ᠵᠠᠰᠠᠭ ᠤᠨ  ᠤᠷᠳᠤᠨ ᠤ ᠠᠵᠢᠯ ᠤᠨ  ᠢᠯᠡᠳᠭᠡᠯ  (2)
ᠨᠡᠶᠢᠲᠡᠯᠡᠭᠰᠡᠨ ᠴᠠᠭ᠄
2017/9/22
   ︵ᠲᠦᠷᠪᠡ︶ ᠠᠷᠠᠳ ᠲᠤ ᠠᠰᠢᠭ ᠬᠦᠷᠳᠡᠭᠡᠬᠦ ᠬᠦᠴᠦᠯᠡᠴᠡ ᠦᠷᠬᠦᠯᠵᠢᠯᠡᠨ ᠶᠡᠭᠡᠰᠴᠤ᠂ ᠤᠯᠠᠨ ᠲᠦᠮᠡᠨ ᠤ ᠠᠮᠢᠳᠤᠷᠠᠯ ᠢᠯᠡᠳᠳᠡ ᠰᠠᠶᠢᠵᠢᠷᠠᠪᠠ᠃ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠲᠤᠶᠢᠯ ᠤᠨ ᠬᠦᠴᠢᠷᠳᠡᠯᠳᠡᠢ᠂ ᠴᠢᠩᠳᠠ ᠵᠠᠷᠤᠯᠭ᠎ᠠ ᠦᠷᠬᠦᠯᠵᠢᠯᠡᠨ‌ᠦᠰᠴᠤ ᠪᠠᠶᠢᠭ᠎ᠠ ᠪᠠᠶᠢᠳᠠᠯ ᠲᠤᠤᠷ᠎ᠠ᠂ 16.5 ᠳ᠋ᠦᠩᠰᠢᠭᠤᠷ ᠲᠦᠬᠦᠷᠢᠭ ᠤᠷᠤᠭᠤᠯᠵᠤ  ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠵᠤ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ73%᠎ ᠶᠢ ᠡᠵᠡᠯᠡᠬᠦᠯᠵᠤ᠂ ᠲᠡᠭᠡᠷ᠎ᠡ ᠵᠢᠯ ᠤᠨ ᠬᠢ ᠲᠠᠢ ᠠᠳᠠᠯᠢᠳᠬᠠᠪᠠᠯ 9353 ᠲᠦᠮᠡᠨ ᠲᠦᠬᠦᠷᠢᠭ ᠨᠡᠮᠡᠭᠳᠡᠬᠦᠯᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠢ ᠭᠡᠷᠡᠭᠵᠢᠬᠦᠯᠵᠤ᠂ 2905 ᠬᠦᠮᠦᠨ  ᠎ ᠤ ᠶᠠᠳᠠᠭᠤ ᠠᠴᠠ ᠡᠩᠬᠢᠵᠢᠷᠠᠬᠤ ᠶᠢ ᠪᠡᠶᠡᠯᠡᠬᠦᠯᠵᠠᠢ᠃ ᠮᠠᠨ ᠤ ᠲᠤᠭᠤᠷᠢᠭ ᠦᠪᠡᠷᠳᠡᠭᠡᠨ ᠵᠠᠰᠠᠬᠤ ᠤᠷᠤᠨ ᠤ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠲᠤᠷᠰᠢᠯᠳᠠ ᠶᠢᠨ  ᠭᠠᠵᠠᠷ ᠤᠷᠤᠨ ᠤ ᠵᠢᠭᠰᠠᠭᠠᠯᠳᠠ ᠳᠤ ᠤᠷᠤᠪᠠ᠃ ᠰᠢᠨ᠎ᠠ ᠪᠠᠷ ᠨᠡᠮᠡᠭᠳᠡᠭᠰᠡᠨ ᠬᠤᠳᠠ ᠪᠠᠯᠭᠠᠰᠤᠨ ᠤ ᠠᠵᠢᠯ ᠤᠯᠭᠤᠯᠳᠠ4403 ᠬᠦᠮᠦᠨ ᠪᠤᠯᠵᠤ᠂ ᠬᠤᠳᠠ ᠪᠠᠯᠭᠠᠰᠤᠨ ᠤ ᠲᠠᠩᠰᠠᠯᠠᠭᠳᠠᠭᠰᠠᠨ ᠠᠵᠢᠯ ᠠᠯᠳᠠᠯᠳᠠ ᠶᠢᠨ ᠨᠤᠷᠮ᠎ᠠ3.8% ᠪᠤᠯᠪᠠ᠃ ᠬᠤᠳᠠ ᠬᠦᠳᠡᠭᠡ ᠤᠨ ᠡᠮ ᠡᠮᠨᠡᠯᠡᠭᠡ ᠶᠢᠨ ᠲᠠᠭᠠᠳᠬᠠᠯ ᠤᠨ ᠴᠡᠭᠴᠡᠯᠡᠨ ᠨᠡᠶᠢᠯᠡᠬᠦᠯᠬᠦ ᠠᠵᠢᠯ ᠢ ᠪᠡᠶᠡᠯᠡᠬᠦᠯᠵᠤ᠂ ᠫᠢᠩᠵᠤᠸᠠᠩ ᠤᠨ ᠨᠡᠬᠦᠷᠡᠰᠤᠨ ᠠᠭᠤᠷᠬᠠᠢ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠎ ᠢ ᠤᠷᠤᠨ ᠨᠤᠳᠤᠭ ᠲᠤ ᠲᠤᠭᠳᠠᠭᠤᠨ ᠢᠶᠠᠷ ᠲᠤᠰᠢᠶᠠᠨ ᠨᠢᠭᠡᠳᠦᠯᠳᠠᠢ ᠬᠠᠮᠢᠶᠠᠷᠬᠤ ᠪᠤᠯᠭᠠᠪᠠ᠃ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠶᠡᠷᠦᠩᠬᠡᠶᠢᠯᠡᠭᠰᠡᠨ ᠦᠨᠡᠯᠡᠨ ᠲᠤᠭᠳᠠᠭᠠᠯᠳᠠ ᠶᠢ ᠪᠦᠬᠦ ᠲᠠᠯ᠎ᠠ ᠪᠠᠷ ᠭᠡᠷᠡᠭᠵᠢᠬᠦᠯᠵᠤ᠂ ᠲᠠᠭᠠᠳᠬᠠᠯ ᠳᠤ ᠤᠷᠤᠭᠤᠯᠪᠠᠰᠤ ᠵᠤᠬᠢᠬᠤ ᠶᠢ ᠴᠢᠳᠠᠬᠤ ᠶᠢᠨ ᠴᠢᠨᠡᠭᠡ ᠪᠠᠷ ᠤᠷᠤᠭᠤᠯᠵᠤ᠂ ᠬᠠᠰᠤᠬᠤ ᠵᠤᠬᠢᠰᠳᠠᠢ ᠶᠢ ᠎ ᠨᠢ ᠴᠢᠳᠠᠬᠤ ᠶᠢᠨ ᠴᠢᠨᠡᠭᠡ ᠪᠠᠷ ᠬᠠᠰᠤᠭᠰᠠᠨ ᠪᠠᠶᠢᠨ᠎ᠠ᠃ ᠡᠯ᠎ᠡ ᠲᠦᠷᠦᠯ ᠤᠨ ᠠᠪᠤᠷᠠᠨ ᠲᠡᠳᠬᠦᠬᠦ᠂ ᠨᠦᠬᠦᠪᠦᠷᠢ ᠮᠦᠩᠬᠦ1.2 ᠳ᠋ᠦᠩᠰᠢᠭᠤᠷ ᠲᠦᠬᠦᠷᠢᠭ ᠲᠠᠷᠬᠠᠭᠠᠪᠠ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ276 ᠢᠵᠢ ᠨᠠᠶᠢᠳᠠᠪᠤᠷᠵᠢᠭᠤᠯᠪᠠ᠃ ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ᠶᠢ1.7 ᠳ᠋ᠦᠩᠰᠢᠭᠤᠷ ᠲᠦᠬᠦᠷᠢᠭ ᠨᠡᠮᠡᠭᠳᠡᠬᠦᠯᠵᠦ᠂ ᠠᠯᠪᠠᠨ ᠵᠢᠷᠤᠮ  ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠤᠯᠤᠰ ᠤᠨ ᠬᠢᠨᠠᠨ ᠵᠢᠯᠤᠭᠤᠳᠬᠤ ᠲᠤᠭᠤᠶᠢᠯᠠᠠᠩ ᠤᠨ ᠦᠨᠡᠯᠡᠯᠳᠡ ᠬᠢᠨᠠᠨ ᠲᠤᠭᠳᠠᠭᠠᠯᠳᠠ ᠪᠠᠷ ᠪᠠᠳᠤᠯᠠᠭᠳᠠᠪᠠ᠃ ᠲᠡᠭᠡᠳᠤ ᠰᠢᠯᠭᠠᠯᠳᠠ ᠲᠡᠬᠢᠨ ᠰᠠᠶᠢᠨ ᠪᠦᠳᠦᠮᠵᠢ ᠡᠬᠦᠳᠴᠤ᠂ ᠴᠢᠩᠬᠤᠸᠠ᠂ ᠪᠡᠭᠡᠵᠢᠩ ᠶᠡᠭᠡ ᠰᠤᠷᠭᠠᠭᠤᠯᠢ ᠳᠤ11 ᠬᠦᠮᠦᠨ ᠰᠢᠯᠭᠠᠨ ᠤᠷᠤᠵᠤ᠂ 17 ᠵᠢᠯ ᠲᠠᠷᠠᠭᠠᠯᠠᠨ ᠦᠪᠡᠷᠳᠡᠭᠡᠨ ᠵᠠᠰᠠᠬᠤ ᠤᠷᠤᠨ ᠪᠤᠶᠤ ᠤᠯᠠᠭᠠᠨᠬᠠᠳᠠ ᠬᠤᠳᠠ ᠶᠢᠨ  ᠨᠡᠶᠢᠭᠡᠮ ᠪᠠᠶᠢᠭᠠᠯᠢ ᠶᠢᠨ ᠲᠦᠷᠦᠯ ᠤᠨ ᠡᠷᠬᠢᠮ ᠰᠢᠯᠢᠳᠡᠭ ᠴᠤᠯᠭᠤᠷᠠᠪᠠ᠃ ᠤᠯᠡᠨ ᠲᠦᠮᠡᠨᠴᠢ ᠴᠢᠨᠠᠷ ᠲᠠᠢ ᠰᠤᠶᠤᠯ ᠲᠠᠮᠢᠷ ᠤᠨ ᠬᠦᠳᠡᠯᠭᠡᠭᠡᠨ ᠦᠷᠨᠢᠩᠬᠦᠢ ᠬᠦᠭᠵᠢᠵᠤ᠂ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠬᠤ ᠠᠵᠢᠯ ᠱᠠᠳᠤᠴᠢ ᠴᠢᠨᠠᠷ ᠎ ᠲᠠᠢ ᠠᠮᠵᠢᠯᠳᠠ ᠤᠯᠵᠠᠢ᠃ ᠲᠤᠭᠤᠷᠢᠭ ᠤᠨ ᠶᠡᠷᠦᠩᠬᠡᠶᠢᠯᠡᠭᠰᠡᠨ ᠲᠠᠩᠰᠠ ᠡᠪᠬᠡᠮᠡᠯ ᠤᠨ ᠤᠷᠳᠤᠨ ᠪᠠᠶᠢᠭᠤᠯᠪᠠ᠃1010 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠡᠷᠡᠬᠦᠯ ᠬᠠᠮᠠᠭᠠᠯᠠᠯ ᠤᠨ  ᠬᠢᠨᠠᠨ‌‍ᠱᠠᠭᠠᠷᠳᠠᠬᠤ  ᠭᠠᠵᠠᠷ ᠪᠠ ᠱᠠᠨ ᠴᠢᠶᠠᠨ᠂ ᠶᠤᠸᠠᠨ ᠪᠤᠤ ᠱᠠᠨ᠂ ᠹᠧᠩ ᠱᠦᠢ ᠭᠸᠤ 3 ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠪᠡ᠃      ︵ᠲᠠᠪᠤ︶ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠳᠠ ᠎ ᠶᠢᠨ ᠬᠢᠷᠢ ᠲᠦᠪᠰᠢᠨ ᠲᠤᠭᠳᠠᠭᠤᠨ ᠲᠡᠭᠡᠭᠰᠢᠯᠡᠪᠡ᠃ ᠬᠠᠤᠯᠢ ᠶᠤᠰᠤᠭᠠᠷ ᠵᠠᠰᠠᠭ ᠪᠠᠷᠢᠬᠤ ᠶᠢ ᠪᠠᠷᠢᠮᠳᠠᠯᠠᠵᠤ᠂ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ᠂ ᠲᠤᠭᠳᠠᠭᠠᠯ ᠎ ᠢ  ᠨᠠᠷᠢᠨ ᠬᠢᠨᠠᠮᠠᠭᠠᠢ ᠭᠡᠷᠡᠭᠵᠢᠬᠦᠯᠵᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠪᠡ᠃ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ  ᠵᠠᠰᠠᠭ ᠤᠨ ᠤᠷᠳᠤᠨ ᠤ ᠠᠵᠢᠯ ᠢ ᠲᠤᠰᠬᠠᠢ ᠰᠡᠳᠤᠪ ᠢᠶᠠᠷ14  ᠵᠤᠶᠢᠯ ᠮᠡᠳᠡᠬᠦᠯᠵᠤ᠂ ᠤᠯᠤᠰ ᠲᠦᠷᠦ ᠶᠢᠨ ᠵᠦᠪᠯᠡᠯᠭᠡᠨ  ᠎ ᠯᠤᠭ᠎ᠠ ᠲᠤᠰᠬᠠᠢ ᠰᠡᠳᠦᠪᠳᠤ ᠵᠦᠪᠯᠡᠯᠭᠡᠨ ᠢ 12  ᠵᠤᠶᠢᠯ ᠦᠷᠨᠢᠬᠦᠯᠵᠤ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢ 84 ᠬᠤᠪᠢ  ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠤ ᠰᠠᠨᠠᠯ ᠢ 96 ᠬᠤᠪᠢ ᠬᠦᠢᠴᠡᠳᠭᠡᠪᠡ᠃ ᠤᠯᠠᠨ ᠨᠡᠶᠢᠳᠡ ᠶᠢᠨ ᠠᠮᠤᠷ ᠲᠦᠪᠰᠢᠨ ᠤ ᠵᠠᠷᠤᠯᠭ᠎ᠠ 1.3 ᠳ᠋ᠦᠩᠰᠢᠭᠤᠷ ᠲᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ21%᠎ ᠢᠶᠠᠷ ᠨᠡᠮᠡᠭᠳᠡᠪᠡ᠃  ᠴᠢᠬᠤᠯᠠ ᠶᠡᠭᠡ ᠭᠡᠷᠡᠭ ᠶᠠᠪᠤᠳᠠᠯ ᠨᠡᠶᠢᠭᠡᠮ ᠤᠨ ᠲᠤᠭᠳᠠᠭᠤᠨ ᠤ ᠲᠦᠭᠰᠢᠬᠦᠷᠢ ᠶᠢᠨ ᠦᠨᠡᠯᠡᠯᠭᠡ ᠶᠢ ᠭᠡᠷᠡᠭᠵᠢᠬᠦᠯᠵᠤ᠂ ︽ᠵᠢᠷᠭᠤᠭ᠎ᠠ ᠶᠢ ᠨᠢᠭᠡ ᠴᠤᠭᠴᠠ ᠪᠤᠯᠭᠠᠭᠰᠠᠨ︾ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠤᠢ ᠪᠤᠯᠭᠠᠵᠤ᠂ ᠲᠤᠰᠬᠤᠨ ᠰᠠᠭᠤᠭᠠᠯᠢ ᠲᠤᠭᠤᠷᠢᠭ ᠤᠨ ︽ᠨᠢᠭᠡ ᠦᠷᠳᠡᠭᠡ ᠭᠤᠷᠪᠠᠨ ᠲᠠᠰᠤᠭ︾᠎ ᠤᠨ ᠦᠨᠳᠤᠰᠤᠨ ᠱᠠᠳᠤᠨ ᠤ ᠰᠠᠭᠤᠷᠢ ᠶᠢ ᠪᠠᠬᠢᠵᠢᠬᠦᠯᠵᠤ᠂ ︽ᠠᠮᠤᠷ ᠲᠠᠶᠢᠪᠤᠩ ᠶᠤᠸᠠᠨ ᠪᠤᠤ ᠱᠠᠨ︾᠎ ᠤ ᠪᠦᠳᠦᠭᠡᠨ ᠪᠠᠶᠢᠭᠤᠯᠤᠯᠳᠠ ᠎ ᠶᠢ ᠬᠦᠨᠵᠡᠭᠡᠢ ᠲᠦᠯᠬᠢᠨ ᠠᠬᠢᠭᠤᠯᠪᠠ᠃ ᠬᠠᠤᠯᠢ ᠲᠦᠬᠡᠮᠵᠢᠯᠡᠬᠦᠯᠬᠦ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠲᠠᠬᠢᠨ ᠰᠢᠨ᠎ᠠ ᠠᠮᠵᠢᠯᠳᠠ ᠡᠬᠦᠳᠴᠤ᠂ ᠦᠪᠡᠷᠳᠡᠭᠡᠨ ᠵᠠᠰᠠᠬᠤ ᠤᠷᠤᠨ ᠤ ᠬᠠᠤᠯᠢ ᠲᠦᠬᠡᠮᠵᠢᠯᠡᠬᠦᠯᠬᠦ ᠬᠠᠤᠯᠢ ᠪᠠᠷ ᠵᠠᠰᠠᠬᠤ ᠲᠡᠷᠢᠬᠦᠨ ᠤ ᠬᠤᠰᠢᠭᠤ ᠰᠢᠶᠠᠨ  ᠎ ᠢᠶᠠᠷ ᠦᠨᠡᠯᠡᠭᠳᠡᠪᠡ᠃ ︽ᠬᠤᠶᠠᠷ ᠢ ᠰᠤᠷᠴᠤ ᠨᠢᠭᠡ ᠳᠤ ᠲᠡᠩᠴᠡᠬᠦᠯᠬᠦ︾ ᠰᠤᠷᠤᠯᠴᠠᠯᠭ᠎ᠠ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠵᠠᠰᠠᠭ ᠤᠨ ᠤᠷᠳᠤᠨ ᠤ ᠦᠢᠯᠡᠴᠢᠯᠡᠭᠡᠨ ᠤ ᠴᠢᠳᠠᠮᠵᠢ᠂ ᠲᠤᠰᠢᠶᠠᠯ ᠬᠠᠷᠢᠭᠤᠴᠠᠯᠭ᠎ᠠ ᠬᠦᠢᠴᠡᠳᠬᠡᠬᠦ ᠴᠢᠳᠠᠪᠤᠷᠢ ᠪᠠ ᠤᠯᠤᠰ ᠲᠦᠷᠦ ᠶᠢᠨ  ᠦᠵᠡᠯ ᠤᠬᠠᠮᠰᠠᠷ᠂ ᠶᠡᠭᠡ ᠲᠠᠯ᠎ᠠ ᠶᠢᠨ  ᠦᠵᠡᠯ ᠤᠬᠠᠮᠰᠠᠷ᠂ ᠭᠤᠤᠯ ᠲᠦᠪ ᠤᠨ  ᠦᠵᠡᠯ ᠤᠬᠠᠮᠰᠠᠷ᠂ ᠲᠠᠭᠠᠨ ᠰᠤᠷᠤᠯᠴᠠᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠪᠠ᠃      ᠲᠦᠯᠦᠭᠡᠯᠡᠭᠴᠢᠳ ᠡ᠂ ᠦᠡᠭᠭᠡᠷᠡᠭᠰᠡᠨ ᠤ ᠠᠮᠵᠢᠯᠳᠠ ᠨᠢ ᠨᠤᠳᠠᠯᠠᠭᠤᠰᠢᠳᠠᠢ ᠭᠡᠳᠡᠭ ᠪᠤᠯᠪᠠᠴᠤ᠂ ᠬᠦᠭᠵᠢᠯᠳᠡ ᠎ ᠶᠢᠨ ᠲᠤᠮᠳᠠᠬᠢ ᠵᠦᠷᠢᠴᠠᠯ ᠪᠠ ᠠᠰᠠᠭᠤᠳᠠᠯ ᠢ ᠤᠮᠳᠤᠭᠤᠶᠢᠯᠠᠵᠤ ᠪᠤᠯᠬᠤ ᠦᠭᠡᠢ ᠶᠤᠮ᠃ ᠤᠳᠤᠬᠠᠨ ᠳᠤ ᠮᠠᠨ ᠤ ᠲᠤᠭᠤᠷᠢᠭ ᠤᠨ ᠠᠵᠤ ᠠᠬᠤᠢ ᠤᠨ ᠶᠡᠷᠦᠩᠬᠡᠢ ᠭᠡᠮᠵᠢᠶ᠎ᠠ ᠪᠠᠭ᠎ᠠ᠂ ᠬᠦᠭᠵᠢᠯᠳᠡ ᠶᠢᠨ ᠬᠤᠷᠳᠤᠴᠠ ᠤᠳᠠᠭᠠᠨ᠂ ᠬᠦᠭᠵᠢᠯᠳᠡ ᠬᠤᠴᠤᠷᠤᠩᠭᠤᠢ ᠪᠠᠶᠢᠭ᠎ᠠ ᠦᠨᠳᠤᠰᠤᠨ ᠪᠠᠶᠢᠳᠠᠯ ᠦᠨᠳᠤᠰᠤᠨ ᠠᠴᠠ ᠪᠠᠨ ᠬᠤᠪᠢᠷᠠᠭ᠎ᠠ ᠦᠭᠡᠢ ᠪᠠᠶᠢᠭᠰᠠᠭᠠᠷ︔ ᠠᠵᠤ ᠦᠢᠯᠡᠰ ᠤᠨ ᠪᠦᠳᠦᠴᠡ ᠶᠢᠨ ᠪᠤᠶᠢᠵᠢᠯᠳᠠ ᠲᠡᠬᠦᠯᠳᠡᠷᠵᠢᠭᠡ ᠦᠭᠡᠢ᠂ ᠤᠯᠠᠨ ᠡᠰᠢᠳᠤ ᠲᠤᠯᠭᠠᠭᠤᠷᠢᠯᠠᠯ ᠤᠨ  ᠦᠢᠯᠡᠳᠤᠯ ᠴᠢᠩᠭ᠎ᠠ ᠪᠢᠰᠢ᠂ ᠭᠡᠯᠬᠢᠶ᠎ᠠ ᠤᠬᠤᠷ᠂ ᠲᠡᠰ  ᠵᠡᠷᠭᠡᠯᠡᠯ ᠲᠤᠤᠷ᠎ᠠ ᠵᠡᠷᠭᠡ ᠪᠠᠶᠢᠳᠠᠯ ᠨᠢ ᠬᠠᠷᠠᠬᠠᠨ ᠦᠨᠳᠤᠰᠤᠨ ᠠᠴᠠ ᠪᠠᠨ  ᠦᠭᠡᠷᠡᠴᠢᠯᠡᠭᠳᠡᠭᠡ ᠦᠭᠡᠢ ᠪᠠᠶᠢᠭᠰᠠᠭᠠᠷ︔ ᠬᠤᠳᠠ ᠶᠢᠨ ᠬᠠᠮᠢᠶᠠᠷᠤᠯᠳᠠ ᠬᠠᠷᠢᠴᠠᠩᠭᠤᠢ ᠬᠤᠴᠤᠷᠤᠩᠭᠤᠢ᠂ ᠵᠡᠭᠡᠯᠢ ᠭᠤᠳᠤᠮᠵᠢᠨ ᠤ ᠵᠠᠬ᠎ᠠ ᠲᠡᠯᠭᠡᠬᠦᠷ᠂ ᠵᠠᠬ᠎ᠠ ᠲᠡᠯᠭᠡᠬᠦᠷ ᠤᠨ ᠭᠠᠳᠠᠨᠠᠬᠢ ᠡᠵᠡᠩᠨᠡᠯᠳᠡ᠂ ᠲᠤᠷ᠎ᠠ ᠲᠠᠪᠠ ᠪᠠᠷ ᠲᠡᠯᠭᠡᠵᠤ ᠪᠠᠶᠢᠭᠤᠯᠬᠤ ᠵᠡᠷᠭᠡ ᠦᠵᠡᠭᠳᠡᠯ ᠬᠤᠷᠢᠭᠯᠠᠭᠳᠠᠭ᠎ᠠ ᠦᠭᠡᠢ ᠪᠠᠶᠢᠭᠰᠠᠭᠠᠷ᠂︔ ᠠᠶᠤᠯᠬᠦᠢ ᠦᠢᠯᠡᠳᠪᠦᠷᠢᠯᠡᠯ  ᠎ ᠤᠨ ᠪᠠᠶᠢᠳᠠᠯ ᠬᠦᠨᠳᠤ ᠨᠤᠴᠢᠳᠠᠢ᠂ ᠠᠮᠤᠷ ᠲᠦᠪᠰᠢᠨ ᠬᠦᠭᠵᠢᠯᠳᠡ ᠶᠢᠨ ᠡᠬᠦᠷᠭᠡ ᠬᠦᠨᠳᠤ ᠵᠠᠮ ᠬᠤᠯᠠ ᠪᠠᠶᠢᠭᠰᠠᠭᠠᠷ︔ ᠭᠠᠵᠠᠷ ᠲᠠᠳᠠᠪᠤᠷᠢᠯᠠᠵᠤ ᠨᠡᠬᠦᠯᠭᠡᠬᠦ᠂ ᠤᠷᠴᠢᠨ ᠲᠤᠭᠤᠷᠢᠨ ᠤ ᠬᠠᠮᠠᠭᠠᠯᠠᠯᠳᠠ᠂ ᠨᠡᠶᠢᠭᠡᠮ  ᠎ ᠤᠨ ᠪᠠᠳᠤᠯᠠᠭ᠎ᠠ ᠵᠡᠷᠭᠡ ᠠᠴᠠ  ᠪᠤᠯᠤᠭᠰᠠᠨ ᠵᠦᠷᠢᠴᠡᠯ ᠵᠢᠭᠤᠷᠭᠠᠨ ᠲᠠᠰᠤᠷᠠᠯ ᠦᠭᠡᠢ ᠶᠡᠭᠡᠰᠴᠤ᠂ ᠵᠠᠬᠢᠳᠠᠯ ᠰᠤᠷᠪᠤᠯᠵᠢᠯᠠᠯ᠂ ᠲᠤᠭᠳᠠᠭᠤᠨ ᠢ ᠬᠠᠮᠠᠭᠠᠯᠠᠬᠤ ᠠᠰᠠᠭᠤᠳᠠᠯ ᠮᠦᠨ ᠯᠡ ᠲᠤᠪᠤᠶᠢᠮ᠎ᠠ ᠪᠠᠶᠢᠭᠰᠠᠭᠠᠷ︔ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢᠨ ᠬᠤᠪᠢᠷᠠᠭᠤᠯᠤᠯ ᠬᠦᠢᠴᠡᠳ ᠦᠭᠡᠢ᠂ ᠬᠠᠤᠯᠢ ᠶᠤᠰᠤᠭᠠᠷ ᠵᠠᠰᠠᠭ ᠪᠡᠷᠢᠬᠤ ᠬᠢᠷᠢ ᠲᠦᠪᠰᠢᠨ ᠪᠠ ᠠᠵᠢᠯ ᠬᠦᠢᠴᠡᠳᠭᠡᠬᠦ ᠦᠷ᠎ᠡ ᠪᠦᠳᠦᠮᠵᠢ ᠮᠦᠨ ᠯᠡ ᠲᠡᠭᠡᠭᠰᠢᠯᠡᠬᠦᠯᠬᠦ ᠴᠢᠬᠤᠯᠠᠳᠠᠢ᠃ ᠡᠳᠡᠭᠡᠷ ᠠᠰᠠᠭᠤᠳᠠᠯ ᠢ ᠪᠢᠳᠠ ᠲᠡᠭᠡᠳᠤ ᠭᠡᠮᠵᠢᠶ᠎ᠠ ᠪᠠᠷ ᠬᠦᠨᠳᠤᠳᠭᠡᠨ ᠦᠵᠡᠵᠤ ᠵᠠᠶᠢᠯᠠᠰᠬᠢᠬᠦ ᠦᠭᠡᠢ  ᠂  ᠵᠤᠷᠢᠭᠳᠠᠢ ᠡᠬᠦᠷᠭᠡᠯᠡᠨ ᠤᠬᠤᠷᠢᠬᠤ ᠦᠭᠡᠢ ᠪᠠᠶᠢᠵᠤ᠂  ᠪᠦᠳᠦᠮᠵᠢᠳᠠᠢ ᠠᠷᠭ᠎ᠠ ᠭᠡᠮᠵᠢᠶ᠎ᠠ ᠠᠪᠴᠤ᠂  ᠨᠠᠷᠢᠨ ᠬᠢᠨᠠᠮᠠᠭᠠᠢ ᠰᠢᠢᠳᠪᠦᠷᠢᠯᠡᠨ᠎ᠡ᠃       ᠲᠦᠯᠦᠭᠡᠯᠡᠭᠴᠢᠳ ᠡ᠂ 2016 ᠤᠨ ᠤ12 ᠰᠠᠷ᠎ᠠ ᠶᠢᠨ3᠎ ᠳᠤ ᠤᠯᠠᠭᠠᠨᠬᠠᠳᠠ ᠬᠤᠳᠠ ᠶᠢᠨ ᠪᠤᠤ ᠮᠠ ᠠᠭᠤᠷᠬᠠᠢ ᠶᠢᠨ ᠦᠢᠯᠡᠰ ᠲᠤ ᠭᠠᠰ ᠲᠡᠯᠪᠡᠷᠡᠭᠰᠡᠨ ᠤᠨᠴᠠ ᠶᠡᠭᠡ ᠭᠡᠷᠡᠭ ᠲᠤ32 ᠬᠦᠮᠦᠨ ᠦᠬᠦᠵᠤ᠂ 21 ᠬᠦᠮᠦᠨ ᠰᠢᠷᠬᠠᠳᠤᠵᠤ᠂ ᠠᠷᠠᠳ ᠲᠦᠮᠡᠨ ᠤ ᠠᠮᠢ ᠨᠠᠰᠤ ᠡᠳ᠋ ᠬᠤᠭᠰᠢᠯ ᠳᠤ ᠯᠤᠳᠤ ᠶᠡᠭᠡ ᠬᠤᠬᠢᠷᠠᠯ  ᠤᠴᠠᠷᠠᠵᠤ  ᠂  ᠬᠠᠷᠠᠰᠠᠯᠳᠠᠢ ᠰᠤᠷᠭᠠᠮᠵᠢ ᠪᠤᠯᠤᠭᠰᠠᠨ ᠶᠤᠮ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠠᠳᠡᠭᠰᠡᠳ ᠤᠨ  ᠭᠡᠷ ᠪᠦᠯᠢ ᠬᠢᠭᠡᠳ ᠪᠦᠬᠦ ᠲᠤᠭᠤᠷᠢᠭ ᠤᠨ ᠨᠤᠳᠤᠭ ᠤᠰᠤᠨ ᠤ ᠠᠬᠠᠨ ᠲᠡᠬᠦᠤᠰ ᠎ ᠲᠤ ᠬᠦᠨ ᠤᠰᠤᠯᠳᠠᠭᠰᠠᠨ ᠢᠶᠠᠨ ᠢᠯᠡᠷᠭᠡᠶᠢᠯᠡᠶ᠎ᠡ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1