ᠶᠤᠸᠠᠨ  ᠪᠣᠣ  ᠱᠠᠨ  ᠲᠣᠭᠤᠷᠢᠭ  ᠤᠨ  2016  ᠣᠨ ᠎ ᠤ  ᠵᠠᠰᠠᠭ  ᠎ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2017/9/19
    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ  ᠮᠡᠳᠡᠭᠡ ᠵᠠᠩᠭᠢ ᠎ ᠶᠢ ᠢᠯᠡ ᠪᠣᠯᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶᠎ ᠤᠨ ᠲᠣᠭᠲᠠᠭᠠᠯ ᠢ ᠦᠨᠳᠦᠰᠦᠯᠡᠵᠦ᠂ ︽ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ2016 ᠣᠨ ᠤ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ ᠠᠵᠢᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠲᠤᠬᠠᠢ ᠮᠠᠳᠡᠭᠳᠡᠯ︾᠎ ᠤᠨ ᠱᠠᠭᠠᠷᠳᠠᠯᠭ᠎ᠠ ᠶᠣᠰᠣᠭᠠᠷ ᠂ ᠶᠤᠸᠠᠨ ᠪᠣᠣ ᠱᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠤᠰ ᠮᠡᠳᠡᠭᠦᠯᠦᠯᠲᠡ ᠶᠢ ᠨᠠᠶᠢᠷᠠᠭᠤᠯᠤᠨ ᠪᠢᠴᠢᠪᠡ᠃ ᠲᠣᠰ ᠮᠡᠳᠡᠭᠦᠯᠦᠯᠲᠡ ᠨᠢ ᠲᠣᠶᠢᠮᠣ ᠪᠠᠶᠢᠳᠠᠯ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠭᠤᠶᠤᠴᠢᠯᠠᠯ ᠶᠣᠰᠣᠭᠠᠷ ᠢᠯᠡ ᠭᠦᠢᠴᠡᠳᠬᠡᠭᠰᠡᠨ ᠪᠠᠶᠢᠳᠠᠯ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠰᠦᠢᠳᠬᠡᠯ ᠬᠤᠷᠢᠶᠠᠭᠰᠠᠨ᠂ ᠬᠠᠰᠤᠵᠤ ᠬᠡᠯᠲᠦᠷᠢᠭᠦᠯᠦᠭᠰᠡᠨ ᠪᠠ ᠵᠠᠭᠠᠯᠳᠤᠯᠭ᠎ᠠ ᠶᠢ ᠳᠠᠬᠢᠨ ᠵᠥᠪᠯᠡᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠᠷᠢᠯ ᠵᠡᠷᠭᠡ ᠪᠠᠷ ᠪᠦᠷᠢᠯᠳᠦᠵᠡᠢ᠃ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠪᠦᠷᠢᠳᠬᠡᠭᠰᠡᠨ ᠴᠠᠭ ᠢ2016 ᠣᠨ ᠤ1 ᠳ᠋ᠦ᠋ᠭᠡᠷ ᠰᠠᠷ᠎ᠠ ᠶᠢᠨ1᠎ ᠶᠢᠨ ᠡᠳᠦᠷ ᠠᠴᠠ12 ᠳ᠋ᠤᠭᠠᠷ ᠰᠠᠷ᠎ᠠ ᠶᠢᠨ31᠎ ᠤ ᠡᠳᠦᠷ ᠢᠶᠠᠷ ᠬᠢᠵᠠᠭᠠᠷᠯᠠᠪᠠ᠃    ᠨᠢᠭᠡ᠂ ᠲᠣᠶᠢᠮᠣ ᠪᠠᠶᠢᠳᠠᠯ    ᠶᠣᠸᠠᠨ ᠪᠣᠣ ᠱᠠᠨ ᠲᠤᠭᠤᠷᠢᠭ ᠤᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ  ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠪ ᠠᠴᠠ ᠬᠠᠷᠢᠭᠤᠴᠠᠵᠤ ᠪᠠᠶᠢᠨ᠎ᠠ᠃ ᠨᠢᠭᠡ ᠲᠤᠰᠬᠠᠢ ᠠᠵᠢᠯᠲᠠᠨ ᠲᠠᠢ᠃2016 ᠣᠨ ᠳᠤ᠂ ᠵᠠᠰᠠᠭ ᠤᠨ ᠤᠷᠳᠤᠨ ᠤ  ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠵᠠᠷᠤᠳᠠᠯ ᠦᠭᠡᠢ᠃2016 ᠣᠨ ᠳᠤ᠂ ᠮᠠᠨ ᠤ ᠲᠣᠭᠤᠷᠢᠭ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠨᠢᠮᠪᠠᠢ ᠲᠤᠤᠱᠯᠠᠭᠤᠯᠤᠨ᠂ ︽ᠳᠦᠷᠢᠮ︾ ᠪᠠ ︽ᠲᠣᠭᠲᠠᠭᠠᠯ︾᠎ ᠢ ᠦᠷᠭᠦᠯᠵᠢᠯᠡᠨ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠂  ᠮᠡᠳᠡᠭᠡ  ᠵᠠᠩᠭᠢ ᠶᠢ ᠤᠯᠠᠮ ᠢᠯᠡ ᠪᠣᠯᠭᠠᠵᠤ᠂ ᠵᠠᠰᠠᠭ ᠤᠨ ᠣᠷᠳᠣᠨ ᠤ ᠠᠵᠢᠯ ᠤᠨ ᠢᠯᠡᠴᠡ ᠶᠢᠨ ᠬᠡᠮᠵᠢᠶ᠎ᠡ ᠶᠢ ᠨᠡᠮᠡᠭᠳᠡᠭᠦᠯᠦᠨ᠂ ᠠᠷᠠᠳ ᠤᠯᠠᠨ ᠤ ᠵᠠᠰᠠᠭ ᠤᠨ ᠪᠠᠶᠢᠳᠠᠯ ᠢ ᠣᠶᠢᠯᠭᠠᠬᠤ ᠡᠷᠬᠡ ᠮᠡᠳᠡᠯ᠂ ᠵᠠᠰᠠᠭ ᠲᠤ ᠣᠷᠣᠯᠴᠠᠬᠤ ᠡᠷᠬᠡ ᠮᠡᠳᠡᠯ᠂ ᠵᠠᠰᠠᠭ ᠲᠤ ᠬᠢᠨᠠᠯᠲᠠ ᠲᠠᠯᠪᠢᠬᠤ ᠡᠷᠬᠡ ᠮᠡᠳᠡᠯ ᠢ ᠪᠠᠲᠤᠯᠠᠭᠰᠠᠨ ᠪᠠᠶᠢᠨ᠎ᠠ᠃    ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂  ᠮᠡᠳᠡᠭᠡ ᠵᠠᠩᠭᠢ ᠎ ᠶᠢ ᠢᠯᠡ ᠪᠣᠯᠭᠠᠬᠤ ᠰᠠᠭᠤᠷᠢ ᠶᠢ ᠪᠠᠬᠢᠵᠢᠭᠦᠯᠪᠡ᠃2016 ᠣᠨ ᠳᠤ᠂ ᠮᠠᠨ ᠤ ᠲᠣᠭᠤᠷᠢᠭ ᠤᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠨᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠪᠦᠯᠦᠭ ᠢᠶᠠᠷ ᠲᠠᠪᠴᠠᠩ ᠪᠣᠯᠭᠠᠵᠤ᠂ ᠡᠯ᠎ᠡ ᠰᠠᠯᠠᠭ᠎ᠠ ᠮᠦᠴᠢᠷ ᠤᠨ ᠰᠠᠯᠪᠤᠷᠢ ᠰᠦᠯᠵᠢᠶ᠎ᠡ ︵ᠪᠤᠯᠤᠩ︶᠎ ᠪᠠᠷ ᠰᠠᠭᠤᠷᠢ ᠪᠣᠯᠭᠠᠨ᠂  ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠪᠠ ᠳᠦᠷᠢᠮ ᠲᠣᠭᠲᠠᠭᠠᠯ ᠢ ᠳᠡᠭᠦᠯᠳᠡᠷᠵᠢᠭᠦᠯᠦᠨ᠂  ᠮᠡᠳᠡᠭᠡ ᠵᠠᠩᠭᠢ ᠶᠢ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ ᠭᠤᠶᠤᠴᠢᠯᠠᠬᠤ᠂ ᠠᠰᠠᠭᠤᠨ ᠯᠠᠪᠯᠠᠬᠤ ᠪᠣᠯᠤᠩ  ᠢ ᠠᠰᠢᠭᠯᠠᠨ᠂  ᠣᠯᠠᠨ ᠲᠦᠮᠡᠨ ᠤ  ᠮᠡᠳᠡᠭᠡ ᠵᠠᠩᠭᠢ ᠶᠢ ᠤᠶᠢᠯᠭᠠᠬᠤ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃    ᠢᠳᠡᠪᠬᠢᠲᠡᠢ ᠬᠠᠷᠢᠴᠠᠭ᠎ᠠ ᠬᠤᠯᠪᠣᠭ᠎ᠠ ᠪᠠᠶᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠡᠢ᠃ ︽ᠳᠦᠷᠢᠮ︾᠎ ᠤᠨ ᠱᠠᠭᠠᠷᠳᠠᠯᠭ᠎ᠠ ᠶᠢ ᠵᠢᠷᠤᠮᠯᠠᠵᠤ᠂ ᠭᠤᠶᠤᠴᠢᠯᠠᠯ ᠢᠶᠠᠷ ᠢᠯᠡ ᠪᠣᠯᠭᠠᠬᠤ ᠠᠵᠢᠯ ᠤᠨ ᠳᠤᠮᠳᠠ ᠪᠠᠨ ᠭᠤᠶᠤᠴᠢᠯᠠᠭᠴᠢ᠂ ᠬᠦᠯᠢᠶᠡᠨ ᠠᠪᠴᠤ ᠰᠢᠢᠳᠪᠦᠷᠢᠯᠡᠭᠰᠡᠨ ᠨᠢᠭᠡᠴᠡ ᠲᠠᠢ ᠢᠳᠡᠪᠬᠢᠲᠡᠢ ᠬᠠᠷᠢᠯᠴᠠᠭ᠎ᠠ ᠬᠤᠯᠪᠣᠭ᠎ᠠ ᠠᠪᠴᠤ᠂  ᠮᠡᠳᠡᠭᠡ ᠵᠠᠩᠭᠢ ᠶᠢ ᠢᠯᠡ ᠪᠣᠯᠭᠠᠬᠤ ᠱᠠᠭᠠᠷᠳᠠᠯᠭ᠎ᠠ᠂ ᠬᠦᠷᠢᠶ᠎ᠡ ᠬᠡᠪᠴᠢᠶ᠎ᠡi ᠬᠢᠭᠡᠳ ᠬᠠᠮᠢᠶ᠎ᠠ ᠪᠦᠬᠦᠢ ᠳᠦᠷᠢᠮ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠭᠰᠠᠨ ᠠᠴᠠ ᠭᠤᠶᠤᠴᠢᠯᠠᠭᠴᠢ ᠨᠢ ᠣᠶᠢᠯᠠᠭᠠᠯᠲᠠ ᠪᠠᠯᠠᠷᠬᠠᠢ᠂ ᠰᠠᠨᠠᠭ᠎ᠠ ᠪᠠᠨ ᠢᠯᠡᠳᠬᠡᠵᠦ ᠳᠡᠶᠢᠯᠬᠦ ᠦᠭᠡᠢ ᠪᠤᠶᠤ ᠬᠦᠯᠢᠶᠡᠨ ᠠᠪᠴᠤ ᠰᠢᠢᠳᠪᠦᠷᠢᠯᠡᠬᠦ ᠨᠢᠭᠡᠴᠡ ᠨᠢ ︽ᠢᠯᠡ ᠪᠣᠯᠭᠠᠭᠰᠠᠨ ᠦᠭᠡᠢ ᠪᠤᠶᠤ ᠢᠯᠡ ᠪᠣᠯᠭᠠᠬᠤ ᠶᠢ ᠤᠳᠠᠭᠠᠰᠢᠷᠠᠭᠤᠯᠤᠭᠰᠠᠨ︾ ᠎ ᠠᠴᠠ ᠪᠣᠯᠣᠭᠰᠠᠨ ᠵᠦᠷᠢᠴᠡᠯ ᠮᠥᠷᠭᠦᠯᠳᠦᠭᠡᠨ ᠢ ᠵᠦᠭᠰᠢᠷᠡᠭᠦᠯᠵᠡᠢ᠃    ᠬᠤᠶᠠᠷ᠂ ᠵᠠᠰᠠᠭ ᠤᠨ ᠣᠷᠳᠣᠨ ᠤ   ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ     ︵ᠨᠢᠭᠡ︶ ᠢᠯᠡ ᠪᠣᠯᠭᠠᠭᠰᠠᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢᠨ ᠠᠭᠤᠯᠭ᠎ᠠ    2016ᠣᠨ ᠤ12 ᠳ᠋ᠤᠭᠠᠷ ᠰᠠᠷ᠎ᠠ ᠶᠢᠨ31᠎ ᠤ ᠡᠳᠦᠷ ᠪᠣᠯᠲᠠᠯ᠎ᠠ᠂ ᠢᠯᠡ ᠪᠣᠯᠭᠠᠭᠰᠠᠨ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ  ᠮᠡᠳᠡᠭᠡ ᠵᠠᠩᠭᠢ ᠨᠡᠶᠢᠲᠡ1507 ᠵᠤᠷᠪᠤᠰ ᠪᠠᠶᠢᠵᠤ᠂ ᠡᠭᠦᠨ ᠳᠤ ᠪᠠᠶᠢᠭᠤᠯᠤᠮᠵᠢ ᠶᠢᠨ ᠴᠢᠳᠠᠪᠬᠢ ᠶᠢᠨ ᠲᠥᠷᠥᠯ ᠤᠨ  ᠮᠡᠳᠡᠭᠡ ᠵᠠᠩᠭᠢ24 ᠵᠤᠷᠪᠤᠰ᠂ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠲᠥᠷᠥᠯ ᠤᠨ  ᠮᠡᠳᠡᠭᠡ ᠵᠠᠩᠭᠢ6 ᠵᠤᠷᠪᠤᠰ ᠪᠣᠢ᠃     ︵ᠬᠤᠶᠠᠷ︶ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ ᠬᠡᠯᠪᠡᠷᠢ    1᠂ ᠵᠠᠰᠠᠭ ᠤᠨ ᠣᠷᠳᠣᠨ ᠤ ᠰᠦᠯᠵᠢᠶ᠎ᠡ ᠶᠢ ᠠᠰᠢᠭᠯᠠᠵᠠᠢ᠃    ᠶᠣᠸᠠᠨ ᠪᠣᠣ ᠱᠠᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ︵http://www.ybs.gov.cn)  ᠪᠣᠯ ᠶᠣᠸᠠᠨ ᠪᠣᠣ ᠱᠠᠨ ᠲᠣᠭᠤᠷᠢᠭ ᠤᠨ  ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠭᠤᠣᠯ ᠠᠷᠭ᠎ᠠ ᠵᠠᠮ ᠪᠣᠯᠣᠨ᠎ᠠ᠃ ᠰᠦᠯᠵᠢᠶ᠎ᠡ ᠨᠢ  ᠮᠡᠳᠡᠭᠡ ᠵᠠᠩᠭᠢ ᠶᠢ ᠢᠯᠡ ᠪᠣᠯᠭᠠᠬᠤ᠂ ᠶᠣᠸᠠᠨ ᠪᠣᠣ ᠱᠠᠨ ᠲᠣᠭᠤᠷᠢᠭ ᠤᠨ ᠪᠠᠶᠢᠳᠠᠯ᠂ ᠤᠴᠢᠷ ᠶᠠᠪᠤᠳᠠᠯ ᠢ ᠭᠦᠢᠴᠡᠳᠬᠡᠬᠦ ᠦᠢᠯᠡᠴᠢᠯᠡᠭᠡᠨ᠂ ᠵᠠᠰᠠᠭ ᠠᠷᠠᠳ ᠤᠨ ᠬᠠᠷᠢᠯᠴᠠᠭ᠎ᠠ ᠵᠡᠷᠭᠡ ᠪᠣᠯᠤᠩ ᠡᠷᠬᠢᠯᠡᠵᠦ᠂ ᠤᠴᠢᠷ ᠶᠠᠪᠤᠳᠠᠯ ᠭᠦᠢᠴᠡᠳᠬᠡᠬᠦ᠂  ᠮᠡᠳᠡᠭᠡ  ᠵᠠᠩᠭᠢ ᠶᠢ ᠢᠯᠡ ᠪᠣᠯᠭᠠᠬᠤ ᠪᠣᠯᠤᠩ ᠢᠶᠠᠷ  ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠨᠡᠮᠡᠭᠳᠡᠭᠦᠯᠦᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠤᠯᠠᠨ ᠳᠦᠮᠡᠨ ᠳᠤ ᠳᠦᠭᠦᠮ ᠦᠵᠡᠭᠦᠯᠵᠡᠢ᠃12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ ᠨᠡᠶᠢᠲᠡ1507 ᠵᠤᠷᠪᠤᠰ ᠵᠠᠰᠠᠭ ᠤᠨ ᠶᠠᠪᠤᠳᠠᠯ ᠤᠨ  ᠮᠡᠳᠡᠭᠡ ᠵᠠᠩᠭᠢ ᠶᠢ ᠰᠢᠨᠡᠳᠬᠡᠵᠦ᠂5.4  ᠲᠦᠮᠡ ᠭᠠᠷᠤᠢ ᠬᠦᠮᠦᠨ ᠤᠳᠠᠭ᠎ᠠ ᠰᠤᠷᠪᠤᠯᠵᠢᠯᠠᠭ᠎ᠠ ᠬᠢᠵᠡᠢ᠃    2᠂ᠤᠯᠠᠨ ᠨᠡᠶᠢᠲᠡ ᠶᠢᠨ ᠠᠰᠠᠭᠤᠨ ᠯᠠᠪᠯᠠᠬᠤ ᠭᠠᠵᠠᠷ ᠬᠠᠩᠭᠠᠵᠠᠢ᠃    ᠲᠣᠭᠤᠷᠢᠭ ᠤᠨ ᠨᠣᠮ ᠤᠨ ᠰᠠᠩ᠂ ᠳᠠᠩᠰᠠ ᠡᠪᠬᠡᠮᠡᠯ ᠤᠨ ᠭᠡᠷ ᠎ ᠲᠤ ᠶᠤᠸᠠᠨ ᠪᠣᠣ ᠱᠠᠨ ᠲᠤᠭᠤᠷᠢᠭ ᠤᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠠᠰᠠᠭᠤᠨ ᠯᠠᠪᠯᠠᠬᠤ ᠭᠠᠵᠠᠷ ᠭᠠᠷᠭᠠᠵᠤ᠂ ᠪᠦᠬᠦ ᠵᠢᠯ ᠳᠤ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢᠨ ᠲᠤᠬᠠᠢ ᠠᠰᠠᠭᠤᠨ ᠯᠠᠪᠯᠠᠬᠤ ᠤᠯᠠᠨ ᠳᠦᠮᠡᠨ ᠢ ᠲᠤᠬᠠᠢ ᠶᠢᠨ ᠲᠠᠯᠠᠪᠤᠷ ᠲᠤ100 ᠢᠯᠡᠭᠦᠦ ᠬᠥᠮᠥᠨ ᠤᠳᠠᠭ᠎ᠠ ᠬᠦᠯᠢᠶᠡᠨ ᠠᠪᠴᠠᠢ᠃    ᠭᠤᠷᠪᠠ᠂ ᠭᠤᠶᠤᠴᠢᠯᠠᠯ ᠢᠶᠠᠷ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ    2016ᠣᠨ ᠳᠤ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠨᠢᠭᠡ ᠬᠤᠪᠢ ᠬᠦᠯᠢᠶᠡᠨ ᠠᠪᠴᠠᠢ᠃ ᠲᠤᠰ ᠭᠤᠶᠤᠴᠢᠯᠠᠯ ᠨᠢ ᠲᠤᠬᠠᠢ ᠶᠢᠨ ᠲᠠᠯᠠᠪᠤᠷ ᠲᠠᠬᠢ ᠪᠢᠴᠢᠭ ᠤᠨ ᠭᠤᠶᠤᠴᠢᠯᠠᠯ ᠪᠣᠯᠣᠨ᠎ᠠ᠃ ᠭᠤᠶᠤᠴᠢᠯᠠᠯ ᠳᠤ᠂ ᠭᠠᠵᠠᠷ ᠲᠠᠲᠠᠪᠤᠷᠢᠯᠠᠵᠤ᠂ ᠨᠤᠷᠠᠭᠠᠵᠤ ᠨᠡᠭᠦᠯᠭᠡᠬᠦ ᠬᠠᠮᠢᠶ᠎ᠠ ᠲᠠᠢ ᠪᠢᠴᠢᠭ ᠮᠠᠲ᠋ᠧᠷᠢᠶᠠᠯ ᠢ ᠡᠷᠢᠵᠦ ᠦᠵᠡᠬᠦ ᠪᠠᠷ ᠭᠤᠶᠤᠴᠢᠯᠠᠭᠰᠠᠨ ᠳᠤ᠂ ᠳᠡᠭᠦᠨ ᠤ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠪᠦᠬᠦ ᠵᠢᠯ ᠳᠤ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ  ᠰᠦᠢᠳᠬᠡᠯ ᠬᠤᠷᠢᠶ᠋ᠭᠰᠠᠨ ᠪᠠ ᠬᠠᠰᠤᠵᠤ ᠬᠡᠯᠲᠦᠷᠢᠭᠦᠯᠦᠭᠰᠡᠨ ᠪᠠᠶᠢᠳᠠᠯ ᠭᠠᠷᠤᠭᠰᠠᠨ ᠦᠭᠡᠢ᠃     ᠳᠥᠷᠪᠡ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠲᠤᠬᠠᠢ ᠯᠠᠪᠯᠠᠯᠲᠠ ᠪᠠ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ    2016ᠣᠨ ᠳᠤ᠂ ᠵᠠᠰᠠᠭ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠬᠠᠮᠢᠶ᠎ᠠ ᠲᠠᠢ  ᠯᠠᠪᠯᠠᠯᠲᠠ ᠪᠠ ᠵᠠᠭᠠᠯᠳᠤᠯᠭ᠎ᠠ ᠬᠢᠭᠰᠡᠨ ᠦᠭᠡᠢ᠃    ᠲᠠᠪᠤ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ᠂ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ    2016ᠣᠨ ᠳᠤ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠵᠠᠰᠠᠭ ᠵᠠᠬᠢᠷᠭᠠᠨ ᠤ ᠳᠠᠬᠢᠨ ᠵᠦᠭᠯᠡᠭᠦᠯᠬᠦ ᠭᠤᠶᠤᠴᠢᠯᠠᠯ ᠭᠠᠷᠭᠠᠵᠤ᠂ ᠵᠠᠰᠠᠭ ᠵᠠᠬᠢᠷᠭᠠᠨ ᠤ ᠵᠠᠷᠭᠤ ᠬᠢᠭᠰᠡᠨ ᠤᠴᠢᠷ ᠭᠠᠷᠤᠭᠰᠠᠨ ᠦᠭᠡᠢ᠃     ᠵᠢᠷᠭᠤᠭ᠎ᠠ᠂ ᠵᠠᠰᠠᠭ ᠤᠨ ᠣᠷᠳᠣᠨ  ᠤ  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠰᠢᠢᠳᠪᠦᠷᠢᠯᠡᠬᠦ ᠠᠷᠭ᠎ᠠ ᠪᠠᠷᠢᠯ    2016ᠣᠨ ᠳᠤ᠂ ᠶᠤᠸᠠᠨ ᠪᠣᠣ ᠱᠠᠨ ᠲᠣᠭᠤᠷᠢᠭ ᠤᠨ ᠵᠠᠰᠠᠭ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠬᠡᠳᠦᠶᠢᠪᠡᠷ ᠲᠤᠭ᠎ᠠ ᠬᠡᠮᠵᠢᠶ᠎ᠡ ᠪᠠ ᠤᠳᠬ᠎ᠠ ᠠᠭᠤᠯᠭ᠎ᠠ ᠶᠢᠨ ᠲᠠᠯ᠎ᠠ ᠪᠠᠷ ᠵᠤᠬᠢᠬᠤ ᠠᠮᠵᠢᠯᠲᠠ ᠣᠯᠣᠭᠰᠠᠨ ᠪᠣᠯᠪᠠᠴᠤ᠂ ᠪᠠᠰᠠ ᠨᠢᠭᠡ ᠪᠦᠯᠦᠭ ᠬᠦᠷᠦᠯᠴᠡᠬᠦ ᠦᠭᠡᠢ ᠵᠦᠢᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ ᠃ ᠭᠤᠣᠯᠳᠠᠭᠤ᠄ ᠨᠢᠭᠡ ᠳᠤ ᠵᠠᠷᠢᠮ  ᠮᠡᠳᠡᠭᠡ  ᠵᠠᠩᠭᠢ᠂ ᠢᠯᠠᠩᠭᠤᠶ᠎ᠠ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠲᠥᠷᠥᠯ ᠬᠤᠪᠢᠶᠠᠭᠰᠠᠨ ᠨᠢ ᠲᠣᠳᠣᠷᠬᠠᠢ ᠦᠭᠡᠢ᠂ ᠳᠣᠣᠷ᠎ᠠ ᠳᠣᠣᠷ᠎ᠠ ᠨᠢ ᠢᠯᠡ ᠪᠣᠯᠭᠠᠭᠰᠠᠨ ᠦᠭᠡᠢ᠃ ᠬᠤᠶᠠᠷ ᠲᠤ  ᠮᠡᠳᠡᠭᠡ ᠵᠠᠩᠭᠢ ᠶᠢ ᠢᠯᠡ ᠪᠣᠯᠭᠠᠬᠤ ᠰᠠᠯᠠᠭ᠎ᠠ ᠮᠦᠴᠢᠷ ᠨᠢ ᠡᠮᠦᠨ᠎ᠡ ᠹᠷᠣᠨᠲ ᠲᠤ ᠰᠤᠷᠪᠤᠯᠵᠢᠯᠠᠭᠴᠢ ᠲᠣᠬᠢᠷᠠᠭᠤᠯᠤᠭᠰᠠᠨ ᠦᠭᠡᠢ᠂ ᠬᠠᠮᠤᠭ ᠠᠩᠬᠠᠨ ᠤ  ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠵᠦ ᠳᠡᠶᠢᠯᠬᠦ ᠦᠭᠡᠢ ᠃ ᠭᠤᠷᠪᠠ ᠳᠤ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠡᠩᠨᠡᠭᠡᠨ ᠤ ᠪᠦᠳᠦᠭᠡᠨ ᠪᠠᠶᠢᠭᠤᠯᠤᠯᠲᠠ ᠪᠠᠷᠤᠭ ᠲᠠᠢ᠂  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠰᠬᠠᠢ ︵ᠬᠠᠪᠰᠤᠷᠭᠠᠭᠰᠠᠨ︶ ᠠᠵᠢᠯᠲᠡᠨ ᠭᠠᠭᠴᠠᠬᠠᠨ ᠲᠤᠯᠠ ᠣᠳᠣᠬᠠᠨ ᠤ ᠠᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃    ᠮᠠᠨ ᠤ ᠲᠣᠭᠤᠷᠢᠭ ᠨᠢ ᠬᠤᠶᠢᠰᠢᠲᠠ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠤᠬᠠᠭᠤᠯᠤᠯ ᠬᠥᠮᠥᠵᠢᠯ ᠢ ᠴᠢᠩᠭᠠᠳᠬᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠬᠢᠭᠡᠳ ᠡᠯ᠎ᠡ ᠱᠠᠲᠤᠨ ᠤ ᠬᠠᠮᠢᠶ᠎ᠠ ᠪᠦᠭᠦᠢ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠵᠤ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠬᠤ ᠠᠵᠢᠯ ᠢ ᠡᠳᠤᠷ ᠳᠤᠲᠤᠮ ᠤᠨ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠤᠨ᠂ ᠡᠩᠨᠡᠭᠡᠨ ᠤ ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠦᠢᠯᠡᠴᠢᠯᠡᠭᠡᠨ ᠢᠶᠠᠨ ᠰᠠᠶᠢᠵᠢᠷᠠᠭᠤᠯᠤᠨ᠂ ᠵᠠᠰᠠᠭ ᠤᠨ ᠣᠷᠳᠣᠨ ᠤ  ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠢᠷᠢ ᠲᠦᠪᠰᠢᠨ ᠢᠶᠠᠨ ᠤᠯᠠᠮ ᠳᠡᠭᠡᠭᠰᠢᠯᠡᠭᠦᠯᠵᠦ᠂ ᠠᠷᠠᠳ ᠤᠯᠠᠨ ᠳᠠᠭᠠᠨ  ᠮᠡᠳᠡᠭᠡ ᠵᠠᠩᠭᠢ ᠶᠢ ᠢᠯᠡ ᠪᠣᠯᠭᠠᠬᠤ ᠨᠡᠩ ᠳᠥᠭᠦᠮ ᠦᠢᠯᠡᠴᠢᠯᠡᠭᠡᠨ ᠬᠠᠩᠭᠠᠨ᠎ᠠ᠃    ᠳᠣᠯᠤᠭ᠎ᠠ᠂ ᠮᠡᠳᠡᠭᠦᠯᠬᠦ ᠴᠢᠬᠤᠯᠠ ᠲᠠᠢ ᠪᠤᠰᠤᠳ ᠤᠴᠢᠷ    ᠲᠤᠰ ᠵᠢᠯ ᠳᠤ᠂ ᠮᠡᠳᠡᠭᠦᠯᠬᠦ ᠴᠢᠬᠤᠯᠠ ᠲᠠᠢ ᠪᠤᠰᠤᠳ ᠤᠴᠢᠷ ᠭᠠᠷᠤᠭᠰᠠᠨ ᠦᠭᠡᠢ᠃  ᠲᠤᠰ ᠮᠡᠳᠡᠭᠦᠯᠦᠯᠲᠡ ᠳᠤ ᠮᠠᠳᠠᠭ ᠲᠠᠢ ᠵᠦᠢᠯ ᠪᠠᠶᠢᠪᠠᠯ ᠶᠤᠸᠠᠨ ᠪᠣᠣ ᠱᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠷᠢᠯᠴᠠᠭᠠᠷᠠᠢ ︵ᠤᠲᠠᠰᠤ᠄3510206  ᠂ ᠡᠸ᠋ᠮᠧᠯ᠄ybsqzfb@qq.com
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1