ᠬᠤᠶᠠᠷ᠂ 2017 ᠤᠨ ᠤ ᠭᠤᠤᠯ ᠠᠵᠢᠯ ᠤᠨ ᠡᠬᠦᠷᠭᠡ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 8 % ᠤᠷᠴᠢᠮ ᠨᠡᠮᠡᠭᠳᠡᠬᠦᠯᠵᠤ᠂ ᠡᠩ ᠤᠨ ᠨᠡᠶᠢᠳᠡ ᠶᠢᠨ ᠲᠦᠰᠦᠪ | ᠤᠨ ᠤᠷᠤᠯᠭ᠎ᠠ 5% ᠤᠷᠴᠢᠮ ᠦᠰᠭᠡᠵᠤ᠂ ᠭᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠠᠯᠡ | ᠤᠷᠤᠭᠤᠯᠤᠯᠳᠠ ᠶᠢ16% ᠤᠷᠴᠢᠮ ᠢᠶᠠᠷ ᠨᠡᠮᠡᠭᠳᠡᠬᠦᠯᠵᠤ᠂ ᠨᠡᠶᠢᠭᠡᠮ ᠤᠨ ᠭᠡᠷᠡᠭᠯᠡᠭᠡᠨ ᠤ ᠡᠳ᠋ ᠪᠠᠷᠠᠭᠠᠨ ᠤ | ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠭᠡᠮᠵᠢᠶ᠎ᠠ ᠶᠢ11% ᠤᠷᠴᠢᠮ ᠦᠰᠭᠡᠵᠤ᠂ ᠬᠤᠳᠠ ᠪᠠᠯᠭᠠᠰᠤ᠂ | ᠬᠦᠳᠡᠭᠡ ᠲᠤᠰᠬᠤᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ | ᠤᠷᠤᠯᠭ᠎ᠠ ᠶᠢ ᠲᠤᠰᠪᠤᠷᠢ9% ᠪᠠ10% ᠪᠤᠯᠭᠠᠨ ᠦᠰᠭᠡᠵᠤ᠂ ᠤᠨ ᠤ ᠡᠨᠧᠷᠬᠢ ᠠᠷᠪᠢᠯᠠᠵᠤ ᠭᠠᠳᠠᠭᠰᠢᠯᠠᠭᠤᠯᠤᠯ | ᠪᠠᠭᠠᠰᠬᠠᠬᠤ ᠡᠬᠦᠷᠭᠡ ᠶᠢ ᠪᠡᠶᠡᠯᠡᠬᠦᠯᠦᠨ᠎ᠡ᠃ | ᠲᠡᠭᠡᠷᠡᠬᠢ ᠬᠠᠷᠠᠯᠳᠠ ᠶᠢ ᠪᠡᠶᠡᠯᠡᠬᠦᠯᠬᠦ ᠳᠤ ᠲᠤᠤᠷᠠᠬᠢ ᠭᠡᠳᠤᠨ ᠲᠠᠯ᠎ᠠ ᠶᠢᠨ ᠠᠵᠢᠯ ᠢ ᠰᠠᠶᠢᠳᠤᠷ ᠠᠳᠬᠤᠬᠤ | ᠭᠡᠷᠡᠭᠳᠡᠢ᠄ | ︵ᠨᠢᠭᠡ︶ ᠠᠵᠤ ᠦᠢᠯᠡᠰ ᠤᠨ ᠪᠦᠳᠦᠴᠠ ᠶᠢ ᠬᠦᠴᠦᠯᠡᠨ ᠲᠤᠬᠢᠷᠠᠭᠤᠯᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠭᠡᠯᠪᠡᠷᠢ ᠬᠤᠪᠢᠷᠠᠭᠤᠯᠤᠯᠳᠠ ᠶᠢ ᠠᠬᠢᠭᠤᠯᠤᠨ᠎ᠠ | ᠠᠵᠤ ᠦᠢᠯᠡᠰ ᠤᠨ ᠭᠡᠯᠬᠢᠶᠠᠵᠢᠯ ᠢ ᠬᠦᠨ ᠲᠠᠪᠬᠤᠷᠭ᠎ᠠ ᠠᠴᠠ ᠴᠤᠭᠴᠠᠯᠠᠨ᠎ᠠ᠃ ᠭᠡᠪᠴᠢᠶᠠᠵᠢᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠦᠰᠦᠯᠳᠡ ᠶᠢᠨ ᠬᠤᠷᠳᠤᠴᠠ ᠶᠢ ᠰᠦᠭᠡᠷᠬᠦ ᠠᠴᠠ ᠡᠶᠡᠷᠬᠦ ᠲᠡᠰᠢ ᠡᠷᠬᠢᠬᠦᠯᠵᠦ᠂ | 8% ᠠᠴᠠ ᠲᠡᠭᠡᠭᠰᠢ ᠨᠡᠮᠡᠭᠳᠡᠬᠦᠯᠬᠦ ᠪᠠᠷ ᠴᠢᠷᠮᠠᠶᠢᠨ᠎ᠠ᠃ 5000 ᠲᠦᠮᠡᠨ ᠲᠦᠬᠦᠷᠢᠭ ᠠᠴᠠ ᠲᠡᠭᠡᠭᠰᠢ 21 | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠤᠶᠢᠯ ᠢ ᠡᠬᠢᠯᠡᠨ ᠪᠠᠶᠢᠭᠤᠯᠵᠤ᠂ 103ᠳ᠋ᠦᠩᠰᠢᠭᠤᠷ | ᠲᠦᠬᠦᠷᠢᠭ ᠪᠡᠯᠡ ᠤᠷᠤᠭᠤᠯᠤᠯᠳᠠ ᠪᠡᠶᠡᠯᠡᠬᠦᠯᠤᠨ᠎ᠡ᠃ ᠤᠯᠤᠰ ᠤᠨ ᠴᠠᠬᠢᠯᠭᠠᠨ ᠬᠢᠮᠢ ᠶᠢᠨ ᠠᠵᠤ ᠦᠢᠯᠡᠳᠪᠦᠷᠢ᠂ | ᠳ᠋ᠠ ᠳ᠋ᠢ ᠶᠦᠨ ᠲᠢᠶᠠᠨ ᠪᠦᠳᠦᠭᠡᠭᠳᠡᠬᠦᠨ ᠤ ᠲᠤᠤᠷᠠᠳᠤ ᠤᠷᠤᠰᠬᠠᠯ ᠤᠷᠤᠭᠤ ᠶᠢᠨ ᠦᠷᠬᠦᠯᠵᠢᠯᠡᠯ ᠢ ᠠᠬᠢᠭᠤᠯᠵᠤ | ᠂ ᠮᠢ ᠭᠤᠤ ᠪᠦᠯᠦᠭᠯᠡᠯ ᠤᠨ ᠺᠠᠯᠢ ᠪᠤᠷᠳᠤᠭᠤᠷ ᠤᠨ ᠲᠦᠷᠦᠯ ᠵᠤᠶᠢᠯ ᠢ ᠲᠦᠯᠦᠪᠵᠢᠬᠦᠯᠦᠨ ᠪᠦᠳᠦᠭᠡᠨ ᠪᠠᠶᠢᠭᠤᠯᠵᠤ᠂ | ᠺᠠᠯᠢ ᠪᠤᠷᠳᠤᠭᠤᠷ᠂ ᠨᠡᠬᠦᠷᠡᠰᠤ ᠪᠠᠷ ᠡᠲ᠋ᠢᠯ ᠠᠯᠺᠤᠤᠯ ᠤᠨ ᠰᠢᠷᠢᠰ ᠪᠦᠳᠦᠭᠡᠭᠳᠡᠬᠦᠨ ᠢ ᠨᠡᠭᠡᠭᠡᠵᠤ᠂ ᠨᠡᠬᠦᠷᠡᠰᠤ | ᠹᠤᠰᠹᠤᠷ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠡᠯᠬᠢᠶᠡᠵᠢᠯ ᠤᠨ ᠡᠪᠴᠡᠯ ᠬᠦᠭᠵᠢᠯᠳᠡ ᠶᠢ | ᠪᠦᠷᠢᠯᠳᠤᠬᠦᠯᠦᠨ᠎ᠡ᠃ ᠷᠦᠢ ᠶᠠᠩ ᠤᠨ ᠬᠢᠮᠢ ᠶᠢᠨ ᠠᠵᠤ ᠦᠢᠯᠡᠳᠪᠦᠷᠢ ᠶᠢᠨ ᠤᠯᠠᠨ ᠡᠰᠢᠳᠤ ᠠᠯᠺᠤᠤᠯ ᠤᠨ ᠲᠦᠷᠦᠯ | ᠵᠤᠶᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠪᠴᠢᠯᠡᠨᠲ᠋ᠦ᠋ᠯᠬᠢᠨ ᠠᠬᠢᠭᠤᠯᠵᠤ᠂ ᠢ ᠫᠢᠨ ᠠᠮᠢᠳᠤ ᠪᠤᠳᠠᠰ ᠤᠨ | 10 ᠲᠦᠮᠡᠨ ᠲᠤᠨ ᠰᠦᠨᠰᠢᠪᠳᠤᠷᠳᠤ ᠬᠦᠴᠢᠯ ᠪᠠ10 ᠲᠦᠮᠡᠨ ᠲᠤᠨ ᠨᠠᠶᠢᠯᠠᠮᠠᠯ ᠰᠢᠪᠳᠤᠷ ᠤᠨ ᠪᠦᠳᠦᠭᠡᠨ | ᠪᠠᠶᠢᠭᠤᠯᠤᠯᠳᠠ ᠠᠰᠢᠭᠯᠠᠯᠳᠠ ᠶᠢ ᠪᠡᠶᠡᠯᠡᠬᠦᠯᠵᠤ᠂ ᠬᠤᠯᠪᠤᠭᠠᠳᠤ ᠲᠦᠬᠦᠷᠵᠢᠬᠦᠯᠦᠭᠰᠡᠨ ᠲᠦᠷᠦᠯ ᠵᠤᠶᠢᠯ ᠲᠠᠳᠠᠨ | ᠤᠷᠤᠭᠤᠯᠵᠤ᠂ ᠦᠷᠬᠦᠯᠵᠢᠯᠡᠬᠦᠶᠢᠴᠡ ᠤᠷᠴᠢᠯ ᠬᠦᠭᠵᠢᠯᠳᠡ ᠶᠢᠨ ᠠᠮᠢᠳᠤ ᠪᠤᠳᠠᠰ ᠤᠨ ᠬᠢᠮᠢ ᠶᠢᠨ ᠠᠵᠤ | ᠦᠢᠯᠡᠳᠪᠦᠷᠢ ᠶᠢᠨ ᠭᠡᠯᠬᠢᠶᠡᠵᠢᠯ ᠢ ᠴᠤᠭᠴᠠᠯᠠᠨ᠎ᠠ᠃ ᠴᠧᠩ ᠰᠧᠨ ᠴᠠᠬᠢᠭᠤᠷ ᠤᠨ ᠦᠢᠯᠡᠰ ᠤᠨ ᠴᠠᠬᠢᠭᠤᠷ ᠼᠢᠷᠺᠦᠨ | ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠤᠶᠢᠯ ᠡᠬᠢᠯᠡᠵᠤ᠂ ᠫᠦ᠋ ᠶᠢᠨ ᠡᠮ ᠤᠨ ᠦᠢᠯᠡᠳᠪᠦᠷᠢ ᠶᠢᠨ ᠪᠦᠬᠦ | ᠱᠤᠭᠤᠮ ᠠᠰᠢᠭᠯᠠᠯᠳᠠ ᠳᠤ ᠤᠷᠤᠵᠤ᠂ ᠷᠦᠨ ᠪᠠᠩ ᠠᠮᠢᠳᠤ ᠪᠤᠳᠠᠰ ᠬᠢᠭᠡᠳ ᠬᠤᠯᠯᠠᠨᠳ᠋ ᠶᠢᠨ ᠠᠯᠳᠠᠨ ᠤᠷᠤᠭ ᠤᠨ | ᠳ᠋ᠢᠰᠮᠠᠨ ᠪᠦᠯᠦᠭᠯᠡᠯ ᠲᠠᠢ ᠬᠠᠮᠳᠤᠷᠠᠯᠴᠠᠨ ᠴᠢᠳᠠᠪᠬᠢ ᠦᠷᠬᠡᠵᠢᠬᠦᠯᠬᠦ ᠶᠢ ᠠᠬᠢᠭᠤᠯᠵᠤ᠂ ᠦᠨᠳᠤᠷ ᠨᠡᠮᠡᠯᠳᠡ ᠦᠷᠳᠡᠭ | ᠪᠦᠬᠦᠢ ᠬᠢᠮᠢ ᠶᠢᠨ ᠠᠵᠤ ᠦᠢᠯᠡᠳᠪᠦᠷᠢ ᠶᠢᠨ ᠰᠢᠨ᠎ᠠ ᠮᠠᠲ᠋ᠧᠷᠢᠶᠠᠯ ᠤᠨ ᠲᠦᠷᠦᠯ ᠵᠤᠶᠢᠯ ᠢ ᠲᠡᠳᠠᠨ ᠤᠷᠤᠭᠤᠯᠵᠤ᠂ | ᠠᠮᠢᠳᠤ ᠪᠤᠳᠠᠰ ᠤᠨ ᠡᠮ᠂ ᠨᠠᠷᠢᠯᠢᠭᠵᠢᠭᠤᠯᠤᠭᠰᠠᠨ ᠬᠢᠮᠢ ᠶᠢᠨ ᠠᠵᠤ ᠦᠢᠯᠡᠳᠪᠦᠷᠢ ᠪᠠ ᠰᠢᠨ᠎ᠠ ᠮᠠᠲ᠋ᠧᠷᠢᠶᠠᠯ ᠤᠨ | ᠠᠵᠤ ᠦᠢᠯᠡᠰ ᠤᠨ ᠭᠡᠯᠬᠢᠶᠠᠵᠢᠯ ᠢ ᠴᠤᠭᠴᠠᠯᠠᠨ᠎ᠠ᠃ ᠸᠧᠨ ᠱᠢ ᠪᠦᠯᠦᠭᠯᠡᠯ᠂ ᠡᠾᠧ ᠷᠦᠨ ᠲᠠᠷᠢᠶᠠᠯᠠᠩ᠂ ᠶᠡᠭᠡ | ᠤᠮᠠᠷᠠᠳᠤ ᠶᠢᠨ ᠲᠠᠷᠢᠶᠠᠯᠠᠩ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠤᠨ ᠬᠦᠳᠦᠯᠦᠨ ᠲᠠᠭᠠᠭᠤᠯᠬᠤ ᠦᠢᠯᠡᠳᠤᠯ ᠢ | ᠪᠠᠳᠠᠷᠠᠭᠤᠯᠵᠤ᠂ ᠰᠢᠨ ᠸᠧᠢ ᠽᠦᠩ ᠰᠦᠨ ᠦᠢᠯᠡᠰ ᠢ ᠡᠬᠢᠯᠡᠨ ᠪᠠᠶᠢᠭᠤᠯᠵᠤ᠂ ᠨᠤᠭᠤᠭ᠎ᠠ᠂ ᠰᠦ᠂ ᠮᠢᠬ᠎ᠠ᠂ | ᠪᠤᠷᠳᠤᠭ᠎ᠠ ᠬᠦᠨ ᠨᠠᠷᠢᠨ ᠪᠤᠯᠪᠠᠰᠤᠷᠠᠭᠤᠯᠬᠤ ᠶᠢ ᠬᠦᠭᠵᠢᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ | ᠪᠦᠳᠦᠭᠡᠭᠳᠡᠬᠦᠨ ᠤ ᠲᠤᠬᠠᠢ ᠶᠢᠨ ᠭᠠᠵᠠᠷ ᠲᠤ ᠡᠳ᠋ᠰᠢᠬᠦᠯᠦᠨ ᠬᠤᠪᠢᠷᠠᠭᠤᠯᠬᠤ ᠨᠤᠷᠮ᠎ᠠ ᠶᠢ ᠲᠡᠭᠡᠭᠰᠢᠯᠡᠬᠦᠯᠵᠤ᠂ | ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠡᠳ᠋ᠰᠢᠬᠦᠯᠬᠦ ᠠᠵᠤ ᠦᠢᠯᠡᠰ ᠤᠨ | ᠭᠡᠯᠬᠢᠶᠠᠵᠢᠯ ᠢ ᠪᠤᠶᠢᠵᠢᠭᠤᠯᠤᠨ᠎ᠠ᠃ ᠶᠦᠨᠨᠡᠨ ᠵᠠᠰ᠂ ᠶᠢᠨ ᠵᠢᠶᠠᠨ ᠵᠡᠰ ᠬᠠᠶᠢᠯᠤᠭᠤᠯᠬᠤ ᠲᠦᠷᠦᠯ ᠵᠤᠶᠢᠯ ᠢ ᠡᠬᠢᠯᠡᠨ | ᠪᠠᠶᠢᠭᠤᠯᠵᠤ᠂ ᠵᠡᠰ ᠬᠦᠨ ᠪᠤᠯᠪᠠᠰᠤᠷᠠᠭᠤᠯᠬᠤ ᠠᠵᠤ ᠠᠬᠤᠶᠢᠯᠠᠯ ᠲᠠᠳᠠᠨ ᠤᠷᠤᠭᠤᠯᠵᠤ᠂ 2018 ᠤᠨ ᠪᠤᠯᠬᠤ ᠳᠤ | ᠵᠠᠭᠤᠨ ᠲᠦᠮᠡᠨ ᠲᠤᠨ ᠵᠡᠰ ᠤᠨ ᠠᠵᠤ ᠦᠢᠯᠡᠰ ᠤᠨ ᠲᠠᠪᠠᠭᠤᠯᠢᠭ ᠭᠠᠷᠤᠯᠳᠠ ᠡᠨᠧᠷᠬᠢ ᠶᠢ ᠴᠢᠷᠮᠠᠶᠢᠨ | ᠪᠦᠷᠢᠯᠳᠦᠬᠦᠯᠵᠤ ᠂ ᠵᠡᠰ ᠤᠨ ᠠᠵᠤ ᠦᠢᠯᠡᠰ ᠤᠨ ᠪᠦᠬᠦ ᠠᠵᠤ ᠦᠢᠯᠡᠰ ᠤᠨ ᠭᠡᠯᠬᠢᠶᠠᠵᠢᠯ ᠢ ᠪᠦᠷᠢᠯᠳᠤᠬᠦᠯᠦᠨ᠎ᠠ᠃ | ᠬᠦᠷᠢᠶᠠᠯᠠᠩ ᠲᠤᠭᠤᠷᠢᠭ ᠤᠨ ᠲᠠᠪᠴᠠᠩ ᠢ ᠦᠨᠳᠤᠷ ᠬᠢᠷᠢ ᠲᠦᠪᠰᠢᠨ ᠢᠶᠠᠷ ᠪᠠᠬᠢᠵᠢᠬᠦᠯᠤᠨ᠎ᠠ᠃ ᠮᠠ ᠯᠢᠨ | ᠦᠩᠭᠡᠳᠤ ᠲᠠᠮᠦᠷᠯᠢᠭ ᠤᠨ ᠠᠵᠤ ᠦᠢᠯᠡᠰ ᠤᠨ ᠬᠦᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠤ᠂ 2X35 ᠲᠦᠮᠡᠨ ᠺᠢᠯᠤᠸᠠᠲ ᠦᠪᠡᠷᠰᠡᠳ ᠤᠨ ᠪᠡᠯᠡᠳᠭᠡᠯ ᠴᠠᠬᠢᠯᠭᠠᠨ | ᠦᠢᠯᠡᠳᠪᠦᠷᠢ ᠶᠢ ᠪᠠᠷᠢᠯᠭ᠎ᠠ ᠡᠬᠢᠯᠡᠬᠦᠯᠦᠨ ᠪᠠᠶᠢᠭᠤᠯᠵᠤ᠂ ᠬᠦᠭᠵᠢᠯ ᠤᠨ ᠶᠡᠭᠡ ᠵᠠᠮ᠂ ᠤᠶᠢᠯᠡᠰ ᠪᠦᠳᠦᠭᠡᠬᠦ ᠶᠡᠭᠡ | ᠵᠠᠮ᠂ ᠬᠤᠩ ᠶᠤᠸᠠᠨ ᠶᠡᠭᠡ ᠵᠠᠮ᠂ ᠲᠡᠮᠤᠷ ᠵᠠᠮ ᠤᠨ ᠲᠤᠰᠬᠠᠢ ᠭᠡᠷᠡᠭᠯᠡᠬᠦ ᠱᠤᠭᠤᠮ᠂ ᠪᠤᠬᠢᠷ ᠤᠰᠤ ᠰᠢᠢᠳᠪᠦᠷᠯᠡᠬᠦ | ᠦᠢᠯᠡᠳᠪᠦᠷᠢ ᠵᠡᠷᠭᠡ ᠰᠠᠭᠤᠷᠢ ᠲᠦᠬᠦᠭᠡᠷᠦᠮᠵᠢ ᠶᠢᠨ ᠡᠮᠬᠢ ᠲᠠᠷᠠᠭ᠎ᠠ ᠲᠠᠢ ᠭᠡᠷᠡᠭᠵᠢᠯᠳᠡ ᠶᠢ ᠪᠠᠳᠤᠯᠠᠨ᠎ᠠ᠃ 4.4 | ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠨᠡᠭᠡᠭᠡᠯᠳᠡ ᠲᠤᠷᠰᠢᠯᠳᠠ ᠶᠢᠨ ᠤᠷᠤᠨ᠂ ᠪᠤᠬᠢᠷᠳᠤᠯ ᠦᠭᠡᠢ | ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠡᠳ᠋ᠰᠢᠬᠦᠯᠬᠦ ᠬᠦᠷᠢᠶᠡᠯᠡᠩ ᠲᠤᠭᠤᠷᠢᠭ ᠤᠨ ᠵᠠᠮ ᠤᠨ ᠲᠤᠤᠷ᠂ | ᠢᠯᠴᠢ ᠶᠢᠨ ᠴᠠᠬᠢᠯᠭᠠᠨ᠂ ᠤᠰᠤ ᠬᠠᠩᠭᠠᠬᠤ ᠭᠠᠳᠠᠭᠰᠢᠯᠠᠭᠤᠯᠬᠤ ᠵᠡᠷᠭᠡ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ | ᠢ ᠲᠡᠬᠦᠯᠳᠡᠷᠵᠢᠬᠦᠯᠵᠤ᠂ ᠬᠦᠷᠢᠶᠠᠯᠠᠩ ᠲᠤᠭᠤᠷᠢᠭ ᠤᠨ ᠠᠴᠢᠶᠠᠯᠠᠪᠤᠷᠢ ᠶᠢᠨ ᠴᠢᠳᠠᠮᠵᠢ ᠶᠢ ᠲᠡᠭᠡᠭᠰᠢᠯᠡᠬᠦᠯᠤᠨ᠎ᠡ᠃ | ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠬᠦᠨ ᠤ ᠡᠳ᠋ᠰᠢᠬᠦᠯᠬᠦ ᠬᠦᠷᠢᠶᠠᠯᠡᠩ ᠲᠤᠭᠤᠷᠢᠭ ᠤᠨ ᠬᠤᠶᠠᠳᠠᠭᠴᠢ | ᠬᠤᠭᠤᠴᠠᠭᠠᠨ ᠤ ᠪᠠᠷᠢᠯᠭ᠎ᠠ ᠶᠢ ᠲᠦᠯᠦᠪᠵᠢᠬᠦᠯᠦᠨ ᠪᠠᠶᠢᠭᠤᠯᠤᠨ᠎ᠠ᠃ ᠬᠤᠩ ᠱᠠᠨ ᠬᠦᠷᠢᠶᠠᠯᠠᠩ ᠲᠤᠭᠤᠷᠢᠭ᠂ ᠰᠦᠩ | ᠱᠠᠨ ᠬᠦᠷᠢᠶᠠᠯᠠᠩ ᠲᠤᠭᠤᠷᠢᠭ ᠯᠤᠭ᠎ᠠ ᠪᠠᠶᠢᠷᠢ ᠵᠦᠷᠢᠬᠦᠯᠡᠨ ᠬᠦᠭᠵᠢᠵᠤ᠂ ᠰᠠᠭᠤᠷᠢ ᠲᠦᠬᠦᠭᠡᠷᠦᠮᠵᠢ ᠶᠢᠨ ᠬᠠᠮᠳᠤ | ᠪᠠᠷ ᠡᠳ᠋ᠯᠡᠬᠦ ᠶᠢ ᠴᠢᠩᠭᠠᠳᠬᠠᠵᠤ᠂ ᠤᠯᠠᠭᠠᠨᠬᠠᠳᠠ ᠶᠢᠨ ᠵᠡᠬᠦᠨ ᠭᠡᠰᠡᠭ ᠤᠨ ᠠᠵᠤ ᠦᠢᠯᠡᠳᠪᠦᠷᠢ ᠶᠢᠨ ᠤᠷᠳᠤ | ᠬᠤᠩᠬᠢᠯ ᠤᠨ ᠭᠤᠤᠯ ᠲᠠᠶᠢᠯᠠᠯᠳᠤᠭᠠᠨ ᠤ ᠲᠠᠯᠠᠪᠤᠷ ᠢ ᠴᠤᠭᠴᠠᠯᠠᠨ᠎ᠠ᠃ | ᠠᠷᠠᠯᠵᠢᠶᠠᠴᠢᠨ ᠤᠷᠢᠵᠤ ᠪᠡᠯᠡ ᠲᠠᠳᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠷᠠᠯᠵᠢᠶᠠᠴᠢᠨ | ᠰᠤᠩᠭᠤᠵᠤ ᠪᠡᠯᠡ ᠲᠠᠳᠠᠬᠤ ᠲᠤᠭᠳᠠᠴᠠ᠂ ᠵᠤᠷᠢᠭᠵᠢᠭᠤᠯᠬᠤ ᠲᠤᠭᠳᠠᠴᠠ ᠪᠠ ᠠᠷᠠᠯᠵᠢᠶᠠᠴᠢᠨ ᠤᠷᠢᠬᠤ | ᠦᠢᠯᠡᠴᠢᠯᠡᠭᠡᠨ ᠤ ᠲᠤᠭᠳᠠᠴᠠ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠴᠢᠨᠠᠷ ᠴᠢᠨᠰᠠᠭ᠎ᠠ ᠪᠠ | ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠬᠦᠯᠤᠨᠠ᠃ ᠡᠬᠢ ᠪᠠᠶᠠᠯᠢᠭ ᠲᠤ ᠲᠦᠰᠢᠭᠯᠡᠵᠤ ᠠᠷᠠᠯᠵᠢᠶᠠᠴᠢᠨ ᠤᠷᠢᠬᠤ | ᠶᠢ ᠠᠳᠬᠤᠵᠤ᠂ ᠨᠡᠬᠦᠷᠡᠰᠤᠨ ᠲᠦᠷᠦᠯ ᠬᠦᠨ ᠨᠠᠷᠢᠨ ᠪᠤᠯᠪᠠᠰᠤᠷᠠᠭᠤᠯᠬᠤ ᠲᠦᠷᠦᠯ ᠵᠤᠶᠢᠯ ᠢ ᠬᠦᠴᠦᠯᠡᠨ ᠲᠠᠳᠠᠨ | ᠤᠷᠤᠭᠤᠯᠵᠤ᠂ ᠨᠠᠬᠦᠷᠡᠰᠤ ᠴᠠᠬᠢᠯᠭᠠᠨ ᠵᠡᠷᠭᠡ ᠡᠬᠢ ᠪᠠᠶᠠᠯᠢᠭ ᠤᠨ ᠲᠠᠪᠠᠭᠤᠯᠢᠭ ᠢ ᠠᠵᠤ ᠠᠬᠤᠢ ᠶᠢᠨ ᠲᠠᠪᠠᠭᠤᠯᠢᠭ | ᠪᠤᠯᠭᠠᠨ ᠤᠯᠠᠷᠢᠭᠤᠯᠤᠨ᠎ᠠ᠃ | ︵ᠬᠤᠶᠠᠷ︶ ᠤᠳᠤ ᠦᠶ᠎ᠡ ᠶᠢᠨ ᠲᠠᠷᠢᠶᠠᠯᠠᠩ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ | ᠲᠦᠷᠭᠡᠳᠭᠡᠵᠤ᠂ ᠲᠠᠷᠢᠶᠠᠯᠠᠩ ᠤᠨ ᠴᠢᠨᠠᠷ ᠲᠡᠭᠡᠭᠰᠢᠯᠡᠬᠦᠯᠵᠤ ᠪᠦᠳᠦᠮᠵᠢ ᠨᠡᠮᠡᠭᠳᠡᠬᠦᠯᠬᠦ ᠪᠠ ᠲᠠᠷᠢᠶᠠᠴᠢᠳ ᠤᠨ | ᠤᠷᠤᠯᠭᠠᠦᠷᠬᠦᠯᠵᠢᠯᠠᠨ ᠨᠡᠮᠡᠭᠳᠡᠬᠦ ᠶᠢ ᠠᠬᠢᠭᠤᠯᠤᠨ᠎ᠠ | ᠲᠠᠷᠢᠶᠠᠯᠠᠩ ᠤᠨ ᠬᠦᠭᠵᠢᠯᠳᠡ ᠶᠢᠨ ᠰᠢᠨ᠎ᠠ ᠬᠦᠳᠡᠯᠭᠡᠭᠴᠢ ᠬᠦᠴᠦᠨ ᠢ ᠪᠤᠶᠢᠵᠢᠭᠤᠯᠤᠨ᠎ᠠ᠃ ᠠᠮᠧᠷᠢᠺᠠ ᠶᠢᠨ | ᠵᠢᠶᠧ ᠢ ᠤᠯᠠᠨ ᠤᠯᠤᠰ ᠤᠨ ᠺᠤᠮᠫᠠᠨᠢ ᠶᠢ ᠲᠠᠳᠠᠨ ᠤᠷᠤᠭᠤᠯᠵᠤ᠂ ᠦᠩᠭᠡᠨ ᠤ ᠡᠳ᠋ ᠶᠢᠨ ᠦᠯᠵᠡᠶᠢᠳᠤ | ᠤᠳᠪᠠᠯᠠ2 ᠲᠦᠮᠡᠨ ᠮᠤ᠋ ᠲᠤᠷᠰᠢᠨ ᠲᠡᠯᠭᠡᠷᠡᠬᠦᠯᠵᠤ᠂ ᠴᠡᠴᠡᠭ ᠤᠨ ᠤᠳᠤᠮᠯᠠᠯ ᠤᠨ ᠦᠷ᠎ᠡ ᠪᠤᠶᠢᠵᠢᠭᠤᠯᠬᠤ ᠪᠠ | ᠨᠠᠪᠴᠢᠨ ᠤ ᠰᠢᠷ᠎ᠠ ᠡᠳ᠋ ᠶᠢ ᠭᠠᠷᠭᠠᠨ ᠠᠪᠬᠤ ᠮᠡᠷᠭᠡᠵᠢᠯ ᠳᠤ ᠲᠦᠰᠢᠭᠯᠡᠨ᠂ ᠵᠢᠯ ᠶᠢᠨ ᠦᠷᠳᠡᠭ 40 ᠳ᠋ᠦᠩᠰᠢᠭᠤᠷ | ᠲᠦᠬᠦᠷᠢᠭ ᠤᠨ ᠴᠡᠴᠡᠭ ᠰᠠᠯᠳᠠ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠠᠯᠠᠩ ᠢ ᠪᠠᠶᠢᠭᠤᠯᠤᠨ᠎ᠠ᠃ | ᠲᠦᠬᠦᠭᠡᠷᠦᠮᠵᠢᠳᠤ ᠲᠠᠷᠢᠶᠠᠯᠠᠩ ᠤᠨ ᠭᠡᠪᠴᠢᠶ᠎ᠠ ᠶᠢ ᠪᠤᠵᠠᠭᠠᠶᠢᠷᠠᠭᠤᠯᠵᠤ᠂ ᠯᠢᠤ ᠵᠢᠶᠠ ᠳ᠋ᠢᠶᠠᠨ᠂ ᠹᠠᠩ ᠱᠧᠨ᠂ ᠸᠠᠨ | ᠱᠸᠤ ᠶᠦᠩ ᠵᠡᠷᠭᠡ ᠲᠦᠬᠦᠭᠡᠷᠦᠮᠵᠢᠳᠤ ᠲᠠᠷᠢᠶᠠᠯᠠᠩ ᠤᠨ ᠬᠦᠷᠢᠶᠠᠯᠠᠩ ᠲᠤᠭᠤᠷᠢᠭ ᠢ ᠦᠨᠳᠤᠷ ᠪᠠᠷᠢᠮᠵᠢᠶ᠎ᠠ ᠪᠠᠷ | ᠪᠠᠶᠢᠭᠤᠯᠵᠤ᠂ 2.7 ᠲᠦᠮᠡᠨ ᠮᠤ᠋ ᠲᠦᠬᠦᠭᠡᠷᠦᠮᠵᠢᠳᠤ ᠲᠠᠷᠢᠶᠠᠯᠠᠩ ᠰᠢᠨ᠎ᠠ ᠪᠠᠷ ᠨᠡᠮᠡᠭᠳᠡᠬᠦᠯᠵᠤ᠂ ᠰᠢᠨᠵᠢᠶᠠᠩ ᠲᠤᠭᠤᠷ | ᠂ ᠬᠦᠭᠡ ᠵᠢᠮᠢᠰᠭᠡᠨ᠎ᠡ᠂ ᠭᠠᠯ ᠯᠤᠤ ᠵᠢᠮᠢᠰ ᠵᠡᠷᠭᠡ ᠲᠡᠭᠡᠳᠤ ᠵᠡᠷᠭᠡᠯᠡᠯ ᠤᠨ ᠵᠢᠮᠢᠰ ᠤᠨ ᠡᠬᠦᠯᠳᠡᠷ ᠤᠨ ᠤᠷᠭᠤᠮᠠᠯ ᠢ | ᠤᠯᠠᠨ ᠡᠰᠢᠵᠢᠬᠦᠯᠦᠨ ᠬᠦᠭᠵᠢᠬᠦᠯᠤᠨ᠎ᠠ᠃ ᠵᠧᠩ ᠪᠠᠩ ᠪᠦᠯᠦᠭᠯᠡᠯ ᠢ ᠲᠠᠳᠠᠨ ᠤᠷᠤᠭᠤᠯᠵᠤ᠂ ᠸᠧᠨ ᠱᠢ ᠺᠤᠮᠫᠠᠨᠢ ᠶᠢ | ᠲᠡᠳᠬᠦᠵᠤ᠂ ᠲᠤᠰᠬᠠᠶᠢᠵᠢᠭᠰᠠᠨ ᠠᠯᠠᠰᠢᠨ ᠭᠠᠭ᠋ᠠᠢ ᠲᠡᠵᠢᠭᠡᠨ ᠦᠷᠡᠵᠢᠬᠦᠯᠬᠦ ᠵᠢᠵᠢᠭ ᠲᠤᠭᠤᠷᠢᠭ ᠤᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠤ᠂ 20 ᠲᠡᠵᠢᠭᠡᠨ ᠦᠷᠡᠵᠢᠬᠦᠯᠬᠦ ᠵᠢᠵᠢᠭ ᠲᠤᠭᠤᠷᠢᠭ ᠢ ᠰᠢᠨ᠎ᠠ ᠪᠠᠷ | ᠨᠡᠮᠡᠭᠳᠡᠬᠦᠯᠦᠨ᠎ᠡ᠃ ᠪᠦᠳᠦᠮᠵᠢ ᠨᠡᠮᠡᠭᠳᠡᠬᠦᠯᠬᠦ ᠬᠢᠭᠡᠳ ᠭᠡᠮ ᠭᠡᠮᠵᠢᠶ᠎ᠠ ᠦᠷᠭᠡᠵᠢᠬᠦᠯᠬᠦ ᠶᠢ ᠵᠡᠷᠭᠡᠪᠡᠷ ᠴᠢᠬᠤᠯᠠᠴᠢᠯᠠᠵᠤ᠂ | ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ ᠶᠢᠨ ᠲᠤᠭᠤᠷᠢᠭ ᠢ ᠬᠦᠴᠦᠯᠡᠨ ᠲᠡᠯᠭᠡᠷᠡᠬᠦᠯᠵᠤ᠂ ᠰᠦᠨ ᠤ ᠦᠢᠯᠡᠰ ᠤᠨ | ᠭᠡᠪᠴᠢᠶ᠎ᠠ ᠶᠢ ᠲᠤᠭᠳᠠᠪᠤᠷᠢᠵᠢᠭᠤᠯᠵᠤ᠂ ᠰᠠᠭᠠᠯᠢᠴᠢᠨ ᠤ ᠲᠡᠵᠢᠭᠡᠨ ᠦᠷᠡᠵᠢᠬᠦᠯᠬᠦ ᠢᠳᠡᠪᠬᠢᠵᠢᠯ ᠢ ᠬᠠᠮᠠᠭᠠᠯᠠᠨ᠎ᠠ᠃ | ᠡᠾᠧ ᠷᠦᠨ ᠪᠦᠬᠦ ᠤᠯᠤᠰ ᠤᠨ ᠰᠡᠯᠡᠬᠦᠴᠡᠯ ᠤᠨ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠤᠭᠠᠴᠠᠯ ᠤᠨ | ᠵᠢᠱᠢᠶ᠎ᠠ ᠦᠵᠡᠬᠦᠯᠬᠦ ᠴᠢᠭ᠂ ᠶᠢᠨ ᠰᠢᠤ ᠱᠠᠨ ᠲᠠᠷᠢᠶᠠᠯᠠᠩ ᠤᠨ ᠲᠤᠭᠤᠷᠢᠨ ᠵᠤᠭᠠᠯᠠᠬᠤ ᠬᠦᠷᠢᠶᠠᠯᠠᠩ᠂ ᠹᠧᠩ ᠱᠦᠢ | ᠭᠸᠤ ᠶᠢᠨ ᠦᠵᠤᠮ ᠲᠡᠬᠦᠬᠦ ᠪᠠᠶᠠᠷ ᠨᠠᠶᠢᠷ ᠤᠨ ᠵᠢᠱᠢᠶ᠎ᠠ ᠦᠵᠡᠬᠦᠯᠬᠦ ᠦᠢᠯᠡᠳᠤᠯ ᠢ ᠬᠦᠢᠴᠡᠳ ᠪᠠᠳᠠᠷᠠᠭᠤᠯᠵᠤ᠂ | ᠲᠡᠬᠦᠵᠤ ᠦᠵᠡᠮᠵᠢ ᠰᠤᠨᠢᠷᠬᠠᠬᠤ᠂ ᠰᠡᠯᠡᠬᠦᠴᠡᠯ ᠵᠤᠭᠠᠴᠠᠯ᠂ ᠲᠠᠷᠢᠶᠠᠯᠠᠩ ᠤᠨ ᠪᠡᠶᠡᠳᠡᠨ ᠤᠶᠢᠯᠠᠭᠠᠬᠤ ᠶᠢ ᠨᠢᠭᠡ | ᠴᠤᠭᠴᠠᠵᠢᠭᠤᠯᠤᠭᠰᠠᠨ ᠠᠮᠢ ᠠᠬᠤᠢ ᠶᠢᠨ ᠰᠤᠨᠢᠷᠬᠠᠯ ᠰᠡᠯᠡᠬᠦᠴᠡᠯ ᠤᠨ ᠲᠠᠷᠢᠶᠠᠯᠠᠩ ᠢ ᠶᠡᠭᠡᠪᠡᠷ ᠬᠦᠭᠵᠢᠬᠦᠯᠵᠤ᠂ ︽ | ᠲᠠᠷᠢᠶᠠᠯᠠᠩ +︾ ᠬᠦᠭᠵᠢᠯᠳᠡ ᠶᠢᠨ ᠭᠡᠪ ᠵᠠᠭᠪᠤᠷ ᠢ ᠪᠦᠬᠦ ᠲᠠᠯ᠎ᠠ ᠪᠠᠷ ᠨᠡᠭᠡᠭᠡᠨ᠎ᠡ᠃ | ᠲᠠᠷᠢᠶᠠᠯᠠᠩ ᠤᠨ ᠬᠦᠭᠵᠢᠯᠳᠡ ᠶᠢᠨ ᠰᠢᠨ᠎ᠠ ᠠᠮᠢᠵᠢᠷᠠᠯ ᠤᠨ ᠬᠦᠴᠦᠨ ᠢ ᠰᠤᠶᠤᠭᠠᠯᠠᠭᠤᠯᠤᠨ᠎ᠠ᠃ | ᠵᠠᠬᠢᠶᠠᠯᠠᠭ᠎ᠠ ᠶᠢᠨ ᠲᠠᠷᠢᠶᠠᠯᠠᠩ ᠢ ᠶᠡᠭᠡᠪᠡᠷ ᠬᠦᠭᠵᠢᠬᠦᠯᠵᠤ᠂ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ | ᠠᠵᠤ ᠦᠢᠯᠡᠰᠵᠢᠯᠳᠠ᠂ ᠭᠡᠪᠴᠢᠶᠠᠵᠢᠯᠳᠠ᠂ ᠡᠷᠴᠢᠮᠵᠢᠭᠰᠡᠨ ᠡᠵᠡᠩᠨᠡᠯᠳᠡ ᠳᠤ ᠲᠤᠬᠢᠷᠠᠭᠰᠠᠨ ᠲᠠᠷᠢᠶᠠᠯᠠᠩ ᠤᠨ | ᠬᠦᠷᠢᠶ᠎ᠠ ᠴᠠᠷᠠᠭ᠎ᠠ ᠳᠤ ᠪᠡᠯᠡ ᠤᠷᠤᠭᠤᠯᠬᠤ ᠶᠢ ᠵᠤᠷᠢᠭᠵᠢᠭᠤᠯᠵᠤ᠂ ᠭᠡᠷ ᠪᠦᠯᠢ ᠶᠢᠨ ᠲᠠᠷᠢᠶᠠᠯᠠᠩ ᠮᠠᠯ ᠠᠵᠤ ᠠᠬᠤᠢ | ᠶᠢᠨ ᠲᠠᠯᠠᠪᠠᠢ᠂ ᠲᠤᠰᠬᠠᠶᠢᠵᠢᠭᠰᠠᠨ ᠲᠤᠮᠤ ᠡᠷᠦᠭᠡ᠂ ᠵᠠᠭᠤᠴᠢᠯᠠᠭᠴᠢ ᠵᠡᠷᠭᠡ ᠰᠢᠨ᠎ᠠ ᠭᠡᠯᠪᠡᠷᠢ ᠶᠢᠨ ᠲᠠᠷᠢᠶᠠᠯᠠᠩ ᠮᠠᠯ | ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠵᠤ᠂ ᠲᠠᠷᠢᠶᠠᠯᠠᠩ ᠤᠨ ᠠᠮᠢᠵᠢᠷᠠᠯ ᠤᠨ | ᠬᠦᠴᠦᠨ ᠢ ᠴᠢᠩᠭᠠᠷᠠᠭᠤᠯᠤᠨ᠎ᠠ᠃ ᠠᠵᠤ ᠦᠢᠯᠡᠰ ᠤᠨ ᠭᠡᠯᠬᠢᠶ᠎ᠠ᠂ ᠠᠰᠢᠭ ᠲᠤᠰᠠ ᠶᠢᠨ ᠭᠡᠯᠬᠢᠶ᠎ᠠ ᠶᠢᠨ ᠨᠢᠭᠡᠳᠤᠯ | ᠤᠶᠠᠯᠳᠤᠯ ᠤᠨ ᠲᠤᠭᠳᠠᠴᠠ ᠶᠢ ᠪᠠᠶᠢᠭᠤᠯᠵᠤ᠂ ᠲᠠᠷᠢᠶᠠᠴᠢᠨ ᠮᠠᠯᠴᠢᠳ ᠤᠨ ᠬᠤᠷᠰᠢᠶᠠᠵᠢᠯ ᠳᠤ ᠬᠤᠪᠢ ᠤᠷᠤᠬᠤ | ᠪᠤᠶᠤ ᠲᠤᠯᠤᠭᠠᠶᠢᠯᠠᠭᠴᠢ ᠠᠵᠤ ᠠᠬᠤᠶᠢᠯᠠᠯ ᠬᠦᠭᠵᠢᠬᠦᠯᠬᠦ ᠶᠢ ᠲᠠᠮᠵᠢᠵᠤ᠂ ᠲᠠᠷᠢᠶᠠᠯᠠᠩ ᠤᠨ ᠠᠵᠤ ᠦᠢᠯᠡᠰᠵᠢᠭᠰᠡᠨ | ᠡᠵᠡᠩᠨᠡᠯᠳᠡ ᠶᠢᠨ ᠬᠤᠯᠪᠤᠭᠠᠳᠤ ᠴᠤᠭᠴᠠ ᠶᠢ ᠬᠦᠭᠵᠢᠬᠦᠯᠵᠤ᠂ ᠲᠠᠷᠢᠶᠠᠴᠢᠳ ᠢ ᠡᠳ᠋ᠰᠢᠬᠦᠯᠬᠦ ᠪᠤᠷᠤᠯᠠᠭᠤᠯᠬᠤ | ᠭᠤᠭᠴᠤᠭᠠᠨ ᠳᠤ ᠠᠰᠢᠭ ᠬᠦᠷᠳᠡᠭᠡᠨ᠎ᠡ᠃ ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠨ ᠡᠵᠡᠩᠨᠡᠬᠦ | ᠡᠷᠭᠡ ᠲᠤᠳᠤᠯᠠᠬᠤ ᠲᠠᠩᠰᠯᠠᠠᠬᠤ ᠦᠨᠡᠮᠯᠡᠯ ᠲᠠᠷᠬᠠᠭᠠᠬᠤ ᠠᠵᠢᠯ ᠢ ᠪᠡᠶᠡᠯᠡᠬᠦᠯᠵᠤ᠂ ᠭᠠᠵᠠᠷ ᠰᠢᠷᠦᠢ ᠶᠢᠨ ᠲᠠᠭᠠᠭᠠᠴᠢᠯᠠᠨ | ᠡᠵᠡᠩᠨᠡᠬᠦ ᠡᠷᠭᠡ ᠪᠠᠷ ᠪᠡᠯᠡ ᠨᠡᠶᠢᠯᠡᠬᠦᠯᠬᠦ ᠪᠠᠷᠢᠴᠠᠭ᠎ᠠ ᠪᠤᠯᠭᠠᠬᠤ ᠶᠢ ᠲᠤᠷᠰᠢᠨ ᠭᠡᠷᠡᠭᠵᠢᠬᠦᠯᠤᠨ᠎ᠡ᠃ ᠭᠠᠵᠠᠷ ᠰᠢᠷᠦᠢ ᠶᠢ | ᠬᠠᠤᠯᠢ ᠶᠤᠰᠤᠭᠠᠷ ᠡᠷᠭᠢᠯᠳᠡ ᠳᠤ ᠤᠷᠤᠭᠤᠯᠵᠤ᠂ ᠵᠤᠬᠢᠰᠳᠠᠢ ᠭᠡᠪᠴᠢᠶᠠᠵᠢᠭᠰᠡᠨ ᠡᠵᠡᠩᠨᠡᠯᠳᠡ ᠶᠢ ᠢᠳᠡᠪᠬᠢᠳᠠᠢ | ᠬᠦᠭᠵᠢᠬᠦᠯᠵᠤ᠂ ᠡᠷᠬᠢᠯᠳᠡ ᠳᠤ ᠤᠷᠤᠭᠤᠯᠤᠭᠰᠠᠨ ᠲᠠᠯᠠᠪᠠᠢ ᠶᠢ 2.4 ᠲᠦᠮᠡᠨ ᠮᠤ᠋ ᠰᠢᠨ᠎ᠠ ᠪᠠᠷ ᠨᠡᠮᠡᠭᠳᠡᠬᠦᠯᠦᠨ᠎ᠡ᠃ | ᠲᠦᠬᠦᠭᠡᠷᠦᠮᠵᠢᠳᠤ ᠲᠠᠷᠢᠶᠠᠯᠠᠩ᠂ ᠤᠢ ᠵᠢᠮᠢᠰ᠂ ᠮᠠᠯ ᠠᠵᠤ ᠠᠬᠤᠢ ᠶᠢᠨ ᠬᠦᠭᠵᠢᠯᠳᠡ ᠶᠢᠨ ᠨᠦᠬᠦᠪᠦᠷᠢ ᠶᠢᠨ | ᠲᠤᠭᠳᠠᠴᠠ ᠶᠢ ᠪᠠᠶᠢᠭᠤᠯᠵᠤ᠂ ᠲᠠᠷᠢᠶᠠᠴᠢᠳ ᠤᠨ ᠤᠳᠤ ᠦᠶ᠎ᠠ ᠶᠢᠨ ᠲᠡᠵᠢᠭᠡᠪᠦᠷᠢ ᠶᠢᠨ ᠦᠢᠯᠡᠰ ᠢ | ᠵᠤᠷᠢᠭᠵᠢᠭᠤᠯᠤᠨ᠎ᠠ᠃ | ᠲᠠᠷᠢᠶᠠᠯᠠᠩ ᠤᠨ ᠰᠠᠭᠤᠷᠢ ᠶᠢ ᠪᠠᠬᠢᠵᠢᠬᠦᠯᠦᠨ᠎ᠡ᠃ ᠦᠨᠳᠤᠷ ᠪᠠᠷᠢᠮᠵᠢᠶᠠᠳᠤ ᠲᠠᠷᠢᠶᠠᠯᠠᠩ ᠤᠨ ᠪᠦᠳᠦᠭᠡᠨ | ᠪᠠᠶᠢᠭᠤᠯᠤᠯᠳᠠ ᠶᠢ ᠶᠡᠭᠡ ᠭᠡᠪᠴᠢᠶ᠎ᠠ ᠪᠠᠷ ᠲᠡᠯᠭᠡᠷᠡᠬᠦᠯᠵᠤ᠂ 1317 ᠲᠦᠮᠡᠨ ᠲᠦᠬᠦᠷᠢᠭ ᠪᠡᠯᠡ ᠤᠷᠤᠭᠤᠯᠵᠤ᠂ | ᠭᠠᠵᠠᠷ ᠰᠢᠷᠤᠢ ᠡᠮᠬᠢᠯᠠᠨ ᠵᠠᠰᠠᠬᠤ ᠲᠦᠷᠦᠯ ᠵᠤᠶᠢᠯ 2 ᠢ ᠭᠡᠷᠡᠭᠵᠢᠬᠦᠯᠵᠤ᠂ 9630 ᠮᠤ᠋ ᠭᠠᠵᠠᠷ ᠢ ᠡᠮᠬᠢᠯᠠᠨ | ᠵᠠᠰᠠᠨ᠎ᠠ᠃ ᠯᠤᠤᠬ᠎ᠠ ᠶᠢᠨ ᠭᠤᠤᠯ᠂ ᠢᠩᠭᠡ ᠶᠢᠨ ᠭᠤᠤᠯ ᠤᠨ ᠵᠠᠰᠠᠯᠳᠠ ᠶᠢᠨ ᠪᠠᠷᠢᠯᠭ᠎ᠠ ᠶᠢ ᠬᠢᠵᠤ᠂ ᠲᠠᠷᠢᠶᠠᠯᠠᠩ ᠤᠨ | ᠦᠷᠬᠦᠯᠵᠢᠯᠡᠨ ᠬᠦᠭᠵᠢᠬᠦ ᠴᠢᠳᠠᠪᠤᠷᠢ ᠶᠢ ᠴᠢᠩᠭᠠᠷᠠᠭᠤᠯᠤᠨ᠎ᠠ᠃ ᠲᠤᠰ ᠵᠢᠯ ᠳᠤ 5 ︽ᠭᠤᠷᠪᠡᠨ ᠲᠠᠸᠠᠷ ᠨᠢᠭᠡ | ᠲᠡᠮᠳᠡᠭ︾ ᠤᠨ ᠭᠡᠷᠡᠴᠢᠯᠡᠭᠡ ᠶᠢ ᠭᠤᠶᠤᠴᠢᠯᠠᠵᠤ᠂ ᠨᠤᠭᠤᠭᠠᠨ ᠦᠩᠭᠡᠳᠤ ᠨᠡᠷᠡᠳᠤ ᠲᠡᠮᠳᠡᠭ ᠢ ᠪᠤᠶᠢᠵᠢᠭᠤᠯᠵᠤ᠂ | ᠪᠤᠬᠢᠷᠳᠤᠯ ᠦᠭᠡᠢ ᠪᠦᠳᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠬᠦᠯᠤᠨ᠎ᠠ᠃ ᠲᠠᠷᠢᠶᠠᠯᠠᠩ ᠤᠨ ᠮᠠᠰᠢᠨ ᠲᠦᠬᠦᠭᠡᠷᠦᠮᠵᠢ | ᠶᠢᠨ ᠭᠡᠷᠡᠭᠯᠡᠭᠡ ᠶᠢ ᠢᠳᠡᠪᠬᠢᠳᠠᠢ ᠲᠡᠯᠭᠡᠷᠡᠬᠦᠯᠵᠤ᠂ ᠲᠠᠷᠢᠶᠠᠯᠠᠩ ᠤᠨ ᠮᠠᠰᠢᠨᠴᠢᠯᠠᠯᠳᠠ ᠶᠢᠨ ᠲᠦᠪᠰᠢᠨ ᠢ | ᠲᠡᠭᠡᠭᠰᠢᠯᠡᠬᠦᠯᠤᠨ᠎ᠡ᠃ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ | ᠬᠡᠮᠵᠢᠯᠳᠠ ᠶᠢᠨ ᠲᠦᠪ ᠢ ᠪᠠᠶᠢᠭᠤᠯᠵᠤ᠂ ᠡᠤ ᠵᠢᠶᠠ ᠪᠠᠯᠭᠠᠰᠤᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ | ᠤᠨ ᠨᠡᠭᠡᠮᠵᠢᠯᠡᠨ ᠮᠦᠷᠳᠡᠵᠤ ᠪᠤᠯᠬᠤᠶᠢᠴᠠ ᠲᠤᠭᠳᠠᠯᠴᠠᠭ᠎ᠠ ᠶᠢ ᠲᠡᠯᠭᠡᠷᠡᠬᠦᠯᠵᠤ᠂ ᠮᠠᠯ ᠲᠠᠷᠢᠶᠠᠯᠠᠩ ᠤᠨ | ᠪᠦᠳᠦᠭᠡᠭᠳᠡᠬᠦᠨ ᠤ ᠡᠬᠢ ᠡᠬᠦᠰᠦᠯ ᠤᠨ ᠵᠠᠰᠠᠯᠳᠠ ᠪᠠ ᠭᠠᠷᠤᠯᠳᠠ ᠪᠤᠷᠤᠯᠠᠭᠤᠯᠭ᠎ᠠ ᠶᠢᠨ ᠪᠦᠬᠦ ᠶᠠᠪᠤᠴᠠ ᠶᠢᠨ ᠬᠢᠨᠠᠨ | ᠬᠠᠮᠢᠶᠠᠷᠤᠯᠳᠠ ᠶᠢ ᠴᠢᠩᠭᠠᠳᠬᠠᠵᠤ᠂ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠲᠡᠯᠭᠡᠬᠦᠷ ᠤᠨ ᠦᠷᠢᠰᠦᠯᠳᠦᠬᠦ | ᠴᠢᠳᠠᠯ ᠢ ᠲᠡᠭᠡᠭᠰᠢᠯᠡᠬᠦᠯᠤᠨ᠎ᠡ᠃ ᠠᠮᠢᠳᠠᠨ ᠤᠷᠭᠤᠮᠠᠯ ᠤᠨ ᠡᠪᠡᠳᠴᠢᠨ ᠭᠡᠮ ᠤᠨ ᠰᠡᠷᠭᠡᠶᠢᠯᠡᠨ ᠡᠵᠡᠮᠳᠡᠯ ᠢ | ᠴᠢᠩᠭᠠᠳᠬᠠᠵᠤ᠂ ᠡᠯ᠎ᠡ ᠲᠦᠷᠦᠯ ᠤᠨ ᠲᠠᠷᠢᠶᠠᠯᠠᠩ ᠤᠨ ᠲᠠᠭᠠᠳᠬᠠᠯ ᠢ ᠨᠠᠶᠢᠳᠠᠪᠦᠷᠢᠵᠢᠭᠤᠯᠤᠨ᠎ᠠ᠃ ᠰᠢᠨᠵᠢᠯᠡᠭᠡ | ᠮᠡᠷᠭᠡᠵᠢᠯ ᠤᠨ ᠲᠤᠯᠭᠠᠭᠤᠷᠢᠯᠠᠯ ᠤᠨ ᠦᠢᠯᠡᠳᠤᠯ ᠢ ᠴᠢᠩᠭᠠᠳᠬᠠᠵᠤ᠂ ᠨᠡᠬᠦᠷᠡᠰᠦᠳᠦᠷᠦᠭᠴᠢ ᠶᠢᠨ ᠲᠠᠪᠬᠤᠷ ᠢᠰᠤᠯ ᠤᠨ | ᠪᠤᠷᠳᠤᠭᠤᠷ ᠢ ᠲᠡᠯᠭᠡᠷᠡᠬᠦᠯᠵᠤ᠂ ᠰᠢᠷᠤᠢ ᠭᠡᠮᠵᠢᠨ ᠪᠤᠷᠳᠤᠭᠤᠷ ᠤᠷᠤᠭᠤᠯᠬᠤ᠂ ᠮᠠᠰᠢᠨ ᠢᠶᠠᠷ ᠬᠦᠨ ᠤᠷᠪᠠᠭᠤᠯᠬᠤ᠂ | ᠡᠰᠢ ᠰᠦᠷᠡᠯ ᠢ ᠡᠷᠬᠢᠬᠦᠯᠦᠨ ᠲᠠᠷᠢᠶᠠᠨ ᠳᠤ ᠤᠷᠤᠭᠤᠯᠬᠤ ᠲᠦᠷᠦᠯ ᠵᠤᠶᠢᠯ ᠢ ᠭᠡᠷᠡᠭᠵᠢᠬᠦᠯᠵᠤ᠂ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠰᠢᠯᠡᠬᠦᠯᠤᠨᠡ᠃ |