ᠵᠠᠰᠠᠭ ᠤᠨ  ᠤᠷᠳᠤᠨ ᠤ ᠠᠵᠢᠯ ᠤᠨ  ᠢᠯᠡᠳᠭᠡᠯ  (6)
ᠨᠡᠶᠢᠲᠡᠯᠡᠭᠰᠡᠨ ᠴᠠᠭ᠄
2017/9/22
    ︵ᠲᠤᠯᠤᠭ᠎ᠠ︶ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠶᠢᠵᠢᠷᠠᠭᠤᠯᠵᠤ᠂ ᠠᠷᠠᠳ ᠤᠯᠠᠨ ᠢ  ᠨᠡᠩ ᠦᠷᠭᠡᠨ‌‍ᠬᠦ᠋ᠷᠳᠡᠭᠡᠮᠵᠢ ᠪᠣᠯᠣᠨ ᠵᠣᠯ ᠵᠢᠷᠭᠠᠯ ᠲᠠᠢ ᠪᠠᠶᠢᠯᠭᠠᠨ᠎ᠠ       ᠨᠡᠶᠢᠲᠡ ᠶᠢᠨ ᠠᠰᠠᠷᠠᠮᠵᠢ ᠶᠢᠨ ᠪᠠᠶᠢᠷᠢ ᠶᠢ ᠶᠡᠭᠡ ᠪᠠᠷ ᠨᠡᠮᠡᠭᠳᠡᠭᠦᠯᠵᠤ᠂ ᠵᠠᠰᠠᠭ ᠤᠨ ᠣᠷᠳᠤᠨ ᠤ ᠦᠨᠳᠦᠰᠦᠨ ᠱᠠᠳᠤᠨ ᠤ ᠨᠡᠶᠢᠲᠡ ᠶᠢᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠤᠨ ᠪᠠᠶᠢᠷᠢ ᠬᠤᠳᠠᠯᠳᠤᠨ ᠠᠪᠬᠤ ᠬᠦᠴᠦᠯᠡᠴᠡ ᠶᠢ ᠨᠡᠮᠡᠭᠳᠡᠭᠦᠯᠦᠨ᠎ᠡ᠃ ᠶᠡᠭᠡ ᠲᠡᠭᠡᠳᠦ ᠰᠤᠷᠭᠠᠭᠤᠯᠢ ᠲᠡᠭᠦᠰᠴᠦ ᠪᠠᠶᠢᠭ᠎ᠠ ᠰᠤᠷᠤᠭᠴᠢ᠂ ᠬᠤᠲᠠ ᠪᠠᠯᠭᠠᠰᠤᠨ ᠤ ᠠᠵᠢᠯ ᠣᠯᠬᠤ ᠳᠤ ᠬᠦᠴᠢᠷ ᠲᠠᠢ ᠪᠠᠶᠢᠭ᠎ᠠ ᠬᠦᠮᠦᠰ ᠪᠣᠯᠣᠨ ᠠᠵᠢᠯ ᠤᠯᠭᠤᠯᠳᠠ ᠦᠭᠡᠢ ᠭᠡᠷ ᠪᠦᠯᠢ ᠵᠡᠷᠭᠡ ᠭᠤᠤᠯᠳᠠᠯᠭ᠎ᠠ ᠲᠠᠢ ᠪᠦᠯᠦᠭᠯᠡᠯ ᠤᠨ ᠠᠵᠢᠯ ᠤᠯᠭᠤᠯᠳᠠ ᠶᠢᠨ ᠠᠵᠢᠯ ᠢ ᠨᠢᠭᠡᠳᠦᠯᠵᠢᠬᠦᠯᠦᠨ ᠰᠠᠶᠢᠳᠤᠷ ᠬᠢᠵᠤ᠂ ᠪᠦᠬᠦ ᠵᠢᠯ ᠳᠤ ᠬᠤᠲᠠ ᠪᠠᠯᠭᠠᠰᠤᠨ ᠤ ᠠᠵᠢᠯ ᠣᠯᠭᠤᠯᠲᠠ ᠶᠢ 4300 ᠬᠦᠮᠦᠨ ᠰᠢᠨ᠎ᠠ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠠᠵᠢᠯ ᠠᠯᠳᠠᠯᠳᠠ ᠶᠢᠨ ᠨᠣᠷᠮ᠎ᠠ ᠶᠢ 4.1%᠎ ᠤᠨ ᠲᠤᠲᠤᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠪᠠᠳᠤᠯᠠᠭ᠎ᠠ᠂ ᠡᠮᠨᠡᠯᠭᠡ ᠎ ᠶᠢᠨ ᠪᠠᠳᠤᠯᠠᠭ᠎ᠠ ᠲᠠᠲᠠᠪᠤᠷᠢᠯᠠᠨ ᠲᠤᠰᠢᠶᠠᠬᠤ ᠭᠡᠪᠴᠢᠶ᠎ᠠ ᠶᠢ ᠥᠷᠭᠡᠳᠬᠡᠨ᠂ ᠪᠦᠬᠦ ᠠᠷᠠᠳ ᠳᠠᠭᠠᠳᠬᠠᠯ ᠳᠤ ᠣᠷᠣᠬᠤ ᠎ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠠᠰᠤᠵᠢᠯ ᠤᠨ ᠳᠠᠭᠠᠳᠬᠠᠯ ᠳᠤ ᠣᠷᠣᠯᠴᠠᠬᠤ  ᠂ ᠰᠦᠢᠳᠬᠡᠯ ᠲᠤᠰᠢᠶᠠᠬᠤ ᠪᠣᠯᠣᠨ ᠰᠢᠯᠵᠢᠭᠦᠯᠦᠨ  ᠵᠤᠯᠭᠠᠭᠤᠯᠬᠤ ᠦᠷᠬᠦᠯᠵᠢᠯᠡᠬᠦᠯᠬᠦ ᠠᠵᠢᠯ ᠢ ᠰᠠᠶᠢᠵᠢᠷᠠᠭᠤᠯᠵᠤ᠂ ᠬᠤᠲᠠ ᠬᠥᠳᠡᠭᠡ  ᠨᠢᠭᠡᠳᠤᠯᠳᠠᠢ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ᠳᠦᠷᠢᠮ ᠢ ᠬᠡᠷᠡᠭᠵᠢᠭᠦᠯᠦᠨ᠎ᠡ᠃ ᠪᠠᠳᠤᠯᠠᠭ᠎ᠠ ᠪᠣᠯᠣᠨ ᠠᠪᠤᠷᠠᠨ ᠲᠤᠰᠠᠯᠠᠬᠤ ᠬᠦᠴᠦᠯᠡᠴᠨ ᠪᠠᠨ ᠴᠢᠩᠭᠠᠳᠬᠠᠵᠤ᠂ ᠬᠤᠲᠠ ᠪᠠᠯᠭᠠᠰᠤᠨ ᠤ ᠲᠤᠤᠷ᠎ᠠ ᠪᠠᠳᠤᠯᠠᠭᠠᠳᠤ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠳᠤᠯᠠᠭᠠᠳᠤ ᠡᠷᠦᠬᠡ᠂ ᠬᠤᠲᠠ ᠪᠠᠯᠭᠠᠰᠤᠨ ᠤ ︽ᠭᠤᠷᠪᠠ ᠦᠭᠡᠢ︾ ᠬᠦᠮᠦᠰ ᠤᠨ ᠠᠰᠠᠷᠠᠬᠤ ᠪᠠᠷᠢᠮᠵᠢᠶ᠎ᠡ ᠵᠢᠴᠢ ᠨᠦᠬᠦᠪᠦᠷᠢ ᠶᠢ ᠲᠣᠬᠢᠷᠠᠮᠵᠢᠲᠠᠢ ᠲᠡᠭᠡᠭᠰᠢᠯᠡᠭᠦᠯᠦᠨ᠎ᠡ᠃ ᠬᠤᠲᠠ ᠲᠣᠭᠤᠷᠢᠭ ᠤᠨ ᠶᠡᠷᠦᠩᠬᠡᠶᠢᠯᠡᠭᠰᠡᠨ ᠨᠡᠶᠢᠲᠡ ᠶᠢᠨ ᠠᠰᠠᠷᠠᠮᠵᠢ ᠶᠢᠨ ᠲᠦᠪ᠂ ᠡᠷᠡᠭᠦᠯᠵᠢᠯ ᠤᠨ ᠲᠦᠪ ᠤᠨ ᠰᠠᠭᠤᠷᠢ ᠲᠦᠬᠦᠭᠡᠷᠦᠮᠵᠢ ᠶᠢ ᠣᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠤᠯᠠᠭᠠᠨ ᠵᠠᠭᠠᠯᠮᠠᠢ᠂ ᠪᠣᠶᠠᠨ ᠨᠢᠬᠦᠯᠡᠰᠬᠦᠢ  ᠂ ᠵᠡᠮᠳᠡᠭᠴᠦᠳ ᠪᠣᠯᠤᠨ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠠᠰᠠᠷᠠᠮᠵᠢ ᠵᠡᠷᠭᠡ ᠠᠵᠢᠯ ᠦᠢᠯᠡᠰ ᠤᠨ ᠬᠥᠭᠵᠢᠯᠲᠠ ᠎ ᠶᠢ ᠲᠡᠮᠵᠢᠵᠤ᠂ ᠲᠣᠷᠣᠢ ᠪᠠᠭᠤᠷᠠᠢ ᠪᠦᠯᠦᠭᠯᠡᠯ ᠤᠨ ᠪᠠᠳᠤᠯᠠᠭ᠎ᠠ ᠶᠢᠨ ᠠᠵᠢᠯ ᠢ ᠰᠠᠶᠢᠨ ᠬᠢᠵᠤ᠂ ᠬᠦᠴᠢᠷ ᠲᠠᠢ ᠪᠦᠯᠦᠭᠯᠯᠡᠯ ᠤᠨ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢᠨ ᠲᠤᠤᠷᠵᠢᠯ ᠢ ᠪᠠᠬᠢᠵᠢᠭᠦᠯᠦᠨ᠎ᠡ᠃ ᠪᠠᠳᠤᠯᠠᠭ᠎ᠠ ᠶᠢᠨ ᠴᠢᠨᠠᠷ ᠲᠠᠢ ᠣᠷᠣᠨ ᠰᠠᠭᠤᠴᠨ ᠶᠢ 222 ᠢᠵᠢ ᠨᠠᠶᠢᠳᠠᠪᠤᠷᠢᠵᠢᠭᠤᠯᠤᠨ᠎ᠠ᠃ ᠪᠦᠷᠭᠡᠳᠤ ᠲᠤᠭᠤᠷᠢᠭ ᠤᠨ 1168 ᠡᠷᠦᠬᠡ ᠶᠢ ᠲᠦᠪᠬᠢᠨᠡᠬᠦᠯᠵᠤ᠂ ᠰᠠᠭᠤᠭᠳᠠᠭᠰᠠᠨ ᠢᠪᠡᠷᠡᠭᠰᠡᠨ ᠲᠤᠭᠤᠷᠢᠭ ᠤᠨ 265 ᠡᠷᠦᠬᠡ ᠰᠠᠭᠤᠭᠠᠯᠢ ᠠᠷᠠᠳ ᠤᠨ ᠭᠡᠷ ᠢ  ᠵᠠᠰᠠᠨ᠎ᠠ᠃ ᠬᠠᠭᠤᠴᠢᠨ ᠲᠤᠭᠤᠷᠢᠭ ᠤᠨ ᠲᠤᠯᠠᠭᠠᠯᠭ᠎ᠠ ᠶᠢ 12 ᠲᠦᠮᠡᠨ ᠲᠡᠭᠰᠢ ᠲᠦᠷᠪᠡᠯᠵᠢᠨ ᠮᠧᠲᠷ  ᠡᠨᠧᠷᠬᠢ ᠠᠷᠪᠢᠯᠠᠨ ᠦᠭᠡᠷᠡᠴᠢᠯᠡᠨ ᠵᠠᠰᠠᠵᠤ᠂ ᠲᠠᠷᠢᠶᠠᠯᠠᠬᠤ ᠲᠤᠰᠬᠤᠨ ᠤ 500 ᠨᠤᠷᠠᠬᠤ ᠠᠶᠤᠯᠲᠠᠢ ᠭᠡᠷ ᠢ ᠦᠭᠡᠷᠡᠴᠢᠯᠠᠨ  ᠵᠠᠰᠠᠨ᠎ᠠ᠃        ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ  ᠰᠠᠶᠢᠳᠤᠷ  ᠠᠳᠬᠤᠨ᠎ᠠ᠃ ᠰᠤᠷᠭᠠᠨ ᠬᠦᠮᠦᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠫᠢᠩᠵᠤᠸᠠᠩ ᠤᠨ ᠨᠡᠭᠦᠷᠡᠰᠦᠨ ᠠᠭᠤᠷᠬᠠᠢ ᠶᠢᠨ  ᠲᠡᠭᠡᠳᠤ ᠵᠡᠷᠭᠡ ᠶᠢᠨ ᠰᠤᠷᠭᠠᠭᠤᠯᠢ ᠶᠢ ᠭᠠᠵᠠᠷ ᠰᠢᠯᠵᠢᠭᠦᠯᠦᠨ ᠪᠠᠶᠢᠭᠤᠯᠵᠤ᠂ ᠣᠷᠣᠨ ᠤ ᠳᠡᠰ ᠤᠨ ᠵᠢᠱᠢᠶ᠎ᠡ ᠦᠵᠡᠭᠦᠯᠬᠦ  ᠲᠡᠭᠡᠳᠤ ᠵᠡᠷᠭᠡ ᠎ ᠶᠢᠨ ᠲᠤᠮᠲᠠᠳᠤ ᠰᠤᠷᠭᠠᠭᠤᠯᠢ ᠶᠢ ᠡᠬᠦᠳᠦᠨ ᠪᠠᠶᠢᠭᠤᠯᠤᠨ᠎ᠠ᠃ 6166 ᠲᠦᠮᠡᠨ ᠲᠦᠬᠦᠷᠢᠭ ᠤᠨ ᠪᠡᠯᠡ ᠮᠥᠩᠭᠦ ᠣᠷᠣᠭᠤᠯᠵᠤ᠂ ᠲᠤᠮᠲᠠᠳᠤ ᠪᠠᠭ᠎ᠠ ᠰᠤᠷᠭᠠᠭᠤᠯᠢ  ᠎ ᠶᠢᠨ ᠰᠤᠷᠭᠠᠭᠤᠯᠢ ᠡᠷᠬᠢᠯᠡᠬᠦ ᠨᠦᠬᠦᠴᠡᠯ  ᠎ ᠢ ᠲᠡᠭᠡᠭᠰᠢᠯᠡᠬᠦᠯᠬᠦ ᠢᠨᠵᠧᠨᠧᠷᠢᠩ ᠎ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠎ ᠤᠨ ᠵᠢᠷᠤᠮᠵᠢᠭᠰᠠᠨ ᠬᠦᠭᠵᠢᠯᠳᠡ ᠶᠢ ᠲᠦᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠳᠤ ᠴᠡᠴᠡᠷᠯᠢᠭ  ᠎ ᠲᠤ ᠣᠷᠣᠬᠤ ᠨᠤᠷᠮ᠎ᠠ ᠶᠢ 93%᠎ ᠳᠤ ᠬᠦᠷᠭᠡᠬᠦ ᠎ ᠶᠢ ᠪᠠᠲᠤᠯᠠᠨ᠎ᠠ᠃ ᠠᠯᠪᠠᠨ ᠵᠢᠷᠦᠮ ᠤᠨ ᠰᠤᠷᠭᠠᠨ ᠬᠦᠮᠦᠵᠢᠯ ᠎ ᠶᠢ ᠲᠡᠩᠴᠡᠭᠦᠷᠢᠲᠠᠢ ᠬᠥᠭᠵᠢᠯᠲᠡ  ᠶᠢᠨ ᠦᠷ᠎ᠡ ᠳ᠋ᠥᠩ ᠢ ᠪᠠᠬᠢᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠰᠣᠯᠢᠯᠴᠠᠭᠠᠨ ᠤ ᠲᠤᠭᠳᠠᠴᠠ ᠶᠢ ᠲᠡᠬᠦᠯᠳᠡᠷᠵᠢᠬᠦᠯᠦᠨ᠎ᠡ᠃ ᠠᠵᠢᠯ ᠮᠡᠷᠭᠡᠵᠢᠯ ᠤᠨ ᠰᠤᠷᠤᠭᠴᠢ ᠡᠯᠰᠡᠬᠦ ᠬᠠᠷᠢᠴᠠᠯ ᠢᠶᠠᠨ ᠥᠷᠭᠡᠳᠬᠡᠨ᠂ ᠠᠵᠢᠯ ᠲᠦᠷᠦᠯ ᠎ ᠢᠶᠠᠷ ᠰᠤᠷᠭᠠᠭᠤᠯᠢ ᠳᠠᠪᠰᠢᠬᠤ ᠠᠵᠢᠯ ᠤᠨ ᠠᠬᠢᠴᠠ ᠶᠢ ᠴᠢᠩᠭᠠᠳᠬᠠᠨ᠂ ᠣᠷᠣᠨ ᠭᠡᠴᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠥᠭᠵᠢᠯᠲᠡ ᠶᠢᠨ ᠲᠤᠯᠤᠭᠠᠶᠢᠯᠠᠭᠴᠢ ᠶᠢ ᠴᠤᠭᠴᠠᠯᠠᠨ᠎ᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ 1.8 ᠳ᠋ᠦᠩᠰᠢᠭᠤᠷ ᠲᠦᠬᠦᠷᠢᠭ ᠪᠡᠯᠡ ᠣᠷᠣᠭᠤᠯᠤᠨ᠂ ᠰᠣᠶᠣᠯ ᠤᠨ ᠣᠷᠳᠣᠨ᠂ ᠨᠣᠮ ᠤᠨ ᠰᠠᠩ᠂ ᠮᠦᠼᠸᠢ᠂ ᠵᠠᠯᠠᠭᠤ ᠪᠠᠭᠠᠴᠤᠳ ᠤᠨ ᠬᠦᠳᠡᠯᠭᠡᠭᠡᠨ ᠤ ᠲᠥᠪ ᠪᠣᠯᠣᠨ ᠪᠦᠬᠦ ᠠᠷᠠᠳ ᠤᠨ ᠪᠡᠶ᠎ᠡ  ᠴᠢᠬᠢᠷᠠᠭᠵᠢᠭᠤᠯᠬᠤ ᠲᠥᠪ ᠢ ᠡᠬᠢᠯᠡᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠬᠥᠳᠡᠯᠭᠡᠭᠡᠨ ᠢ ᠢᠳᠡᠪᠬᠢᠲᠠᠢ ᠥᠷᠨᠢᠭᠦᠯᠵᠦ᠂14 ᠬᠥᠯ ᠪᠥᠮᠪᠥᠭᠡᠨ ᠣᠷᠳᠣᠨ ᠪᠠᠶᠢᠭᠤᠯᠤᠨ ᠵᠠᠯᠠᠭᠤ ᠪᠠᠭᠠᠴᠤᠳ ᠤᠨ ᠲᠠᠮᠢᠷ ᠪᠣᠯᠪᠠᠰᠤᠷᠠᠬᠤ ᠰᠠᠭᠤᠷᠢᠨ ᠭᠠᠵᠠᠷ 5᠎ ᠶᠢ ᠰᠢᠨ᠎ᠡ ᠪᠠᠷ ᠪᠠᠶᠢᠭᠤᠯᠤᠨ᠎ᠠ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠥᠭᠡᠷᠡᠴᠢᠯᠡᠯᠲᠠ ᠶᠢ ᠡᠬᠢᠯᠡᠭᠦᠯᠦᠨ᠂ ᠭᠠᠵᠠᠷ ᠣᠷᠣᠨ ᠠᠵᠤ ᠠᠬᠤᠶᠢᠯᠠᠯ ᠤᠨ ᠡᠮᠴᠢᠯᠡᠭᠡᠨ ᠤ ᠡᠬᠢ ᠪᠠᠶᠠᠯᠢᠭ ᠢ ᠴᠡᠭᠴᠡᠯᠡᠨ ᠨᠡᠶᠢᠯᠡᠬᠦᠯᠵᠤ᠂  ᠲᠤᠭᠤᠷᠢᠭ᠂ ᠰᠢᠶᠠᠩ ᠪᠠᠯᠭᠠᠰᠤ᠂ ᠲᠤᠰᠬᠤᠨ ᠭᠤᠷᠪᠠᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠣᠯᠣᠨ ᠬᠡᠷᠡᠭᠯᠡᠭᠡᠨ ᠤ ᠲᠣᠭᠲᠠᠴᠠ ᠶᠢ ᠲᠡᠬᠦᠯᠳᠡᠷᠵᠢᠬᠦᠯᠦᠨ᠎ᠡ᠃2489 ᠲᠦᠮᠡᠨ ᠲᠦᠬᠦᠷᠢᠭ ᠤᠨ ᠪᠡᠯᠡ ᠣᠷᠣᠭᠤᠯᠤᠨ ᠲᠤᠭᠤᠷᠢᠭ ᠤᠨ ᠡᠬᠡ ᠨᠢᠯᠬᠠᠰ ᠤᠨ ᠡᠷᠡᠭᠦᠯ ᠬᠠᠮᠠᠭᠠᠯᠠᠯ ᠪᠠ ᠳᠥᠯᠥᠪᠯᠡᠯᠭᠡᠳᠤ ᠦᠷᠡᠵᠢᠯ ᠤᠨ ᠦᠢᠯᠡᠴᠢᠯᠡᠭᠡᠨ ᠤ ᠲᠥᠪ ᠎ ᠢ ᠪᠠᠶᠢᠭᠤᠯᠤᠨ᠎ᠠ᠃ ᠤᠯᠤᠰ ᠤᠨ ᠳᠡᠰ ᠤᠨ ᠤᠵᠢᠭ ᠴᠢᠨᠠᠷ ᠲᠠᠢ ᠡᠪᠡᠳᠴᠢᠨ ᠢ ᠶᠡᠷᠦᠩᠬᠡᠶᠢᠯᠡᠨ‌‍ᠰᠡᠷᠭᠡᠶᠢᠯᠡᠨ  ᠵᠠᠰᠠᠬᠤ ᠲᠤᠭᠤᠷᠢᠭ ︵ᠰᠢᠶᠠᠨ ︶  ᠎ ᠢ ᠴᠢᠷᠮᠠᠶᠢᠨ ᠡᠬᠦᠳᠴᠤ᠂ ᠡᠯ᠎ᠡ ᠱᠠᠳᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠬᠢᠷᠢ ᠲᠦᠪᠰᠢᠨ ᠎ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ᠨᠡᠶᠢᠭᠡᠮ ᠵᠢᠷᠦᠮ ᠤᠨ ᠭᠤᠤᠯᠯᠠᠭᠴᠢ ᠥᠷᠲᠡᠭ ᠤᠨ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠠᠬᠢᠴᠠ ᠶᠢ ᠲᠦᠷᠭᠡᠳᠬᠡᠨ᠂ ᠠᠷᠠᠳ ᠢᠷᠭᠡᠨ ᠤ ᠪᠣᠯᠪᠠᠰᠤᠨ ᠤ ᠴᠢᠨᠠᠷ ᠴᠢᠨᠰᠠᠭ᠎ᠠ ᠪᠣᠯᠣᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠠᠳᠠᠭᠠᠳᠤ  ᠭᠡᠷᠡᠭ ᠬᠠᠷᠢᠶᠠᠳᠤ ᠶᠢᠨ ᠶᠠᠪᠤᠳᠠᠯ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠪᠠᠭᠠᠴᠤᠳ᠂  ᠨᠠᠰᠤᠳᠠᠶᠢᠴᠤᠳ᠂ ᠳᠠᠩᠰᠠ ᠡᠪᠬᠡᠮᠡᠯ᠂ ᠤᠷᠤᠨ ᠨᠤᠳᠤᠭ ᠎ ᠤᠨ ᠤᠶᠢᠯᠠᠯᠭ᠎ᠠ ᠵᠡᠷᠭᠡ ᠠᠵᠢᠯ ᠢ ᠦᠷᠭᠦᠯᠵᠢᠯᠡᠨ ᠰᠠᠶᠢᠳᠤᠷ ᠬᠢᠨ᠎ᠡ᠃    ︵ᠨᠠᠢᠮᠠ︶ ᠨᠡᠶᠢᠳᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠬᠦᠴᠦᠯᠡᠨ ᠴᠢᠩᠭᠠᠳᠬᠠᠵᠤ᠂ ᠠᠷᠠᠳ ᠤᠯᠠᠨ ᠤ ᠠᠮᠤᠷ ᠲᠦᠪᠰᠢᠨ ᠲᠦᠷᠦᠭᠳᠡᠯ ᠪᠠ ᠬᠠᠨᠤᠮᠵᠢ ᠶᠢᠨ ᠭᠡᠮᠵᠢᠶ᠎ᠠ ᠶᠢ ᠲᠡᠭᠡᠭᠰᠢᠯᠡᠬᠦᠯᠤᠨ᠎ᠡ   ᠠᠶᠤᠯᠬᠦᠢ ᠦᠢᠯᠡᠳᠪᠦᠷᠢᠯᠡᠯ ᠤᠨ ᠠᠵᠢᠯ ᠎ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠬᠠᠤᠯᠢ ᠶᠢ ᠬᠡᠷᠡᠭᠵᠢᠭᠦᠯᠬᠦ ᠣᠨ︾᠎ ᠤ ᠠᠵᠢᠯᠯᠠᠭᠠᠨ ᠤ ᠬᠦᠨ ᠬᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠠᠶᠤᠯᠬᠦᠢ ᠦᠢᠯᠡᠳᠪᠦᠷᠢᠯᠡᠯ ᠤᠨ ᠲᠤᠤᠷᠵᠢᠭᠰᠠᠨ ᠬᠠᠮᠢᠶᠠᠷᠤᠯᠲᠠ ᠶᠢ ᠠᠬᠢᠭᠤᠯᠵᠤ᠂ ᠬᠦᠨᠳᠦ ᠴᠣᠬᠢᠯᠲᠠ ᠥᠭᠴᠦ᠂ ᠪᠠᠲᠤ ᠴᠢᠩᠭ᠎ᠠ ᠬᠢᠨᠠᠨ ᠬᠠᠮᠢᠶᠠᠷᠤᠨ᠎ᠠ᠃ ︽ᠨᠠᠮ ᠵᠠᠰᠠᠭ ᠤᠨ ᠬᠠᠮᠲᠤ ᠎ ᠶᠢᠨ ᠬᠠᠷᠢᠭᠤᠴᠠᠯᠭ᠎ᠠ᠂ ᠨᠢᠭᠡ ᠪᠠᠶᠢᠷᠢ ᠬᠤᠣᠰ ᠬᠠᠷᠢᠭᠤᠴᠠᠯᠭ᠎ᠠ᠂ ᠬᠠᠷᠢᠭᠤᠴᠠᠯᠭ᠎ᠠ ᠠᠯᠳᠠᠪᠠᠯ ᠨᠡᠭᠡᠮᠵᠢᠯᠡᠬᠦ︾ ᠪᠣᠯᠣᠨ ︽ᠭᠤᠷᠪᠠᠨ ᠡᠷᠬᠡᠪᠰᠢ︾᠎ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠵᠤ ᠠᠬᠤᠶᠢᠯᠠᠯ ᠎ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶᠠᠯᠠᠭᠳᠠᠬᠤ ᠣᠷᠣᠨ ᠨᠤᠲᠤᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠭᠡᠮ ᠰᠤᠭᠤᠭ ᠪᠤᠯ ᠲᠠᠷᠦᠢ ᠭᠡᠨᠡᠳᠡᠯ ᠮᠦᠨ︾ ᠬᠡᠬᠦ ᠲᠠᠨᠢᠯᠲᠠ ᠶᠢ  ᠴᠢᠩᠭᠠᠷᠠᠭᠤᠯᠵᠤ᠂ ᠠᠮᠤᠷ ᠲᠦᠪᠰᠢᠨ ᠤ ᠭᠡᠮ ᠰᠤᠭᠤᠭ ᠢ ᠲᠤᠶᠢᠯᠪᠤᠷᠢᠲᠠᠢ ᠠᠷᠢᠯᠭᠠᠨ᠎ᠠ᠃ ᠠᠶᠤᠯᠬᠦᠢ ᠦᠢᠯᠡᠳᠪᠦᠷᠢᠯᠡᠯ ᠤᠨ ᠲᠤᠰᠬᠠᠢ ᠪᠡᠯᠡ ᠮᠥᠩᠭᠦ 500 ᠵᠠᠭᠤᠨ ᠲᠦᠮᠡᠨ ᠲᠦᠬᠦᠷᠢᠭ ᠲᠤᠬᠢᠷᠠᠭᠤᠯᠵᠤ᠂ ᠡᠯ᠎ᠡ ᠱᠠᠳᠤᠨ ᠤ ᠠᠶᠤᠯᠬᠦᠢ ᠦᠢᠯᠡᠳᠪᠦᠷᠢᠯᠡᠯ ᠎ ᠤᠨ ᠬᠢᠨᠠᠨ ᠬᠠᠮᠢᠶᠠᠷᠤᠯᠲᠠ  ᠶᠢᠨ ᠪᠠᠶᠢᠭᠤᠯᠤᠮᠵᠢ ᠪᠣᠯᠣᠨ ᠬᠠᠤᠯᠢ ᠬᠡᠷᠡᠭᠵᠢᠭᠦᠯᠬᠦ ᠡᠩᠨᠡᠭᠡᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ  ᠶᠢᠨ ᠬᠢᠷᠢ ᠲᠦᠪᠰᠢᠨ ᠤ ᠳᠡᠭᠡᠭᠰᠢᠯᠡᠭᠦᠯᠦᠨ᠎ᠡ᠃ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠣᠰᠤ ᠠᠭᠤᠯᠠᠨ ᠠᠭᠤᠷᠬᠠᠢ᠂ ᠤᠨᠴᠠᠭᠠᠢ ᠲᠦᠬᠦᠭᠡᠷᠦᠮᠵᠢ᠂ ᠠᠶᠤᠯ ᠲᠠᠢ ᠬᠢᠮᠢ ᠶᠢᠨ ᠪᠥᠲᠥᠭᠳᠡᠬᠦᠨ᠂ ᠫᠤᠤᠵᠢᠩ ᠵᠡᠷᠭᠡ ᠠᠵᠢᠯ ᠲᠦᠷᠦᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠯᠠᠪᠳᠠᠭᠤᠨ ᠪᠠᠳᠤᠳᠠᠢ ᠬᠢᠵᠦ᠂ ᠵᠠᠮ ᠨᠡᠪᠲᠡᠷᠡᠭᠦᠯᠭᠡ᠂ ᠭᠠᠯ  ᠰᠡᠷᠭᠡᠶᠢᠯᠡᠬᠦ ᠤᠢ ᠰᠢᠭᠤᠢ ᠶᠢᠨ ᠲᠤᠶᠢᠮᠠᠷ ᠰᠡᠷᠭᠡᠶᠢᠯᠡᠬᠦ᠂ ᠢᠳᠡᠭᠡᠨ ᠤᠮᠳᠠᠭᠠᠨ ᠡᠮ ᠤᠨ ᠵᠤᠶᠢᠯ᠂ ᠪᠠᠷᠢᠯᠭ᠎ᠠ  ᠪᠠᠶᠢᠭᠤᠯᠤᠯᠳᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠬᠤᠳᠠᠯᠳᠤᠭᠠᠨ ᠤ ᠲᠠᠯᠠᠪᠤᠷ᠂ ᠰᠤᠷᠭᠠᠭᠤᠯᠢ ᠵᠡᠷᠭᠡ ᠬᠦᠮᠦᠨ ᠠᠮᠠ ᠨᠢᠭᠲᠠ ᠲᠠᠯᠠᠪᠤᠷ ᠲᠤ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠨ ᠬᠢᠵᠦ᠂ ᠣᠨᠴᠠ ᠶᠡᠭᠡ ᠬᠡᠷᠡᠭ ᠶᠠᠪᠤᠳᠠᠯ ᠭᠠᠷᠬᠤ ᠶᠢ ᠡᠷᠡᠰ ᠬᠤᠷᠢᠭᠯᠠᠨ᠎ᠠ᠃ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠤ ᠠᠵᠢᠯ ᠎ ᠢ ᠪᠦᠬᠦ ᠬᠦᠴᠦᠨ ᠢᠶᠠᠷ ᠰᠠᠶᠢᠳᠤᠷ ᠬᠢᠵᠤ᠂ ᠨᠡᠶᠢᠭᠡᠮ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠠᠶᠤᠯ ᠲᠦᠭᠰᠢᠭᠦᠷᠢ ᠶᠢ ᠦᠨᠡᠯᠡᠬᠦ ᠳᠦᠷᠢᠮ ᠢ ᠴᠢᠩᠭ᠎ᠠ ᠭᠡᠷᠡᠭᠵᠢᠬᠦᠯᠵᠤ᠂ ᠴᠢᠬᠤᠯᠠ ᠶᠡᠭᠡ ᠲᠣᠭᠲᠠᠭᠤᠨ ᠪᠣᠰᠤ ᠠᠰᠠᠭᠤᠳᠠᠯ ᠤᠨ ᠨᠠᠷᠢᠨ ᠳᠠᠩᠰᠠ ᠶᠢᠨ ᠲᠤᠭᠳᠠᠴᠠ ᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠢ ᠠᠵᠢᠯᠳᠠᠨ ᠪᠠ ᠲᠤᠭᠳᠠᠴᠠ ᠶᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠲᠤᠭᠳᠠᠭᠠᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ ᠪᠠ ᠭᠤᠣᠯᠳᠠᠯᠭ᠎ᠠ ᠲᠠᠢ ᠬᠡᠷᠡᠭ  ᠤᠨ ᠤᠳᠤᠷᠢᠳᠤᠯᠭ᠎ᠠ ᠳᠠᠭᠠᠭᠠᠴᠢᠯᠠᠬᠤ ᠳᠦᠷᠢᠮ ᠢ ᠦᠷᠬᠦᠯᠵᠢᠯᠡᠨ ᠬᠡᠷᠡᠭᠵᠢᠭᠦᠯᠦᠨ᠎ᠡ᠃ ᠵᠥᠷᠢᠴᠡᠯ ᠵᠢᠭᠤᠷᠭᠠᠨ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠢᠳᠡᠪᠬᠢᠳᠠᠢ  ᠪᠠᠷᠠᠭᠳᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢ ᠬᠠᠤᠯᠢ ᠪᠠᠷ ᠵᠠᠰᠠᠬᠤ ᠶᠢ ᠪᠠᠷᠢᠮᠳᠠᠯᠠᠵᠤ᠂ ᠠᠷᠠᠳ ᠤᠨ ᠡᠶᠡᠳᠡᠬᠦᠯᠭᠡ᠂ ᠬᠠᠤᠯᠢ ᠶᠢᠨ ᠡᠶᠡᠳᠡᠬᠦᠯᠭᠡ ᠪᠠ ᠵᠠᠰᠠᠭ ᠵᠠᠬᠢᠷᠭᠠᠨ ᠎ ᠤ ᠡᠶᠡᠳᠡᠬᠦᠯᠭᠡ ᠶᠢ ᠲᠡᠬᠦᠯᠳᠡᠷᠵᠢᠬᠦᠯᠵᠤ᠂ ᠰᠠᠭᠠᠳ ᠦᠭᠡᠢ᠂ ᠵᠢᠷᠤᠮᠵᠢᠭᠰᠠᠨ᠂ ᠡᠮᠬᠢ ᠲᠢᠭᠯᠢᠮ ᠲᠠᠢ ᠣᠯᠠᠨ ᠲᠦᠮᠡᠨ ᠤ ᠭᠤᠮᠤᠳᠠᠯ᠂ ᠠᠰᠢᠭ ᠲᠤᠰᠠ ᠶᠢᠨ ᠵᠤᠬᠢᠴᠠᠭᠤᠯᠭ᠎ᠠ ᠪᠠ ᠡᠷᠭᠡ ᠠᠰᠢᠭ ᠤᠨ ᠪᠠᠳᠤᠯᠠᠭ᠎ᠠ ᠶᠢᠨ ᠵᠠᠮ ᠢ ᠪᠠᠶᠢᠭᠤᠯᠤᠨ᠎ᠠ᠃ ᠭᠤᠣᠯᠳᠠᠯᠭ᠎ᠠ ᠲᠠᠢ ᠣᠷᠣᠨ᠂ ᠭᠤᠣᠯᠳᠠᠯᠭ᠎ᠠ ᠲᠠᠢ ᠬᠦᠮᠦᠰ᠂ ᠭᠤᠣᠯᠳᠠᠯᠭ᠎ᠠ ᠲᠠᠢ ᠡᠲᠡᠭᠡᠳ ᠎ ᠤᠨ ᠬᠢᠨᠠᠨ ᠡᠵᠡᠮᠰᠢᠯ ᠢ ᠴᠢᠩᠭᠠᠳᠬᠠᠵᠤ᠂ ᠬᠤᠪᠢ ᠬᠦᠮᠦᠨ ᠤ ᠬᠡᠲᠦᠷᠡᠮᠡᠬᠡᠢ ᠬᠡᠷᠡᠭ ᠶᠠᠪᠤᠳᠠᠯ ᠪᠠ ᠤᠯᠠᠨ ᠨᠡᠶᠢᠲᠡ  ᠶᠢᠨ ᠠᠮᠤᠷ ᠲᠦᠪᠰᠢᠨ ᠶᠢ ᠬᠥᠨᠥᠭᠡᠭᠰᠡᠨ ᠬᠡᠷᠡᠭ ᠭᠠᠷᠬᠤ ᠶᠢ ᠰᠡᠷᠭᠡᠶᠢᠯᠡᠨ ᠵᠤᠭᠰᠤᠭᠠᠨ᠎ᠠ᠃ ᠵᠠᠬᠢᠳᠠᠯ ᠰᠤᠷᠪᠤᠯᠵᠢᠯᠠᠭ᠎ᠠ ᠵᠠᠷᠭᠤ ᠵᠠᠭᠠᠯᠳᠤᠯᠭ᠎ᠠ ᠶᠢ ᠬᠠᠤᠯᠢ  ᠶᠢᠨ ᠲᠡᠰ ᠲᠠᠷᠠᠭᠠᠯᠠᠯ ᠢᠶᠠᠷ ᠲᠦᠷᠦᠯ ᠬᠤᠪᠢᠶᠠᠨ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠮᠥᠷᠭᠦᠯᠳᠦᠭᠡᠨ ᠎ ᠢ ᠵᠦᠢ ᠵᠤᠬᠢᠰᠳᠠᠢ ᠨᠠᠮᠳᠠᠭᠤᠯᠵᠤ᠂ ᠣᠯᠠᠨ ᠲᠦᠮᠡᠨ ᠵᠦᠢ ᠶᠣᠰᠣᠨ ᠤ ᠭᠤᠮᠤᠳᠠᠯ ᠭᠤᠶᠤᠴᠢᠯᠠᠯ ᠢ ᠬᠠᠤᠯᠢ ᠶᠣᠰᠣᠭᠠᠷ ᠰᠢᠢᠳᠪᠦᠷᠢᠯᠡᠬᠦ ᠶᠢ ᠪᠠᠲᠤᠯᠠᠨ᠎ᠠ᠃ ᠨᠡᠶᠢᠭᠡᠮ ᠤᠨ ᠶᠡᠷᠥᠩᠬᠡᠶᠢᠯᠡᠨ ᠵᠠᠰᠠᠬᠤ ᠬᠦᠴᠦᠯᠡᠴᠡ ᠶᠢ ᠴᠢᠩᠭᠠᠡᠷᠠᠭᠤᠯᠤᠨ᠎ᠠ᠃ ᠨᠡᠶᠢᠭᠡᠮ ᠲᠤᠭᠤᠷᠢᠭ ᠤᠨ ᠲᠤᠤᠷᠵᠢᠭᠰᠠᠨ ᠬᠠᠮᠢᠶᠠᠷᠤᠯᠲᠠ ᠶᠢ ᠦᠷᠬᠦᠯᠵᠢᠯᠠᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠤᠨ᠂ ᠵᠠᠰᠠᠭ ᠤᠨ ᠣᠷᠳᠤᠨ ᠤ ᠬᠠᠮᠢᠶᠠᠷᠤᠯᠲᠠ ᠪᠠ ᠨᠡᠶᠢᠭᠡᠮ ᠤᠨ ᠦᠪᠡᠷᠰᠡᠳ ᠤᠨ ᠲᠤᠬᠢᠷᠠᠭᠤᠯᠭ᠎ᠠ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠎ ᠶᠢ ᠰᠠᠶᠢᠳᠤᠷ ᠦᠢᠯᠡᠳᠦᠯᠴᠡᠬᠦᠯᠬᠦ ᠶᠢ ᠪᠡᠶᠡᠯᠡᠬᠦᠯᠦᠨ᠎ᠡ᠃ ᠤᠳᠤ ᠦᠶ᠎ᠡ ᠶᠢᠨ ᠮᠦᠩᠭᠦᠨ ᠬᠦᠢᠯᠭᠡᠭᠡᠨ‌‍ᠣ ᠬᠢᠨᠠᠨ ᠬᠠᠮᠢᠶᠠᠷᠬᠤ  ᠪᠠᠶᠢᠭᠤᠯᠤᠯ ᠢ ᠲᠦᠷᠭᠡᠪᠴᠢᠯᠡᠨ ᠲᠠᠬᠦᠯᠳᠡᠷᠵᠢᠬᠦᠯᠵᠤ᠂ ᠬᠠᠤᠯᠢ ᠪᠤᠰᠤ ᠪᠡᠯᠡ ᠴᠤᠭᠴᠠᠯᠠᠭᠤᠯᠬᠤ ᠵᠢᠴᠢ ᠮᠦᠩᠭᠦᠨ ᠬᠦᠢᠯᠭᠡᠭᠡᠨ ᠤ ᠮᠡᠭᠡᠯᠡᠯ ᠢ ᠰᠡᠷᠭᠡᠶᠢᠯᠡᠵᠦ᠂ ᠮᠦᠩᠭᠦᠨ ᠬᠦᠢᠯᠭᠡᠨ ᠤ ᠣᠷᠴᠢᠨ ᠢ ᠰᠢᠯᠢᠳᠡᠭᠵᠢᠭᠦᠯᠦᠨ᠎ᠡ᠃ ︽ᠳᠣᠯᠣᠳᠤᠭᠠᠷ ᠲᠠᠪᠤ ᠵᠢᠯ︾᠎ ᠤᠨ ᠬᠠᠤᠯᠢ ᠲᠦᠭᠡᠮᠵᠢᠯᠡᠭᠦᠯᠬᠦ ᠶᠢ ᠭᠦᠨᠵᠡᠭᠡᠢ ᠠᠬᠢᠭᠤᠯᠤᠨ᠂ ᠠᠷᠠᠳ ᠤᠨ ᠡᠶᠡᠳᠡᠬᠦᠯᠦᠯ᠂ ᠬᠠᠤᠯᠢ ᠴᠠᠭᠠᠵᠠ ᠶᠢᠨ ᠲᠤᠰᠠᠯᠠᠯᠴᠠᠭ᠎ᠠ᠂ ᠲᠦᠪᠬᠢᠨᠡᠬᠦᠯᠬᠦ ᠬᠠᠪᠰᠤᠷᠤᠨ ᠬᠦᠮᠦᠵᠢᠭᠦᠯᠬᠦ ᠪᠠ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ︽ᠠᠮᠤᠷ ᠲᠦᠪᠰᠢᠨ ᠪᠣᠤ ᠱᠠᠨ︾᠎ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠡᠯ᠎ᠡ ᠳᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠴᠢᠮ ᠠᠷᠭᠠᠴᠠᠭᠠᠬᠤ  ᠬᠠᠮᠢᠶᠠᠷᠤᠯᠲᠠ ᠶᠢᠨ ᠪᠠᠶᠢᠭᠤᠯᠤᠯ ᠂ ᠠᠵᠢᠯᠯᠠᠬᠤ ᠲᠤᠭᠳᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠪᠦᠳᠦᠭᠡᠨ ᠪᠠᠶᠢᠭᠤᠯᠤᠯᠲᠠ  ᠶᠢᠨ ᠲᠤᠭᠤᠷᠢᠭ᠂  ᠪᠠᠯᠭᠠᠰᠤ ᠰᠢᠶᠠᠩ ᠵᠡᠭᠡᠯᠢ ᠭᠤᠳᠤᠮᠵᠢ ᠬᠤᠶᠠᠷ ᠱᠠᠳᠤ ᠬᠠᠷᠢᠯᠴᠠᠨ ᠬᠤᠯᠪᠤᠭᠳᠠᠵᠤ ᠬᠠᠷᠢᠯᠴᠠᠨ ᠨᠡᠪᠳᠡᠷᠭᠰᠡᠨ ᠪᠠᠴᠢᠮ ᠠᠷᠭᠠᠴᠠᠭᠠᠬᠤ ᠬᠤᠯᠪᠤᠭᠠᠯᠠᠨ ᠬᠦᠳᠡᠯᠬᠦ ᠵᠢᠯᠤᠭᠤᠳᠬᠤ ᠰᠢᠰᠲ᠋ᠧᠮ ᠢ ᠪᠠᠶᠢᠭᠤᠯᠵᠤ᠂ ᠡᠯ᠎ᠡ ᠵᠤᠶᠢᠯ ᠤᠨ ᠭᠡᠨᠡᠳᠳᠡ ᠶᠢᠨ ᠭᠡᠷᠡᠭ ᠢ ᠪᠦᠳᠦᠮᠵᠢᠳᠠᠢ ᠠᠷᠭᠠᠴᠠᠭᠠᠨ᠎ᠠ᠃ ᠤᠯᠤᠰ ᠤᠨ ᠪᠠᠳᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠳᠠ ᠶᠢ ᠴᠢᠩᠭᠠᠳᠬᠠᠨ᠂ ᠴᠡᠷᠢᠭ ᠠᠷᠠᠳ ᠠᠭᠤᠰᠤᠯᠴᠠᠨ ᠬᠦᠨᠵᠡᠭᠡᠢ ᠬᠦᠭᠵᠢᠬᠦ ᠶᠢ ᠠᠬᠢᠭᠤᠯᠤᠨ᠎ᠠ᠃ ᠨᠠᠮ ᠤᠨ ᠦᠨᠳᠦᠰᠦᠲᠡᠨ ᠤ ᠱᠠᠰᠢᠨ ᠰᠤᠷᠲᠠᠬᠤᠨ ᠤ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠦᠨᠳᠦᠰᠦᠲᠡᠨ ᠤ ᠠᠷᠠᠳ ᠲᠦᠮᠡᠨ ᠪᠦᠯᠬᠦᠮᠳᠡᠨ ᠲᠡᠮᠡᠴᠡᠵᠦ᠂ ᠠᠮᠤᠷ ᠲᠦᠪᠰᠢᠨ ᠠᠵᠤ ᠲᠦᠷᠦᠭᠰᠡᠨ ᠶᠡᠭᠡ ᠰᠠᠶᠢᠨ ᠪᠠᠶᠢᠳᠠᠯ ᠢ ᠦᠨᠡᠩᠬᠦ ᠬᠠᠮᠠᠭᠠᠯᠠᠨ᠎ᠠ᠃      ︵ᠶᠢᠰᠤ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠬᠠᠨᠤᠮᠵᠢᠳᠠᠢ ᠵᠠᠰᠠᠭ ᠤᠨ ᠤᠷᠳᠤᠨ ᠢ ᠴᠤᠭᠴᠠᠯᠠᠨ᠎ᠠ  ᠲᠠᠮᠦᠷ ᠢ ᠳᠠᠪᠲᠠᠬᠤ ᠳᠤ ᠲᠠᠪᠰᠢ ᠨᠢ ᠬᠠᠲᠠᠭᠤ ᠪᠠᠶᠢᠬᠤ ᠬᠡᠷᠡᠭᠲᠠᠢ ᠭᠡᠳᠡᠭ ᠢᠶᠠᠷ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ  ᠡᠷᠭᠡᠪᠰᠢ ᠴᠢᠩᠭ᠎ᠠ ᠵᠠᠰᠠᠭ ᠶᠠᠪᠤᠭᠤᠯᠵᠤ᠂ ᠬᠠᠤᠯᠢ ᠪᠠᠷ ᠵᠠᠰᠠᠭ ᠶᠠᠪᠤᠭᠤᠯᠵᠤ᠂ ᠠᠷᠢᠭᠤᠨ ᠴᠢᠭᠴᠢ ᠪᠠᠷ ᠵᠠᠰᠠᠭ ᠪᠠᠷᠢᠨ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠵᠠᠰᠠᠭ ᠤᠨ ᠣᠷᠳᠤᠨ ᠤ ᠦᠢᠯᠡᠴᠢᠯᠡᠭᠡᠨ ᠎ ᠤ ᠡᠷᠢᠯ ᠬᠦᠭᠡᠭᠡᠴᠠᠯᠳᠤᠯ ᠪᠤᠯᠭᠠᠵᠤ᠂ ᠠᠷᠠᠳ ᠲᠦᠮᠡᠨ ᠬᠠᠨᠤᠮᠵᠢᠳᠠᠢ ᠬᠠᠤᠯᠢᠵᠢᠯ ᠤᠨ ᠬᠡᠯᠪᠡᠷᠢ ᠶᠢᠨ᠂ ᠦᠨᠡᠨᠴᠢ ᠢᠳᠡᠭᠡᠮᠵᠢᠳᠤ ᠬᠡᠯᠪᠡᠷᠢ ᠶᠢᠨ᠂ ᠠᠷᠢᠭᠤᠨ ᠴᠢᠭᠴᠢ ᠬᠡᠯᠪᠡᠷᠢ  ᠵᠠᠰᠠᠭ ᠤᠨ ᠣᠷᠳᠣᠨ ᠢ ᠴᠤᠭᠴᠠᠯᠠᠨ  ᠪᠠᠶᠢᠭᠤᠯᠬᠤ ᠭᠡᠷᠡᠭᠳᠡᠢ᠃      ᠲᠦᠯᠦᠭᠡᠯᠡᠭᠴᠢᠳ ᠡ᠂ ᠠᠷᠠᠳ ᠲᠦᠮᠡᠨ ᠬᠦᠨᠳᠤ ᠨᠠᠶᠢᠳᠠᠯᠠᠭ᠎ᠠ ᠲᠠᠯᠪᠢᠵᠤ᠂ ᠡᠷᠡᠮᠡᠭᠡᠶᠢᠯᠡᠨ ᠲᠠᠪᠰᠢᠵᠤ ᠢᠷᠡᠭᠡᠳᠤᠢ ᠪᠠᠨ ᠴᠤᠭᠴᠠᠯᠠᠬᠤ ᠭᠡᠷᠡᠭᠳᠡᠢ ᠪᠠᠶᠢᠨ᠎ᠠ᠃ ᠪᠢᠳᠡᠨ ᠲᠤᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢᠨ ᠳᠤᠤᠷ᠎ᠠ᠂ ᠪᠦᠯᠬᠦᠮᠳᠡᠨ ᠨᠢᠭᠡᠳᠴᠦ᠂ ᠪᠦᠬᠦ ᠬᠤᠲᠠ ᠳᠤ ᠲᠦᠷᠦᠬᠦᠯᠡᠨ ᠴᠢᠨᠡᠭᠡᠯᠢᠭ ᠨᠡᠶᠢᠭᠡᠮ ᠳᠤ ᠣᠷᠣᠵᠤ᠂ ᠶᠤᠸᠠᠨ ᠪᠤᠤ ᠱᠠᠨ ᠲᠤᠭᠤᠷᠢᠭ ᠤᠨ  ᠎ ᠢᠶᠠᠨ ᠨᠡᠩ ᠦᠵᠡᠰᠭᠦᠯᠡᠩ ᠰᠠᠶᠢᠬᠠᠨ ᠢᠷᠡᠭᠡᠳᠤᠢ ᠮᠠᠷᠭᠠᠰᠢ ᠶᠢ ᠴᠤᠭᠴᠠᠯᠠᠬᠤ ᠶᠢᠨ ᠲᠦᠯᠦᠭᠡ ᠴᠢᠷᠮᠠᠶᠢᠨ ᠲᠡᠮᠡᠴᠡᠶ᠎ᠡ︕᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1