ᠵᠠᠰᠠᠭ ᠤᠨ  ᠤᠷᠳᠤᠨ ᠤ ᠠᠵᠢᠯ ᠤᠨ  ᠢᠯᠡᠳᠭᠡᠯ (1)
ᠨᠡᠶᠢᠲᠡᠯᠡᠭᠰᠡᠨ ᠴᠠᠭ᠄
2017/9/22
            —2017 ᠤᠨ ᠤ4  ᠰᠠᠷ᠎ᠠ ᠶᠢᠨ19  ᠎ ᠤ ᠡᠳᠤᠷ ᠤᠯᠠᠭᠠᠨᠬᠠᠳᠠ ᠬᠤᠳᠠ ᠶᠢᠨ                 ᠶᠤᠸᠠᠨ ᠪᠤᠤ ᠱᠠᠨ ᠲᠤᠭᠤᠷᠢᠭ ᠤᠨ  ᠨᠠᠢᠮᠠᠳᠤᠭᠠᠷ ᠬᠤᠭᠤᠴᠠᠭᠠᠨ  ᠎ ᠤ ᠠᠷᠠᠳ ᠤᠨ                   ᠲᠦᠯᠦᠭᠡᠯᠡᠭᠴᠢᠳ ᠤᠨ  ᠶᠡᠭᠡ ᠬᠤᠷᠠᠯ ᠤᠨ  ᠵᠢᠷᠭᠤᠳᠤᠭᠠᠷ ᠬᠤᠷᠠᠯᠳᠤᠭᠠᠨ ᠲᠡᠭᠡᠷ᠎ᠡ                                                                               ᠶᠤᠸᠠᠨ ᠪᠤᠤ ᠱᠠᠨ ᠲᠤᠭᠤᠷᠢᠭ ᠤᠨ  ᠠᠷᠠᠳ ᠤᠨ  ᠵᠠᠰᠠᠭ ᠤᠨ  ᠤᠷᠳᠤᠨ ᠤ                                 ᠤᠷᠤᠯᠠᠭᠴᠢ ᠲᠤᠭᠤᠷᠢᠭ ᠤᠨ ᠲᠠᠷᠤᠭ᠎ᠠ ᠵᠠᠩ ᠶᠠᠨ       ᠲᠦᠯᠦᠭᠡᠯᠡᠭᠴᠢᠳ ᠡ᠄ ᠤᠳᠤ ᠪᠢ᠂  ᠲᠤᠭᠤᠷᠢᠭ ᠤᠨ  ᠠᠷᠠᠳ ᠤᠨ  ᠵᠠᠰᠠᠭ ᠤᠨ  ᠤᠷᠳᠤᠨ ᠢ  ᠲᠦᠯᠦᠭᠡᠯᠡᠵᠤ ᠶᠡᠭᠡ ᠬᠤᠷᠠᠯ ᠳᠤ  ᠠᠵᠢᠯ ᠤᠨ  ᠢᠯᠡᠳᠭᠡᠯ ᠬᠢᠶ᠎ᠠ᠂  ᠬᠢᠨᠠᠨ ᠵᠦᠪᠯᠡᠬᠦ  ᠪᠤᠯᠪᠠ ᠤᠤ᠂  ᠪᠠᠰᠠ ᠲᠤᠭᠤᠷᠢᠭ ᠤᠨ  ᠤᠯᠤᠰ ᠲᠦᠷᠦ ᠶᠢᠨ ᠵᠦᠪᠯᠡᠯᠭᠡᠨ ᠤ  ᠭᠡᠰᠢᠬᠦᠳ ᠪᠠ ᠰᠤᠯᠠ ᠤᠷᠤᠯᠴᠠᠭᠰᠠᠳ ᠰᠠᠨᠠᠯ ᠲᠤᠷᠠᠳᠬᠤ ᠪᠤᠯᠪᠠ ᠤᠤ᠃           ᠨᠢᠭᠡ᠂2016  ᠤᠨ ᠤ ᠠᠵᠢᠯ ᠤᠨ  ᠡᠷᠬᠢᠴᠡᠬᠦᠯᠦᠯ          2016  ᠤᠨ  ᠎ ᠳᠤ᠂  ᠡᠭᠡᠳᠡᠷᠭᠡᠨ ᠪᠤᠳᠤᠯᠢᠶᠠᠨᠳᠠᠢ ᠪᠠᠶᠢᠳᠠᠯ ᠪᠠ ᠬᠦᠨᠳᠤ ᠭᠡᠴᠡᠬᠦᠦ ᠦᠷᠢᠰᠦᠯᠳᠦᠭᠡᠨ ᠎ ᠤ ᠡᠮᠤᠨ᠎ᠠ ᠲᠤᠭᠤᠷᠢᠭ ᠤᠨ  ᠵᠠᠰᠠᠭ ᠤᠨ  ᠤᠷᠳᠤᠨ ᠲᠡᠭᠡᠳᠤ ᠱᠠᠳᠤᠨ ᠤ ᠨᠠᠮ ᠤᠨ  ᠬᠤᠷᠢᠶ᠎ᠠ᠂  ᠵᠠᠰᠠᠭ ᠤᠨ  ᠤᠷᠳᠤᠨ ᠪᠠ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠪᠠᠳᠤ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠠᠷᠠᠳ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ ᠪᠡᠷᠭᠡ ᠪᠤᠭᠤᠮᠳᠠ ᠶᠢ ᠲᠠᠭᠤᠯᠵᠤ᠂ ᠯᠠᠪᠳᠠᠭᠤᠨ ᠪᠠᠳᠤᠳᠠᠢ ᠠᠵᠢᠯᠯᠠᠨ᠂ ᠡᠯ᠎ᠡ ᠲᠦᠷᠦᠯ ᠤᠨ ᠠᠵᠢᠯ ᠤᠶᠢᠯᠠᠰ ᠲᠤ ᠰᠢᠨ᠎ᠠ ᠪᠠᠶᠢᠳᠠᠯ ᠢ ᠡᠬᠦᠳᠦᠨ ᠨᠡᠭᠡᠭᠡᠵᠤ᠂ ᠰᠢᠨ᠎ᠠ ᠠᠮᠵᠢᠯᠳᠠ ᠶᠢ ᠠᠪᠴᠢᠷᠠᠭᠰᠠᠨ ᠪᠠᠶᠢᠨ᠎ᠠ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 250.7 ᠳ᠋ᠦᠩᠰᠢᠭᠤᠷ ᠲᠦᠬᠦᠷᠢᠭ  ᠂ 3.9%᠎ ᠪᠠᠷ ᠦᠰᠴᠤ︔ ᠡᠩ ᠤᠨ ᠨᠡᠶᠢᠳᠡ ᠶᠢᠨ ᠲᠦᠰᠦᠪ ᠤᠨ ᠤᠷᠤᠯᠭ᠎ᠠ12.8 ᠳ᠋ᠦᠩᠰᠢᠭᠤᠷ ᠲᠦᠬᠦᠷᠢᠭ᠂ 6.5%᠎ ᠢᠶᠠᠷ  ᠨᠡᠮᠡᠭᠳᠡᠨ︔ ᠭᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠎ ᠶᠢᠨ ᠪᠡᠯᠡ ᠤᠷᠤᠭᠤᠯᠤᠯᠳᠠ196.5 ᠳ᠋ᠦᠩᠰᠢᠭᠤᠷ ᠲᠦᠬᠦᠷᠢᠭ  ᠂ 13.9%᠎ ᠪᠠᠷ  ᠨᠡᠮᠡᠭᠳᠡᠵᠤ︔ ᠨᠡᠶᠢᠭᠡᠮ ᠤᠨ ᠭᠡᠷᠡᠭᠯᠡᠭᠡᠨ ᠤ ᠡᠳ᠋ ᠪᠠᠷᠠᠭᠠᠨ ᠤ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠭᠡᠮᠵᠢᠶ᠎ᠠ ᠶᠢ 88.1 ᠳ᠋ᠦᠩᠰᠢᠭᠤᠷ ᠲᠦᠬᠦᠷᠢᠭ  ᠂ 9.7%᠎ ᠪᠠᠷ  ᠨᠡᠮᠡᠭᠳᠡᠵᠤ︔ ᠬᠤᠳᠠ ᠪᠠᠯᠭᠠᠰᠤ᠂ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ29822 ᠲᠦᠬᠦᠷᠢᠭ ᠪᠠ15961 ᠲᠦᠬᠦᠷᠢᠭ ᠲᠤ ᠬᠦᠷᠴᠤ᠂ ᠲᠤᠰ ᠲᠣᠰ8.1% ᠪᠠ 7.7%᠎ ᠪᠠᠷ ᠨᠡᠮᠡᠭᠳᠡᠬᠦ ᠶᠢ ᠪᠡᠶᠡᠯᠡᠬᠦᠯᠦᠭᠰᠡᠨ ᠪᠠᠶᠢᠨ᠎ᠠ᠃       ︵ᠨᠢᠭᠡ︶ ᠭᠤᠳᠠᠭᠠᠷ ᠠᠵᠤ ᠦᠢᠯᠡᠰ ᠪᠦᠬᠦ ᠲᠠᠯ᠎ᠠ ᠪᠠᠷ ᠬᠦᠭᠵᠢᠵᠤ᠂ ᠭᠡᠯᠪᠡᠷᠢ  ᠬᠤᠪᠢᠷᠠᠭᠠᠨ ᠲᠡᠰ ᠲᠡᠪᠰᠢᠬᠦᠯᠬᠦ ᠠᠯᠬᠤᠴᠠ ᠲᠦᠷᠭᠡᠳᠪᠡ᠃ ᠨᠢᠭᠡᠳᠤᠭᠡᠷ ᠠᠵᠤ ᠦᠢᠯᠡᠰ ᠢ  ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠭᠡᠭᠵᠢᠬᠦᠯᠵᠤ᠂ ᠭᠤᠳᠠᠭᠠᠷ ᠠᠵᠤ ᠦᠢᠯᠡᠰ ᠢ ᠰᠢᠯᠢᠭᠳᠡᠭᠵᠢᠬᠦᠯᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠦᠭᠵᠢᠯᠳᠡ ᠶᠢᠨ ᠰᠢᠨ᠎ᠠ ᠬᠦᠳᠡᠯᠭᠡᠭᠴᠢ ᠴᠢᠳᠠᠪᠬᠢ ᠶᠢ ᠲᠦᠷᠭᠡᠪᠴᠢᠯᠡᠨ ᠪᠤᠶᠢᠵᠢᠭᠤᠯᠵᠤ᠂ ᠤᠷᠤᠨ ᠭᠡᠴᠡ ᠶᠢᠨ ᠦᠷᠢᠰᠤᠯᠳᠦᠭᠡᠨ ᠤ ᠲᠠᠪᠠᠭᠤᠯᠢᠭ ᠢ ᠲᠦᠪᠯᠡᠷᠡᠬᠦᠯᠪᠡ᠃ ᠷᠦᠢ ᠶᠠᠩ ᠬᠢᠮᠢ ᠶᠢᠨ ᠠᠵᠤ ᠦᠢᠯᠡᠳᠪᠦᠷᠢ ᠶᠢᠨ ᠬᠤᠶᠠᠳᠠᠭᠴᠢ ᠬᠤᠭᠤᠴᠠᠭ᠎ᠠ᠂ ᠫᠦ᠋ ᠶᠢᠨ ᠡᠮ ᠡᠮᠨᠡᠯᠭᠡ ᠵᠡᠷᠭᠡ 3000 ᠲᠦᠮᠡᠨ ᠲᠦᠬᠦᠷᠢᠭ ᠠᠴᠠ ᠲᠡᠭᠡᠭᠰᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ 12ᠲᠦᠷᠦᠯ ᠵᠤᠶᠢᠯ ᠢ ᠪᠠᠷᠢᠯᠭ᠎ᠠ ᠡᠬᠢᠯᠡᠬᠦᠯᠵᠤ᠂ 45.7 ᠳ᠋ᠦᠩᠰᠢᠭᠤᠷ ᠲᠦᠬᠦᠷᠢᠭ ᠪᠡᠯᠡ ᠤᠷᠤᠭᠤᠯᠤᠯᠳᠠ ᠪᠡᠶᠡᠯᠡᠬᠦᠯᠵᠤ᠂ ᠴᠦᠮ ᠨᠡᠬᠦᠷᠡᠰᠤᠨ ᠤ ᠪᠤᠰᠤ ᠠᠵᠤ ᠦᠢᠯᠡᠰ ᠤᠨ ᠪᠡᠯᠡ ᠤᠷᠤᠭᠤᠯᠤᠯᠳᠠ ᠪᠤᠯᠤᠨ᠎ᠠ᠃ ᠮᠠ ᠯᠢᠨ ᠦᠩᠭᠡᠳᠤ  ᠲᠡᠮᠦᠷᠯᠢᠭ ᠤᠨ ᠠᠵᠤ ᠦᠢᠯᠡᠰ ᠤᠨ ᠬᠦᠷᠢᠶᠠᠯᠠᠩ ᠲᠤᠭᠤᠷᠢᠭ ᠢ ᠡᠬᠢᠯᠡᠬᠦᠯᠤᠨ ᠪᠠᠶᠢᠭᠤᠯᠵᠤ᠂2x35 ᠲᠦᠮᠡᠨ ᠺᠢᠯᠤᠸᠠᠲ  ᠪᠡᠯᠡᠳᠭᠡᠯ ᠴᠠᠬᠢᠯᠭᠠᠨ ᠦᠢᠯᠡᠳᠪᠦᠷᠢ᠂ ᠡᠬᠦᠳᠦᠯᠳᠡ ᠶᠢᠨ ᠦᠢᠯᠡᠰ ᠤᠨ ᠶᠡᠭᠡ ᠵᠠᠮ ᠵᠡᠷᠭᠡ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠷᠢᠯᠭ᠎ᠠ ᠡᠬᠢᠯᠡᠪᠡ᠃ ᠶᠦᠨ ᠲᠦᠩ ᠺᠤᠮᠫᠠᠨᠢ ᠶᠢᠨ40 ᠲᠦᠮᠡᠨ ᠲᠤᠨ ᠨᠠᠷᠢᠯᠢᠭᠵᠢᠭᠤᠯᠤᠭᠰᠠᠨ ᠵᠠᠰ ᠤᠨ ᠲᠦᠷᠦᠯ ᠵᠤᠶᠢᠯ ᠤᠨ ᠰᠠᠭᠤᠷᠢ ᠲᠠᠯᠪᠢᠪᠠ᠃ ᠨᠡᠭᠡᠭᠡᠯᠳᠡ ᠶᠢᠨ ᠲᠤᠷᠰᠢᠯᠳᠠ ᠶᠢᠨ ᠲᠤᠭᠤᠷᠢᠭ ᠲᠤ ᠰᠠᠭᠤᠷᠢᠰᠢᠭᠰᠠᠨ ᠠᠵᠤ ᠠᠬᠤᠶᠢᠯᠠᠯ38 ᠪᠤᠯᠵᠤ᠂ 58.1 ᠳ᠋ᠦᠩᠰᠢᠭᠤᠷ ᠲᠦᠬᠦᠷᠢᠭ ᠤᠨ ᠦᠷᠳᠡᠭ  ᠪᠡᠶᠡᠯᠡᠬᠦᠯᠵᠤ᠂ ᠠᠵᠤ ᠠᠬᠤᠢ ᠶᠢᠨ ᠬᠤᠪᠢ ᠨᠡᠮᠡᠷᠢ ᠶᠢᠨ ᠨᠤᠷᠮ᠎ᠠ29.5%᠎ ᠳᠤ ᠬᠦᠷᠪᠡ᠃ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠬᠦᠨ  ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠲᠤ ᠨᠡᠶᠢᠳᠡ8.1 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠪᠠᠶᠢᠭᠤᠯᠤᠭᠰᠠᠨ ᠲᠤᠭᠤᠷᠢᠭ ᠤᠨ ᠲᠠᠯᠠᠪᠠᠢ 2.9 ᠲᠡᠭᠰᠢ ᠲᠦᠷᠪᠡᠮᠵᠢᠨ ᠺᠢᠯᠤᠮᠧᠲᠷ ᠬᠦᠷᠴᠡᠢ᠃ ︽3661︾ ᠢᠨᠵᠧᠨᠧᠷᠢᠩ ᠤᠨ ᠤᠨ ᠤ ᠡᠬᠦᠷᠭᠡ ᠶᠢ ᠲᠠᠪᠠᠭᠤᠯᠤᠨ ᠪᠡᠶᠡᠯᠡᠬᠦᠯᠵᠤ᠂ 2.7 ᠲᠦᠮᠡᠨ ᠮᠤ᠋ ᠲᠦᠬᠦᠭᠡᠷᠦᠮᠵᠢᠳᠤ ᠲᠡᠷᠢᠶᠠᠯᠠᠩ ᠢ ᠰᠢᠨ᠎ᠠ ᠪᠠᠷ ᠨᠡᠮᠡᠭᠳᠡᠬᠦᠯᠵᠤ᠂ ᠡᠷᠳᠡᠨᠢ ᠰᠢᠰᠢ ᠶᠢᠨ ᠲᠠᠷᠢᠬᠤ ᠲᠠᠯᠠᠪᠠᠢ ᠶᠢ 2.1 ᠲᠦᠮᠡᠨ ᠮᠤ᠋  ᠰᠢᠬᠠᠨ ᠪᠠᠭᠠᠰᠬᠠᠵᠤ᠂ ᠠᠵᠤ ᠠᠬᠤᠢ ᠶᠢᠨ ᠲᠠᠷᠢᠮᠠᠯ ᠤᠨ ᠲᠠᠯᠠᠪᠠᠢ ᠶᠢ 2.8 ᠲᠦᠮᠡᠨ ᠮᠤ᠋ ᠨᠡᠮᠡᠭᠳᠡᠬᠦᠯᠵᠤ᠂ ᠭᠠᠵᠷ ᠰᠢᠷᠦᠢ ᠎ ᠶᠢᠨ  ᠰᠢᠯᠵᠢᠯᠳᠠ ᠡᠷᠬᠢᠯᠳᠡ᠂ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠶᠢᠨ ᠪᠦᠷᠬᠦᠴᠡ ᠶᠢᠨ ᠨᠤᠷᠮ᠎ᠠ ᠪᠠ ᠰᠢᠯᠢᠳᠡᠭ ᠮᠠᠯ ᠲᠡᠷᠢᠶᠠᠯᠠᠩ ᠤᠨ ᠪᠦᠳᠦᠭᠡᠭᠳᠡᠬᠦᠨ ᠤ ᠲᠤᠬᠠᠢ ᠶᠢᠨ ᠭᠠᠵᠠᠷ ᠲᠤ ᠡᠳ᠋ᠰᠢᠬᠦᠯᠦᠨ ᠬᠤᠪᠢᠷᠠᠭᠤᠯᠬᠤ ᠨᠤᠷᠮ᠎ᠠ ᠲᠤᠰ ᠲᠤᠰ29.9 ·30·28 ᠵᠠᠭᠤᠨ ᠤ ᠬᠤᠪᠢ ᠪᠤᠯᠪᠠ᠃ ᠴᠡᠴᠡᠭ  ᠰᠠᠯᠳᠠ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠠᠯᠠᠩ ᠲᠤᠭᠤᠷᠢᠭ ᠢ ᠡᠬᠢᠯᠡᠬᠦᠯᠦᠨ ᠲᠦᠯᠦᠪᠵᠢᠬᠦᠯᠪᠡ  ᠃ ᠤᠳᠤ ᠦᠶ᠎ᠡ ᠶᠢᠨ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠲᠦᠷᠭᠡᠨ ᠬᠦᠭᠵᠢᠵᠤ᠂ ᠬᠦᠸᠧ ᠮᠸᠢ ᠴᠠᠬᠢᠯᠭᠠᠨ ᠭᠡᠷᠡᠭᠰᠡᠯ ᠮᠠᠨ ᠤ ᠲᠤᠭᠤᠷᠢᠭ ᠲᠤ ᠰᠠᠭᠤᠷᠢᠰᠢᠪᠠ᠃ ᠡᠯᠧᠺᠲᠷᠤᠨ ᠬᠤᠳᠠᠯᠳᠤᠭᠠᠨ ᠤ ᠡᠬᠦᠳᠦᠯᠳᠡ ᠶᠢᠨ ᠬᠦᠷᠢᠶᠡᠯᠡᠩ ᠲᠤᠭᠤᠷᠢᠭ 2 ᠰᠠᠭᠤᠷᠢ  ᠪᠠᠶᠢᠭᠤᠯᠵᠤ᠂ ᠳ᠋ᠦᠩ ᠳ᠋ᠦᠩ ᠡᠯᠧᠺᠲᠷᠤᠨ ᠬᠤᠳᠠᠯᠳᠤᠭᠠᠨ ᠤ ᠰᠦᠯᠵᠢᠶᠠᠨ ᠤ ᠭᠠᠳᠠᠨ᠎ᠠ ᠪᠡᠶᠡᠳᠡᠨ ᠤᠶᠢᠯᠠᠭᠠᠬᠤ ᠤᠷᠳᠤᠨ ᠵᠡᠷᠭᠡ 27 ᠡᠯᠧᠺᠲᠷᠤᠨ ᠠᠵᠤ ᠠᠬᠤᠶᠢᠯᠠᠯ ᠰᠠᠭᠤᠷᠢᠰᠢᠪᠠ᠃ ᠮᠦᠩᠬᠦᠨ ᠬᠦᠢᠯᠭᠡᠭᠡᠨ ᠤ ᠦᠢᠯᠡᠰ ᠤᠨ ᠦᠢᠯᠡᠴᠢᠯᠡᠭᠡᠨ ᠤ ᠪᠤᠳᠠᠳᠤ ᠴᠤᠭᠴᠠ ᠶᠢᠨ ᠠᠵᠤ ᠠᠬᠤᠢ ᠶᠢᠨ ᠴᠢᠳᠠᠪᠤᠷᠢ ᠲᠠᠰᠤᠷᠠᠯᠳᠠ ᠦᠭᠡᠢ ᠴᠢᠩᠭᠠᠷᠠᠵᠤ᠂ ᠮᠠᠨ ᠤ ᠲᠤᠭᠤᠷᠢᠭ ᠤᠨ ᠦᠪᠦᠷ ᠮᠤᠩᠭᠤᠯ ᠤᠨ ᠬᠤᠪᠢᠴᠠᠭᠠᠨ ᠤ  ᠡᠷᠭᠡ ᠶᠢᠨ ᠠᠷᠠᠯᠵᠢᠶᠠᠨ ᠤ ᠲᠦᠪ ᠲᠤ ᠨᠠᠷ᠎ᠠ  ᠲᠠᠩᠰᠠᠯᠠᠭᠤᠯᠤᠭᠰᠠᠨ‌ᠠᠵᠤ ᠠᠬᠤᠶᠢᠯᠠᠯ 21 ᠪᠤᠯᠵᠤ᠂ ᠠᠩᠬᠠᠨ ᠤ ᠲᠤᠰᠬᠤᠨ ᠪᠠᠯᠭᠠᠰᠤᠨ ᠤ ᠪᠠᠩᠬᠢ ᠡᠷᠬᠢᠯᠳᠡ ᠳᠤ ᠤᠷᠤᠵᠤ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠡᠯ᠎ᠠ ᠲᠦᠷᠦᠯ ᠤᠨ ᠬᠠᠳᠠᠭᠠᠯᠠᠮᠵᠢ ᠎ ᠶᠢᠨ  ᠦᠯᠡᠳᠡᠪᠦᠷᠢ182.9 ᠳ᠋ᠦᠩᠰᠢᠭᠤᠷ ᠲᠦᠬᠦᠷᠢᠭ ᠪᠤᠯᠵᠤ᠂ ᠵᠢᠭᠡᠯᠡᠯᠭᠡ ᠶᠢᠨ  ᠦᠯᠡᠳᠡᠪᠦᠷᠢ149.2 ᠳ᠋ᠦᠩᠰᠢᠭᠤᠷ ᠲᠦᠬᠦᠷᠢᠭ ᠪᠤᠯᠪᠠ᠃       ︵ᠬᠤᠶᠠᠷ︶ ᠰᠠᠭᠤᠷᠢ ᠲᠦᠬᠦᠭᠡᠷᠦᠮᠵᠢ ᠡᠳᠤᠷ ᠢᠷᠡᠬᠦᠶ᠎ᠡ ᠲᠡᠬᠦᠯᠳᠡᠷᠵᠢᠵᠤ᠂ ᠬᠤᠳᠠ ᠬᠦᠳᠡᠭᠡ ᠶᠢᠨ ᠲᠦᠷᠰᠤ ᠪᠠᠶᠢᠳᠠᠯ ᠢᠯᠡᠳᠳᠡ ᠰᠠᠶᠢᠵᠢᠷᠠᠪᠠ᠃ 2 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠬᠤᠳᠠ ᠶᠢᠨ ᠨᠡᠶᠢᠳᠡ ᠶᠢᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠵᠤ᠂ 17.6 ᠲᠦᠮᠡᠨ ᠲᠡᠭᠰᠢ ᠲᠦᠷᠪᠡᠯᠵᠢᠨ ᠮᠧᠲᠷ ᠵᠡᠭᠡᠯᠢ ᠭᠤᠳᠤᠮᠵᠢ ᠶᠢ ᠵᠠᠰᠠᠨ‌ᠬᠠᠮᠠᠭᠠᠯᠠᠵᠤ᠂ 22.7 ᠺᠢᠯᠤᠮᠧᠲᠷ ᠢᠯᠴᠢ ᠬᠠᠩᠭᠠᠬᠤ ᠬᠤᠭᠤᠯᠠᠢ  ᠎ ᠶᠢᠨ ᠲᠤᠤᠷ ᠢ ᠦᠷᠭᠡᠵᠢᠬᠦᠯᠦᠨ ᠪᠠᠶᠢᠭᠤᠯᠵᠤ᠂ ᠬᠦ᠋ ᠱᠠᠨ ᠤᠢ ᠰᠢᠭᠤᠢ ᠶᠢᠨ ᠴᠡᠴᠡᠷᠯᠢᠭ ᠤᠨ ᠨᠢᠭᠡᠳᠤᠭᠡᠷ ᠬᠤᠭᠤᠴᠠᠭᠠᠨ ᠤ ᠪᠠᠷᠢᠯᠭ᠎ᠠ ᠲᠡᠭᠤᠰᠴᠤ᠂ ᠬᠤᠳᠠ ᠶᠢᠨ ᠶᠡᠷᠦᠩᠬᠡᠶᠢᠯᠡᠭᠰᠡᠨ ᠲᠠᠭᠠᠭᠠᠴᠠ ᠴᠢᠳᠠᠮᠵᠢ ᠢᠯᠡᠳᠳᠡ ᠰᠠᠶᠢᠵᠢᠷᠠᠪᠠ᠃ ᠨᠡᠶᠢᠳᠡ17.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 218 ᠲᠤᠰᠬᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠦᠨᠳᠤᠰᠤᠨ ᠳᠡᠭᠡᠨ ᠲᠠᠭᠤᠰᠬᠠᠵᠤ᠂ ᠬᠦᠳᠡᠭᠡ ᠲᠤᠰᠬᠤᠨ ᠤ ᠲᠦᠷᠰᠤ ᠪᠠᠶᠢᠳᠠᠯ ᠢ ᠰᠢᠨᠡᠳᠭᠡᠪᠡ᠃ 1.1 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠦᠩᠭᠡᠷᠡᠭᠰᠡᠨ ᠵᠢᠯ ᠨᠤᠭᠤᠳ ᠠᠴᠠ ᠨᠠᠰᠢ ᠭᠡᠪ ᠭᠡᠮᠵᠢᠶ᠎ᠠ ᠬᠠᠮᠤᠭ ᠶᠡᠭᠡ᠂ ᠬᠦᠷᠢᠶ᠎ᠠ ᠴᠠᠷᠠᠭ᠎ᠠ ᠬᠠᠮᠤᠭ ᠦᠷᠭᠡᠨ ᠬᠤᠳᠠ ᠬᠦᠳᠡᠭᠡ ᠶᠢᠨ ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠬᠤ ᠤᠨ ᠤ ᠠᠵᠢᠯᠯᠠᠭᠠᠨ ᠢ ᠡᠬᠢᠯᠡᠬᠦᠯᠵᠤ᠂ ᠠᠭᠠᠷ ᠮᠠᠨᠳᠠᠯ ᠤᠨ ᠤᠷᠴᠢᠨ ᠲᠤᠭᠤᠷᠢᠨ᠂ ᠤᠰᠤᠨ ᠤ ᠤᠷᠴᠢᠨ ᠲᠤᠭᠤᠷᠢᠨ᠂ ᠵᠠᠰᠠᠮᠠᠯ ᠵᠠᠮ ᠤᠨ ᠤᠷᠴᠢᠨ ᠲᠤᠭᠤᠷᠢᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠪᠠ ᠬᠤᠳᠠ ᠲᠤᠭᠤᠷᠢᠭ᠂ ᠬᠤᠳᠠ ᠬᠦᠳᠡᠭᠡ  ᠤᠶᠠᠯᠳᠤᠭᠰᠠᠨ ᠭᠡᠰᠡᠭ ᠤᠨ ᠤᠷᠴᠢᠨ ᠲᠤᠭᠤᠷᠢᠨ ᠢ ᠲᠦᠪᠯᠡᠷᠡᠩᠬᠦᠢ ᠴᠡᠭᠴᠡᠯᠡᠨ  ᠵᠠᠰᠠᠵᠤ᠂ ᠬᠤᠳᠠ ᠬᠦᠳᠡᠭᠡ ᠶᠢᠨ ᠤᠷᠴᠢᠨ ᠲᠤᠭᠤᠷᠢᠨ ᠤ ᠲᠦᠷᠰᠤ ᠪᠠᠶᠢᠳᠠᠯ ᠪᠠ ᠤᠷᠤᠰᠢᠨ ᠰᠠᠭᠤᠬᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠢᠯᠡᠳᠳᠡ ᠰᠠᠶᠢᠵᠢᠷᠠᠪᠠ᠃ ᠫᠢᠩᠶᠤᠸᠠᠨ ᠤ ᠨᠢᠭᠡᠳᠤᠭᠡᠷ ᠲᠡᠰ ᠤᠨ ᠵᠠᠰᠠᠮᠠᠯ ᠵᠠᠮ ᠤᠨ ᠭᠤᠤᠯ ᠴᠤᠭᠴᠠ ᠶᠢᠨ ᠪᠠᠷᠢᠯᠭ᠎ᠠ ᠲᠡᠭᠤᠰᠪᠠ᠃ ᠤᠯᠠᠭᠠᠨᠬᠠᠳᠠ ᠠᠴᠠ ᠪᠡᠭᠡᠵᠢᠩ ᠱᠧᠨᠶᠠᠩ ᠬᠦᠷᠬᠦ ᠬᠤᠷᠳᠤᠨ ᠤ ᠲᠡᠮᠤᠷ ᠵᠠᠮ ᠬᠠᠷᠠᠴᠢᠨ ᠵᠡᠬᠦᠨ ᠦᠷᠳᠡᠭᠡ ᠶᠢᠨ ᠲᠠᠮᠤᠷ ᠵᠠᠮ ᠪᠠᠷᠢᠯᠭ᠎ᠠ ᠡᠬᠢᠯᠡᠪᠡ᠃2.4 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠲᠤᠰᠬᠤᠨ᠂ ᠬᠤᠳᠠ ᠪᠠᠯᠭᠠᠰᠤ᠂ ᠦᠢᠯᠡᠳᠪᠦᠷᠢ ᠠᠭᠤᠷᠬᠠᠢ ᠬᠦᠷᠢᠶᠡᠯᠡᠩ ᠲᠤᠭᠤᠷᠢᠭ᠂ ᠦᠨᠳᠤᠷ ᠲᠡᠰ ᠤᠨ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢ 2.5 ᠲᠦᠮᠡᠨ ᠮᠤ᠋ ᠨᠤᠭᠤᠭᠠᠷᠠᠭᠤᠯᠵᠤ᠂ ᠲᠤᠭᠤᠷᠢᠭ ᠪᠠᠶᠢᠭᠤᠯᠤᠭᠳᠠᠭᠰᠠᠨ ᠠᠴᠠ ᠨᠠᠰᠢ ᠨᠤᠭᠤᠭᠠᠷᠠᠭᠤᠯᠤᠯᠳᠠ ᠶᠢᠨ ᠪᠡᠯᠡ ᠤᠷᠤᠭᠤᠯᠤᠯᠳᠠ ᠂ ᠨᠤᠭᠤᠭᠠᠷᠠᠭᠤᠯᠤᠯᠳᠠ ᠶᠢᠨ ᠭᠡᠪᠴᠢᠶ᠎ᠠ ᠬᠠᠮᠤᠭ ᠶᠡᠭᠡ ᠶᠢ ᠡᠬᠦᠳᠴᠤ᠂ ︽ᠪᠦᠬᠦ ᠤᠯᠤᠰ ᠤᠨ ᠨᠤᠭᠤᠭᠠᠷᠠᠭᠤᠯᠤᠯᠳᠠ ᠎ ᠶᠢᠨ ᠵᠢᠱᠢᠶᠡᠴᠢ  ᠨᠢᠭᠡᠴᠢ︾᠎ ᠶᠢᠨ ᠴᠤᠯᠠ ᠶᠢ ᠢᠷᠠᠭᠤ ᠠᠯᠳᠠᠷᠳᠠᠢ ᠪᠠᠷ ᠬᠦᠷᠳᠡᠪᠡ᠃      ︵ᠭᠤᠷᠪᠠ︶ ᠦᠭᠡᠷᠡᠴᠢᠯᠡᠯᠳᠡ ᠨᠡᠭᠡᠭᠡᠯᠳᠡ ᠲᠠᠰᠤᠷᠠᠯᠳᠠ ᠦᠭᠡᠢ ᠬᠦᠨᠵᠡᠭᠡᠶᠢᠷᠡᠵᠤ᠂  ᠬᠦᠭᠵᠢᠯᠳᠡ ᠵᠢᠨ‌‍ᠬᠦ᠋ᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠦᠷᠷᠬᠦᠯᠵᠢᠯᠡᠨ ᠴᠢᠩᠭᠠᠷᠠᠪᠠ᠃ ︽ᠴᠢᠯᠤᠭᠡᠳᠡᠢ ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠭ ᠶᠠᠪᠤᠳᠠᠯ ᠤᠨ97 ᠵᠤᠷᠪᠤᠰ ᠢ ᠬᠠᠰᠤᠬᠤ ᠪᠠ ᠲᠤᠬᠢᠷᠠᠭᠤᠯᠵᠤ᠂ ᠵᠠᠰᠠᠭ ᠵᠠᠬᠢᠷᠭᠠᠨ ᠤ ᠡᠷᠭᠡ ᠮᠡᠳᠡᠯ ᠤᠨ 5052 ᠭᠡᠷᠡᠭ ᠶᠠᠪᠤᠳᠠᠯ᠂ 18 ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠬᠦᠢᠴᠡᠳᠭᠡᠨ ᠵᠦᠪᠰᠢᠶᠡᠷᠡᠬᠦ ᠭᠡᠷᠡᠭ ᠶᠠᠪᠤᠳᠠᠯ ᠢ  ᠨᠡᠶᠢᠳᠡᠯᠡᠪᠡ᠃ 350 ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠦᠯ ᠵᠤᠶᠢᠯ  ᠎ ᠢ ᠭᠡᠷᠡᠭᠵᠢᠬᠦᠯᠵᠤ᠂ 4173 ᠲᠦᠮᠡᠨ ᠲᠦᠬᠦᠷᠢᠭ ᠠᠷᠪᠢᠯᠠᠪᠠ᠃ ᠠᠯᠪᠠᠨ ᠲᠡᠷᠭᠡ ᠶᠢᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠦᠷᠨᠢᠬᠦᠯᠵᠤ᠂ 138 ᠠᠯᠪᠠᠨ ᠲᠡᠷᠭᠡ ᠶᠢ ᠪᠢᠳᠡᠬᠦᠮᠵᠢᠯᠠᠨ ᠵᠤᠭᠰᠤᠭᠠᠵᠤ ᠬᠤᠷᠢᠶᠠᠨ ᠠᠪᠴᠠᠢ᠃ ᠰᠢᠨ᠎ᠠ ᠡᠭᠡᠯᠵᠢ ᠶᠢᠨ ᠵᠠᠰᠠᠭ ᠵᠡᠬᠢᠷᠭᠠᠨ ᠤ ᠠᠵᠢᠯ ᠦᠢᠯᠡᠰ ‍ᠤᠨ‌ᠨᠢᠭᠡᠴᠢ ᠶᠢᠨ ᠪᠠᠶᠢᠭᠤᠯᠤᠮᠵᠢ ᠎ ᠶᠢᠨ ᠦᠭᠡᠷᠡᠴᠢᠯᠡᠯᠳᠡ ᠶᠢ ᠪᠡᠶᠡᠯᠡᠬᠦᠯᠪᠡ᠃ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ ᠡᠬᠢᠯᠡᠬᠦᠯᠪᠡ᠃ ᠪᠦᠬᠦ ᠨᠡᠭᠡᠭᠡᠴᠡ ᠶᠢᠨ ᠲᠦᠰᠦᠪ ᠤᠨ ᠬᠠᠮᠢᠶᠡᠷᠤᠯᠳᠠ᠂ ᠤᠯᠤᠰ ᠎ ᠤᠨ ᠬᠦᠮᠦᠷᠭᠡ ᠶᠢᠨ ᠨᠢᠭᠡᠳᠤᠯᠳᠠᠢ ᠵᠠᠷᠤᠯᠭ᠎ᠠ ᠶᠢ ᠲᠦᠯᠬᠢᠨ ᠠᠬᠢᠭᠤᠯᠵᠤ᠂ 23 ᠡᠳ᠋ ᠤᠨ  ᠶᠠᠪᠤᠳᠠᠯ ᠤᠨ ᠲᠤᠰᠬᠠᠢ ᠡᠷᠦᠭᠡ ᠶᠢ ᠬᠠᠰᠤᠨ ᠨᠡᠶᠢᠯᠡᠬᠦᠯᠵᠤ᠂ ᠵᠠᠰᠠᠭ ᠤᠨ ᠤᠷᠳᠤᠨ ᠪᠠ ᠰᠠᠯᠠᠭ᠎ᠠ ᠮᠦᠴᠢᠷ ᠤᠨ ᠲᠦᠰᠦᠪ ᠲᠦᠰᠦᠪ ᠶᠢ ᠬᠦᠢᠴᠡᠳᠭᠡᠯ ᠢ ᠪᠦᠬᠦ ᠲᠠᠯ᠎ᠠ ᠪᠠᠷ ᠨᠡᠶᠢᠳᠡᠯᠡᠪᠡ᠃ ᠭᠠᠶᠢᠯᠢ ᠶᠢᠨ ᠲᠤᠭᠳᠠᠯᠴᠠᠭ᠎ᠠ ᠶᠢ ᠶᠡᠷᠦᠩᠬᠡᠶᠢᠯᠡᠭᠰᠡᠨ ᠵᠠᠰᠠᠬᠤ ᠶᠢ ᠭᠡᠷᠡᠭᠵᠢᠬᠦᠯᠪᠡ᠃ ᠦᠯᠦ ᠬᠦᠳᠡᠯᠬᠦ ᠬᠦᠷᠦᠩᠭᠡ ᠶᠢ ᠲᠠᠩᠰᠠᠯᠠᠬᠤ᠂ ᠬᠦᠳᠡᠭᠡ ᠲᠤᠰᠬᠤᠨ ᠤ  ᠭᠠᠵᠠᠷ ᠰᠢᠷᠦᠢ ᠶᠢᠨ ᠡᠷᠭᠡ ᠶᠢ ᠲᠤᠳᠤᠷᠬᠠᠶᠢᠯᠠᠨ ᠦᠨᠡᠮᠯᠡᠯ ᠲᠠᠷᠬᠠᠭᠠᠬᠤ ᠲᠡᠩᠰᠠᠯᠠᠬᠤ ᠠᠵᠢᠯ ᠤᠨ ᠭᠡᠭᠡᠷ᠎ᠡ ᠶᠢᠨ ᠪᠤᠳᠠᠳᠠᠢ ᠭᠡᠮᠵᠢᠯᠳᠠ ᠶᠢ ᠪᠡᠶᠡᠯᠡᠬᠦᠯᠪᠡ᠃ ︽ᠡᠵᠡᠩᠨᠡᠯᠳᠡ ᠦᠭᠡᠷᠡᠴᠢᠯᠡᠯᠳᠡ  ᠦᠰᠦᠯᠳᠠ︾  ᠎ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠲᠠᠩᠰᠠᠯᠠᠯ ᠤᠨ ︽ᠲᠠᠪᠤᠨ ᠦᠨᠡᠮᠯᠡᠯ ᠢ ᠨᠢᠭᠡᠳᠦᠯᠵᠢᠬᠦᠯᠬᠦ᠂ ᠨᠢᠭᠡ ᠭᠡᠷᠡᠴᠢ ᠨᠢᠭᠡ  ᠳ᠋ᠤᠭᠠᠷᠯᠠᠯ︾᠎ ᠢ ᠭᠡᠷᠡᠭᠵᠢᠬᠦᠯᠵᠤ᠂ ᠰᠢᠨ᠎ᠠ ᠪᠠᠷ ᠨᠡᠮᠡᠭᠳᠡᠭᠰᠡᠨ ᠲᠠᠩᠰᠠᠯᠠᠭᠤᠯᠤᠭᠰᠠᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠎ ᠠᠴᠠ23%᠎ ᠢᠶᠠᠷ ᠨᠡᠮᠡᠭᠳᠡᠪᠡ᠃ ᠪᠤᠴᠠᠭᠠᠨ ᠬᠤᠳᠠᠯᠳᠤᠨ ᠠᠪᠬᠤ᠂ ᠪᠤᠷᠤᠯᠠᠭᠤᠯᠭ᠎ᠠ ᠶᠢ ᠠᠬᠢᠭᠤᠯᠬᠤ ᠵᠡᠷᠭᠡ ᠠᠷᠭ᠎ᠠ ᠭᠡᠮᠵᠢᠶ᠎ᠠ ᠠᠪᠬᠤ ᠪᠠᠷ ᠲᠠᠮᠵᠢᠨ᠂ ᠬᠠᠳᠠᠭᠠᠯᠠᠭᠳᠠᠵᠤ ᠪᠠᠶᠢᠭᠰᠠᠨ ᠲᠠᠸᠠᠷ ᠤᠨ ᠤᠷᠤᠨ ᠰᠠᠭᠤᠴᠠ40 ᠲᠦᠮᠡᠨ ᠲᠡᠭᠰᠢ ᠲᠦᠷᠪᠡᠯᠵᠢᠨ ᠮᠧᠲᠷ ᠪᠤᠷᠤᠯᠠᠭᠤᠯᠤᠭᠰᠠᠨ ᠪᠠᠶᠢᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠳᠤ  ᠵᠠᠯᠭᠠᠵᠤ ᠢᠯᠴᠢ  ᠬᠠᠩᠭᠠᠭᠰᠠᠨ ᠲᠠᠯᠠᠪᠠᠢ127 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠪᠡ᠃ ᠤᠯᠤᠰ ᠤᠨ ᠲᠡᠰ ᠤᠨ ᠤᠯᠡᠨ ᠨᠡᠶᠢᠳᠡ ᠶᠢᠨ ᠡᠬᠦᠳᠦᠯᠳᠡ ᠶᠢᠨ ᠤᠷᠤᠨ ᠵᠠᠢ ᠪᠠᠷ 2 ᠠᠵᠤ ᠠᠬᠤᠶᠢᠯᠠᠯ᠂ ᠦᠪᠡᠷᠳᠡᠭᠡᠨ ᠵᠠᠰᠠᠬᠤ ᠤᠷᠤᠨ ᠤ ᠲᠡᠰ ᠤᠨ  ᠬᠤᠷᠸ᠎ᠠ ᠡᠬᠦᠳᠦᠯᠳᠡ ᠶᠢᠨ ᠤᠷᠤᠨ ᠵᠠᠢ ᠪᠠᠷ1 ᠠᠵᠤ ᠠᠬᠤᠶᠢᠯᠠᠯ᠂ ᠤᠯᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠠᠬᠤᠶᠢᠯᠠᠯ ᠢᠶᠠᠷ 3 ᠠᠵᠤ ᠠᠬᠤᠶᠢᠯᠠᠯ ᠦᠨᠡᠯᠡᠭᠳᠡᠪᠡ᠃ ᠪᠡᠭᠡᠵᠢᠩ ᠯᠢᠶᠤᠤᠨᠢᠩ᠂ ᠵᠢᠶᠠᠩᠰᠤ᠂ ᠬᠦᠢᠵᠸᠤ ᠵᠡᠷᠭᠡ ᠭᠠᠵᠠᠷ ᠲᠤᠭᠤᠷᠢᠨ ᠪᠠᠶᠢᠴᠠᠭᠠᠵᠤ ᠠᠷᠠᠯᠵᠢᠶᠠᠴᠢᠨ ᠤᠷᠢᠵᠤ᠂ ᠪᠦᠬᠦ ᠵᠢᠯ ᠳᠤ 35 ᠲᠦᠷᠦᠯ ᠵᠤᠶᠢᠯ ᠎ ᠳᠤ ᠭᠠᠷ ᠤᠨ ᠦᠰᠦᠭ ᠵᠢᠷᠤᠵᠤ᠂ 61.6 ᠳ᠋ᠦᠩᠰᠢᠭᠤᠷ ᠲᠦᠬᠦᠷᠢᠭ ᠪᠡᠯᠡ ᠲᠠᠳᠠᠵᠤ᠂ 11.2 %᠎ ᠢᠶᠠᠷ  ᠨᠡᠮᠡᠭᠳᠡᠬᠦᠯᠪᠡ᠃ ᠭᠠᠳᠠᠭᠠᠳᠤ ᠠᠷᠠᠯᠵᠢᠶᠠᠨ ᠤ ᠤᠷᠤᠭᠤᠯᠤᠯᠳᠠ ᠪᠠ ᠭᠠᠷᠭᠠᠯᠳᠠ1 ᠳ᠋ᠦᠩᠰᠢᠭᠤᠷ ᠳ᠋ᠤᠯᠯᠠᠷ ᠢ ᠲᠠᠪᠠᠵᠤ᠂ ᠠᠳᠠᠯᠢ ᠬᠤᠭᠤᠴᠠᠭᠠᠨ ᠤ ᠬᠢ ᠠᠴᠠ42%᠎ ᠢᠶᠠᠷ ᠦᠰᠪᠡ᠃      ︵ᠲᠦᠷᠪᠡ︶ ᠠᠷᠠᠳ ᠲᠤ ᠠᠰᠢᠭ ᠬᠦᠷᠳᠡᠭᠡᠬᠦ ᠬᠦᠴᠦᠯᠡᠴᠡ ᠦᠷᠬᠦᠯᠵᠢᠯᠡᠨ ᠶᠡᠭᠡᠰᠴᠤ᠂ ᠤᠯᠠᠨ ᠲᠦᠮᠡᠨ ᠤ ᠠᠮᠢᠳᠤᠷᠠᠯ ᠢᠯᠡᠳᠳᠡ ᠰᠠᠶᠢᠵᠢᠷᠠᠪᠠ᠃ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠲᠤᠶᠢᠯ ᠤᠨ ᠬᠦᠴᠢᠷᠳᠡᠯᠳᠡᠢ᠂ ᠴᠢᠩᠳᠠ ᠵᠠᠷᠤᠯᠭ᠎ᠠ ᠦᠷᠬᠦᠯᠵᠢᠯᠡᠨ‌ᠦᠰᠴᠤ ᠪᠠᠶᠢᠭ᠎ᠠ ᠪᠠᠶᠢᠳᠠᠯ ᠲᠤᠤᠷ᠎ᠠ᠂ 16.5 ᠳ᠋ᠦᠩᠰᠢᠭᠤᠷ ᠲᠦᠬᠦᠷᠢᠭ ᠤᠷᠤᠭᠤᠯᠵᠤ  ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ73%᠎ ᠶᠢ ᠡᠵᠡᠯᠡᠬᠦᠯᠵᠤ᠂ ᠲᠡᠭᠡᠷ᠎ᠡ ᠵᠢᠯ ᠤᠨ ᠬᠢ ᠲᠠᠢ ᠠᠳᠠᠯᠢᠳᠬᠠᠪᠠᠯ 9353 ᠲᠦᠮᠡᠨ ᠲᠦᠬᠦᠷᠢᠭ ᠨᠡᠮᠡᠭᠳᠡᠬᠦᠯᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠢ ᠭᠡᠷᠡᠭᠵᠢᠬᠦᠯᠵᠤ᠂ 2905 ᠬᠦᠮᠦᠨ  ᠎ ᠤ ᠶᠠᠳᠠᠭᠤ ᠠᠴᠠ ᠡᠩᠬᠢᠵᠢᠷᠠᠬᠤ ᠶᠢ ᠪᠡᠶᠡᠯᠡᠬᠦᠯᠵᠠᠢ᠃ ᠮᠠᠨ ᠤ ᠲᠤᠭᠤᠷᠢᠭ ᠦᠪᠡᠷᠳᠡᠭᠡᠨ ᠵᠠᠰᠠᠬᠤ ᠤᠷᠤᠨ ᠤ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠲᠤᠷᠰᠢᠯᠳᠠ ᠶᠢᠨ  ᠭᠠᠵᠠᠷ ᠤᠷᠤᠨ ᠤ ᠵᠢᠭᠰᠠᠭᠠᠯᠳᠠ ᠳᠤ ᠤᠷᠤᠪᠠ᠃ ᠰᠢᠨ᠎ᠠ ᠪᠠᠷ ᠨᠡᠮᠡᠭᠳᠡᠭᠰᠡᠨ ᠬᠤᠳᠠ ᠪᠠᠯᠭᠠᠰᠤᠨ ᠤ ᠠᠵᠢᠯ ᠤᠯᠭᠤᠯᠳᠠ4403 ᠬᠦᠮᠦᠨ ᠪᠤᠯᠵᠤ᠂ ᠬᠤᠳᠠ ᠪᠠᠯᠭᠠᠰᠤᠨ ᠤ ᠲᠠᠩᠰᠠᠯᠠᠭᠳᠠᠭᠰᠠᠨ ᠠᠵᠢᠯ ᠠᠯᠳᠠᠯᠳᠠ ᠶᠢᠨ ᠨᠤᠷᠮ᠎ᠠ3.8% ᠪᠤᠯᠪᠠ᠃ ᠬᠤᠳᠠ ᠬᠦᠳᠡᠭᠡ ᠤᠨ ᠡᠮ ᠡᠮᠨᠡᠯᠡᠭᠡ ᠶᠢᠨ ᠲᠠᠭᠠᠳᠬᠠᠯ ᠤᠨ ᠴᠡᠭᠴᠡᠯᠡᠨ ᠨᠡᠶᠢᠯᠡᠬᠦᠯᠬᠦ ᠠᠵᠢᠯ ᠢ ᠪᠡᠶᠡᠯᠡᠬᠦᠯᠵᠤ᠂ ᠫᠢᠩᠵᠤᠸᠠᠩ ᠤᠨ ᠨᠡᠬᠦᠷᠡᠰᠤᠨ ᠠᠭᠤᠷᠬᠠᠢ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠎ ᠢ ᠤᠷᠤᠨ ᠨᠤᠳᠤᠭ ᠲᠤ ᠲᠤᠭᠳᠠᠭᠤᠨ ᠢᠶᠠᠷ ᠲᠤᠰᠢᠶᠠᠨ ᠨᠢᠭᠡᠳᠦᠯᠳᠠᠢ ᠬᠠᠮᠢᠶᠠᠷᠬᠤ ᠪᠤᠯᠭᠠᠪᠠ᠃ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠶᠡᠷᠦᠩᠬᠡᠶᠢᠯᠡᠭᠰᠡᠨ ᠦᠨᠡᠯᠡᠨ ᠲᠤᠭᠳᠠᠭᠠᠯᠳᠠ ᠶᠢ ᠪᠦᠬᠦ ᠲᠠᠯ᠎ᠠ ᠪᠠᠷ ᠭᠡᠷᠡᠭᠵᠢᠬᠦᠯᠵᠤ᠂ ᠲᠠᠭᠠᠳᠬᠠᠯ ᠳᠤ ᠤᠷᠤᠭᠤᠯᠪᠠᠰᠤ ᠵᠤᠬᠢᠬᠤ ᠶᠢ ᠴᠢᠳᠠᠬᠤ ᠶᠢᠨ ᠴᠢᠨᠡᠭᠡ ᠪᠠᠷ ᠤᠷᠤᠭᠤᠯᠵᠤ᠂ ᠬᠠᠰᠤᠬᠤ ᠵᠤᠬᠢᠰᠳᠠᠢ ᠶᠢ ᠎ ᠨᠢ ᠴᠢᠳᠠᠬᠤ ᠶᠢᠨ ᠴᠢᠨᠡᠭᠡ ᠪᠠᠷ ᠬᠠᠰᠤᠭᠰᠠᠨ ᠪᠠᠶᠢᠨ᠎ᠠ᠃ ᠡᠯ᠎ᠡ ᠲᠦᠷᠦᠯ ᠤᠨ ᠠᠪᠤᠷᠠᠨ ᠲᠡᠳᠬᠦᠬᠦ᠂ ᠨᠦᠬᠦᠪᠦᠷᠢ ᠮᠦᠩᠬᠦ1.2 ᠳ᠋ᠦᠩᠰᠢᠭᠤᠷ ᠲᠦᠬᠦᠷᠢᠭ ᠲᠠᠷᠬᠠᠭᠠᠪᠠ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ276 ᠢᠵᠢ ᠨᠠᠶᠢᠳᠠᠪᠤᠷᠵᠢᠭᠤᠯᠪᠠ᠃ ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ᠶᠢ1.7 ᠳ᠋ᠦᠩᠰᠢᠭᠤᠷ ᠲᠦᠬᠦᠷᠢᠭ ᠨᠡᠮᠡᠭᠳᠡᠬᠦᠯᠵᠦ᠂ ᠠᠯᠪᠠᠨ ᠵᠢᠷᠤᠮ  ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠤᠯᠤᠰ ᠤᠨ ᠬᠢᠨᠠᠨ ᠵᠢᠯᠤᠭᠤᠳᠬᠤ ᠲᠤᠭᠤᠶᠢᠯᠠᠠᠩ ᠤᠨ ᠦᠨᠡᠯᠡᠯᠳᠡ ᠬᠢᠨᠠᠨ ᠲᠤᠭᠳᠠᠭᠠᠯᠳᠠ ᠪᠠᠷ ᠪᠠᠳᠤᠯᠠᠭᠳᠠᠪᠠ᠃ ᠲᠡᠭᠡᠳᠤ ᠰᠢᠯᠭᠠᠯᠳᠠ ᠲᠡᠬᠢᠨ ᠰᠠᠶᠢᠨ ᠪᠦᠳᠦᠮᠵᠢ ᠡᠬᠦᠳᠴᠤ᠂ ᠴᠢᠩᠬᠤᠸᠠ᠂ ᠪᠡᠭᠡᠵᠢᠩ ᠶᠡᠭᠡ ᠰᠤᠷᠭᠠᠭᠤᠯᠢ ᠳᠤ11 ᠬᠦᠮᠦᠨ ᠰᠢᠯᠭᠠᠨ ᠤᠷᠤᠵᠤ᠂ 17 ᠵᠢᠯ ᠲᠠᠷᠠᠭᠠᠯᠠᠨ ᠦᠪᠡᠷᠳᠡᠭᠡᠨ ᠵᠠᠰᠠᠬᠤ ᠤᠷᠤᠨ ᠪᠤᠶᠤ ᠤᠯᠠᠭᠠᠨᠬᠠᠳᠠ ᠬᠤᠳᠠ ᠶᠢᠨ  ᠨᠡᠶᠢᠭᠡᠮ ᠪᠠᠶᠢᠭᠠᠯᠢ ᠶᠢᠨ ᠲᠦᠷᠦᠯ ᠤᠨ ᠡᠷᠬᠢᠮ ᠰᠢᠯᠢᠳᠡᠭ ᠴᠤᠯᠭᠤᠷᠠᠪᠠ᠃ ᠤᠯᠡᠨ ᠲᠦᠮᠡᠨᠴᠢ ᠴᠢᠨᠠᠷ ᠲᠠᠢ ᠰᠤᠶᠤᠯ ᠲᠠᠮᠢᠷ ᠤᠨ ᠬᠦᠳᠡᠯᠭᠡᠭᠡᠨ ᠦᠷᠨᠢᠩᠬᠦᠢ ᠬᠦᠭᠵᠢᠵᠤ᠂ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠬᠤ ᠠᠵᠢᠯ ᠱᠠᠳᠤᠴᠢ ᠴᠢᠨᠠᠷ ᠎ ᠲᠠᠢ ᠠᠮᠵᠢᠯᠳᠠ ᠤᠯᠵᠠᠢ᠃ ᠲᠤᠭᠤᠷᠢᠭ ᠤᠨ ᠶᠡᠷᠦᠩᠬᠡᠶᠢᠯᠡᠭᠰᠡᠨ ᠲᠠᠩᠰᠠ ᠡᠪᠬᠡᠮᠡᠯ ᠤᠨ ᠤᠷᠳᠤᠨ ᠪᠠᠶᠢᠭᠤᠯᠪᠠ᠃1010 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠡᠷᠡᠬᠦᠯ ᠬᠠᠮᠠᠭᠠᠯᠠᠯ ᠤᠨ  ᠬᠢᠨᠠᠨ‌‍ᠱᠠᠭᠠᠷᠳᠠᠬᠤ  ᠭᠠᠵᠠᠷ ᠪᠠ ᠱᠠᠨ ᠴᠢᠶᠠᠨ᠂ ᠶᠤᠸᠠᠨ ᠪᠤᠤ ᠱᠠᠨ᠂ ᠹᠧᠩ ᠱᠦᠢ ᠭᠸᠤ 3 ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠪᠡ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1