ᠥᠪᠦᠷ ᠮᠤᠩᠭᠤᠯ ᠤᠨ 2017 ᠤᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2017/9/20
ᠯᠢ ᠵᠢᠢ ᠾᠧᠩ ᠴᠤᠬᠤᠯᠠᠪᠤᠷᠢ ᠦᠭᠴᠠᠢ     9 ᠰᠠᠷ᠎ᠠ ᠶᠢᠨ 18᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠬᠢ ᠶᠢᠨ ᠠᠯᠪᠡᠨ ᠭᠡᠷ ᠵᠡᠷᠭᠡ ᠤᠯᠠᠨ ᠰᠠᠯᠠᠭ᠎ᠠ ᠮᠦᠴᠢᠷ ᠬᠠᠮᠳᠤᠷᠠᠵᠦ ᠭᠤᠤᠯᠯᠠᠨ ᠡᠷᠬᠢᠯᠡᠭᠰᠡᠨ ᠥᠪᠦᠷ ᠮᠤᠩᠭᠤᠯ ᠤᠨ 2017 ᠤᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠵᠦ᠂ 400 ᠰᠢᠬᠠᠮ ᠬᠦᠮᠦᠨ ᠡᠬᠢᠯᠡᠯᠳᠠ ᠶᠢᠨ ᠶᠤᠰᠤᠯᠠᠯ ᠳᠤ ᠤᠷᠤᠯᠴᠠᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠤᠳᠤᠷᠢᠳᠬᠤ ᠲᠤᠭᠤᠢᠢᠯᠠᠩ ᠤᠨ ᠳᠠᠷᠤᠭ᠎ᠠ ᠯᠢ ᠵᠢᠢ ᠾᠧᠩ ᠮᠠᠨ ᠤ ᠤᠷᠤᠨ ᠤ ᠰᠦᠯᠵᠢᠶᠡᠨ ᠤ ᠠᠮᠤᠷ ᠲᠦᠪᠰᠢᠨ ᠤ ᠠᠵᠢᠯ ᠳᠤ ᠴᠤᠬᠤᠯᠠᠪᠤᠷᠢ ᠦᠭᠪᠠ᠃     ᠯᠢ ᠵᠢᠢ ᠾᠧᠩ ᠴᠤᠬᠤᠯᠠᠪᠤᠷᠢ ᠳᠠᠭᠠᠨ᠂ ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠤ ᠲᠦᠯᠦᠭᠡ ᠪᠠᠶᠢᠵᠤ᠂ ᠰᠦᠯᠵᠢᠶᠠᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠪᠤᠯ ᠪᠦᠬᠦ ᠨᠡᠶᠢᠭᠡᠮ ᠤᠨ ᠬᠠᠮᠳᠦ ᠶᠢᠨ ᠬᠠᠷᠢᠭᠤᠴᠠᠯᠭ᠎ᠠ ᠮᠦᠨ ᠭᠡᠵᠦ ᠵᠢᠭᠠᠵᠦ ᠭᠠᠷᠭᠠᠪᠠ᠃ ᠲᠡᠷᠡ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ ᠲᠤᠬᠢᠶᠠᠯ ᠪᠤᠯᠭᠠᠨ ᠰᠦᠯᠵᠢᠶᠡᠨ ᠤ ᠤᠷᠤᠨ ᠵᠠᠢ ᠶᠢᠨ ᠬᠠᠤᠯᠢᠵᠢᠯ ᠤᠨ ᠪᠠᠶᠢᠭᠤᠯᠤᠯᠳᠠ ᠶᠢ ᠯᠠᠪᠳᠠᠭᠤᠨ ᠪᠠᠲᠤᠲᠠᠢ ᠠᠬᠢᠭᠤᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠶᠡᠭᠡᠪᠡᠷ ᠤᠬᠠᠭᠤᠯᠤᠨ ᠲᠦᠭᠡᠮᠡᠯᠵᠢᠬᠦᠯᠵᠦ᠂ ᠰᠦᠯᠵᠢᠶᠡᠨ ᠤ ᠬᠠᠤᠯᠢᠵᠢᠯ ᠤᠨ ᠤᠬᠠᠭᠤᠯᠭ᠎ᠠ ᠬᠦᠮᠦᠵᠢᠯ ᠢ ᠦᠷᠭᠡᠨ ᠳᠡᠯᠭᠡᠷ ᠦᠷᠨᠢᠬᠦᠯᠤᠨ ᠰᠦᠯᠵᠢᠶᠡᠨ ᠤ ᠠᠮᠤᠷ ᠲᠦᠪᠰᠢᠨ ᠤ ᠬᠠᠤᠯᠢ ᠶᠢ ᠬᠦᠨᠵᠡᠭᠡᠢ ᠤᠬᠠᠭᠤᠯᠤᠨ ᠲᠤᠤᠱᠯᠠᠭᠤᠯᠵᠦ᠂ ᠪᠦᠷᠬᠦᠴᠡ ᠶᠢ ᠦᠷᠭᠡᠳᠭᠡᠨ ᠨᠦᠯᠦᠭᠡᠯᠡᠬᠦ ᠬᠦᠴᠦᠨ ᠢ ᠳᠡᠭᠡᠭᠰᠢᠯᠡᠬᠦᠯᠵᠦ᠂ ᠪᠦᠬᠦ ᠤᠷᠤᠨ ᠤ ᠦᠷᠭᠡᠨ ᠤᠯᠠᠨ ᠰᠦᠯᠵᠢᠶᠡᠨ ᠢᠷᠭᠡᠨ ᠤ ᠰᠦᠯᠵᠢᠶᠠᠨ ᠤ ᠠᠮᠤᠷ ᠲᠦᠪᠰᠢᠨ ᠤ ᠤᠬᠠᠮᠰᠠᠷ ᠪᠠ ᠬᠠᠤᠯᠢᠵᠢᠯ ᠤᠨ ᠤᠬᠠᠮᠰᠠᠷ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ ᠭᠡᠵᠦ ᠱᠠᠭᠠᠷᠳᠠᠵᠠᠢ᠃ ᠲᠡᠷᠡ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠦᠪ ᠰᠦᠯᠵᠢᠶᠡᠨ ᠤ ᠠᠮᠤᠷ ᠲᠦᠪᠰᠢᠨ ᠤ ᠦᠵᠡᠯᠳᠠ ᠶᠢ ᠪᠠᠳᠤ ᠪᠠᠬᠢ ᠪᠤᠢ ᠪᠤᠯᠭᠠᠨ ᠰᠦᠯᠵᠢᠶᠡᠨ ᠤ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠵᠦ᠂ ᠰᠦᠯᠵᠢᠶᠡᠨ ᠤ ᠠᠮᠤᠷ ᠲᠦᠪᠰᠢᠨ ᠪᠠ ᠰᠦᠯᠵᠢᠶᠡᠨ ᠤ ᠬᠦᠭᠵᠢᠯᠳᠠ ᠶᠢ ᠵᠡᠷᠭᠡᠪᠡᠷ ᠠᠬᠢᠭᠤᠯᠬᠤ ᠶᠢ ᠪᠠᠷᠢᠮᠳᠠᠯᠠᠵᠦ᠂ ᠬᠠᠤᠯᠢ ᠶᠤᠰᠤᠭᠠᠷ ᠰᠦᠯᠵᠢᠶ᠎ᠠ ᠶᠢ ᠬᠠᠮᠢᠶᠠᠷᠤᠨ ᠵᠠᠰᠠᠵᠦ᠂ ᠰᠦᠯᠵᠢᠶᠡᠨ ᠳᠡᠭᠡᠷᠡᠬᠢ ᠬᠠᠤᠯᠢ ᠶᠢ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠵᠠᠩᠬᠢᠯᠠᠭ᠎ᠠ ᠶᠢᠨ ᠮᠡᠳᠡᠭᠡ ᠵᠠᠩᠬᠢ ᠶᠢᠨ ᠰᠠᠭᠤᠷᠢ ᠲᠦᠭᠦᠭᠡᠷᠤᠮᠵᠢ ᠶᠢᠨ ᠠᠮᠤᠷ ᠲᠦᠪᠰᠢᠨ ᠢ ᠪᠠᠳᠤᠯᠠᠬᠤ ᠴᠢᠳᠠᠪᠤᠷᠢ᠂ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠮᠡᠳᠡᠷᠡᠬᠦ ᠴᠢᠳᠠᠪᠤᠷᠢ ᠪᠠ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠠᠰᠤᠷᠠᠯᠳᠠ ᠦᠭᠡᠢ ᠴᠢᠩᠭᠠᠳᠬᠠᠬᠤ ᠭᠡᠷᠡᠭᠲᠡᠢ᠃ ᠰᠦᠯᠵᠢᠶᠡᠨ ᠤ ᠠᠮᠤᠷ ᠲᠦᠪᠰᠢᠨ ‍ᠤ‌‍ᠴᠢᠳᠠᠪᠤᠷᠢᠳᠠᠨ ᠤ ᠬᠦᠮᠦᠵᠢᠯ ᠪᠠ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠳᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠡᠯ᠎ᠠ ᠲᠠᠯ᠎ᠠ ᠶᠢᠨ ᠬᠦᠴᠦᠨ ᠢ ᠨᠢᠭᠡᠳᠦᠯᠳᠠᠢ ᠲᠦᠯᠦᠪᠵᠢᠬᠦᠯᠵᠦ᠂ ᠪᠦᠬᠦ ᠠᠷᠠᠳ ᠢᠶᠠᠷ ᠢᠶᠠᠨ ᠤᠷᠤᠯᠴᠠᠬᠤ ᠶᠢ ᠠᠬᠢᠭᠤᠯᠤᠨ ᠢᠳᠡᠪᠬᠢᠳᠠᠢ ᠡᠷᠡᠬᠦᠯ ᠰᠠᠷᠠᠭᠤᠯ ᠰᠦᠯᠵᠢᠶᠡᠨ ᠤ ᠰᠤᠶᠤᠯ ᠢ ᠪᠤᠶᠢᠵᠢᠭᠤᠯᠵᠦ᠂ ᠰᠦᠯᠵᠢᠶᠡᠨ ᠳᠡᠭᠡᠷᠡᠬᠢ ᠢᠳᠡᠪᠬᠢ ᠬᠦᠴᠦᠨ ᠢ ᠬᠦᠭᠵᠢᠬᠦᠯᠦᠨ ᠪᠤᠵᠠᠭᠠᠢᠢᠷᠠᠭᠤᠯᠵᠦ᠂ ᠰᠦᠯᠵᠢᠶᠡᠨ ᠤ ᠠᠮᠤᠷ ᠲᠦᠪᠰᠢᠨ ᠤ ᠤᠷᠤᠨ ᠵᠠᠢ ᠶᠢ ᠬᠠᠮᠳᠤᠪᠡᠷ ᠡᠳ᠋ᠯᠡᠬᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠳᠤᠪᠡᠷ ᠴᠤᠭᠴᠠᠯᠠᠬᠤ ᠰᠠᠶᠢᠨ ᠰᠠᠶᠢᠬᠠᠨ ᠪᠠᠶᠢᠷᠢᠰᠢᠯ ᠢ ᠠᠬᠢᠭᠤᠯᠤᠨ ᠪᠦᠷᠢᠯᠳᠦᠬᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠦ᠂ ︽ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤᠪᠡᠷ ᠳᠡᠷᠭᠡᠯᠰᠢᠬᠦᠯᠬᠦ︾᠎ ᠳᠤ ᠰᠠᠶᠢᠨ ᠰᠠᠶᠢᠬᠠᠨ ᠰᠦᠯᠵᠢᠶᠡᠨ ᠤ ᠤᠷᠴᠢᠨ ᠲᠤᠭᠤᠷᠢᠨ ᠢ ᠪᠤᠢ ᠪᠤᠯᠭᠠᠵᠦ᠂ ᠨᠠᠶᠢᠳᠠᠪᠤᠷᠢᠳᠠᠢ ᠰᠦᠯᠵᠢᠶᠡᠨ ᠤ ᠠᠮᠤᠷ ᠲᠦᠪᠰᠢᠨ ᠤ ᠪᠠᠳᠤᠯᠠᠭ᠎ᠠ ᠬᠠᠩᠭᠠᠬᠤ ᠭᠡᠷᠡᠭᠲᠡᠢ ᠭᠡᠵᠦ ᠴᠢᠬᠤᠯᠠᠴᠢᠯᠠᠪᠠ᠃ ᠲᠤᠰ ᠤᠳᠠᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠨᠢ ︽ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠤ ᠲᠦᠯᠦᠭᠡ᠂ ᠰᠦᠯᠵᠢᠶᠠᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠠ︾ ᠬᠡᠳᠡᠭ ᠢᠶᠠᠷ ᠭᠤᠤᠯ ᠰᠡᠳᠦᠪ ᠢᠶᠠᠨ ᠪᠤᠯᠭᠠᠵᠦ᠂ ᠰᠦᠯᠵᠢᠶᠡᠨ ᠤ ᠠᠮᠤᠷ ᠲᠦᠪᠰᠢᠨ ᠤ ᠳᠠᠭᠠᠷᠢᠯᠳᠠ ᠬᠠᠮᠠᠭᠠᠯᠠᠯᠳᠠ ᠶᠢᠨ ᠦᠵᠡᠬᠦᠯᠦᠯᠭᠡ᠂ ᠦᠵᠡᠰᠬᠦᠯᠡᠩ᠂ ᠮᠡᠷᠭᠡᠵᠢᠯ ᠤᠨ ᠪᠤᠯᠪᠠᠰᠤᠷᠠᠯ᠂ ᠭᠤᠤᠯ ᠰᠡᠳᠦᠪᠳᠦ ᠡᠳᠦᠷ ᠵᠡᠷᠭᠡ ᠠᠵᠢᠯᠯᠠᠭ᠎ᠠ ᠶᠢ ᠪᠠᠭᠳᠠᠭᠠᠵᠦ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠦᠵᠦ ᠲᠦᠯᠦᠪᠯᠡᠭᠡ᠂ ᠬᠠᠤᠯᠢ ᠲᠦᠷᠢᠮ᠂ ᠮᠡᠷᠭᠡᠵᠢᠯ ᠤᠨ ᠰᠢᠨ᠎ᠠ ᠡᠬᠦᠳᠦᠯᠳᠠ᠂ ᠴᠢᠳᠠᠪᠤᠷᠢᠳᠠᠨ ᠤ ᠬᠦᠮᠦᠵᠢᠯ᠂ ᠠᠵᠤ ᠦᠢᠯᠡᠰ ᠤᠨ ᠬᠦᠭᠵᠢᠯᠳᠠ᠂ ᠤᠬᠠᠭᠤᠯᠭ᠎ᠠ ᠬᠦᠮᠦᠵᠢᠯ ᠵᠡᠷᠭᠡ ᠲᠠᠯ᠎ᠠ ᠪᠠᠷ ᠤᠯᠤᠬᠰᠠᠨ ᠴᠢᠬᠤᠯᠠ ᠶᠡᠭᠡ ᠠᠮᠵᠢᠯᠳᠠ ᠪᠠ ᠮᠠᠨ ᠤ ᠤᠷᠤᠨ ᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠠᠮᠵᠢᠯᠳᠠ ᠶᠢ ᠲᠦᠪᠯᠡᠷᠡᠬᠦᠯᠦᠨ ᠤᠬᠠᠭᠤᠯᠵᠦ᠂ ᠤᠯᠠᠨ ᠨᠡᠶᠢᠳᠡ ᠶᠢᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠬᠦᠯᠵᠦ᠂ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠬᠦᠯᠵᠦ᠂ ᠪᠦᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠢ ᠴᠢᠬᠤᠯᠠᠴᠢᠯᠠᠨ ᠦᠵᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠳᠤᠪᠡᠷ ᠪᠤᠢ ᠪᠤᠯᠭᠠᠬᠤ ᠶᠢ ᠠᠬᠢᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠴᠢᠩᠭ᠎ᠠ ᠬᠦᠴᠦᠳᠠᠢ ᠰᠦᠯᠵᠢᠶᠡᠨ ᠤ ᠠᠮᠤᠷ ᠲᠦᠪᠰᠢᠨ ᠤ ᠪᠠᠳᠤᠯᠠᠭ᠎ᠠ ᠬᠠᠩᠭᠠᠬᠤ ᠪᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠤᠳᠤᠷᠢᠳᠬᠤ ᠲᠤᠭᠤᠢᠢᠯᠠᠩ ᠤᠨ ᠳᠡᠳ᠋ ᠳᠠᠷᠤᠭ᠎ᠠ ᠪᠠᠢ ᠢᠤᠢ ᠭᠠᠩ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠦᠵᠡᠰᠬᠦᠯᠡᠩ ᠢ ᠲᠤᠭᠤᠷᠢᠨ ᠦᠵᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠭᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1