ᠢᠯᠡ ᠪᠤᠯᠭᠠᠬᠤ ᠵᠦᠭᠯᠡᠬᠦᠷ
ᠨᠡᠶᠢᠲᠡᠯᠡᠭᠰᠡᠨ ᠴᠠᠭ᠄
2017/9/19
ᠶᠣᠸᠠᠨ ᠪᠣᠣ ᠱᠠᠨ ᠲᠣᠭᠤᠷᠢᠭ ᠎ ᠤᠨ   ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠵᠦᠭᠯᠡᠬᠦᠷ           ᠨᠢᠬᠡ᠂ ᠰᠠᠨᠠᠭᠠᠴᠢᠯᠠᠭ᠎ᠠ ᠲᠠᠢ ᠢᠯᠠ ᠪᠤᠯᠭᠠᠬᠤ     ︵ᠨᠢᠬᠡ︶ ᠢᠯᠠ ᠪᠤᠯᠭᠠᠬᠤ ᠬᠡᠪᠴᠢᠶ᠎ᠠ᠃ ᠲᠤᠰ ᠪᠠᠶᠢᠭᠤᠯᠤᠯᠭ᠎ᠠ ᠰᠠᠨᠠᠭᠠᠴᠢᠯᠠᠭ᠎ᠠ ᠲᠠᠢ ᠪᠠᠷ ᠨᠡᠶᠢᠬᠡᠮ ᠳᠤ ᠦᠨ᠎ᠡ ᠲᠦᠯᠦᠪᠦᠷᠢ ᠦᠬᠡᠢ ᠪᠠᠷ ᠢᠯᠡ ᠪᠤᠯᠭᠠᠬᠤ ᠰᠤᠷᠠᠭ ᠵᠠᠩᠬᠢ ᠶᠢᠨ ᠬᠡᠪᠴᠢᠶ᠎ᠠ ᠨᠢ ᠲᠤᠰ ᠪᠠᠶᠢᠭᠤᠯᠤᠯᠭ᠎ᠠ ᠶᠢᠨ ᠨᠠᠶᠢᠷᠠᠭᠤᠯᠤᠭᠰᠠᠨ ︽ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠰᠤᠷᠠᠭ ᠵᠠᠩᠬᠢ ᠶᠢ ᠢᠯᠠ ᠪᠤᠯᠭᠠᠬᠤ ᠭᠠᠷᠴᠠᠭ︾  ᠎ ᠪᠠᠷ ᠯᠠᠪᠯᠠᠯᠳᠠ ᠪᠤᠯᠭᠠᠨ᠎ᠠ᠃     ︵ᠬᠤᠶᠠᠷ︶ ᠢᠯᠠ ᠪᠤᠯᠭᠠᠬᠤ ᠬᠡᠯᠪᠡᠷᠢ᠃ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠰᠤᠷᠠᠭ ᠵᠠᠩᠬᠢ ᠶᠢ ᠲᠤᠰ ᠪᠠᠶᠢᠭᠤᠯᠤᠯᠭ᠎ᠠ ᠨᠢ ᠭᠤᠤᠯᠳᠠᠭᠤ ᠰᠦᠯᠵᠢᠶᠠᠨ ᠳᠤ ᠢᠯᠠ ᠨᠡᠶᠢᠳᠡᠯᠡᠨ᠎ᠡ᠂ ᠰᠦᠯᠵᠢᠶᠠᠨ ᠬᠠᠶ᠋ᠢᠭ ᠨᠢ  www.ybs.gov.cn᠃ ᠲᠤᠰ ᠪᠠᠶᠢᠭᠤᠯᠤᠯᠭ᠎ᠠ ᠨᠢ ᠪᠠᠰᠠ ᠷᠠᠳᠢᠤ᠋᠂ ᠲᠧᠯᠸᠢᠰ᠂ ᠰᠤᠨᠢᠨ᠂ ᠰᠡᠳᠬᠦᠯ ᠵᠡᠷᠬᠡ ᠵᠠᠭᠤᠴᠢᠯᠠᠭᠤᠷ ᠪᠤᠯᠤᠨ ᠬᠡᠪᠯᠡᠯ ᠲᠠᠷᠤᠮᠠᠯᠯᠠᠯ ᠮᠠᠲ᠋ᠧᠷᠢᠶᠠᠯ ᠢᠶᠠᠷ ᠲᠠᠮᠵᠢᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠠ ᠪᠤᠯᠭᠠᠨ᠎ᠠ᠃     ︵ᠭᠤᠷᠪᠠ︶ ᠢᠯᠠ ᠪᠤᠯᠭᠠᠬᠤ ᠴᠠᠭ ᠤᠨ ᠬᠢᠵᠠᠭᠠᠷ᠃ ᠲᠤᠰ ᠪᠠᠶᠢᠭᠤᠯᠤᠯᠭ᠎ᠠ ᠶᠢᠨ ᠨᠡᠷ᠎ᠠ ᠪᠠᠷ ᠨᠡᠶᠢᠳᠡᠯᠡᠭᠰᠡᠨ ᠵᠢᠴᠢ ᠲᠤᠰ ᠠᠯᠪᠠᠨ ᠪᠠᠶᠢᠭᠤᠯᠤᠯᠭ᠎ᠠ ᠨᠢ ᠭᠤᠤᠯᠯᠠᠨ ᠬᠦᠢᠴᠡᠳᠬᠡᠬᠦ ᠰᠠᠯᠠᠭ᠎ᠠ ᠮᠦᠴᠢᠷ ᠪᠤᠯᠵᠤ ᠪᠤᠰᠤᠳ ᠰᠠᠯᠠᠭ᠎ᠠ ᠮᠦᠴᠢᠷ ᠲᠠᠢ ᠬᠤᠯᠪᠤᠭᠠᠯᠠᠨ ᠲᠠᠷᠬᠠᠭᠠᠭᠰᠠᠨ ᠵᠠᠰᠠᠭ ᠤᠨ ᠤᠷᠳᠤᠨ ᠤ ᠢᠯᠠ ᠪᠤᠯᠭᠠᠬᠤ ᠰᠤᠷᠠᠭ ᠵᠠᠩᠬᠢ ᠶᠢ ᠨᠡᠶᠢᠳᠡᠯᠡᠭᠰᠡᠨ ᠡᠳᠦᠷ ᠠᠴᠠ ᠪᠤᠶᠤ ᠰᠢᠨᠡᠳᠬᠡᠭᠰᠡᠨ ᠡᠳᠦᠷ ᠠᠴᠠ 20 ᠠᠵᠢᠯᠯᠠᠬᠤ ᠡᠳᠦᠷ ᠤᠨ ᠲᠤᠳᠤᠷ᠎ᠠ ᠡᠮᠦᠨ᠎ᠠ ᠲᠤᠷᠠᠳᠤᠭᠰᠠᠨ ᠬᠡᠯᠪᠡᠷᠢ ᠪᠠᠷ ᠢᠯᠠ ᠪᠤᠯᠭᠠᠨ᠎ᠠ᠂ ᠤᠨᠴᠠᠭᠠᠢ ᠪᠠᠶᠢᠳᠠᠯ ᠲᠠᠢ ᠦᠶᠡᠰ᠂ ᠬᠠᠮᠤᠭ ᠤᠷᠤᠢ ᠳᠠᠭᠠᠨ ᠰᠤᠷᠠᠭ ᠵᠠᠩᠬᠢ ᠶᠢ ᠨᠡᠶᠢᠳᠡᠯᠡᠭᠰᠡᠨ ᠠᠴᠠ ᠲᠠᠷᠠᠭᠠᠬᠢ 30 ᠡᠳᠦᠷ ᠤᠨ ᠲᠤᠳᠤᠷ᠎ᠠ ᠢᠯᠠ ᠪᠤᠯᠭᠠᠨ᠎ᠠ᠃     ᠬᠤᠶᠠᠷ᠂ ᠭᠤᠶᠤᠴᠢᠯᠠᠭᠰᠠᠨ ᠶᠤᠰᠤᠭᠠᠷ ᠢᠯᠠ ᠪᠤᠯᠭᠠᠬᠤ᠃ ᠡᠷᠬᠡᠳᠦ ᠠᠷᠠᠳ᠂ ᠬᠠᠤᠯᠢ ᠶᠢᠨ ᠡᠷᠬᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠨᠢ ᠲᠤᠰ ᠪᠠᠶᠢᠭᠤᠯᠤᠯᠤᠭ᠎ᠠ ᠶᠢᠨ ᠰᠠᠨᠠᠭᠠᠴᠢᠯᠠᠭ᠎ᠠ ᠲᠠᠢ ᠨᠡᠶᠢᠳᠡᠯᠡᠭᠰᠡᠨ ᠠᠴᠠ ᠭᠠᠳᠠᠨᠠᠬᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠤᠯᠬᠤ ᠬᠡᠪᠡᠯ ᠲᠤᠰ ᠪᠠᠶᠢᠭᠤᠯᠤᠯᠭ᠎ᠠ ᠳᠤ ᠭᠤᠶᠤᠴᠢᠯᠠᠯ ᠭᠠᠷᠭᠠᠵᠤ ᠪᠤᠯᠤᠨ᠎ᠠ᠂ ᠲᠤᠰ ᠪᠠᠶᠢᠭᠤᠯᠤᠯᠭ᠎ᠠ ᠨᠢ ᠡᠵᠡᠮᠰᠢᠭᠰᠡᠨ ᠰᠤᠷᠠᠭ ᠵᠠᠩᠬᠢ ᠶᠢᠨ ᠪᠤᠳᠠᠳᠠᠢ ᠪᠠᠶᠢᠳᠠᠯ ᠢ ᠦᠨᠳᠦᠰᠦᠯᠡᠨ ᠬᠠᠩᠭᠠᠵᠤ᠂ ᠰᠤᠷᠠᠭ ᠵᠠᠩᠬᠢ ᠳᠤ ᠵᠠᠰᠠᠯᠳᠠ᠂ ᠪᠦᠷᠢᠳᠬᠡᠯ᠂ ᠰᠤᠳᠤᠯᠤᠯᠳᠠ᠂ ᠵᠠᠳᠠᠯᠤᠯᠳᠠ ᠪᠤᠶᠤ ᠪᠤᠰᠤᠳ ᠵᠠᠰᠠᠪᠤᠷᠢᠯᠠᠬᠤ ᠵᠦᠢᠯ ᠬᠢᠬᠦ ᠦᠬᠡᠢ᠃    ︵ᠨᠢᠬᠡ︶ ᠬᠦᠯᠢᠶᠡᠨ ᠠᠪᠴᠦ ᠬᠦᠢᠴᠡᠳᠬᠡᠬᠦ ᠪᠠᠶᠢᠭᠤᠯᠤᠮᠵᠢ᠃ ᠲᠤᠰ ᠪᠠᠶᠢᠭᠤᠯᠤᠯᠭ᠎ᠠ ᠨᠢ 2008 ᠤᠨ ᠤ 5 ᠰᠠᠷ᠎ᠠ ᠶᠢᠨ1᠎ ᠤ ᠡᠳᠦᠷ ᠠᠴᠠ ᠡᠬᠢᠯᠡᠨ ᠵᠢᠩᠬᠢᠨᠢ ᠪᠠᠷ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠭᠤᠶᠤᠴᠢᠯᠠᠯ ᠢ ᠬᠦᠯᠢᠶᠡᠨ ᠠᠪᠴᠦ᠂ ᠬᠦᠯᠢᠶᠠᠨ ᠠᠪᠬᠤ ᠪᠠᠶᠢᠭᠤᠯᠤᠮᠵᠢ ᠨᠢ ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠰᠤᠷᠠᠭ ᠵᠠᠩᠬᠢ ᠶᠢᠨ ᠬᠠᠮᠢᠶᠠᠷᠤᠯᠳᠠ ᠎ ᠶᠢᠨ ᠠᠯᠪᠠᠨ ᠬᠡᠷ︔ ᠠᠯᠪᠠᠯᠠᠬᠤ ᠭᠠᠵᠠᠷ ᠨᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠬᠦᠷᠢᠶᠡᠨ ᠲᠤᠳᠤᠷᠠᠬᠢ240 ᠨᠤᠮᠧᠷ ᠠᠯᠪᠠᠨ ᠬᠡᠷ︔ ᠠᠵᠢᠯᠯᠠᠬᠤ ᠴᠠᠭ ᠨᠢ ᠭᠠᠷᠠᠭ ᠤᠨ ᠨᠢᠬᠡᠨ ᠠᠴᠠ ᠭᠠᠷᠠᠭ ᠤᠨ ᠲᠠᠪᠤᠨ ᠤ ᠡᠳᠦᠷ ︵ᠬᠠᠤᠯᠢ ᠳᠤ ᠲᠤᠭᠳᠠᠭᠰᠠᠨ ᠠᠮᠠᠷᠠᠯᠳᠠ ᠶᠢᠨ ᠡᠳᠦᠷ ᠠᠴᠠ ᠭᠠᠳᠠᠨ᠎ᠠ︶᠂ ᠡᠳᠦᠷ ᠪᠦᠷᠢ 8 ᠄30—12᠄00᠂14᠄30—17᠄00︔ ᠬᠦᠯᠢᠶᠡᠨ ᠠᠪᠴᠦ ᠬᠦᠢᠴᠡᠳᠬᠡᠬᠦ ᠪᠠᠶᠢᠭᠤᠯᠤᠮᠵᠢ ᠶᠢᠨ ᠬᠠᠷᠢᠯᠴᠠᠬᠤ ᠤᠳᠠᠰᠤ 0476—3510206︔ ᠬᠠᠷᠢᠯᠴᠠᠬᠤ ᠭᠠᠵᠠᠷ ᠨᠢ ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠦᠷᠢᠶᠠᠨ ᠲᠤᠳᠤᠷ᠎ᠠ 240 ᠨᠤᠮᠧᠷ ᠠᠯᠪᠠᠨ ᠬᠡᠷ᠂ ᠰᠢᠤᠳᠠᠨ ᠨᠤᠮᠧᠷ 024076᠂ ᠢᠮᠧᠯ ᠤᠨ ᠬᠠᠶ᠋ᠢᠭ᠄ ybsqzfb@qq.com     ︵ᠬᠤᠶᠠᠷ︶ ᠭᠤᠶᠤᠴᠢᠯᠠᠬᠤ ᠬᠡᠯᠪᠡᠷᠢ᠃ ᠲᠤᠰ ᠪᠠᠶᠢᠭᠤᠯᠤᠯᠭ᠎ᠠ ᠳᠤ ᠰᠤᠷᠠᠭ ᠵᠠᠩᠬᠢ ᠤᠯᠬᠤ ᠭᠤᠶᠤᠴᠢᠯᠠᠯ ᠭᠠᠷᠭᠠᠬᠤ ᠬᠡᠪᠡᠯ᠂ ︽ᠶᠤᠸᠠᠨ ᠪᠤᠤ ᠱᠠᠨ ᠲᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠎ ᠤᠨ ᠰᠤᠷᠠᠭ ᠵᠠᠩᠬᠢ ᠶᠢ  ᠢᠯᠠ ᠪᠤᠯᠭᠠᠬᠤ ᠶᠢ ᠭᠤᠶᠤᠴᠢᠯᠠᠬᠤ︾ ᠬᠦᠰᠦᠨᠤᠭ᠌ ︵ᠲᠦᠬᠦᠮᠴᠢᠯᠡᠪᠡᠯ ︽ᠭᠤᠶᠤᠴᠢᠯᠠᠬᠤ ᠬᠦᠰᠦᠨᠦᠭ︾︶᠎ ᠢ ᠲᠠᠭᠯᠠᠨ᠎ᠠ᠃ ᠭᠤᠶᠤᠴᠢᠯᠠᠬᠤ ᠬᠦᠰᠦᠨᠦᠭ ᠤᠨ ᠬᠠᠭᠤᠯᠪᠤᠷᠢ ᠬᠦᠴᠦᠨ ᠲᠠᠢ᠂ ᠬᠦᠯᠢᠶᠠᠨ ᠠᠪᠴᠦ ᠰᠢᠢᠳᠪᠦᠷᠢᠯᠡᠬᠦ ᠪᠠᠶᠢᠭᠤᠯᠤᠮᠵᠢ ᠶᠢᠨ ᠭᠠᠵᠠᠷ ᠠᠴᠠ ᠠᠪᠴᠦ ᠪᠤᠯᠤᠨ᠎ᠠ᠂ ᠪᠠᠰᠠ ᠲᠤᠰ ᠰᠠᠯᠠᠭ᠎ᠠ ᠮᠦᠴᠢᠷ ᠤᠨ ᠰᠦᠯᠵᠢᠶᠠᠨ ᠠᠴᠠ ᠪᠠᠭᠤᠯᠭᠠᠵᠤ ᠪᠤᠯᠤᠨ᠎ᠠ᠃ ᠭᠤᠶᠤᠴᠢᠯᠠᠯ ᠢ ᠬᠦᠢᠴᠡᠳᠬᠡᠬᠦ ᠠᠵᠢᠯ ᠤᠨ ᠪᠦᠳᠦᠮᠵᠢ ᠶᠢ ᠲᠡᠭᠡᠭᠰᠢᠯᠡᠬᠦᠯᠬᠦ ᠶᠢᠨ ᠲᠦᠯᠦᠬᠡ᠂ ᠭᠤᠶᠤᠴᠢᠯᠠᠭᠴᠢ ᠠᠴᠠ ᠬᠡᠷᠡᠭᠴᠡᠭᠡ ᠲᠠᠢ ᠰᠤᠷᠠᠭ ᠵᠠᠩᠬᠢ ᠶᠢᠨ ᠢᠶᠠᠨ ᠪᠠᠶᠢᠳᠠᠯ ᠢ ᠴᠢᠳᠠᠬᠤ ᠶᠢᠨ ᠲᠤᠳᠤᠷ᠎ᠠ ᠨᠠᠷᠢᠯᠢᠭ ᠲᠤᠳᠤᠷᠬᠠᠢ ᠲᠤᠷᠠᠳᠬᠤ ᠬᠡᠷᠡᠭᠳᠠᠢ︔ ᠬᠡᠷᠪᠡ ᠪᠤᠯᠤᠯᠴᠠᠭ᠎ᠠ ᠲᠠᠢ ᠪᠤᠯ᠂ ᠲᠤᠰ ᠰᠤᠷᠠᠭ ᠵᠠᠩᠬᠢ ᠶᠢᠨ ᠭᠠᠷᠴᠠᠭ᠂ ᠨᠡᠶᠢᠳᠡᠯᠡᠭᠰᠡᠨ ᠴᠠᠭ᠂ ᠪᠢᠴᠢᠭ ᠮᠠᠲ᠋ᠧᠷᠢᠶᠠᠯ ᠤᠨ ᠲᠤᠭ᠎ᠠ ᠡᠰᠡᠬᠦᠯ᠎ᠡ ᠲᠤᠰ ᠪᠠᠶᠢᠭᠤᠯᠤᠯᠭ᠎ᠠ ᠶᠢᠨ ᠰᠤᠷᠠᠭ ᠵᠠᠩᠬᠢ ᠶᠢᠨ ᠠᠴᠢᠶᠠᠯᠠᠪᠤᠷᠢ ᠶᠢ ᠬᠠᠮᠵᠢᠬᠤ ᠰᠠᠨᠠᠭᠤᠯᠤᠮᠵᠢ ᠶᠢ ᠬᠠᠩᠭᠠᠨ᠎ᠠ᠃ ᠪᠠᠰᠠ ᠲᠤᠤᠷᠠᠬᠢ ᠬᠡᠯᠪᠡᠷᠢ ᠪᠠᠷ ᠭᠤᠶᠤᠴᠢᠯᠠᠯ ᠲᠡᠪᠰᠢᠬᠦᠯᠵᠤ ᠪᠤᠯᠤᠨ᠎ᠠ᠄ 1. ᠢᠨᠲ᠋ᠧᠷᠨᠧᠲ ᠰᠦᠯᠵᠢᠶ᠎ᠠ ᠪᠠᠷ ᠲᠠᠮᠵᠢᠨ ᠭᠤᠶᠤᠴᠢᠯᠠᠯ ᠲᠡᠪᠰᠢᠬᠦᠯᠵᠤ ᠪᠤᠯᠤᠨ᠎ᠠ᠃ ᠭᠤᠶᠤᠴᠢᠯᠠᠭᠴᠢ ᠠᠴᠠ ᠲᠤᠰ ᠪᠠᠶᠢᠭᠤᠯᠤᠯᠭ᠎ᠠ ᠶᠢᠨ ᠰᠦᠯᠵᠢᠶ᠎ᠠ ᠶᠢᠨ ᠠᠷᠠᠳ ᠵᠠᠰᠠᠭ ᠤᠨ ᠬᠠᠮᠵᠢᠯᠴᠠᠭ᠎ᠠ ᠪᠤᠯᠤᠩ ᠤᠨ ᠲᠤᠤᠷ᠎ᠠ ᠰᠤᠷᠠᠭ ᠵᠠᠩᠬᠢ ᠶᠢ ᠢᠯᠠ ᠨᠡᠶᠢᠳᠡᠯᠡᠬᠦ ᠰᠦᠯᠵᠢᠶᠠᠨ ᠳᠠᠬᠢ ᠭᠤᠶᠤᠴᠢᠯᠠᠬᠤ ᠬᠡᠰᠡᠭ ᠲᠤ ᠬᠡᠷᠡᠭᠴᠡᠭᠡ ᠲᠠᠢ ᠢᠯᠠ ᠪᠤᠯᠭᠠᠭᠰᠠᠨ‌‍ᠰᠤᠷᠠᠭ ᠵᠠᠩᠬᠢ ᠶᠢ ᠲᠠᠭᠯᠠᠵᠤ ᠪᠤᠯᠤᠨ᠎ᠠ᠂ ᠪᠤᠳᠠᠳᠠᠢ ᠰᠦᠯᠵᠢᠶᠠᠨ ᠬᠠᠶ᠋ᠢᠭ ᠨᠢ http://www.ybs.gov.cn/eportal/ui?pageId=440070ᠭᠠᠷᠴᠠᠭ ᠢ ᠨᠢ XX ᠰᠤᠷᠠᠭ ᠵᠠᠩᠬᠢ ᠶᠢ ᠢᠯᠠ ᠪᠤᠯᠭᠠᠬᠤ ᠶᠢ ᠭᠤᠶᠤᠴᠢᠯᠠᠬᠤ ᠬᠡᠵᠤ ᠲᠤᠳᠤᠷᠬᠠᠶᠢᠯᠠᠨ᠂ ᠰᠦᠯᠵᠢᠶ᠎ᠠ ᠎ ᠪᠠᠷ ᠲᠠᠮᠵᠢᠨ ᠢᠯᠡᠬᠡᠪᠡᠯ ᠪᠤᠯᠴᠢᠬᠠᠨ᠎ᠠ᠃ ᠴᠠᠭ ᠲᠠᠷᠤᠢ ᠳᠤᠨᠢ ᠲᠠᠨ ᠳᠤ ᠤᠨᠤᠪᠴᠢᠳᠠᠢ ᠬᠠᠷᠢᠭᠤ ᠦᠭᠬᠦ ᠶᠢ ᠪᠠᠳᠤᠯᠠᠬᠤ ᠶᠢᠨ ᠲᠦᠯᠦᠬᠡ᠂ ᠤᠪᠤᠭ ᠨᠡᠷ᠎ᠠ ᠪᠤᠯᠤᠨ ᠬᠠᠷᠢᠯᠴᠠᠬᠤ ᠠᠷᠭ᠎ᠠ ᠮᠠᠶ᠋ᠢᠭ ᠢᠶᠠᠨ ᠦᠨᠡᠨ ᠪᠤᠳᠠᠳᠠᠢ ᠪᠠᠷ ᠲᠠᠭᠯᠠᠬᠤ ᠬᠡᠷᠡᠭᠳᠠᠢ᠃2. ᠵᠠᠬᠢᠳᠠᠯ ᠴᠢᠮᠡᠭᠡ᠂ ᠴᠠᠬᠢᠯᠭᠠᠨ ᠮᠡᠳᠡᠭᠡ᠂ ᠹᠠᠺᠰ ᠢᠶᠠᠷ ᠭᠤᠶᠤᠴᠢᠯᠠᠬᠤ᠃ ᠭᠤᠶᠤᠴᠢᠯᠠᠭᠴᠢ ᠎ ᠠᠴᠠ ᠵᠠᠬᠢᠳᠠᠯ ᠤᠨ ᠬᠡᠯᠪᠡᠷᠢ ᠪᠠᠷ ᠭᠤᠶᠤᠴᠢᠯᠠᠬᠤ ᠳᠤ᠂ ᠵᠠᠬᠢᠳᠠᠯ ᠤᠨ ᠲᠤᠭᠳᠤᠢ ᠶᠢᠨ ᠵᠡᠬᠦᠨ ᠲᠤᠤᠷ᠎ᠠ ᠦᠨᠴᠦᠭ ᠎ ᠲᠤ ︽ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠠ ᠪᠤᠯᠭᠠᠬᠤ ᠭᠤᠶᠤᠴᠢᠯᠠᠯ︾ ᠬᠡᠬᠦ ᠦᠰᠦᠭ ᠢ ᠲᠤᠳᠤᠷᠬᠠᠶᠢᠯᠠᠨ᠎ᠠ︔ ᠴᠠᠬᠢᠯᠭᠠᠨ ᠮᠡᠳᠡᠭᠡ᠂ ᠹᠠᠺᠰ ᠢᠶᠠᠷ ᠭᠤᠶᠤᠴᠢᠯᠠᠬᠤ ᠳᠤ᠂ ᠭᠤᠶᠤᠴᠢᠯᠠᠭᠴᠢ ᠠᠴᠠ ᠬᠠᠷᠠᠭᠠᠯᠵᠠᠭᠰᠠᠨ ᠭᠠᠵᠠᠷ ᠲᠤ ︽ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠠ ᠪᠤᠯᠭᠠᠬᠤ ᠭᠤᠶᠤᠴᠢᠯᠠᠯ︾ ᠬᠡᠬᠦ ᠦᠰᠦᠭ ᠢ ᠲᠤᠳᠤᠷᠬᠠᠶᠢᠯᠠᠨ᠎ᠠ᠃3. ᠨᠢᠭᠤᠷᠳᠠᠨ ᠭᠤᠶᠤᠴᠢᠯᠠᠬᠤ᠃ ᠭᠤᠶᠤᠴᠢᠯᠠᠭᠴᠢ ᠠᠴᠠ ᠬᠦᠯᠢᠶᠡᠨ ᠠᠪᠴᠦ ᠬᠦᠢᠴᠡᠳᠬᠡᠬᠦ ᠪᠠᠶᠢᠭᠤᠯᠤᠮᠵᠢ ᠳᠤ ᠬᠦᠷᠴᠦ ᠨᠢᠭᠤᠷᠳᠠᠨ ᠭᠤᠶᠤᠴᠢᠯᠠᠨ᠎ᠠ᠃ 4. ᠤᠨᠴᠠᠭᠠᠢ ᠶᠠᠪᠤᠴᠠ ᠲᠠᠷᠠᠭᠠᠯᠠᠯ᠃ ᠭᠤᠶᠤᠴᠢᠯᠠᠭᠴᠢ ᠠᠴᠠ ᠲᠠᠩᠰᠠᠯᠠᠨ ᠲᠡᠮᠳᠡᠭᠯᠡᠬᠦ᠂ ᠭᠠᠶᠢᠯᠢ ᠶᠢᠨ ᠰᠦᠢᠳᠬᠡᠯ ᠲᠤᠰᠢᠶᠠᠬᠤ᠂ ᠨᠡᠶᠢᠬᠡᠮ ᠤᠨ ᠪᠠᠳᠤᠯᠠᠭ᠎ᠠ ᠵᠡᠷᠬᠡ ᠲᠠᠯ᠎ᠠ ᠪᠠᠷ ᠦᠪᠡᠷ ᠤᠨ ᠬᠠᠮᠢᠶᠠᠳᠠᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠭᠤᠶᠤᠴᠢᠯᠠᠬᠤ ᠳᠤ᠂ ᠪᠠᠶ᠎ᠠ ᠎ ᠶᠢᠨ ᠦᠨᠡᠮᠯᠡᠯ ᠢᠶᠠᠨ ᠠᠪᠴᠦ ᠲᠤᠰ ᠪᠠᠶᠢᠭᠤᠯᠤᠯᠭ᠎ᠠ ᠳᠤ ᠭᠤᠶᠤᠴᠢᠯᠠᠯ ᠤᠨ ᠪᠢᠴᠢᠭ ᠢ ᠨᠢᠭᠤᠷᠳᠠᠨ ᠲᠤᠰᠢᠶᠠᠨ᠎ᠠ᠃ ᠲᠤᠰ ᠪᠠᠶᠢᠭᠤᠯᠤᠯᠭ᠎ᠠ ᠳ᠋ᠢᠶᠠᠩᠬᠤᠸᠠ ᠪᠠᠷ ᠭᠤᠶᠤᠴᠢᠯᠠᠯ ᠢ ᠬᠦᠯᠢᠶᠠᠨ ᠠᠪᠴᠦ ᠬᠦᠢᠴᠡᠳᠬᠡᠬᠦ ᠦᠬᠡᠢ᠂ ᠬᠡᠪᠡᠴᠦ ᠭᠤᠶᠤᠴᠢᠯᠠᠭᠴᠢ ᠠᠴᠠ ᠤᠳᠠᠰᠤ ᠪᠠᠷ ᠬᠠᠷᠠᠭᠠᠯᠵᠠᠭᠰᠠᠨ ᠵᠦᠢᠯ ᠢ ᠠᠰᠠᠭᠤᠨ ᠯᠠᠪᠯᠠᠵᠤ ᠪᠤᠯᠤᠨ᠎ᠠ᠃     ︵ᠭᠤᠷᠪᠠ︶ ᠰᠢᠢᠳᠪᠦᠷᠢᠯᠡᠬᠦ ᠶᠢ ᠭᠤᠶᠤᠴᠢᠯᠠᠬᠤ᠃ ᠲᠤᠰ ᠪᠠᠶᠢᠭᠤᠯᠤᠯᠭ᠎ᠠ ᠨᠢ ᠭᠤᠶᠤᠴᠢᠯᠠᠭᠰᠠᠨ ᠡᠳᠦᠷ ᠎ ᠠᠴᠠ15 ᠠᠵᠢᠯᠯᠠᠬᠤ ᠡᠳᠦᠷ ᠲᠤᠳᠤᠷ᠎ᠠ ᠬᠠᠷᠢᠭᠤ ᠦᠭᠬᠦᠨ᠎ᠡ᠃ ᠬᠡᠷᠪᠡ ᠬᠠᠷᠢᠭᠤ ᠦᠭᠬᠦ ᠬᠤᠭᠤᠴᠠᠭ᠎ᠠ ᠶᠢ ᠤᠷᠳᠤᠳᠬᠠᠬᠤ ᠪᠠᠷ ᠲᠤᠭᠳᠠᠭᠰᠠᠨ ᠪᠤᠯ ᠭᠤᠶᠤᠴᠢᠯᠠᠭᠴᠢ ᠳᠤ ᠮᠡᠳᠡᠭᠳᠡᠨ᠎ᠡ᠃ ᠤᠷᠳᠤᠳᠬᠠᠭᠰᠠᠨ ᠴᠠᠭ ᠨᠢ15 ᠡᠳᠦᠷ ᠎ ᠠᠴᠠ ᠬᠡᠳᠦᠷᠡᠵᠤ ᠪᠤᠯᠬᠤ ᠦᠬᠡᠢ᠃ ᠲᠤᠰ ᠪᠠᠶᠢᠭᠤᠯᠤᠯᠭ᠎ᠠ ᠨᠢ ᠭᠤᠶᠤᠴᠢᠯᠠᠯ ᠢ ᠬᠤᠷᠢᠶᠠᠵᠤ ᠤᠯᠤᠭᠰᠠᠨ ᠡᠮᠦᠨ᠎ᠡ ᠬᠤᠶᠢᠨᠠᠬᠢ ᠲᠡᠰ ᠲᠠᠷᠠᠭᠠᠯᠠᠯ ᠢᠶᠠᠷ ᠰᠢᠢᠳᠪᠦᠷᠢᠯᠡᠨ᠎ᠡ᠂ ᠲᠠᠩ ᠭᠠᠭᠴᠠ ᠭᠤᠶᠤᠴᠢᠯᠠᠯ ᠤᠨ ᠲᠤᠳᠤᠷ᠎ᠠ ᠬᠡᠳᠦᠨ ᠠᠰᠳᠠᠭᠠᠨ ᠲᠦᠷᠦᠯ ᠤᠨ ᠭᠤᠶᠤᠴᠢᠯᠠᠯ ᠪᠠᠶᠢᠪᠠᠯ᠂ ᠪᠦᠬᠦᠨ ᠢ ᠰᠢᠢᠳᠪᠦᠷᠢᠯᠡᠵᠤ ᠲᠠᠭᠤᠰᠤᠭᠰᠠᠨ ᠤ ᠲᠠᠷᠠᠭ᠎ᠠ ᠨᠢᠬᠡᠳᠦᠯᠳᠠᠢ ᠬᠠᠷᠢᠭᠤ ᠦᠭᠬᠦᠨ᠎ᠡ᠃ ᠠᠵᠢᠯ ᠤᠨ ᠪᠦᠳᠦᠮᠵᠢ ᠶᠢ ᠲᠡᠬᠡᠭᠰᠢᠯᠡᠬᠦᠯᠬᠦ ᠶᠢᠨ ᠲᠦᠯᠦᠬᠡ᠂ ᠭᠤᠶᠤᠴᠢᠯᠠᠭᠴᠢ ᠎ ᠠᠴᠠ ᠠᠳᠠᠯᠢ ᠪᠤᠰᠤ ᠶᠠᠪᠤᠳᠠᠯ ᠢ ᠠᠳᠠᠯᠢ ᠪᠤᠰᠤ ᠭᠤᠶᠦᠴᠢᠯᠠᠬᠤ ᠶᠢ ᠰᠠᠨᠠᠭᠠᠴᠢᠯᠠᠵᠤ ᠪᠠᠶᠢᠨ᠎ᠠ᠃ ᠭᠤᠶᠤᠴᠢᠯᠠᠭᠴᠢ ᠎ ᠠᠴᠠ ᠬᠠᠩᠭᠠᠭᠰᠠᠨ ᠴᠢᠬᠤᠯᠠ ᠪᠢᠴᠢᠭ ᠮᠠᠲ᠋ᠧᠷᠢᠶᠠᠯ ᠬᠦᠢᠴᠠᠳ ᠪᠤᠰᠤ᠂ ᠤᠨᠤᠪᠴᠢ ᠦᠬᠡᠢ᠂ ᠪᠤᠳᠠᠳᠠᠢ ᠰᠤᠷᠠᠭ ᠵᠠᠩᠬᠢ ᠶᠢᠨ ᠠᠭᠤᠯᠭ᠎ᠠ ᠶᠢ ᠲᠤᠭᠳᠠᠭᠠᠵᠤ ᠲᠡᠶᠢᠯᠬᠦ ᠦᠬᠡᠢ ᠪᠤᠯ ᠲᠤᠰ ᠪᠠᠶᠢᠭᠤᠯᠤᠯᠭ᠎ᠠ ᠭᠤᠶᠤᠴᠢᠯᠠᠭᠴᠢ ᠠᠴᠠ ᠨᠦᠬᠦᠪᠦᠷᠢᠯᠡᠬᠦ ᠪᠤᠶᠤ ᠵᠠᠰᠠᠪᠤᠷᠢᠯᠠᠬᠤ ᠶᠢ ᠱᠠᠭᠠᠷᠳᠠᠨ᠎ᠠ᠃ ᠪᠤᠳᠠᠳᠠᠢ ᠬᠠᠷᠢᠭᠤᠯᠳᠠ ᠦᠭᠬᠦ ᠬᠡᠯᠪᠡᠷᠢ ᠲᠤᠤᠷᠠᠬᠢ ᠮᠡᠳᠦ  ᠄1᠂ ᠭᠤᠶᠤᠴᠢᠯᠠᠵᠤ ᠤᠯᠬᠤ ᠰᠤᠷᠠᠭ ᠵᠠᠩᠬᠢ ᠨᠢ ᠬᠡᠷᠪᠡ ᠲᠤᠰ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠲᠠᠢ ᠢᠯᠠ ᠪᠤᠯᠭᠠᠭᠰᠠᠨ ᠰᠤᠷᠠᠭ ᠵᠠᠩᠬᠢ ᠳᠤ ᠬᠠᠷᠢᠶᠠᠯᠠᠭᠳᠠᠪᠠᠯ᠂ ᠲᠤᠰ ᠪᠠᠶᠢᠭᠤᠯᠤᠯᠭ᠎ᠠ ᠨᠢ ᠬᠦᠯᠢᠶᠡᠨ ᠠᠪᠴᠤ ᠰᠢᠢᠳᠪᠦᠷᠢᠯᠡᠬᠦ ᠶᠠᠪᠤᠴᠠ ᠲᠠᠷᠠᠭᠠᠯᠠᠯ ᠢ ᠵᠤᠭᠰᠤᠭᠠᠵᠤ᠂ ᠭᠤᠶᠤᠴᠢᠯᠠᠭᠴᠢ ᠳᠤ ᠰᠤᠷᠠᠭ ᠵᠠᠩᠬᠢ ᠶᠢ ᠤᠯᠬᠤ ᠬᠡᠯᠪᠡᠷᠢ ᠪᠤᠯᠤᠨ ᠠᠷᠭ᠎ᠠ ᠵᠠᠮ ᠢ ᠮᠡᠳᠡᠭᠳᠡᠨ᠎ᠡ᠃2᠂ ᠬᠡᠰᠡᠭ ᠢᠯᠠ ᠪᠤᠯᠭᠠᠭᠰᠠᠨ ᠡᠰᠡᠬᠦᠯ᠎ᠡ ᠢᠯᠠ ᠪᠤᠯᠭᠠᠵᠤ ᠪᠤᠯᠬᠤ ᠦᠬᠡᠢ ᠵᠠᠰᠠᠭ ᠤᠨ ᠤᠷᠳᠤᠨ ᠤ ᠰᠤᠷᠠᠭ ᠵᠠᠩᠬᠢ ᠳᠤ ᠬᠠᠷᠢᠶᠠᠯᠠᠭᠳᠠᠬᠤ ᠶᠢ ᠭᠤᠶᠤᠴᠢᠯᠠᠭᠴᠢ ᠳᠤ ᠰᠢᠯᠳᠠᠭᠠᠨ ᠢ ᠨᠢ ᠮᠡᠳᠡᠭᠳᠡᠨ᠎ᠡ᠃3. ᠲᠤᠰ ᠪᠠᠶᠢᠭᠤᠯᠤᠯᠭ᠎ᠠ ᠶᠢᠨ ᠢᠯᠠ ᠪᠤᠯᠭᠠᠬᠤ ᠬᠡᠪᠴᠢᠶᠠᠨ ᠳᠤ ᠦᠬᠡᠢ ᠡᠰᠡᠬᠦᠯ᠎ᠡ ᠲᠤᠰ ᠰᠤᠷᠠᠭ ᠵᠠᠩᠬᠢ ᠤᠷᠤᠰᠢᠬᠤ ᠦᠬᠡᠢ ᠪᠠᠶᠢᠳᠠᠯ ᠢ ᠴᠠᠭ ᠲᠠᠷᠤᠢ ᠳᠤᠨᠢ ᠭᠤᠶᠤᠴᠢᠯᠠᠭᠴᠢ ᠳᠤ ᠮᠡᠳᠡᠭᠳᠡᠨ᠎ᠡ᠃4. ᠭᠤᠶᠤᠴᠢᠯᠠᠭᠴᠢ ᠶᠢᠨ ᠠᠮᠢᠳᠤᠷᠠᠯ ᠦᠢᠯᠡᠳᠪᠦᠷᠢᠯᠡᠯ ᠰᠤᠳᠤᠯᠤᠯᠳᠠ ᠵᠡᠷᠬᠡ ᠤᠨᠴᠠᠭᠠᠢ ᠬᠡᠷᠡᠭᠴᠡᠭᠡ ᠲᠠᠢ ᠬᠤᠯᠪᠤᠭ᠎ᠠ ᠦᠬᠡᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠡᠷᠡᠮᠡᠯᠵᠡᠯᠡᠨ ᠢᠯᠠ ᠪᠤᠯᠭᠠᠬᠤ ᠶᠢ ᠲᠤᠰ ᠪᠠᠶᠢᠭᠤᠯᠤᠯᠭ᠎ᠠ ᠬᠠᠩᠭᠠᠬᠤ ᠦᠬᠡᠢ  ︔ ᠭᠤᠶᠤᠴᠢᠯᠠᠭᠴᠢ ᠎ ᠠᠴᠠ ᠭᠤᠶᠤᠴᠢᠯᠠᠭᠰᠠᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠪᠠᠯ ᠤᠯᠤᠰ ᠬᠡᠷ ᠤᠨ ᠠᠮᠤᠷ ᠲᠦᠪᠰᠢᠨ᠂  ᠤᠯᠠᠨ ᠨᠡᠶᠢᠳᠠ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ ᠪᠤᠯᠤᠨ ᠨᠡᠶᠢᠬᠡᠮ ᠤᠨ ᠲᠤᠭᠳᠠᠭᠤᠨ ᠳᠤ ᠬᠤᠬᠢᠷᠠᠯ ᠤᠴᠠᠷᠠᠭᠤᠯᠬᠤ ᠪᠤᠯᠤᠯᠴᠠᠭ᠎ᠠ ᠲᠠᠢ ᠪᠤᠯ ᠲᠤᠭᠳᠠᠭᠠᠯ ᠶᠤᠰᠤᠭᠠᠷ ᠲᠤᠰ ᠪᠠᠶᠢᠭᠤᠯᠤᠯᠭ᠎ᠠ ᠬᠠᠩᠭᠠᠬᠤ ᠦᠬᠡᠢ ᠮᠦᠷᠳᠡᠬᠡᠨ ᠭᠤᠶᠤᠴᠢᠯᠠᠭᠴᠢ ᠳᠤ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠠ ᠪᠤᠯᠭᠠᠬᠤ ᠬᠡᠪᠴᠢᠶᠠᠨ ᠳᠤ ᠬᠠᠷᠢᠶᠠᠯᠠᠭᠳᠠᠬᠤ ᠦᠬᠡᠢ ᠶᠢ ᠮᠡᠳᠡᠭᠳᠡᠨ᠎ᠡ᠃ ᠨᠢᠬᠡ ᠭᠤᠶᠤᠴᠢᠯᠠᠭᠴᠢ ᠠᠴᠠ ᠲᠤᠰ ᠪᠠᠶᠢᠭᠤᠯᠤᠯᠭ᠎ᠠ ᠎ ᠳᠤ ᠠᠳᠠᠯᠢ ᠨᠢᠬᠡᠨ ᠠᠭᠤᠯᠭ᠎ᠠ ᠪᠠᠷ ᠲᠠᠬᠢᠨ ᠲᠠᠪᠳᠠᠨ ᠭᠤᠶᠤᠴᠢᠯᠠᠭᠰᠠᠨ ᠪᠠᠶᠢᠪᠠᠯ ᠲᠤᠰ ᠪᠠᠶᠢᠭᠤᠯᠤᠯᠭ᠎ᠠ ᠠᠴᠠ ᠪᠠᠶᠢᠨ ᠲᠠᠬᠢᠨ ᠬᠠᠷᠢᠭᠤ ᠦᠭᠬᠦ ᠦᠬᠡᠢ᠃ ᠲᠤᠰ ᠪᠠᠶᠢᠭᠤᠯᠤᠯᠭ᠎ᠠ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠬᠠᠩᠭᠠᠬᠤ ᠳᠤ ᠪᠤᠢ ᠪᠤᠯᠤᠭᠰᠠᠨ ᠰᠦᠢᠳᠬᠡᠯ ᠢ ᠰᠦᠢᠳᠬᠡᠯ ᠬᠤᠷᠢᠶᠠᠬᠤ ᠲᠦᠷᠦᠯ ᠵᠦᠢᠯ ᠪᠤᠯᠤᠨ ᠪᠠᠷᠢᠮᠵᠢᠶ᠎ᠠ ᠶᠤᠰᠤᠭᠠᠷ ᠤᠯᠤᠰ ᠪᠠ ᠦᠪᠡᠷᠳᠡᠬᠡᠨ ᠵᠠᠰᠠᠬᠤ ᠤᠷᠤᠨ ᠤ ᠪᠤᠳᠠᠰ ᠤᠨ ᠦᠨ᠎ᠡ ᠶᠢᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠬᠦᠯᠦᠨ᠎ᠡ᠃      ᠭᠤᠷᠪᠠ᠂ ᠬᠢᠨᠠᠯᠳᠠ ᠲᠠᠯᠪᠢᠬᠤ ᠪᠤᠯᠤᠨ ᠵᠠᠭᠠᠯᠳᠤᠬᠤ ᠡᠷᠬᠡᠳᠦ ᠠᠷᠠᠳ᠂ ᠬᠠᠤᠯᠢ ᠶᠢᠨ ᠡᠷᠬᠡᠳᠡᠨ ᠡᠰᠡᠬᠦᠯ᠎ᠡ ᠪᠤᠰᠤᠳ ᠵᠤᠬᠢᠶᠠᠨ ᠪᠠᠶᠢᠭᠤᠯᠤᠯᠳᠠ ᠨᠢ ᠲᠤᠰ ᠪᠠᠶᠢᠭᠤᠯᠤᠯᠭ᠎ᠠ ᠎ ᠶᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠠ ᠪᠤᠯᠭᠠᠬᠤ ᠡᠬᠦᠷᠬᠡ ᠪᠠᠨ ᠬᠠᠤᠯᠢ ᠶᠤᠰᠤᠭᠠᠷ ᠬᠦᠢᠴᠡᠳᠬᠡᠭᠰᠡᠨ ᠦᠬᠡᠢ ᠬᠡᠵᠤ ᠦᠵᠡᠪᠡᠯ ᠲᠤᠰ ᠪᠠᠶᠢᠭᠤᠯᠤᠯᠭ᠎ᠠ ᠶᠢᠨ ᠵᠠᠭᠠᠯᠳᠤᠬᠤ ᠤᠳᠠᠰᠤ ᠪᠠᠷ ᠵᠠᠭᠠᠯᠳᠤᠵᠤ ᠪᠤᠯᠤᠨ᠎ᠠ᠃ ᠵᠠᠭᠠᠯᠳᠤᠬᠤ ᠤᠳᠠᠰᠤ᠄ 0476—3512681᠂ ᠹᠠᠺᠰ ᠤᠨ ᠨᠤᠮᠧᠷ᠄ 0476—3515640᠂ ᠬᠠᠷᠢᠯᠴᠠᠬᠤ ᠭᠠᠵᠠᠷ᠄ ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ ᠰᠤᠷᠠᠭ ᠵᠠᠩᠬᠢ ᠶᠢᠨ ᠬᠠᠮᠢᠶᠠᠷᠤᠯᠳᠠ ᠶᠢᠨ ᠲᠦᠪ᠂  ᠰᠢᠤᠳᠠᠨ ᠨᠤᠮᠧᠷ᠄ 024076᠃ ᠵᠠᠭᠠᠯᠳᠤᠯᠭ᠎ᠠ ᠶᠢ ᠬᠦᠯᠢᠶᠡᠨ ᠠᠪᠬᠤ ᠴᠠᠭ᠄ ᠭᠠᠷᠠᠭ ᠤᠨ ᠨᠢᠬᠡᠨ ᠠᠴᠠ ᠭᠠᠷᠠᠭ ᠤᠨ ᠲᠠᠪᠤᠨ᠂ ᠡᠳᠦᠷ ᠪᠦᠷᠢ 9᠄00—11᠄30᠂ 14᠄30—17 ᠄00᠂ ᠬᠠᠤᠯᠢ ᠳᠤ ᠲᠤᠭᠳᠠᠭᠠᠭᠰᠠᠨ ᠠᠮᠠᠷᠠᠯᠳᠠ ᠶᠢᠨ ᠡᠳᠦᠷ ᠠᠴᠠ ᠭᠠᠳᠠᠨ᠎ᠠ᠃ ᠡᠷᠬᠡᠳᠦ ᠠᠷᠠᠳ᠂ ᠬᠠᠤᠯᠢ ᠶᠢᠨ ᠡᠷᠬᠡᠳᠡᠨ ᠡᠰᠡᠬᠦᠯ᠎ᠡ ᠪᠤᠰᠤᠳ ᠵᠤᠬᠢᠶᠠᠨ ᠪᠠᠶᠢᠭᠤᠯᠤᠯᠳᠠ ᠨᠢ ᠪᠠᠰᠠ ᠬᠢᠨᠠᠨ ᠪᠠᠶᠢᠴᠠᠭᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠵᠤ ᠪᠤᠯᠤᠨ᠎ᠠ᠃ ᠡᠷᠬᠡᠳᠦ ᠠᠷᠠᠳ᠂ ᠬᠠᠤᠯᠢ ᠶᠢᠨ ᠡᠷᠬᠡᠳᠡᠨ ᠡᠰᠡᠬᠦᠯ᠎ᠡ ᠪᠤᠰᠤᠳ ᠵᠤᠬᠢᠶᠠᠨ ᠪᠠᠶᠢᠭᠤᠯᠤᠯᠳᠠ ᠨᠢ ᠲᠤᠰ ᠪᠠᠶᠢᠭᠤᠯᠤᠯᠭ᠎ᠠ ᠶᠢ ᠲᠦᠷᠢᠮ ᠲᠤᠭᠳᠠᠭᠠᠯ ᠢ ᠵᠦᠷᠢᠴᠡᠭᠰᠡᠨ᠂ ᠬᠠᠤᠯᠢ ᠶᠢᠨ ᠡᠷᠬᠡ ᠳᠤ ᠬᠠᠯᠳᠠᠭᠰᠠᠨ ᠭᠡᠵᠤ ᠦᠵᠡᠵᠤ ᠪᠠᠶᠢᠪᠠᠯ ᠬᠠᠤᠯᠢ ᠶᠤᠰᠤᠭᠠᠷ ᠵᠠᠰᠠᠭ ᠵᠠᠬᠢᠷᠭᠠᠨ ᠤ ᠲᠠᠬᠢᠨ ᠵᠦᠪᠯᠡᠬᠦ ᠶᠢ ᠭᠤᠶᠤᠴᠢᠯᠠᠬᠤ ᠡᠰᠡᠬᠦᠯ᠎ᠡ ᠠᠯᠪᠠᠨ ᠵᠠᠭᠠᠯᠳᠤᠯᠭ᠎ᠠ ᠬᠢᠵᠤ ᠪᠤᠯᠤᠨ᠎ᠠ᠃                            
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1