ᠭᠠᠵᠠᠷ ᠤᠷᠤᠨ ᠤ ᠨᠠᠷᠠᠶᠢᠳᠦᠯ ᠤᠨ ᠢᠷᠡᠯᠳᠠ᠄    ᠮᠤᠬᠤᠷᠭᠤᠤᠯ ᠪᠠᠯᠭᠠᠰᠤ
ᠨᠡᠶᠢᠲᠡᠯᠡᠭᠰᠡᠨ ᠴᠠᠭ᠄
2017/9/20
ᠮᠤᠬᠤᠷᠭᠤᠤᠯ ᠪᠠᠯᠭᠠᠰᠤ       ᠲᠡᠭᠷᠢ ᠪᠤᠱᠦᠭ᠌ᠳᠤ ︵ᠠᠯᠳᠠᠨ ᠤᠯᠤᠰ︶᠎ ᠶᠢᠨ ᠦᠶ᠎ᠠ ︵1616—1626 ᠣᠨ ︶᠎ ᠳᠤ ᠮᠤᠩᠭᠤᠯ ᠦᠨᠳᠦᠰᠦᠳᠡᠨ ᠨᠡᠬᠦᠳᠡᠯᠡᠨ ᠮᠠᠯᠵᠢᠵᠤ ᠠᠳᠠ ᠢᠷᠡᠵᠤ᠂ ᠲᠤᠰ ᠭᠠᠵᠠᠷ ᠢ ︽ᠮᠤᠬᠤᠷᠭᠤᠤᠯ︾ ᠬᠡᠵᠤ ᠨᠡᠷᠡᠶᠢᠳᠦᠨ ᠬᠢᠳᠡᠳ ᠬᠡᠯᠡ ᠪᠠᠷ ᠠᠶᠠᠯᠭᠤ ᠤᠨᠳᠤᠭᠤᠰᠢᠵᠤ ᠮᠧᠢ ᠯᠢ ᠾᠧ ᠪᠤᠯᠵᠠᠢ᠃ ᠴᠢᠯᠦᠬᠡᠯᠡᠭᠳᠡᠭᠰᠡᠨ ᠤ ᠲᠠᠷᠠᠭ᠎ᠠ ᠬᠠᠷᠠᠴᠢᠨ ᠬᠤᠰᠢᠭᠤᠨ ᠳᠤ ᠬᠠᠮᠢᠶᠠᠷᠤᠭᠳᠠᠵᠤ᠂1985 ᠤᠨ ᠳᠤ ᠤᠤᠯ ᠤᠨ ᠤᠯᠠᠭᠠᠨᠬᠠᠳᠠ ᠬᠤᠳᠠ ᠳᠤ ᠬᠤᠪᠢᠶᠠᠨ ᠦᠭᠴᠦ ᠠᠷᠠᠳ ᠤᠨ ᠨᠢᠬᠡᠳᠦᠯ ᠢ ᠪᠠᠶᠢᠭᠤᠯᠵᠠᠢ᠂ ᠡᠨᠡᠬᠦ ᠨᠢᠬᠡᠳᠦᠯ ᠤᠨ ᠰᠠᠭᠤᠷᠢᠰᠢᠭ᠎ᠠ ᠭᠠᠵᠠᠷ ᠢ ᠮᠤᠬᠤᠷᠭᠤᠤᠯ ᠲᠤᠰᠬᠤᠨ ᠤ ᠨᠡᠷ᠎ᠠ ᠪᠠᠷ ᠨᠡᠷᠡᠶᠢᠳᠦᠨ ᠮᠤᠬᠤᠷᠭᠤᠤᠯ ᠨᠢᠬᠡᠳᠦᠯ ᠬᠡᠵᠠᠢ᠂1962 ᠤᠨ ᠳᠤ ᠤᠯᠠᠭᠠᠨᠬᠠᠳᠠ ᠬᠤᠳᠠ᠂ ᠰᠢᠶᠠᠨ ᠬᠤᠪᠢᠶᠠᠨ ᠲᠤᠬᠢᠷᠠᠭᠤᠯᠬᠤ ᠦᠶᠡᠰ ᠤᠯᠠᠭᠠᠨᠬᠠᠳᠠ ᠰᠢᠶᠠᠨ ᠳᠤ ᠬᠤᠪᠢᠶᠠᠨ ᠦᠭᠴᠦ᠂1983 ᠤᠨ ᠤ10 ᠰᠠᠷ᠎ᠠ ᠳᠤ ᠵᠤᠤ ᠤᠳᠠ ᠠᠶᠢᠮᠠᠭ ᠤᠨ ᠵᠠᠰᠠᠭ ᠵᠠᠬᠢᠷᠭ᠎ᠠ ᠶᠢᠨ ᠪᠠᠶᠢᠭᠤᠯᠤᠮᠵᠢ ᠶᠢ ᠦᠬᠡᠶᠢᠰᠬᠡᠨ᠂ ᠤᠯᠠᠭᠠᠨᠬᠠᠳᠠ ᠬᠤᠳᠠ ᠶᠢ ᠪᠠᠶᠢᠭᠤᠯᠪᠠ᠃ ᠤᠯᠠᠭᠠᠨᠬᠠᠳᠠ ᠰᠢᠶᠠᠨ ᠢ ᠤᠯᠠᠭᠠᠨᠬᠠᠳᠠ ᠬᠤᠳᠠ ᠲᠤᠭᠤᠷᠢᠭ ᠪᠤᠯᠭᠠᠨ ᠦᠬᠡᠷᠡᠴᠢᠯᠡᠨ ᠪᠠᠶᠢᠭᠤᠯᠵᠤ᠂ ᠲᠤᠰ ᠵᠢᠯ ᠤᠨ ᠲᠤᠤᠷ᠎ᠠ ᠮᠤᠬᠤᠷᠭᠤᠤᠯ ᠨᠢᠬᠡᠳᠦᠯ ᠢ ᠶᠤᠸᠠᠨ ᠪᠤᠤ ᠱᠠᠨ ᠲᠤᠭᠤᠷᠢᠭ ᠲᠤ ᠬᠤᠪᠢᠶᠠᠨ ᠤᠷᠤᠭᠤᠯᠵᠠᠢ᠂1984 ᠤᠨ ᠳᠤ ᠮᠤᠬᠤᠷᠭᠤᠤᠯ ᠰᠢᠶᠠᠩ ᠭᠡᠵᠤ ᠦᠬᠡᠷᠡᠴᠢᠯᠡᠨ ᠪᠠᠶᠢᠭᠤᠯᠵᠤ᠂1988 ᠤᠨ ᠳᠤ ᠰᠢᠶᠠᠩ ᠢ ᠦᠬᠡᠶᠢᠰᠬᠡᠵᠤ  ᠪᠠᠯᠭᠠᠰᠤ ᠪᠠᠶᠢᠭᠤᠯᠪᠠ᠂2005 ᠤᠨ ᠤ11 ᠰᠠᠷ᠎ᠠ ᠶᠢᠨ12᠎ ᠤ ᠡᠳᠦᠷ ᠶᠤᠸᠠᠨ ᠪᠤᠤ ᠱᠠᠨ ᠲᠤᠭᠤᠷᠢᠭ ᠲᠤ ᠰᠢᠶᠠᠩ ᠪᠠᠯᠭᠠᠰᠤ ᠶᠢᠨ ᠪᠠᠶᠢᠭᠤᠯᠤᠮᠵᠢ ᠶᠢᠨ ᠦᠬᠡᠷᠡᠴᠢᠯᠡᠯᠳᠠ ᠬᠢᠵᠤ᠂ ᠤᠤᠯ ᠤᠨ ᠮᠤᠬᠤᠷᠭᠤᠤᠯ ᠪᠠᠯᠭᠠᠰᠤ᠂ ᠰᠢᠶᠣᠣ ᠦᠵᠢᠶᠠ ᠬᠤᠳᠤᠩ ᠦᠨᠳᠦᠰᠦᠳᠡᠨ ᠤ ᠰᠢᠶᠠᠩ ᠪᠤᠯᠤᠨ ᠬᠦ᠋ ᠱᠠᠨ ᠪᠠᠯᠭᠠᠰᠤ ᠶᠢᠨ ᠰᠢ ᠵᠢᠶᠠ ᠲᠤᠰᠬᠤᠨ᠂ ᠱᠢ ᠯᠢᠦ ᠵᠢᠶᠠ ᠲᠤᠰᠬᠤᠨ᠂ ᠬᠦᠩ ᠭᠧ ᠢᠩᠽᠢ ᠲᠤᠰᠬᠤᠨ ᠢ ᠨᠡᠶᠢᠯᠡᠬᠦᠯᠦᠨ ᠮᠤᠬᠤᠷᠭᠤᠤᠯ ᠪᠠᠯᠭᠠᠰᠤ ᠶᠢ ᠪᠠᠶᠢᠭᠤᠯᠵᠤ᠂ ᠪᠠᠯᠭᠠᠰᠤᠨ ᠤ ᠵᠠᠰᠠᠭ ᠤᠨ ᠤᠷᠳᠤᠨ ᠢ ᠤᠤᠯ ᠤᠨ ᠮᠤᠬᠤᠷᠭᠤᠤᠯ ᠪᠠᠯᠭᠠᠰᠤᠨ ᠤ ᠰᠠᠭᠤᠷᠢᠰᠢᠭ᠎ᠠ ᠭᠠᠵᠠᠷ ᠪᠠᠶᠢᠭᠤᠯᠵᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1