ᠰᠢᠶᠤᠤ  ᠦᠵᠢᠶᠠ ᠰᠢᠶᠠᠩ ᠤᠨ ᠭᠤᠤ ᠵᠢᠶᠠ ᠲᠠᠶᠢᠽᠢ ᠲᠡᠤᠭᠡ ᠶᠢᠨ ᠦᠯᠡᠳᠡᠭᠳᠡᠯ ᠮᠠᠰᠢ ᠦᠨᠳᠦᠷ ᠰᠣᠳᠤᠯᠤᠯᠲᠠ ᠶᠢᠨ ᠦᠨ᠎ᠡ ᠦᠷᠲᠡᠭ ᠲᠠᠢ
ᠨᠡᠶᠢᠲᠡᠯᠡᠭᠰᠡᠨ ᠴᠠᠭ᠄
2017/9/21
      ᠤᠯᠠᠭᠠᠨᠬᠠᠳᠠ ᠠᠴᠠ ᠬᠠᠷᠠᠴᠢᠨ ᠵᠡᠬᠦᠨ ᠭᠠᠷᠤᠨ ᠰᠢᠶᠠᠨ ᠬᠦᠷᠬᠦ ᠲᠡᠭᠡᠳᠦ ᠬᠤᠷᠳᠤᠴᠠᠲᠦ ᠲᠡᠮᠦᠷ ᠵᠠᠮ ᠳᠠᠭᠠᠤ ᠰᠣᠶᠣᠯ ᠤᠨ ᠲᠡᠤᠬᠡᠨ ᠦᠯᠡᠳᠡᠭᠳᠡᠯ ᠢ  ᠠᠪᠤᠷᠠᠨ ᠬᠠᠮᠠᠭᠠᠯᠠᠬᠤ ᠪᠠᠷ ᠦᠳᠲᠦᠷ ᠮᠠᠯᠳᠠᠬᠤ ᠪᠠ ᠰᠤᠳᠤᠯᠤᠯᠳᠠ ᠬᠢᠬᠦ ᠶᠢᠨ ᠲᠤᠰᠠᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠲᠡᠣᠬᠡ ᠶᠢᠨ ᠲᠤᠷᠠᠰᠬᠠᠯᠲᠦ ᠵᠦᠢᠯ ᠤᠨ ᠬᠠᠭᠤᠴᠢ ᠰᠤᠳᠤᠯᠤᠯ ᠤᠨ ᠭᠠᠵᠠᠷ ᠪᠣᠯᠣᠨ ᠬᠢᠷᠢᠨ ᠶᠡᠭᠡ ᠰᠤᠷᠭᠠᠭᠤᠯᠢ ᠶᠢᠨ ᠬᠢᠯᠢ ᠬᠢᠵᠠᠭᠠᠷ ᠣᠷᠣᠨ ᠤ ᠬᠠᠭᠤᠴᠢ ᠰᠣᠳᠤᠯᠤᠯ ᠤᠨ ᠤᠬᠠᠭᠠᠨ ᠤ ᠰᠣᠳᠣᠯᠭᠠᠨ ᠤ ᠲᠥᠪ ᠬᠠᠮᠲᠤ ᠪᠠᠷ ᠰᠢᠶᠠ ᠵᠢᠶᠠ ᠳ᠋ᠢᠶᠠᠨ ᠤ ᠳᠤᠤᠷᠠᠳᠦ ᠲᠠᠪᠬᠤᠷᠭ᠎ᠠ ᠶᠢᠨ ᠰᠣᠶᠣᠯ ᠤᠨ ᠦᠶ᠎ᠡ ᠶᠢᠨ ᠰᠢᠶᠣᠣ ᠦᠵᠢᠶᠠ ᠰᠢᠶᠠᠩ ᠤᠨ ᠭᠤᠤ ᠲᠠᠶᠢᠽᠢ ᠶᠢᠨ ᠲᠡᠤᠭᠡ ᠶᠢᠨ ᠦᠯᠡᠳᠡᠭᠳᠡᠯ ᠳᠤ ᠮᠠᠯᠲᠠᠯᠲᠠ ᠬᠢᠪᠡ᠃ ᠥᠨᠥ ᠨᠢᠭᠡᠨᠲᠡ 600 ᠳᠡᠭᠡᠭᠰᠢ ᠲᠦᠷᠪᠡᠯᠵᠢᠨ  ᠮᠧᠲᠷ  ᠮᠠᠯᠲᠠᠵᠤ ᠲᠠᠭᠤᠰᠪᠠ᠃ ᠤᠳᠤᠬᠠᠨ ᠤ ᠮᠠᠯᠲᠠᠵᠤ ᠢᠯᠡᠷᠡᠭᠦᠯᠦᠭᠰᠡᠨ ᠬᠡᠰᠡᠭ ᠵᠦᠢᠯ ᠠᠴᠠ ᠦᠵᠡᠪᠡᠯ ᠲᠤᠰ ᠲᠡᠤᠬᠡᠨ ᠦᠯᠡᠳᠡᠭᠳᠡᠯ ᠨᠢ ᠰᠢᠶᠠ ᠵᠢᠶᠠ ᠳ᠋ᠢᠶᠠᠨ ᠤ ᠲᠤᠤᠷᠠᠳᠤ ᠳᠡᠪᠬᠤᠷᠭ᠎ᠠ ᠶᠢᠨ ᠰᠣᠶᠣᠯ ᠤᠨ ᠦᠶ᠎ᠡ ᠪᠠᠷ ᠭᠤᠣᠯ ᠴᠤᠭᠴᠠ ᠪᠣᠯᠭᠠᠭᠰᠠᠨ ᠣᠯᠠᠨ ᠬᠤᠭᠤᠴᠠᠭ᠎ᠠ ᠬᠤᠯᠢᠯᠳᠤᠭᠰᠠᠨ ᠦᠯᠡᠳᠡᠭᠳᠡᠯ ᠮᠦᠨ ᠭᠡᠵᠦ ᠲᠣᠳᠤᠯᠠᠭᠰᠠᠨ ᠪᠠᠶᠢᠨ᠎ᠠ᠃ ᠴᠡᠪᠡᠷᠯᠡᠵᠤ ᠭᠠᠷᠭᠠᠭᠰᠠᠨ ᠲᠤᠬᠠᠢ ᠶᠢᠨ ᠭᠠᠵᠠᠷ ᠲᠤ  ᠬᠤᠩᠱᠠᠨ ᠲᠣᠭᠤᠷᠢᠭ ᠤᠨ ︽ᠡᠯ ᠳ᠋ᠤᠤ ᠵᠢᠩᠽᠢ ᠶᠢᠨ ᠲᠡᠤᠭᠡᠨ ᠦᠯᠡᠳᠡᠭᠳᠡᠯ︾᠎ ᠲᠠᠢ ᠠᠳᠠᠯᠢ ᠰᠢᠷᠦᠢ ᠶᠢᠨ ᠪᠦᠳᠦᠴᠡ ᠲᠠᠢ ᠪᠠᠷᠢᠯᠭ᠎ᠠ ᠪᠠᠶᠢᠬᠤ ᠪᠠᠷ ᠪᠠᠷᠠᠬᠤ ᠦᠬᠡᠢ  ᠰᠦᠩᠱᠠᠨ ᠲᠣᠭᠤᠷᠢᠭ ᠤᠨ ︽ᠰᠠᠨ ᠽᠦᠸᠤ ᠳ᠋ᠢᠶᠠᠨ ᠤ ᠲᠡᠣᠬᠡᠨ ᠦᠯᠡᠳᠡᠭᠳᠡᠯ ︾᠎ ᠲᠠᠢ ᠠᠳᠠᠯᠢ ᠴᠢᠯᠠᠭᠤᠨ ᠪᠦᠳᠦᠴᠡ ᠲᠠᠢ ᠪᠠᠷᠢᠯᠭ᠎ᠠ ᠴᠦ ᠪᠠᠶᠢᠪᠠ᠃ ᠭᠠᠵᠠᠷ ᠤᠨ ᠲᠠᠪᠬᠤᠷᠭ᠎ᠠ ᠶᠢᠨ ᠳᠡᠭᠡᠷ᠎ᠡ ᠲᠣᠣᠷ᠎ᠡ ᠳᠠᠪᠬᠤᠷᠭ᠎ᠠ ᠶᠢᠨ ᠡᠪᠳᠡᠭᠳᠡᠭᠰᠡᠨ ᠬᠠᠷᠢᠴᠠᠭ᠎ᠠ ᠪᠠᠷ ᠦᠵᠡᠪᠡᠯ᠂ ᠡᠯ᠎ᠡ ᠵᠦᠢᠯ ᠤᠨ ᠦᠯᠡᠳᠡᠭᠳᠡᠯ ᠤᠨ ᠣᠷᠣᠰᠢᠵᠤ ᠪᠦᠬᠦᠢ ᠴᠠᠭ ᠬᠤᠭᠤᠴᠠᠭ᠎ᠠ ᠶᠢᠨ ᠬᠠᠷᠢᠴᠠᠩᠭᠤᠢ ᠡᠮᠦᠨ᠎ᠡ ᠬᠤᠶᠢᠨ᠎ᠠ ᠪᠠᠶᠢᠭᠰᠠᠨ ᠪᠠ ᠦᠯᠡᠳᠡᠭᠳᠡᠯ ᠤᠨ ᠳᠠᠪᠬᠤᠷᠯᠠᠵᠤ ᠪᠦᠷᠢᠯᠳᠦᠭᠰᠡᠨ ᠶᠠᠪᠤᠴᠠ ᠶᠢ ᠨᠣᠲᠠᠯᠠᠭᠰᠠᠨ ᠪᠠᠶᠢᠨ᠎ᠠ᠃ ᠮᠠᠯᠲᠠᠯᠲᠠ ᠳᠤ ᠶᠡᠭᠡ ᠬᠡᠮᠵᠢᠶᠡᠨ ᠤ ᠲᠠᠷᠢᠶᠠᠯᠠᠩ ᠤᠨ ᠬᠠᠮᠢᠶ᠎ᠡ ᠪᠦᠬᠦᠢ ᠵᠦᠢᠯ ᠪᠣᠯᠬᠤ᠂ ᠴᠢᠯᠠᠭᠤᠨ ᠤ ᠪᠣᠶᠤ ᠶᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠪᠠᠭᠠᠵᠢ ᠬᠡᠷᠡᠭᠰᠡᠯ ᠵᠢᠴᠢ ᠶᠡᠭᠡ ᠬᠡᠮᠵᠢᠶᠡᠨ ᠤ ᠤᠷᠭᠤᠮᠠᠯ ᠤᠨ ᠵᠦᠢᠯ ᠢᠯᠡᠷᠡᠵᠦ᠂ ᠲᠡᠷᠡ ᠨᠢ ᠰᠢᠶᠠ ᠵᠢᠶᠠ ᠳ᠋ᠢᠶᠠᠨ ᠤ ᠲᠣᠣᠷᠠᠳᠦ ᠳᠠᠪᠬᠤᠷᠭ᠎ᠠ ᠶᠢᠨ ᠰᠣᠶᠣᠯ ᠤᠨ ᠴᠠᠭ ᠦᠶ᠎ᠡ ᠶᠢᠨ ᠬᠥᠭᠵᠢᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1