᠪᠠ ᠲᠤᠭᠳᠠᠭᠠᠬᠤ ᠪᠠᠶᠢᠭᠤᠯᠤᠯᠭ᠎ᠠ ᠨᠢ ᠭᠡᠷᠡᠴᠢᠯᠡᠯᠲᠡ | ᠰᠤᠨᠤᠰᠬᠤ ᠬᠤᠷᠠᠯ᠂ ᠨᠤᠳᠠᠯᠠᠬᠤ ᠬᠤᠷᠠᠯ ᠪᠤᠶᠤ ᠴᠢᠮᠡᠭᠡ ᠵᠠᠭᠤᠴᠢᠯᠠᠯ ᠢᠶᠠᠷ ᠲᠠᠮᠵᠢᠨ ᠢᠯᠡ ᠪᠠᠷ ᠰᠠᠨᠠᠯ ᠬᠤᠷᠢᠶᠠᠬᠤ | ᠵᠡᠷᠭᠡ ᠭᠡᠯᠪᠡᠷᠢ ᠪᠠᠷ᠂ ᠨᠡᠶᠢᠭᠡᠮ ᠲᠡᠭᠡᠷ᠎ᠡ ᠢᠯᠡ ᠨᠡᠶᠢᠳᠡᠯᠡᠭᠦ᠂ ᠤᠯᠠᠨ ᠲᠦᠮᠡᠨ ᠤ ᠰᠠᠨᠠᠯ ᠢ ᠭᠦᠢᠴᠠᠳ ᠰᠤᠨᠤᠰᠪᠡᠯ | ᠵᠤᠭᠢᠰᠳᠠᠢ᠃ | ︵ᠨᠢᠭᠡ︶ ᠲᠤᠰ ᠲᠤᠭᠤᠷᠢᠭ ᠤᠨ ᠠᠵᠦ ᠠᠬᠤᠢ᠂ ᠰᠢᠨᠵᠢᠯᠡᠭᠡ ᠮᠡᠷᠭᠡᠵᠢᠯ᠂ ᠰᠤᠶᠤᠯ ᠪᠤᠯᠤᠨ ᠨᠡᠶᠢᠭᠡᠮ ᠤᠨ | ᠦᠷᠭᠦᠯᠵᠢᠳᠡ ᠶᠢᠨ ᠬᠦᠭᠵᠢᠯᠳᠡ ᠶᠢᠨ ᠰᠢᠢᠳᠪᠤᠷᠢᠳᠤ ᠪᠤᠳᠤᠯᠭ᠎ᠠ ᠪᠤᠯᠤᠨ ᠲᠦᠯᠦᠪᠵᠢᠭᠦᠯᠭᠡ ᠲᠦᠯᠦᠪᠯᠡᠭᠡ︔ | ︵ᠬᠤᠶᠠᠷ︶ ᠬᠤᠳᠠ ᠶᠢᠨ ᠲᠦᠯᠦᠪᠵᠢᠭᠦᠯᠭᠡ ᠪᠤᠯᠤᠨ ᠪᠦᠳᠤᠭᠡᠨ ᠪᠠᠶᠢᠭᠤᠯᠤᠯᠳᠠ ᠶᠢᠨ ᠭᠦᠨᠳᠤ ᠴᠢᠬᠤᠯᠠ | ᠶᠠᠪᠤᠳᠠᠯ ᠤᠳ︔ | ︵ᠭᠤᠷᠪᠠ︶ ᠰᠤᠷᠭᠠᠨ ᠭᠦᠮᠤᠵᠢᠯ᠂ ᠡᠮ ᠡᠮᠨᠡᠯᠭᠡ ᠪᠤᠯᠤᠨ ᠤᠰᠤ ᠂ ᠴᠠᠭᠢᠯᠭᠠᠨ ᠂ ᠠᠭᠤᠷ ᠂ ᠬᠤᠳᠠ ᠶᠢᠨ | ᠵᠠᠮ ᠬᠠᠷᠢᠯᠴᠠᠭ᠎ᠠ ᠵᠡᠷᠭᠡ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ ᠪᠦᠭᠡᠳ ᠮᠠᠨ ᠤ | ᠲᠤᠭᠤᠷᠢᠭ ᠤᠨ ᠰᠤᠶᠢᠳᠭᠡᠯ ᠬᠤᠷᠢᠶᠠᠬᠤ ᠪᠠᠷᠢᠮᠵᠢᠶ᠎ᠠ ᠶᠢ ᠲᠤᠬᠢᠷᠠᠭᠤᠯᠤᠯᠳᠠ ᠬᠢᠭᠦ ᠭᠡᠪᠴᠢᠶᠡᠨ ᠳᠤ ᠪᠠᠶᠢᠭ᠎ᠠ ᠵᠤᠶᠢᠯ | ᠤᠳ︔ | ︵ᠲᠦᠷᠪᠡ︶ ᠤᠷᠴᠢᠨ ᠲᠤᠭᠤᠷᠢᠨ ᠢ ᠬᠠᠮᠠᠭᠠᠯᠠᠬᠤ ᠪᠠ ᠬᠦᠮᠦᠨ ᠪᠠᠶᠢᠭᠠᠯᠢ ᠶᠢᠨ ᠡᠷᠦᠬᠡ ᠶᠢᠨ ᠡᠵᠡᠨ | ᠵᠣᠬᠢᠴᠠᠯ ᠲᠠᠢ ᠭᠦᠭᠵᠢᠭᠦ ᠲᠠᠯ᠎ᠠ ᠪᠠᠷ ᠬᠢ ᠲᠦᠷᠦ ᠶᠢᠨ ᠪᠤᠳᠤᠯᠭ᠎ᠠ ︔ | ︵ᠲᠠᠪᠤ︶ ᠬᠠᠤᠯᠢ ᠶᠤᠰᠤᠭᠠᠷ ᠭᠡᠷᠡᠴᠢᠯᠡᠯᠳᠡ ᠰᠤᠨᠤᠰᠬᠤ ᠬᠤᠷᠠᠯ᠂ ᠨᠤᠳᠠᠯᠠᠬᠤ ᠬᠤᠷᠠᠯ ᠪᠤᠶᠤ ᠪᠤᠰᠤᠳ ᠠᠷᠭ᠎ᠠ | ᠠᠪᠴᠠᠯ ᠢᠶᠠᠷ ᠲᠠᠮᠵᠢᠨ ᠢᠯᠡ ᠰᠠᠨᠠᠯ ᠬᠤᠷᠢᠶᠠᠬᠤ ᠵᠤᠶᠢᠯ ᠤᠳ᠃ | ᠠᠷᠪᠠᠳᠤᠭᠠᠷ ᠵᠤᠷᠪᠤᠰ ᠲᠤᠤᠷᠠᠭᠢ ᠬᠤᠯᠪᠤᠭᠳᠠᠯ ᠪᠦᠭᠦᠢ ᠠᠭᠤᠯᠭ᠎ᠠ ᠲᠠᠢ ᠵᠠᠰᠠᠭ ᠤᠨ ᠴᠢᠮᠡᠭᠡ ᠵᠠᠩᠭᠢ ᠶᠢ | ᠢᠯᠡ ᠪᠤᠯᠭᠠᠬᠤ ᠦᠭᠡᠢ᠄ | ︵ᠨᠢᠭᠡ︶ ᠤᠯᠤᠰ ᠤᠨ ᠨᠢᠭᠤᠴᠠ ᠳᠤ ᠬᠠᠷᠢᠶᠠᠯᠠᠭᠳᠠᠬᠤ︔ | ︵ᠬᠤᠶᠠᠷ︶ ᠬᠤᠳᠠᠯᠳᠤᠭᠠᠨ ᠤ ᠨᠢᠭᠤᠴᠠ ᠪᠤᠶᠤ ᠬᠤᠪᠢ ᠶᠢᠨ ᠨᠢᠭᠤᠴᠠ ᠳᠤ ᠬᠤᠯᠪᠤᠭᠳᠠᠬᠤ︔ | ︵ᠭᠤᠷᠪᠠ︶ ᠶᠠᠭ ᠪᠠᠶᠢᠴᠠᠭᠠᠬᠤ᠂ ᠰᠤᠳᠤᠯᠬᠤ᠂ ᠰᠢᠢᠳᠪᠤᠷᠢᠯᠡᠭᠦ ᠶᠠᠪᠤᠴᠠ ᠳᠤ ᠪᠠᠶᠢᠭ᠎ᠠ ᠪᠠ ᠬᠠᠮᠢᠶᠠᠷᠤᠯᠳᠠ | ᠶᠢᠨ ᠪᠠᠶᠢᠳᠠᠯ ᠲᠤᠭᠳᠠᠭᠤᠨ ᠪᠤᠰᠤ ᠴᠤ ᠬᠠᠤᠯᠢ ᠴᠠᠭᠠᠵᠠ᠂ ᠬᠠᠤᠯᠢ ᠲᠦᠷᠢᠮ ᠪᠤᠯᠤᠨ ᠲᠤᠰ ᠲᠤᠭᠳᠠᠭᠠᠯ ᠠᠴᠠ | ᠠᠰᠳᠠᠭᠠᠨ ᠲᠤᠭᠳᠠᠭᠠᠭᠰᠠᠨ ᠠᠴᠠ ᠪᠤᠰᠤᠳ︔ | ︵ᠲᠦᠷᠪᠡ︶ ᠵᠠᠰᠠᠭ ᠤᠨ ᠪᠠᠶᠢᠭᠤᠯᠭ᠎ᠠ ᠨᠢᠭᠡᠴᠡ ᠨᠢ ᠪᠤᠳᠠᠳᠠᠢ ᠵᠠᠰᠠᠭ ᠵᠠᠭᠢᠷᠭᠠᠨ ᠤ ᠠᠵᠢᠯᠯᠠᠭ᠎ᠠ ᠠᠪᠬᠤ | ᠠᠴᠠ ᠡᠮᠦᠨ᠎ᠡ ᠢᠯᠡ ᠨᠡᠶᠢᠳᠡᠯᠡᠪᠡᠯ ᠤᠯᠤᠰ ᠪᠤᠯᠤᠨ ᠨᠡᠶᠢᠭᠡᠮ ᠨᠡᠶᠢᠳᠡ ᠶᠢᠨ ᠠᠰᠢᠭ ᠲᠤᠰᠠ ᠶᠢ ᠨᠦᠯᠦᠭᠡᠯᠡᠵᠦ ᠮᠡᠳᠡᠭᠦ | ︔ | ︵ᠲᠠᠪᠤ︶ ᠬᠠᠤᠯᠢ ᠴᠠᠭᠠᠵᠠ᠂ ᠬᠠᠤᠯᠢ ᠲᠦᠷᠢᠮ ᠠᠴᠠ ᠢᠯᠡ ᠨᠡᠶᠢᠳᠡᠯᠡᠭᠦ ᠶᠢ ᠬᠤᠷᠢᠭᠯᠠᠭᠰᠠᠨ ᠪᠤᠰᠤᠳ | ᠪᠠᠶᠢᠳᠠᠯ︔ | ᠲᠤᠰ ᠵᠤᠷᠪᠤᠰ ᠤᠨ ︵ᠬᠤᠶᠠᠷ︶ ᠳ᠋ᠤᠭᠠᠷ ᠲᠤ ᠵᠢᠬᠰᠠᠭᠠᠭᠰᠠᠨ ᠵᠠᠰᠠᠭ ᠤᠨ ᠴᠢᠮᠡᠭᠡ ᠵᠠᠩᠭᠢ ᠳᠤ ᠲᠤᠤᠷᠠᠭᠢ | ᠵᠤᠶᠢᠯ ᠤᠨ ᠨᠢᠭᠡ ᠵᠤᠶᠢᠯ ᠨᠢ ᠪᠠᠶᠢᠪᠠᠯ ᠢᠯᠡ ᠨᠡᠶᠢᠳᠡᠯᠡᠭᠦ ᠶᠢ ᠭᠢᠵᠠᠭᠠᠷᠯᠠᠬᠤ ᠶᠢ ᠭᠦᠯᠢᠶᠡᠭᠦ ᠦᠭᠡᠢ ᠳᠤ ᠪᠤᠯᠤᠨ᠎ᠠ᠄ | ︵ᠨᠢᠭᠡ︶ ᠡᠷᠭᠡ ᠠᠰᠢᠭᠳᠤ ᠭᠦᠮᠤᠨ ᠪᠤᠶᠤ ᠬᠠᠮᠢᠶ᠎ᠠ ᠪᠦᠭᠦᠢ ᠭᠡᠷᠡᠭᠳᠡᠨ ᠢᠯᠡ ᠨᠡᠶᠢᠳᠡᠯᠡᠭᠦ ᠶᠢ ᠵᠦᠪᠰᠢᠶᠡᠷᠡᠭᠰᠡᠨ | ︔ | ︵ᠬᠤᠶᠠᠷ︶ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠳᠠᠭᠠᠯ ᠢᠶᠠᠷ ᠵᠦᠪᠰᠢᠶᠡᠷᠡᠭᠰᠡᠨ ᠪᠤᠶᠤ ᠵᠠᠪᠠᠯ | ᠢᠯᠡ ᠨᠡᠶᠢᠳᠡᠯᠡᠭᠦ︔ | ᠲᠤᠰ ᠵᠤᠷᠪᠤᠰ ᠤᠨ ︵ᠭᠤᠷᠪᠠ︶᠂ ︵ᠲᠦᠷᠪᠡ︶ ᠳ᠋ᠤᠭᠠᠷ ᠲᠤ ᠵᠢᠬᠰᠠᠭᠠᠭᠳᠠᠭᠰᠠᠨ ᠵᠠᠰᠠᠭ ᠤᠨ ᠶᠠᠪᠤᠳᠠᠯ ᠤᠨ | ᠴᠢᠮᠡᠭᠡ ᠵᠠᠩᠭᠢ ᠨᠢ ᠭᠡᠷᠪᠡ ᠢᠯᠡ ᠲᠤᠳᠤᠷᠬᠠᠢ ᠤᠯᠠᠨᠨᠡᠶᠢᠳᠡ ᠳᠤ ᠠᠰᠢᠭ ᠲᠤᠰᠠᠳᠠᠢ᠂ ᠢᠯᠡ ᠪᠤᠯᠭᠠᠭᠰᠠᠨ ᠴᠤ | ᠪᠤᠳᠠᠳᠠᠢ ᠬᠤᠭᠢᠷᠠᠯ ᠤᠴᠠᠷᠠᠭᠤᠯᠬᠤ ᠦᠭᠡᠢ ᠪᠤᠯ ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠢᠯᠡ ᠪᠤᠯᠭᠠᠪᠠᠯᠯ | ᠵᠤᠭᠢᠨ᠎ᠠ᠃ | ᠠᠷᠪᠠᠨ ᠨᠢᠭᠡᠳᠤᠭᠡᠷ ᠵᠤᠷᠪᠤᠰ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠴᠢᠮᠡᠭᠡ ᠵᠠᠩᠭᠢ | ᠶᠢ ᠨᠡᠶᠢᠳᠡᠯᠡᠬᠦ ᠳᠤ ᠨᠢᠭᠤᠴᠠ ᠶᠢ ᠬᠠᠮᠠᠭᠠᠯᠠᠬᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠵᠢᠭᠦᠯᠪᠡᠯ ᠵᠤᠭᠢᠨ᠎ᠠ᠃ | ᠭᠢᠨᠠᠬᠤ ᠶᠠᠪᠤᠴᠠ ᠪᠠ ᠬᠠᠷᠢᠭᠤᠴᠠᠯᠭ᠎ᠠ ᠶᠢ ᠲᠤᠳᠤ ᠪᠤᠯᠭᠠᠨ᠎ᠠ᠃ | ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ | ᠠᠴᠠ ᠡᠮᠦᠨ᠎ᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ | ᠬᠠᠤᠯᠢ︾ ᠵᠢᠴᠢ ᠪᠤᠰᠤᠳ ᠬᠠᠤᠯᠢ ᠴᠠᠭᠠᠵᠠ᠂ ᠬᠠᠤᠯᠢ ᠲᠦᠷᠢᠮ ᠪᠠ ᠤᠯᠤᠰ ᠤᠨ ᠬᠠᠮᠢᠶ᠎ᠠ ᠪᠦᠭᠦᠢ ᠲᠤᠭᠳᠠᠭᠠᠯ ᠢ | ᠦᠨᠳᠤᠰᠤᠯᠡᠨ ᠢᠯᠡ ᠪᠤᠯᠭᠠᠬᠤ ᠪᠠᠷ ᠲᠦᠰᠦᠪᠯᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠭᠢᠨᠠᠨ | ᠰᠢᠯᠭᠠᠪᠠᠯ ᠵᠤᠭᠢᠨ᠎ᠠ᠃ | ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ | ᠡᠰᠡᠭᠦ ᠶᠢ ᠲᠤᠭᠳᠠᠭᠠᠵᠦ ᠴᠢᠳᠠᠬᠤ ᠦᠭᠡᠢ ᠦᠶᠡᠰ᠂ ᠬᠠᠤᠯᠢ ᠴᠠᠭᠠᠵᠠ᠂ ᠬᠠᠤᠯᠢ ᠲᠦᠷᠢᠮ ᠪᠠ ᠤᠯᠤᠰ ᠤᠨ ᠬᠠᠮᠢᠶ᠎ᠠ | ᠪᠦᠭᠦᠢ ᠲᠤᠭᠳᠠᠭᠠᠯ ᠶᠤᠰᠤᠭᠠᠷ ᠬᠤᠯᠪᠤᠭᠳᠠᠯ ᠪᠦᠭᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠳᠠᠯᠢ ᠲᠡᠰ | ᠤᠨ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ ᠮᠦᠴᠢᠷ ᠲᠤ ᠮᠡᠳᠡᠭᠦᠯᠤᠨ ᠲᠤᠭᠳᠠᠭᠠᠪᠠᠯ ᠵᠤᠭᠢᠨ᠎ᠠ᠃ | ᠠᠷᠪᠠᠨ ᠬᠤᠶᠠᠳᠤᠭᠠᠷ ᠵᠤᠷᠪᠤᠰ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠨᠡᠶᠢᠳᠡᠯᠡᠵᠦ ᠪᠦᠭᠦᠢ ᠵᠠᠰᠠᠭ | ᠤᠨ ᠶᠠᠪᠤᠳᠠᠯ ᠤᠨ ᠴᠢᠮᠡᠭᠡ ᠵᠠᠩᠭᠢ ᠪᠠᠨ ᠴᠠᠭ ᠲᠤᠬᠠᠢ ᠳᠤᠨᠢ᠂ ᠤᠨᠤᠪᠴᠢᠳᠠᠢ ᠪᠠᠶᠢᠬᠤ ᠶᠢ ᠪᠠᠳᠤᠯᠠᠪᠠᠯ ᠵᠤᠭᠢᠨ᠎ᠠ᠃ | ᠨᠡᠶᠢᠳᠡᠯᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠠᠭᠤᠯᠭ᠎ᠠ ᠳᠤ ᠬᠤᠪᠢᠷᠠᠯᠳᠠ ᠭᠠᠷᠪᠠᠯ ᠴᠠᠭ ᠲᠤᠬᠠᠢ | ᠳᠤᠨᠢ ᠰᠢᠨᠡᠴᠢᠯᠡᠵᠦ ᠦᠭᠭᠦᠨ᠎ᠡ᠃ | ᠨᠡᠶᠢᠭᠡᠮ ᠤᠨ ᠲᠤᠭᠳᠠᠭᠤᠨ ᠪᠠ ᠨᠡᠶᠢᠭᠡᠮ ᠤᠨ ᠬᠠᠮᠢᠶᠠᠷᠤᠯᠳᠠ ᠤᠨ ᠡᠮᠭᠢ ᠲᠢᠭᠯᠢᠮ ᠢ ᠰᠠᠮᠠᠭᠤᠷᠠᠭᠤᠯᠬᠤ ᠪᠤᠶᠤ | ᠰᠠᠮᠠᠭᠤᠷᠠᠭᠤᠯᠵᠤ ᠮᠡᠳᠡᠬᠦ ᠬᠤᠳᠠᠯ ᠬᠠᠭᠤᠷᠮᠠᠭ ᠪᠤᠶᠤ ᠪᠦᠷᠢᠨ ᠭᠦᠢᠴᠠᠳ ᠪᠤᠰᠤ ᠴᠢᠮᠡᠭᠡ ᠵᠠᠩᠭᠢ ᠪᠠᠶᠢᠬᠤ ᠶᠢ ᠮᠡᠳᠡᠪᠡᠯ | ᠂ ᠬᠠᠷᠢᠭᠤᠴᠠᠯᠭ᠎ᠠ ᠶᠢᠨ ᠭᠡᠪᠴᠢᠶᠡᠨ ᠲᠤᠳᠤᠷ᠎ᠠ ᠪᠠᠨ ᠵᠦᠪ ᠤᠨᠤᠪᠴᠢᠳᠠᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ | ᠨᠡᠶᠢᠲᠡᠯᠡᠵᠦ ᠲᠤᠳᠤᠷᠬᠠᠶᠢᠯᠠᠵᠦ ᠦᠭᠭᠦᠪᠡᠯ ᠵᠤᠭᠢᠨ᠎ᠠ᠃ | ᠠᠷᠪᠠᠨ ᠭᠤᠷᠪᠠᠳᠤᠭᠠᠷ ᠵᠤᠷᠪᠤᠰ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ ᠳᠤ | ᠲᠤᠤᠷᠠᠭᠢ ᠨᠢᠭᠡ ᠵᠤᠶᠢᠯ ᠪᠤᠶᠤ ᠭᠡᠳᠤᠨ ᠵᠤᠶᠢᠯ ᠤᠨ ᠭᠡᠯᠪᠡᠷᠢ ᠪᠠᠷ ᠨᠡᠶᠢᠳᠡᠯᠡᠵᠦ ᠪᠤᠯᠤᠨ᠎ᠠ᠄ | ︵ᠨᠢᠭᠡ︶ ᠶᠤᠸᠠᠨ ᠪᠤᠤ ᠱᠠᠨ ᠲᠤᠭᠤᠷᠢᠭ ᠤᠨ ᠵᠠᠰᠠᠭ ᠤᠷᠳᠤᠨ ᠤ ᠰᠦᠯᠵᠢᠶ᠎ᠡ ᠵᠢᠴᠢ ᠪᠤᠰᠤᠳ ᠵᠠᠰᠠᠭ ᠤᠨ | ᠤᠷᠳᠤᠨ ᠤ ᠰᠠᠯᠠᠭ᠎ᠠ ᠮᠦᠴᠢᠷ᠂ ᠲᠤᠮᠢᠯᠠᠭᠰᠠᠨ ᠪᠠᠶᠢᠭᠤᠯᠤᠮᠵᠢ ᠶᠢᠨ ᠰᠦᠯᠵᠢᠶ᠎ᠡ︔ | ︵ᠬᠤᠶᠠᠷ︶ ᠰᠤᠨᠢᠨ ᠰᠡᠳᠭᠦᠯ᠂ ᠷᠠᠳᠢᠣ᠋ ᠨᠡᠪᠳᠡᠷᠡᠭᠦᠯᠭᠡ᠂ ᠲᠧᠯᠸᠢᠰ ᠵᠡᠷᠭᠡ︔ | ︵ᠭᠤᠷᠪᠠ︶ ᠲᠤᠭᠤᠷᠢᠭ ᠤᠨ ᠵᠠᠰᠠᠭ ᠵᠠᠭᠢᠷᠭᠠᠨ ᠤ ᠭᠢᠨᠠᠨ ᠵᠦᠪᠰᠢᠶᠡᠷᠡᠭᠦ ᠦᠢᠯᠡᠴᠢᠯᠡᠭᠡᠨ ᠤ ᠲᠦᠪ᠂ ᠲᠠᠩᠰᠠ | ᠡᠪᠭᠡᠮᠡᠯ ᠤᠨ ᠲᠤᠪᠴᠢᠶ᠎ᠠ ᠠᠴᠠ ᠲᠤᠭᠢᠷᠠᠭᠤᠯᠤᠭᠰᠠᠨ ᠦᠵᠡᠭᠦ ᠲᠠᠯᠠᠪᠤᠷ᠂ ᠴᠢᠮᠡᠭᠡ ᠵᠠᠩᠭᠢ ᠶᠢᠨ ᠵᠠᠷᠯᠠᠯ ᠤᠨ ᠴᠤᠩᠬᠤ᠂ | ᠡᠯᠧᠺᠲᠷᠤᠨ ᠲᠡᠯᠭᠡᠴᠡ᠂ ᠭᠦᠷᠦᠯᠴᠡᠭᠦ ᠲᠡᠯᠭᠡᠴᠡ ᠵᠡᠷᠭᠡ ᠲᠠᠯᠠᠪᠤᠷ ᠪᠤᠶᠤ ᠲᠦᠭᠦᠭᠡᠷᠤᠮᠵᠢ︔ | ︵ᠲᠦᠷᠪᠡ︶ ᠰᠤᠨᠢᠨ ᠮᠡᠳᠡᠭᠡ ᠵᠠᠷᠯᠠᠬᠤ ᠬᠤᠷᠠᠯ︔ | ︵ᠲᠠᠪᠤ︶ ᠦᠢᠯᠡᠴᠢᠯᠡᠭᠡᠨ ᠤ ᠤᠳᠠᠰᠤ︔ | ︵ᠵᠢᠷᠭᠤᠭ᠎ᠠ︶ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠤᠯᠠᠨ ᠳᠤ ᠴᠠᠭ ᠲᠤᠬᠠᠢ ᠳᠤᠨᠢ ᠤᠨᠤᠪᠴᠢᠳᠠᠢ | ᠪᠠᠷ ᠤᠯᠭᠤᠬᠤ ᠪᠤᠰᠤᠳ ᠲᠦᠷᠤᠯ ᠤᠨ ᠭᠡᠯᠪᠡᠷᠢ᠃ | ᠠᠷᠪᠠᠨ ᠲᠦᠷᠪᠡᠳᠤᠭᠡᠷ ᠵᠤᠷᠪᠤᠰ ᠵᠠᠰᠠᠭ ᠤᠨ ᠤᠷᠳᠤᠨ ᠤ ᠪᠠᠶᠢᠭᠤᠯᠤᠯᠭ᠎ᠠ ᠶᠢᠨ ᠤᠶᠢᠯᠡᠳᠦᠭᠰᠡᠨ ᠵᠠᠰᠠᠭ | ᠤᠨ ᠶᠠᠪᠤᠳᠠᠯ ᠤᠨ ᠴᠢᠮᠡᠭᠡ ᠵᠠᠩᠭᠢ ᠪᠠᠨ ᠦᠪᠡᠷᠳᠡᠭᠡᠨ ᠬᠠᠷᠢᠭᠤᠴᠠᠵᠦ ᠨᠡᠶᠢᠳᠡᠯᠡᠨ᠎ᠡ︔ ᠠᠷᠠᠳ ᠢᠷᠭᠡᠨ᠂ ᠬᠠᠤᠯᠢ | ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠠᠴᠠ ᠤᠯᠤᠭᠰᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ | ᠶᠢ ᠬᠠᠤᠯᠢ ᠪᠠᠷ ᠬᠠᠳᠠᠭᠠᠯᠠᠵᠦ ᠪᠠᠶᠢᠭ᠎ᠠ ᠲᠤᠰ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠬᠠᠷᠢᠭᠤᠴᠠᠵᠦ | ᠨᠡᠶᠢᠳᠡᠯᠡᠨ᠎ᠡ᠃ ᠬᠠᠤᠯᠢ ᠴᠠᠭᠠᠵᠠ᠂ ᠬᠠᠤᠯᠢ ᠲᠦᠷᠢᠮ ᠳᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠨᠡᠶᠢᠳᠡᠯᠡᠭᠦ | ᠡᠷᠭᠡ ᠳᠤ ᠪᠤᠰᠤᠳ ᠲᠤᠭᠳᠠᠭᠠᠯ ᠲᠠᠢ ᠪᠤᠯ ᠲᠡᠷᠡ ᠲᠤᠭᠳᠠᠭᠠᠯ ᠢ ᠨᠢ ᠲᠠᠭᠠᠨ᠎ᠠ᠃ | ᠠᠷᠪᠠᠨ ᠲᠠᠪᠤᠳᠤᠭᠠᠷ ᠵᠤᠷᠪᠤᠰ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠰᠠᠨᠠᠭᠠᠴᠢᠯᠠᠭ᠎ᠠ ᠠᠴᠠ ᠪᠠᠨ | ᠢᠯᠡ ᠨᠡᠶᠢᠳᠡᠯᠡᠭᠦ ᠭᠡᠪᠴᠢᠶᠠᠨ ᠳᠤ ᠪᠠᠶᠢᠭ᠎ᠠ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠪᠤᠢ ᠪᠤᠯᠤᠭᠰᠠᠨ ᠲᠠᠷᠤᠢ | ᠳᠤᠨᠢ ᠨᠡᠶᠢᠳᠡᠯᠡᠵᠦ᠂ ᠤᠨᠴᠠᠭᠠᠢ ᠰᠢᠯᠳᠠᠭᠠᠨ ᠠᠴᠠ ᠪᠤᠯᠵᠦ ᠨᠡᠶᠢᠳᠡᠯᠡᠵᠦ ᠲᠡᠶᠢᠯᠭᠦ ᠦᠭᠡᠢ ᠨᠢ ᠶᠢ20 ᠠᠵᠢᠯᠯᠠᠬᠤ | ᠡᠳᠤᠷ ᠠᠴᠠ ᠬᠤᠵᠢᠳ ᠨᠡᠶᠢᠳᠡᠯᠡᠵᠦ ᠪᠤᠯᠬᠤ ᠦᠭᠡᠢ᠃ ᠬᠠᠤᠯᠢ ᠴᠠᠭᠠᠵᠠ᠂ ᠬᠠᠤᠯᠢ ᠲᠦᠷᠢᠮ ᠳᠤ ᠴᠠᠭ | ᠬᠤᠭᠤᠴᠠᠭ᠎ᠠ ᠶᠢ ᠨᠢ ᠠᠰᠳᠠᠭᠠᠨ ᠲᠤᠭᠳᠠᠭᠠᠭᠰᠠᠨ ᠪᠠᠶᠢᠪᠠᠯ ᠲᠤᠰ ᠲᠤᠭᠳᠠᠭᠠᠯ ᠢ ᠨᠢ ᠲᠠᠭᠠᠨ᠎ᠠ᠃ | ᠠᠷᠪᠠᠨ ᠵᠢᠷᠭᠤᠳᠤᠭᠠᠷ ᠵᠤᠷᠪᠤᠰ ᠢᠯᠡ ᠪᠤᠯᠭᠠᠬᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠭᠦᠷᠭᠡᠨ | ᠦᠭᠭᠦ ᠲᠦᠷᠢᠮ ᠢ ᠭᠡᠷᠡᠭᠵᠢᠭᠦᠯᠤᠨ᠎ᠡ᠃ ᠰᠠᠨᠠᠭᠠᠴᠢᠯᠠᠭ᠎ᠠ ᠲᠠᠢ ᠪᠠᠷ ᠢᠯᠡ ᠨᠡᠶᠢᠳᠡᠯᠡᠭᠦ ᠭᠡᠪᠴᠢᠶᠡᠨ ᠳᠠᠬᠢ ᠵᠠᠰᠠᠭ ᠤᠨ | ᠶᠠᠪᠤᠳᠠᠯ ᠤᠨ ᠴᠢᠮᠡᠭᠡ ᠵᠠᠩᠭᠢ ᠳᠤ ᠬᠠᠷᠢᠶᠠᠯᠠᠭᠳᠠᠪᠠᠯ᠂ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠴᠠᠭᠠᠰᠤᠨ | ᠲᠤᠪᠭᠢᠮᠠᠯ᠂ ᠡᠯᠧᠺᠲᠷᠤᠨ ᠲᠤᠪᠭᠢᠮᠠᠯ ᠪᠠ ᠭᠦᠳᠤᠯᠪᠤᠷᠢ᠂ ᠭᠠᠷᠴᠠᠭ᠂ ᠤᠨ ᠤ ᠮᠡᠳᠡᠭᠦᠯᠤᠯᠳᠡ ᠵᠡᠷᠭᠡ ᠶᠢ ᠬᠠᠮᠳᠤ | ᠳᠤᠨᠢ ᠵᠠᠰᠠᠭ ᠤᠨ ᠤᠷᠳᠤᠨ ᠤ ᠴᠢᠮᠡᠭᠡ ᠵᠠᠩᠭᠢ ᠶᠢ ᠢᠯᠡ ᠪᠠᠷ ᠨᠡᠶᠢᠳᠡᠯᠡᠭᠦ ᠲᠠᠯᠠᠪᠤᠷ ᠲᠤ ᠭᠦᠷᠭᠡᠨ᠎ᠡ᠃ ᠭᠦᠷᠭᠡᠭᠰᠡᠨ | ᠴᠠᠭᠠᠰᠤᠨ ᠲᠤᠪᠭᠢᠮᠠᠯ ᠨᠢ ᠤᠤᠯ ᠨᠤᠤᠷᠠᠭ ᠪᠠᠶᠢᠵᠦ᠂ ᠡᠯᠧᠺᠲᠷᠤᠨ ᠲᠤᠪᠭᠢᠮᠠᠯ ᠨᠢ ᠬᠠᠮᠢᠶ᠎ᠠ ᠪᠦᠭᠦᠢ ᠡᠯᠧᠺᠲᠷᠤᠨ | ᠮᠠᠲ᠋ᠧᠷᠢᠶᠠᠯ ᠤᠨ ᠭᠡᠪ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ ᠭᠦᠳᠤᠯᠪᠤᠷᠢ᠂ ᠭᠠᠷᠴᠠᠭ᠂ ᠤᠨ ᠤ | ᠮᠡᠳᠡᠭᠦᠯᠤᠯᠳᠡ ᠶᠢᠨ ᠲᠤᠭ᠎ᠠ ᠪᠠᠷᠢᠮᠳᠠ ᠶᠢᠨ ᠪᠦᠳᠤᠴᠡ ᠨᠢ ᠴᠤ ᠬᠠᠮᠢᠶ᠎ᠠ ᠪᠦᠭᠦᠢ ᠱᠠᠭᠠᠷᠳᠠᠯᠭ᠎ᠠ ᠳᠤ ᠨᠡᠶᠢᠴᠡᠭᠦ | ᠭᠡᠷᠡᠭᠳᠠᠢ᠃ | ᠢᠯᠡ ᠪᠤᠯᠭᠠᠬᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠲᠤᠰᠢᠶᠠᠬᠤ ᠪᠠ ᠭᠦᠯᠢᠶᠡᠨ ᠠᠪᠬᠤ ᠭᠠᠷ | ᠭᠦᠢᠴᠡᠳᠭᠡᠯ ᠢ ᠴᠢᠩᠭ᠎ᠠ ᠭᠦᠢᠴᠡᠳᠭᠡᠨ᠎ᠡ᠃ ᠭᠤᠪᠢᠭᠤᠯᠬᠤ ᠪᠤᠶᠤ ᠢᠯᠡ ᠪᠤᠯᠭᠠᠬᠤ ᠵᠠᠰᠠᠭ ᠤᠨ ᠶᠠᠪᠤᠳᠠᠯ ᠤᠨ | ᠴᠢᠮᠡᠭᠡ ᠵᠠᠩᠭᠢ ᠶᠢ ᠰᠤᠯᠢᠯᠴᠠᠪᠠᠯ᠂ ᠭᠦᠷᠭᠡᠨ ᠦᠭᠭᠦ ᠪᠠᠶᠢᠭᠤᠯᠭ᠎ᠠ ᠨᠢ ᠡᠷᠭᠡᠪᠰᠢ ᠬᠤᠶᠠᠷ ᠬᠤᠪᠢ ᠠᠯᠪᠠᠨ ᠲᠠᠮᠠᠭ᠎ᠠ | ᠲᠠᠢ ᠭᠦᠷᠭᠡᠵᠦ᠂ ᠭᠦᠯᠢᠶᠡᠨ ᠠᠪᠤᠭᠰᠠᠨ ᠪᠠᠷᠢᠮᠳᠠ ᠶᠢ ᠲᠠᠭᠠᠯᠳᠤᠭᠤᠯᠬᠤ ᠭᠡᠷᠡᠭᠳᠠᠢ᠃ ᠭᠦᠯᠢᠶᠡᠨ ᠠᠪᠤᠭᠰᠠᠨ | ᠪᠠᠶᠢᠭᠤᠯᠭ᠎ᠠ ᠨᠢ ᠭᠦᠯᠢᠶᠡᠨ ᠠᠪᠴᠤ᠂ ᠠᠯᠳᠠᠭ᠎ᠠ ᠦᠭᠡᠢ ᠶᠢ ᠪᠠᠳᠤᠯᠠᠭᠰᠠᠨ ᠤ ᠬᠤᠶᠢᠨ᠎ᠠ᠂ ᠠᠯᠪᠠᠨ ᠲᠠᠮᠠᠭ᠎ᠠ | ᠲᠠᠷᠤᠭᠰᠠᠨ ᠪᠠᠷᠢᠮᠳᠠ ᠪᠠᠨ 5 ᠠᠵᠢᠯᠯᠠᠬᠤ ᠡᠳᠤᠷ ᠤᠨ ᠲᠤᠳᠤᠷ᠎ᠠ ᠭᠦᠷᠭᠡᠵᠦ ᠢᠷᠡᠭᠰᠡᠨ ᠪᠠᠶᠢᠭᠤᠯᠭ᠎ᠠ ᠳᠤ ᠲᠤᠰᠢᠶᠠᠨ᠎ᠠ | ᠃ ᠰᠦᠯᠵᠢᠶ᠎ᠡ ᠪᠠᠷ ᠲᠡᠮᠵᠢᠭᠤᠯᠤᠭᠰᠠᠨ ᠢ ᠪᠤᠯ ᠬᠤᠯᠪᠤᠭᠳᠠᠯ ᠪᠦᠭᠦᠢ ᠰᠢᠰᠲ᠋ᠧᠮ ᠳᠤ ᠨᠤᠳᠠᠯᠠᠨ᠎ᠠ᠃ | ᠠᠷᠪᠠᠨ ᠲᠤᠯᠤᠳᠤᠭᠠᠷ ᠵᠤᠷᠪᠤᠰ ᠵᠠᠰᠠᠭ ᠤᠨ ᠤᠷᠳᠤᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ | ᠰᠦᠯᠵᠢᠶ᠎ᠡ ᠵᠡᠷᠭᠡ ᠪᠠᠷ ᠲᠠᠮᠵᠢᠭᠤᠯᠵᠦ ᠲᠤᠰ ᠰᠠᠯᠠᠭ᠎ᠠ ᠮᠦᠴᠢᠷ ᠤᠨ ᠢᠶᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ | ᠶᠢ ᠢᠯᠡ ᠪᠤᠯᠭᠠᠬᠤ ᠶᠢ ᠭᠦᠳᠤᠯᠭᠦ ᠪᠠ ᠰᠠᠨᠠᠭᠠᠴᠢᠯᠠᠭ᠎ᠠ ᠠᠴᠠ ᠪᠠᠨ ᠨᠡᠶᠢᠳᠡᠯᠡᠭᠦ ᠭᠡᠪᠴᠢᠶᠡᠨ ᠤ ᠴᠢᠮᠡᠭᠡ ᠵᠠᠩᠭᠢ ᠶᠢᠨ | ᠭᠠᠷᠴᠠᠭ ᠢ ᠨᠡᠶᠢᠳᠡᠯᠡᠭᠦ ᠶᠢᠨ ᠬᠠᠮᠳᠤ ᠴᠠᠭ ᠲᠠᠷᠤᠢ ᠳᠤᠨᠢ ᠰᠢᠨᠡᠳᠭᠡᠨ ᠦᠭᠡᠷᠡᠴᠢᠯᠡᠨ᠎ᠡ᠃ |