| | | | ᠤᠢᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ︽ᠤᠯᠤᠰ ᠤᠨ ᠴᠡᠴᠡᠷᠯᠢᠭᠵᠢᠭᠰᠡᠨ ᠬᠤᠳᠠ ᠶᠢ ᠡᠬᠦᠳᠦᠨ | ᠪᠠᠶᠢᠭᠤᠯᠬᠤ︾ ᠬᠠᠷᠠᠯᠳᠠ ᠶᠢᠨ ᠲᠤᠭᠤᠷᠢᠨ ᠳᠤ᠂ ᠬᠤᠳᠠ ᠶᠢᠨ ᠴᠡᠴᠡᠷᠯᠢᠭᠵᠢᠬᠦᠯᠦᠯᠳᠡ ᠶᠢᠨ | ᠨᠤᠭᠤᠭᠠᠷᠠᠭᠤᠯᠤᠯᠳᠠ ᠶᠢᠨ ᠠᠵᠢᠯ ᠢ ᠬᠤᠲᠠ ᠶᠢᠨ ᠪᠦᠳᠦᠬᠡᠨ ᠪᠠᠶᠢᠭᠤᠯᠤᠯᠳᠠ ᠶᠢᠨ ᠭᠤᠤᠯ ᠠᠭᠤᠯᠭ᠎ᠠ ᠳᠤ | ᠤᠷᠤᠭᠤᠯᠤᠨ᠂ ︽ᠵᠠᠰᠠᠭ ᠤᠨ ᠤᠷᠳᠦᠨ ᠵᠤᠬᠢᠶᠠᠨ ᠪᠠᠶᠢᠭᠤᠯᠵᠦ᠂ ᠨᠡᠶᠢᠬᠡᠮ ᠢᠶᠠᠷ ᠢᠶᠠᠨ ᠤᠷᠤᠯᠴᠠᠨ᠂ | ᠤᠨᠴᠠᠯᠢᠭ ᠢᠶᠠᠨ ᠲᠤᠪᠤᠶᠢᠯᠭᠠᠬᠤ︾ ᠵᠠᠷᠴᠢᠮ ᠢ ᠪᠠᠷᠢᠮᠲᠠᠯᠠᠵᠦ᠂ ᠴᠡᠴᠡᠷᠯᠢᠭᠵᠢᠬᠦᠯᠦᠯᠳᠡ ᠶᠢᠨ | ᠨᠤᠭᠤᠭᠠᠷᠠᠭᠤᠯᠤᠯᠳᠠ ᠶᠢᠨ ᠠᠵᠢᠯ᠂ ᠭᠤᠤᠯ ᠮᠦᠷᠡᠨ ᠤ ᠬᠡᠪᠡᠯᠢ ᠶᠢ ᠵᠠᠰᠠᠬᠤ᠂ ᠠᠮᠢ ᠠᠬᠤᠢ ᠶᠢᠨ ᠤᠷᠴᠢᠨ ᠢ | ᠴᠡᠭᠴᠡᠯᠡᠬᠦ᠂ ᠬᠤᠲᠠ ᠶᠢᠨ ᠪᠠᠭᠲᠠᠭᠠᠮᠵᠢ ᠶᠢ ᠶᠡᠬᠡᠰᠬᠡᠬᠦ ᠲᠠᠯ᠎ᠠ ᠪᠠᠷ ᠭᠤᠤᠯᠳᠠᠯᠭ᠎ᠠ ᠪᠤᠯᠭᠠᠨ ᠤᠯᠤᠰ ᠤᠨ ᠲᠡᠰ ᠤᠨ | ᠴᠡᠴᠡᠷᠯᠢᠭᠵᠢᠭᠰᠡᠨ ᠬᠤᠲᠠ ᠶᠢ ᠡᠬᠦᠳᠦᠨ ᠪᠠᠶᠢᠭᠤᠯᠬᠤ ᠠᠵᠢᠯᠯᠠᠭᠠᠨ ᠢ ᠢᠳᠡᠪᠬᠢᠲᠠᠢ ᠦᠷᠨᠢᠬᠦᠯᠵᠦ᠂ ᠭᠤᠤᠯ ᠮᠦᠷᠡᠨ | ᠵᠠᠮ ᠤᠨ ᠬᠠᠵᠠᠭᠤ ᠶᠢᠨ ᠨᠤᠭᠤᠭᠠᠷᠠᠭᠤᠯᠤᠯᠳᠠ ᠪᠠᠷ ᠭᠤᠤᠯ ᠱᠤᠭᠤᠮ ᠪᠤᠯᠭᠠᠨ᠂ ᠴᠡᠴᠡᠷᠯᠢᠭ ᠵᠤᠭᠠᠴᠠᠯ ᠤᠨ | ᠭᠠᠵᠠᠷ ᠤᠨ ᠨᠤᠭᠤᠭᠠᠷᠠᠭᠤᠯᠤᠯᠳᠠ ᠪᠠᠷ ᠭᠤᠤᠯᠳᠠᠯᠭ᠎ᠠ ᠪᠤᠯᠭᠠᠨ᠂ ᠪᠠᠶᠢᠭᠤᠯᠤᠯᠭ᠎ᠠ ᠤᠷᠤᠨ ᠰᠠᠭᠤᠴᠠ ᠨᠡᠶᠢᠬᠡᠮ | ᠲᠤᠭᠤᠷᠢᠭ ᠤᠨ ᠨᠤᠭᠤᠭᠠᠷᠠᠭᠤᠯᠤᠯᠳᠠ ᠪᠠᠷ ᠰᠠᠭᠤᠷᠢ ᠪᠤᠯᠭᠠᠵᠦ᠂ ᠠᠮᠢ ᠠᠬᠤᠢ ᠶᠢᠨ ᠨᠤᠭᠤᠭᠠᠷᠠᠭᠤᠯᠤᠯᠳᠠ ᠪᠠ | ᠬᠠᠮᠠᠭᠠᠯᠠᠯᠳᠠ ᠶᠢᠨ ᠤᠢ ᠪᠠᠷ ᠨᠦᠬᠦᠪᠦᠷᠢ ᠪᠤᠯᠭᠠᠭᠰᠡᠨ ᠬᠤᠲᠠ ᠶᠢᠨ ᠨᠤᠭᠤᠭᠠᠷᠠᠭᠤᠯᠤᠯᠳᠠ ᠶᠢᠨ ᠪᠦᠳᠦᠴᠡ ᠶᠢ | ᠦᠨᠳᠦᠰᠤᠨ ᠳᠡᠭᠡᠨ ᠪᠦᠷᠢᠯᠳᠦᠬᠦᠯᠪᠠ᠃ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ | ᠴᠡᠴᠡᠷᠯᠢᠭᠵᠢᠬᠦᠯᠦᠯᠳᠡ ᠶᠢᠨ ᠨᠤᠭᠤᠭᠠᠷᠠᠭᠤᠯᠤᠯᠳᠠ ᠶᠢᠨ ᠪᠦᠳᠦᠬᠡᠨ ᠪᠠᠶᠢᠭᠤᠯᠤᠯᠳᠠ ᠳᠤ ᠭᠤᠤᠯᠳᠠᠯᠭ᠎ᠠ ᠲᠠᠢ | ᠦᠨᠳᠦᠰᠦᠯᠡᠯ ᠬᠠᠨᠭ᠍ᠭᠠᠪᠠ᠃ ᠮᠠᠨ ᠤ ᠬᠤᠳᠠ ᠤᠷᠢᠳᠴᠢᠯᠡᠨ ᠲᠦᠯᠦᠪᠵᠢᠬᠦᠯᠬᠦ ᠶᠢ ᠢᠮᠠᠭᠳᠠ ᠪᠠᠷᠢᠮᠲᠠᠯᠠᠵᠦ᠂ ᠦᠨᠳᠦᠷ | ᠵᠤᠭᠰᠤᠴᠠ᠂ ᠦᠨᠳᠦᠷ ᠪᠠᠷᠢᠮᠵᠢᠶ᠎ᠠ ᠪᠠᠷ ᠴᠡᠴᠡᠷᠯᠢᠭᠵᠢᠭᠰᠡᠨ ᠬᠤᠲᠠ ᠶᠢᠨ ᠬᠦᠭᠵᠢᠯᠳᠠ ᠶᠢᠨ ᠲᠦᠯᠦᠪᠵᠢᠬᠦᠯᠬᠡ ᠶᠢ | ᠭᠠᠷᠭᠠᠵᠦ᠂ ᠴᠡᠴᠡᠷᠯᠢᠭᠵᠢᠬᠦᠯᠦᠯᠳᠡ ᠶᠢᠨ ᠨᠤᠭᠤᠭᠠᠷᠠᠭᠤᠯᠤᠯᠳᠠ ᠶᠢᠨ ᠦᠵᠡᠮᠵᠢ ᠶᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠤᠨ᠂ ᠤᠮᠠᠷᠠᠳᠦ ᠶᠢᠨ ᠤᠨᠴᠠᠯᠢᠠᠠᠳᠦ ᠭᠠᠵᠠᠷ ᠤᠷᠤᠨ ᠤ ᠴᠡᠴᠡᠷᠯᠢᠭᠵᠢᠭᠰᠡᠨ ᠬᠤᠳᠠ ᠶᠢ ᠪᠠᠶᠢᠭᠤᠯᠬᠤ ᠳᠤ | ᠤᠬᠢ ᠰᠠᠶᠢᠨ ᠵᠢᠷᠤᠭ ᠲᠦᠯᠦᠪᠯᠡᠭᠡ ᠭᠠᠷᠭᠠᠪᠠ᠃ ᠨᠡᠶᠢᠬᠡᠮ ᠤᠨ ᠡᠯ᠎ᠠ ᠡᠳᠡᠬᠡᠳ ᠤᠨ ᠰᠠᠨᠠᠯ ᠰᠠᠨᠠᠭᠤᠯᠭ᠎ᠠ ᠶᠢ | ᠦᠷᠬᠡᠨ ᠢᠶᠠᠷ ᠬᠤᠷᠢᠶᠠᠭᠰᠡᠨ ᠤ ᠰᠠᠭᠤᠷᠢᠨ ᠲᠡᠬᠡᠷ᠎ᠠ᠂ ᠲᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠤᠨ | ᠨᠤᠳᠠᠯᠠᠭᠤᠯᠵᠦ᠂ ︽ᠤᠯᠠᠭᠠᠨᠬᠠᠳᠠ ᠬᠤᠲᠠ ᠶᠢᠨ ᠨᠤᠭᠤᠭᠠᠷᠠᠭᠤᠯᠤᠯᠳᠠ ᠶᠢᠨ ᠰᠢᠰᠲ᠋ᠧᠮᠳᠤ ᠲᠦᠯᠦᠪᠵᠢᠬᠦᠯᠬᠡ ︵ | 2015-2030︶︾ ᠶᠢ ᠲᠤᠭᠲᠠᠭᠠᠵᠦ᠂ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠩᠭᠤᠢ᠂ ᠪᠠᠷᠢᠯᠭ᠎ᠠ ᠪᠠ | ᠨᠤᠭᠤᠭᠠᠷᠠᠭᠤᠯᠤᠯᠳᠠ ᠶᠢ ᠵᠤᠬᠢᠴᠠᠩᠭᠤᠢ ᠪᠠᠷ ᠬᠦᠭᠵᠢᠬᠦᠯᠵᠦ᠂ ᠬᠤᠳᠠ ᠲᠤᠭᠤᠷᠢᠭ ᠪᠠ ᠪᠠᠶᠢᠭᠠᠯᠢ ᠶᠢᠨ ᠤᠷᠴᠢᠨ | ᠲᠤᠭᠤᠷᠢᠨ ᠵᠤᠬᠢᠴᠠᠩᠭᠤᠢ ᠪᠠᠷ ᠬᠠᠷᠢᠯᠴᠠᠨ ᠠᠭᠤᠰᠤᠯᠴᠠᠬᠤ ᠨᠤᠭᠤᠭᠠᠷᠠᠭᠤᠯᠤᠯᠳᠠ ᠶᠢᠨ ᠪᠦᠳᠦᠬᠡᠨ | ᠪᠠᠶᠢᠭᠤᠯᠤᠯᠳᠠ ᠶᠢᠨ ᠬᠡᠯᠪᠡᠷᠢ ᠶᠢ ᠪᠤᠢ ᠪᠤᠯᠭᠠᠪᠠ᠃ ᠡᠬᠦᠨ ᠤ ᠬᠠᠮᠳᠦ᠂ ᠦᠵᠡᠮᠵᠢ ᠶᠢ ᠦᠨᠳᠦᠷ ᠪᠠᠷᠢᠮᠵᠢᠶ᠎ᠠ ᠪᠠᠷ | ᠲᠦᠯᠦᠪᠯᠡᠪᠡ᠃ ᠴᠡᠴᠡᠷᠯᠢᠭ ᠤᠨ ᠦᠵᠡᠮᠵᠢ ᠶᠢᠨ ᠲᠦᠯᠦᠪᠯᠡᠭᠡ ᠶᠢᠨ ᠲᠤᠮᠳᠠ ︽ᠨᠤᠭᠤᠭᠠᠷᠠᠭᠤᠯᠤᠯᠳᠠ︾ ᠪᠠ ︽ | ᠭᠤᠶᠤᠵᠢᠭᠤᠯᠤᠯᠳᠠ︾ ᠪᠠᠷ ᠭᠤᠤᠯ ᠰᠡᠳᠦᠪ ᠪᠤᠯᠭᠠᠪᠠ᠃ ᠨᠤᠭᠤᠭᠠᠷᠠᠭᠤᠯᠤᠯᠳᠠ ᠳᠠᠭᠠᠨ᠂ ᠭᠠᠵᠠᠷ ᠤᠷᠤᠨ ᠳᠤᠨᠢ | ᠲᠤᠬᠢᠷᠠᠭᠤᠯᠬᠤ ᠶᠢ ᠪᠠᠷᠢᠮᠲᠠᠯᠠᠵᠦ᠂ ᠲᠦᠯᠦᠪᠵᠢᠬᠦᠯᠬᠡ ᠶᠢᠨ ᠤᠢᠢᠯᠡᠳᠦᠯᠬᠡᠳᠦ ᠴᠢᠨᠠᠷ᠂ ᠬᠡᠷᠡᠭᠵᠢᠬᠦᠯᠵᠦ ᠪᠤᠯᠬᠤᠢᠢᠴᠠ | ᠴᠢᠨᠠᠷ ᠢ ᠢᠯᠡᠷᠡᠬᠦᠯᠵᠦ᠂ ᠮᠤᠳᠦᠨ ᠦᠷ᠎ᠠ ᠰᠤᠩᠭᠤᠬᠤ ᠳᠠᠭᠠᠨ᠂ ᠲᠤᠬᠠᠢ ᠶᠢᠨ ᠭᠠᠵᠠᠷ ᠤᠨ ᠮᠤᠳᠦᠨ ᠦᠷ᠎ᠠ ᠪᠠᠷ | ᠭᠤᠤᠯ ᠪᠤᠯᠭᠠᠨ᠂ ᠭᠠᠳᠠᠨ᠎ᠠ ᠤᠷᠤᠨ ᠤ ᠮᠤᠳᠤᠨ ᠦᠷ᠎ᠠ ᠪᠠᠷ ᠨᠡᠮᠡᠯᠳᠡ ᠪᠤᠯᠭᠠᠵᠦ᠂ ᠬᠤᠷᠳᠤᠨ ᠤᠷᠭᠤᠬᠤ ᠮᠤᠳᠦ ᠪᠠ | ᠤᠷᠳᠦ ᠨᠠᠰᠦᠳᠦ ᠮᠤᠳᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠪᠠ᠃ ᠪᠦᠳᠦᠴᠡ ᠶᠢᠨ ᠲᠤᠬᠢᠷᠠᠭᠤᠯᠤᠯᠳᠠ | ᠲᠡᠬᠡᠷ᠎ᠠ᠂ ᠴᠡᠴᠡᠭ ᠬᠤᠸᠠᠷ᠂ ᠡᠪᠡᠰᠦ ᠮᠤᠳᠦ ᠶᠢ ᠵᠤᠬᠢᠷᠠᠮᠵᠢᠲᠠᠢ ᠪᠠᠷ ᠪᠠᠶᠢᠷᠢᠯᠠᠭᠤᠯᠤᠨ᠂ ᠪᠠᠶᠢᠭᠠᠯᠢ ᠶᠢᠨ ᠦᠵᠡᠮᠵᠢ᠂ | ᠭᠠᠵᠠᠷ ᠤᠷᠤᠨ ᠤ ᠤᠨᠴᠠᠯᠢᠭ ᠢ ᠲᠤᠪᠤᠶᠢᠯᠭᠠᠨ᠂ ᠦᠵᠡᠮᠵᠢ ᠶᠢᠨ ᠦᠷ᠎ᠠ ᠪᠦᠳᠦᠮᠵᠢ ᠶᠢ ᠨᠡᠮᠡᠭᠳᠡᠬᠦᠯᠪᠠ᠃ | ᠨᠤᠭᠤᠭᠠᠷᠠᠭᠤᠯᠤᠯᠳᠠ ᠶᠢᠨ ᠪᠤᠭᠤᠮᠳᠠ ᠶᠢ ᠴᠢᠩᠭ᠎ᠠ ᠠᠳᠬᠤᠨ᠂ ᠤᠷᠢᠳ ᠬᠤᠵᠢᠳ ︽ᠤᠯᠠᠭᠠᠨᠬᠠᠳᠠ ᠬᠤᠲᠠ ᠶᠢᠨ | ᠨᠤᠭᠤᠭᠠᠨ ᠱᠤᠭᠤᠮ ᠤᠨ ᠬᠠᠮᠢᠶᠠᠷᠤᠯᠳᠠ ᠶᠢᠨ ᠠᠷᠭ᠎ᠠ︾᠂ ︽ᠤᠯᠠᠭᠠᠨᠬᠠᠳᠠ ᠬᠤᠲᠠ ᠶᠢᠨ ᠬᠦᠬᠡ ᠱᠤᠭᠤᠮ ᠤᠨ | ᠬᠠᠮᠢᠶᠠᠷᠤᠯᠳᠠ ᠶᠢᠨ ᠠᠷᠭ᠎ᠠ︾᠂ ︽ᠤᠯᠠᠭᠠᠨᠬᠠᠳᠠ ᠬᠤᠲᠠ ᠶᠢᠨ ᠴᠡᠴᠡᠷᠯᠢᠭᠵᠢᠬᠦᠯᠦᠯᠳᠡ ᠶᠢᠨ ᠬᠠᠮᠢᠶᠠᠷᠤᠯᠳᠠ ᠶᠢᠨ | ᠠᠷᠭ᠎ᠠ︾ ᠶᠢ ᠭᠠᠷᠭᠠᠵᠦ᠂ ᠰᠤᠨᠢᠨ᠂ ᠰᠦᠯᠵᠢᠶ᠎ᠠ ᠵᠡᠷᠬᠡ ᠵᠠᠭᠤᠴᠢᠰ ᠢᠶᠠᠷ ᠬᠤᠳᠠ ᠶᠢᠨ ᠨᠤᠭᠤᠭᠠᠨ ᠱᠤᠭᠤᠮ ᠢ ᠴᠠᠭ | ᠲᠤᠬᠠᠢ ᠳᠤᠨᠢ ᠨᠡᠶᠢᠲᠡᠯᠡᠵᠦ᠂ ᠨᠡᠶᠢᠬᠡᠮ ᠤᠨ ᠬᠢᠨᠠᠯᠳᠠ ᠶᠢ ᠬᠦᠯᠢᠶᠡᠪᠠ᠃ ᠰᠤᠳᠤᠨ ᠢᠨᠵᠧᠨᠧᠷᠢᠩ ᠢ ᠬᠡᠷᠡᠭᠵᠢᠬᠦᠯᠵᠦ᠂ | ᠬᠤᠳᠠ ᠶᠢᠨ ᠠᠮᠢᠵᠢᠷᠠᠯ ᠤᠨ ᠬᠦᠴᠦᠨ ᠢ ᠬᠦᠢᠴᠡᠳ ᠢᠯᠡᠷᠡᠬᠦᠯᠪᠠ᠃ ᠮᠠᠨ ᠤ ᠬᠤᠳᠠ ᠬᠤᠳᠠ ᠬᠦᠳᠡᠭᠡ ᠶᠢ ᠨᠢᠬᠡ | ᠴᠤᠭᠴᠠᠵᠢᠭᠤᠯᠤᠭᠰᠡᠨ ︽ᠭᠤᠷᠪᠠᠨ ᠠᠭᠤᠯᠠ ᠶᠢ ᠲᠦᠰᠢᠵᠦ᠂ ᠲᠠᠪᠤᠨ ᠭᠤᠤᠯ ᠬᠤᠳᠠ ᠪᠠᠷ ᠦᠡᠭᠬᠡᠷᠡᠭᠰᠡᠨ︾ ᠠᠮᠢ | ᠠᠬᠤᠢ ᠶᠢᠨ ᠲᠠᠪᠠᠭᠤᠯᠢᠭ ᠲᠠᠢ ᠪᠠᠶᠢᠵᠦ᠂ ᠤᠬᠢ ᠰᠤᠳᠤᠨ ᠦᠵᠡᠯᠳᠡ ᠶᠢ ᠪᠠᠳᠦᠳᠬᠠᠵᠦ᠂ | ᠴᠡᠴᠡᠷᠯᠢᠭᠵᠢᠬᠦᠯᠦᠯᠳᠡ ᠶᠢᠨ ᠨᠤᠭᠤᠭᠠᠷᠠᠭᠤᠯᠤᠯᠳᠠ ᠶᠢᠨ ᠡᠳ᠋ ᠤᠨ ᠵᠠᠰᠠᠭ ᠤᠨ ᠲᠦᠰᠦᠪ ᠢ ᠵᠢᠯ ᠲᠠᠷᠠᠭᠠᠯᠠᠨ | ᠨᠡᠮᠡᠭᠳᠡᠬᠦᠯᠵᠦ᠂ ᠨᠤᠭᠤᠭᠠᠷᠠᠭᠤᠯᠤᠯᠳᠠ ᠶᠢᠨ ᠪᠦᠳᠦᠬᠡᠨ ᠪᠠᠶᠢᠭᠤᠯᠤᠯᠳᠠ ᠶᠢ ᠦᠨᠳᠦᠷ ᠪᠡᠷᠢᠮᠵᠢᠶ᠎ᠠ ᠪᠠᠷ ᠬᠡᠷᠡᠭᠵᠢᠬᠦᠯᠪᠠ᠃ | ᠬᠤᠳᠠ ᠶᠢᠨ ︽ᠬᠤᠶᠠᠷ ᠠᠭᠤᠯᠠ ᠬᠤᠶᠠᠷ ᠬᠦᠷᠢᠶᠡᠯᠡᠩ︾ ᠤᠨ ᠢᠨᠵᠧᠨᠧᠷᠢᠩ ᠢ ᠭᠤᠤᠯᠳᠠᠯᠭ᠎ᠠ ᠲᠠᠢ ᠪᠠᠷ | ᠪᠠᠶᠢᠭᠤᠯᠵᠦ᠂ ᠲᠠᠷᠦᠢ ᠬᠤᠨᠭ᠌ ᠱᠠᠨ᠂ ᠡᠮᠤᠨ᠎ᠠ ᠠᠭᠤᠯᠠ ᠶᠢᠨ ᠦᠵᠡᠮᠵᠢ ᠶᠢᠨ ᠨᠤᠭᠤᠭᠠᠷᠠᠭᠤᠯᠤᠯᠳᠠ ᠶᠢ ᠨᠡᠮᠡᠭᠳᠡᠬᠦᠯᠬᠦ | ᠢᠨᠵᠧᠨᠧᠷᠢᠩ᠂ ᠰᠦᠡᠭ ᠪᠸᠢ ᠰᠢᠨ᠎ᠠ ᠬᠤᠳᠠ ᠳᠤ ᠲᠦᠪ ᠴᠡᠴᠡᠷᠯᠢᠭ ᠪᠠ ᠪᠢᠨ ᠡ᠊ ᡁᠧ ᠴᠡᠴᠡᠷᠯᠢᠭ ᠢ ᠪᠠᠶᠢᠭᠤᠯᠬᠤ | ᠪᠤᠯᠤᠨ᠎ᠠ᠃ ᠡᠬᠦᠨ ᠤ ᠬᠠᠮᠳᠦ᠂ ᠪᠦᠬᠦ ᠬᠤᠳᠠ ᠶᠢᠨ ᠤᠯᠠᠨ ᠵᠠᠮ᠂ ᠬᠦᠬᠦᠷᠬᠡ᠂ ᠭᠤᠤᠯ ᠤᠨ ᠬᠠᠵᠠᠭᠤ᠂ ᠬᠠᠭᠤᠴᠢᠨ | ᠴᠡᠴᠡᠷᠯᠢᠭ ᠵᠢᠴᠢ ᠵᠡᠬᠡᠯᠢ ᠶᠢᠨ ᠬᠠᠵᠠᠭᠤ ᠶᠢᠨ ᠨᠤᠭᠤᠭᠠᠷᠠᠭᠤᠯᠤᠯᠳᠠ ᠪᠠ ᠦᠬᠡᠷᠡᠴᠢᠯᠡᠯᠳᠡ ᠪᠠᠨ ᠴᠢᠩᠭᠠᠷᠠᠭᠤᠯᠵᠦ᠂ | ᠰᠢᠨ᠎ᠠ ᠪᠠᠷ ᠨᠡᠮᠡᠭᠳᠡᠬᠦ ᠬᠤᠳᠠ ᠶᠢᠨ ᠨᠤᠭᠤᠭᠠᠷᠠᠭᠤᠯᠤᠯᠳᠠ ᠶᠢᠨ ᠲᠡᠯᠠᠪᠠᠢ ᠪᠠᠷᠤᠭ 536.31 ᠡᡁᠧᠺᠲ᠋ᠠᠷ ᠪᠠᠶᠢᠵᠦ᠂ | ᠨᠢᠬᠡᠨᠳᠡ 130 ᠡᡁᠧᠺᠲ᠋ᠠᠷ ᠢ ᠨᠢ ᠪᠡᠶᠡᠯᠡᠬᠦᠯᠪᠠ᠃ ᠤᠳᠤᠬᠠᠨ ᠳᠤ᠂ ᠮᠠᠨ ᠤ ᠬᠤᠲᠠ ᠶᠢᠨ ᠨᠤᠭᠤᠭᠠᠷᠠᠭᠤᠯᠤᠭᠰᠡᠨ | ᠭᠠᠵᠠᠷ ᠪᠠ ᠨᠤᠭᠤᠭᠠᠷᠠᠭᠤᠯᠤᠯᠳᠠ ᠶᠢᠨ ᠪᠦᠷᠬᠦᠴᠡ ᠶᠢᠨ ᠨᠤᠷᠮ᠎ᠠ ᠪᠠ ᠬᠦᠮᠦᠨ ᠲᠤᠮᠳᠠᠴᠢ ᠶᠢᠨ | ᠴᠡᠴᠡᠷᠯᠢᠭᠵᠢᠬᠦᠯᠦᠯᠳᠡ ᠶᠢᠨ ᠨᠤᠭᠤᠭᠠᠷᠠᠭᠤᠯᠤᠭᠰᠡᠨ ᠭᠠᠵᠠᠷ ᠤᠨ ᠲᠠᠯᠠᠪᠠᠢ ᠲᠤᠰ ᠪᠦᠷᠢ 35. 44%᠂ 38. | 74% ᠪᠠ 17.67 ᠲᠡᠭᠰᠢ ᠲᠦᠷᠪᠡᠯᠵᠢᠨ ᠮᠧᠳ᠋ᠷ ᠬᠦᠷᠴᠦ᠂ ︽ᠠᠭᠤᠯᠠ ᠨᠢ ᠬᠤᠳᠠ ᠶᠢᠨ ᠲᠤᠮᠳᠠ᠂ ᠬᠤᠳᠠ ᠨᠢ | ᠴᠡᠴᠡᠷᠯᠢᠭ ᠤᠨ ᠲᠤᠮᠳᠠ᠂ ᠬᠦᠮᠤᠨ ᠨᠢ ᠦᠵᠡᠮᠵᠢ ᠶᠢᠨ ᠲᠤᠮᠳᠠ︾ ᠪᠠᠶᠢᠬᠤ ᠴᠡᠴᠡᠷᠯᠢᠭᠵᠢᠭᠰᠡᠨ ᠬᠤᠳᠠ ᠶᠢᠨ | ᠬᠦᠭᠵᠢᠯᠳᠠ ᠶᠢᠨ ᠬᠠᠷᠠᠯᠳᠠ ᠶᠢ ᠠᠩᠬ᠎ᠠ ᠠᠯᠬᠤᠮ ᠪᠡᠶᠡᠯᠡᠬᠦᠯᠦᠭᠰᠡᠨ ᠪᠠᠶᠢᠨ᠎ᠠ᠃ ︵ᠸᠠᠩ ᠴᠢᠩ ᠬᠤᠸᠠ︶ | |