ᠭᠠᠵᠠᠷ ᠤᠷᠤᠨ ᠤ ᠨᠠᠷᠠᠶᠢᠳᠦᠯ ᠤᠨ ᠢᠷᠡᠯᠳᠠ᠄    ᠹᠧᠩ ᠱᠦᠢ ᠭᠸᠦ ᠪᠠᠯᠭᠠᠰᠤ
ᠨᠡᠶᠢᠲᠡᠯᠡᠭᠰᠡᠨ ᠴᠠᠭ᠄
2017/9/20
ᠹᠧᠩ ᠱᠦᠢ ᠭᠸᠦ ᠪᠠᠯᠭᠠᠰᠤ           ᠴᠢᠯᠦᠬᠡᠯᠡᠭᠳᠡᠭᠰᠡᠨ ᠤ ᠡᠬᠢᠨ ᠤ ᠬᠤᠭᠤᠴᠠᠭᠠᠨ ᠳᠤ ᠲᠤᠰ ᠭᠠᠵᠠᠷ ᠨᠢ ᠷᠧ ᠾᠧ ᠮᠤᠵᠢ ᠶᠢᠨ ᠷᠧ ᠵᠦᠩ ᠲᠤᠰᠬᠠᠢ ᠵᠠᠰᠠᠭ ᠵᠠᠬᠢᠷᠭᠠᠨ ᠤ ᠤᠩᠨᠢᠭᠤᠳ ᠪᠠᠷᠠᠭᠤᠨ ᠬᠤᠰᠢᠭᠤ ᠳᠤ ᠬᠠᠷᠢᠶᠠᠯᠠᠭᠳᠠᠵᠤ ᠪᠠᠶᠢᠵᠠᠢ᠂1949 ᠤᠨ ᠳᠤ ᠤᠯᠠᠭᠠᠨᠬᠠᠳᠠ ᠬᠤᠳᠠ ᠶᠢᠨ ᠬᠤᠶᠠᠳᠤᠭᠠᠷ ᠲᠤᠭᠤᠷᠢᠭ ︵ᠵᠢᠶᠠᠨ ᠴᠠᠩ ᠢᠩ ᠲᠤᠭᠤᠷᠢᠭ︶᠎ ᠲᠤ ᠬᠤᠪᠢᠶᠠᠨ ᠦᠭᠴᠦ᠂1958 ᠤᠨ ᠳᠤ ᠤᠤᠯ ᠤᠨ ᠤᠯᠠᠭᠠᠨᠬᠠᠳᠠ ᠬᠤᠳᠠ ᠶᠢᠨ ᠲᠠᠢ ᠫᠢᠩ ᠳ᠋ᠢ ᠨᠢᠬᠡᠳᠦᠯ ᠳᠤ ᠬᠠᠷᠢᠶᠠᠯᠠᠭᠳᠠᠵᠠᠢ᠂1960 ᠤᠨ ᠳᠤ ᠠᠩᠴᠢᠠᠭᠤᠤ ᠨᠢᠬᠡᠳᠦᠯ ᠲᠠᠢ ᠨᠡᠶᠢᠯᠡᠬᠦᠯᠦᠨ ᠤᠷᠤᠭᠤᠯᠵᠤ᠂1961 ᠤᠨ ᠳᠤ ᠠᠩᠴᠢᠠᠭᠤᠤ ᠠᠴᠠ ᠰᠠᠯᠭᠠᠵᠤ ᠲᠠᠢ ᠫᠢᠩ ᠳ᠋ᠢ ᠨᠢᠬᠡᠳᠦᠯ ᠢ ᠰᠡᠷᠬᠦᠬᠡᠨ ᠦᠭᠴᠠᠢ᠂1962 ᠤᠨ ᠎ ᠳᠤ ᠤᠯᠠᠭᠠᠨᠬᠠᠳᠠ ᠰᠢᠶᠠᠨ ᠳᠤ ᠬᠤᠪᠢᠶᠠᠷᠢᠯᠠᠨ ᠬᠠᠷᠢᠶᠠᠯᠠᠭᠳᠠᠵᠤ ᠪᠠᠶᠢᠪᠠ᠃1983 ᠤᠨ ᠤ10 ᠰᠠᠷ᠎ᠠ ᠳᠤ ᠵᠤᠤ ᠤᠳᠠ ᠵᠠᠰᠠᠭ ᠵᠠᠬᠢᠷᠭ᠎ᠠ ᠶᠢᠨ ᠪᠠᠶᠢᠭᠤᠯᠤᠮᠵᠢ ᠶᠢ ᠦᠬᠡᠶᠢᠰᠬᠡᠵᠤ᠂ ᠤᠯᠠᠭᠠᠨᠬᠠᠳᠠ ᠬᠤᠳᠠ ᠶᠢ ᠪᠠᠶᠢᠭᠤᠯᠵᠤ᠂ ᠤᠯᠠᠭᠠᠨᠬᠠᠳᠠ ᠰᠢᠶᠠᠨ ᠢ ᠤᠯᠠᠭᠠᠨᠬᠠᠳᠠ ᠬᠤᠳᠠ ᠲᠤᠭᠤᠷᠢᠭ ᠪᠤᠯᠭᠠᠨ ᠦᠬᠡᠷᠡᠴᠢᠯᠠᠵᠠᠢ᠂ ᠲᠤᠰ ᠵᠢᠯ ᠤᠨ ᠡᠴᠦᠰ ᠤᠯᠠᠭᠠᠨᠬᠠᠳᠠ ᠬᠤᠳᠠ ᠲᠤᠭᠤᠷᠢᠭ ᠤᠨ ᠲᠠᠢ ᠫᠢᠩ ᠳ᠋ᠢ ᠨᠢᠬᠡᠳᠦᠯ ᠠᠴᠠ ᠰᠢᠩ ᠯᠦᠩ ᠫᠥᠸᠧ᠂ ᠬᠠᠷᠠᠮᠤᠳᠤ᠂ ᠳ᠋ᠠ ᠪᠸᠢ ᠬᠠᠢ᠂ ᠹᠧᠩ ᠱᠦᠢ ᠭᠸᠦ ᠲᠦᠷᠪᠡᠨ ᠪᠠᠷᠢᠭᠠᠳᠠ ᠶᠢ ᠰᠠᠯᠭᠠᠵᠤ  ᠂ ᠠᠩᠴᠢᠠᠭᠤᠤ  ᠨᠢᠬᠡᠳᠦᠯ ᠠᠴᠠ ᠰᠢᠶᠠ ᠺᠠᠨ ᠽᠢ ᠪᠠᠷᠢᠭᠠᠳᠠ ᠶᠢ ᠰᠠᠯᠭᠠᠵᠤ ᠶᠤᠸᠠᠨ ᠪᠤᠤ ᠱᠠᠨ ᠲᠤᠭᠤᠷᠢᠭ ᠲᠤ ᠬᠤᠪᠢᠶᠠᠨ ᠦᠭᠪᠡ᠂1984 ᠤᠨ ᠳᠤ ᠰᠢᠩ ᠯᠦᠩ ᠫᠥᠸᠧ ᠰᠢᠶᠠᠩ ᠤᠨ ᠠᠷᠠᠳ ᠤᠨ ᠵᠠᠰᠠᠭ ᠤᠨ ᠤᠷᠳᠤᠨ ᠢ ᠪᠠᠶᠢᠭᠤᠯᠵᠤ᠂ ᠰᠠᠭᠤᠭ᠎ᠠ ᠭᠠᠵᠠᠷ ᠢ ᠨᠢ ᠰᠢᠩ ᠯᠦᠩ ᠫᠥᠸᠧ ᠲᠤᠰᠬᠤᠨ ᠤ ᠨᠡᠷ᠎ᠠ ᠪᠠᠷ ᠨᠡᠷᠡᠶᠢᠳᠤᠵᠠᠢ᠃1985 ᠤᠨ ᠳᠤ ᠶᠤᠸᠠᠨ ᠪᠤᠤ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠲᠤᠰ ᠭᠠᠵᠠᠷ ᠤᠷᠤᠨ ᠤ ᠨᠡᠷ᠎ᠠ ᠪᠠᠷ ᠹᠧᠩ ᠱᠦᠢ ᠭᠸᠦ ᠵᠡᠬᠡᠯᠢ ᠭᠤᠳᠤᠮᠵᠢ ᠎ ᠶᠢᠨ ᠬᠡᠷᠡᠭ ᠡᠷᠬᠢᠯᠡᠬᠦ ᠭᠠᠵᠠᠷ ᠢ ᠨᠡᠷᠡᠶᠢᠳᠦᠨ ᠪᠠᠶᠢᠭᠤᠯᠵᠠᠢ᠃1987 ᠤᠨ ᠤ7 ᠰᠠᠷ᠎ᠠ ᠶᠢᠨ22᠎ ᠤ ᠡᠳᠦᠷ᠂ ᠰᠢᠩ ᠯᠦᠩ ᠫᠥᠸᠧ ᠰᠢᠶᠠᠩ ᠪᠤᠯᠤᠨ ᠹᠧᠩ ᠱᠦᠢ ᠭᠸᠦ ᠵᠡᠬᠡᠯᠢ ᠭᠤᠳᠤᠮᠵᠢ ᠶᠢᠨ ᠬᠡᠷᠡᠭ ᠭᠠᠵᠠᠷ ᠢ ᠨᠡᠶᠢᠯᠡᠬᠦᠯᠦᠨ᠂ ᠹᠧᠩ ᠱᠦᠢ ᠭᠸᠦ ᠪᠠᠯᠭᠠᠰᠤ ᠬᠡᠵᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1