ᠲᠡᠮᠥᠷ ᠵᠠᠮ ᠤᠨ ᠵᠠᠮ ᠬᠠᠷᠢᠯᠴᠠᠭᠠᠨ ᠤ ᠡ᠊ᠨᠳᠡᠯ ᠤᠨ ᠮᠡᠳᠡᠯᠭᠡ ᠠᠴᠠ ᠦᠢᠯᠠᠭᠠᠷᠠᠢ
ᠨᠡᠶᠢᠲᠡᠯᠡᠭᠰᠡᠨ ᠴᠠᠭ᠄
2017/9/22
     ᠲᠤᠰ ᠡ᠊ᠨᠳᠡᠯ ᠪᠤᠯ ᠲᠡᠮᠥᠷ ᠵᠠᠮ ᠤᠨ ᠪᠤᠬ᠎ᠠ ᠲᠡᠷᠭᠡᠨ ᠴᠤᠪᠤᠭ᠎ᠠ ᠠᠶᠠᠯᠠᠬᠤ ᠲᠤᠮᠳᠠ ᠪᠠᠨ ᠬᠥᠮᠥᠨ ᠬᠠᠷ᠎ᠠ᠂ ᠮᠠᠰᠢᠨᠳᠤ ᠲᠡᠷᠭᠡ᠂ ᠮᠠᠰᠢᠨᠳᠤ ᠪᠤᠰᠤ ᠲᠡᠷᠭᠡ᠂ ᠮᠠᠯ ᠤᠨᠤᠭ᠎ᠠ ᠵᠢᠴᠢ ᠪᠤᠰᠤᠳ ᠬᠠᠷᠰᠢᠯᠠᠯ ᠶᠠᠭᠤᠮ᠎ᠠ ᠯᠤᠭ᠎ᠠ ᠮᠥᠷᠬᠦᠯᠳᠥᠬᠦ ᠪᠤᠶᠤ ᠭᠠᠯ ᠲᠡᠷᠭᠡ ᠬᠠᠷᠢᠯᠴᠠᠨ ᠮᠥᠷᠬᠦᠯᠳᠥᠭᠰᠡᠨ᠂ ᠵᠠᠮ ᠠᠴᠠ ᠭᠠᠷᠤᠭᠰᠠᠨ᠂ ᠭᠠᠯ ᠤᠨ ᠠᠶᠤᠯ ᠡᠬᠦᠰᠥᠭᠰᠡᠨ᠂ ᠲᠡᠯᠪᠡᠷᠡᠭᠰᠡᠨ ᠵᠡᠷᠭᠡ ᠲᠡᠮᠥᠷ ᠵᠠᠮ ᠤᠨ ᠶᠡᠷᠥ ᠶᠢᠨ ᠠᠶᠠᠯᠠᠯ ᠢ ᠨᠥᠯᠥᠭᠡᠯᠡᠬᠦ ᠡ᠊ᠨᠳᠡᠯ ᠢ ᠵᠢᠭᠠᠵᠤ ᠪᠤᠢ᠃       ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ      ● ᠠᠶᠤᠯᠳᠠᠢ ᠪᠠᠷᠠᠭ᠎ᠠ ᠲᠠᠸᠠᠷ ᠵᠥᠭᠡᠭᠡᠪᠥᠷᠢᠯᠡᠵᠤ ᠪᠠᠶᠢᠭ᠎ᠠ ᠭᠠᠯᠳᠤ ᠲᠡᠷᠭᠡ ᠨᠢ ᠨᠡᠪᠴᠢᠵᠤ ᠭᠤᠭᠤᠵᠢᠭᠰᠠᠨ᠂ ᠭᠠᠯ ᠭᠠᠷᠤᠭᠰᠠᠨ᠂ ᠲᠡᠯᠪᠡᠷᠡᠭᠰᠡᠨ ᠥᠶᠡᠰ᠂ ᠲᠡᠷᠦ᠋ᠢᠬᠠᠨ ᠲᠡᠮᠥᠷ ᠵᠠᠮ ᠤᠨ ᠰᠠᠯᠠᠭ᠎ᠠ ᠮᠥᠴᠢᠷ ᠲᠤ ᠮᠡᠳᠡᠬᠦᠯᠬᠦ ᠪᠤᠶᠤ 110᠎ ᠳᠤ ᠤᠳᠠᠰᠤᠳᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ ᠰᠠᠯᠬᠢ ᠥᠭᠡᠳᠡ ᠵᠥᠭ ᠪᠤᠶᠤ ᠲᠤᠬᠠᠢ ᠶᠢᠨ ᠲᠠᠯᠠᠪᠤᠷ ᠤᠨ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠵᠢᠯᠤᠭᠤᠳᠤᠯᠭ᠎ᠠ ᠲᠤᠤᠷ᠎ᠠ ᠠᠮᠤᠷ ᠲᠥᠪᠰᠢᠨ ᠭᠠᠵᠠᠷ ᠲᠤ ᠰᠢᠯᠵᠢᠭᠦᠯᠦᠨ᠎ᠠ᠃      ● ᠴᠠᠬᠢᠯᠭᠠᠨᠴᠢᠯᠠᠭᠰᠠᠨ ᠤᠷᠤᠨ ᠭᠡᠰᠡᠭ ᠤᠨ ᠴᠠᠬᠢᠯᠭᠠᠨ ᠲᠤᠤᠷ᠎ᠠ ᠰᠥᠯᠵᠢᠶ᠎ᠠ ᠨᠤᠷᠠᠭᠰᠠᠨ᠂ ᠵᠠᠮᠴᠢ ᠱᠤᠭᠤᠮ ᠭᠠᠵᠠᠷ ᠤᠨᠠᠭᠰᠠᠨ᠂ ᠴᠠᠬᠢᠯᠭᠠᠨ ᠪᠠᠭᠠᠨ᠎ᠠ ᠮᠠᠶᠢᠵᠢᠭᠰᠠᠨ ᠵᠡᠷᠭᠡ ᠪᠠᠶᠢᠳᠠᠯ ᠢ ᠤᠯᠵᠤ ᠮᠡᠳᠡᠪᠡᠯ᠂ ᠲᠡᠷᠦ᠋ᠢᠬᠠᠨ ᠲᠡᠮᠥᠷ ᠵᠠᠮ ᠤᠨ ᠰᠠᠯᠠᠭ᠎ᠠ ᠮᠥᠴᠢᠷ ᠲᠤ ᠮᠡᠳᠡᠬᠦᠯᠬᠦ ᠪᠤᠶᠤ 110᠎ ᠳᠤ ᠤᠳᠠᠰᠤᠳᠠᠨ ᠴᠠᠭᠳᠠᠭ᠎ᠠ ᠳᠤ ᠮᠡᠳᠡᠭᠦᠯᠦᠨ᠎ᠡ᠃      ● ᠲᠡᠮᠥᠷ ᠵᠠᠮ ᠤᠨ ᠰᠤᠯᠢᠪᠴᠠᠭ᠎ᠠ ᠬᠥᠬᠦᠷᠭᠡ ᠪᠤᠶᠤ ᠥᠨᠳᠥᠷ ᠲᠠᠷᠤᠯᠳᠠᠳᠤ ᠴᠠᠬᠢᠯᠭᠠᠨ ᠤᠳᠠᠰᠤ ᠨᠤᠷᠠᠭᠰᠠᠨ ᠂ ᠤᠨᠠᠭᠰᠠᠨ᠂ ᠲᠡᠮᠥᠷ ᠵᠠᠮ ᠤᠨ ᠬᠥᠬᠦᠷᠭᠡ ᠪᠤᠶᠤ ᠵᠠᠮ ᠱᠤᠭᠤᠮ ᠤᠰᠤᠨ ᠳᠤ ᠠᠪᠳᠠᠨ ᠰᠡᠳᠡᠷᠡᠭᠰᠡᠨ᠂ ᠲᠡᠷᠭᠡ ᠬᠥᠰᠭᠡ ᠬᠥᠬᠦᠷᠭᠡᠨ ᠲᠡᠭᠡᠷ᠎ᠡ ᠠᠴᠠ ᠤᠨᠠᠭᠰᠠᠨ ᠵᠡᠷᠭᠡ ᠪᠠᠶᠢᠳᠠᠯ ᠢ ᠤᠯᠵᠤ ᠮᠡᠳᠡᠪᠡᠯ᠂ ᠲᠡᠷᠦ᠋ᠢᠬᠠᠨ ᠲᠡᠮᠥᠷ ᠵᠠᠮ ᠤᠨ ᠰᠠᠯᠠᠭ᠎ᠠ ᠮᠥᠴᠢᠷ ᠲᠤ ᠮᠡᠳᠡᠬᠦᠯᠬᠦ ᠪᠤᠶᠤ 110᠎ ᠳᠤ ᠤᠳᠠᠰᠤᠳᠠᠨ ᠴᠠᠭᠳᠠᠭ᠎ᠠ ᠳᠤ ᠮᠡᠳᠡᠬᠦᠯᠬᠦ ᠭᠡᠷᠡᠭᠳᠡᠢ᠃      ● ᠮᠠᠰᠢᠨᠳᠤ ᠲᠡᠷᠭᠡ ᠵᠠᠮ ᠤᠨ ᠠᠭᠤᠯᠵᠠᠷ ᠲᠤ ᠭᠠᠯ ᠨᠢ ᠤᠨᠳᠠᠷᠠᠭᠰᠠᠨ᠂ ᠲᠡᠩᠭᠡᠯᠢᠭ ᠨᠢ ᠬᠤᠭᠤᠷᠠᠭᠰᠠᠨ᠂ ᠠᠴᠢᠶᠠᠯᠠᠭᠰᠠᠨ ᠪᠠᠷᠠᠭ᠎ᠠ ᠲᠡᠭᠡᠰᠢ ᠨᠢ ᠤᠨᠠᠭᠰᠠᠨ ᠪᠤᠯ ᠲᠡᠷᠦ᠋ᠢᠬᠠᠨ ᠲᠡᠮᠥᠷ ᠵᠠᠮ ᠤᠨ ᠵᠠᠮ ᠤᠨ ᠠᠭᠤᠯᠵᠠᠷ ᠤᠨ ᠵᠢᠵᠢᠬᠦᠷ ᠤᠨ ᠬᠥᠮᠥᠰ ᠲᠤ ᠮᠡᠳᠡᠬᠦᠯᠵᠤ᠂ ᠲᠡᠮᠥᠷ ᠵᠠᠮ ᠤᠨ ᠵᠠᠮ ᠤᠨ ᠠᠭᠤᠯᠵᠠᠷ ᠤᠨ ᠵᠢᠵᠢᠬᠦᠷᠯᠡᠭᠴᠢ ᠠᠴᠠ ᠰᠡᠷᠭᠡᠶᠢᠯᠡᠨ ᠬᠠᠮᠠᠭᠠᠯᠠᠬᠤ ᠪᠤᠶᠤ ᠭᠠᠯ ᠲᠡᠷᠭᠡ ᠶᠢ ᠬᠤᠷᠢᠭᠯᠠᠨ ᠵᠤᠭᠰᠤᠭᠠᠭᠰᠠᠨ ᠤ ᠰᠡᠬᠦᠯᠡᠷ ᠰᠠᠶ᠋ᠢ ᠠᠪᠤᠷᠠᠨ ᠲᠤᠰᠠᠯᠠᠬᠤ ᠭᠡᠷᠡᠭᠳᠡᠢ᠃       ● ᠲᠤᠬᠠᠢ ᠶᠢᠨ ᠲᠠᠯᠠᠪᠤᠷ ᠤᠨ ᠬᠥᠮᠥᠰ ᠥᠪᠡᠷ ᠢᠶᠠᠨ ᠠᠪᠤᠷᠠᠬᠤ ᠬᠠᠷᠢᠯᠴᠠᠨ ᠠᠪᠤᠷᠠᠬᠤ ᠪᠤᠶᠤ ᠤᠷᠢᠳᠠᠪᠡᠷ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ ᠠᠵᠢᠯᠯᠠᠭ᠎ᠠ ᠶᠢ ᠢᠳᠡᠪᠬᠢᠳᠡᠢ ᠥᠷᠨᠢᠬᠦᠯᠬᠦ ᠭᠡᠷᠡᠭᠳᠡᠢ᠃      ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠶᠠᠪᠠᠭᠠᠨ ᠬᠥᠮᠥᠰ ᠲᠤᠷ᠎ᠠ ᠪᠠᠷ ᠢᠶᠠᠨ ᠲᠡᠮᠥᠷ ᠵᠠᠮ ᠢ ᠤᠭᠳᠤᠯᠤᠨ ᠭᠠᠷᠬᠤ ᠪᠠ ᠬᠠᠮᠠᠭᠠᠯᠠᠯᠳᠠ ᠶᠢᠨ ᠭᠡᠷᠡᠭᠰᠡᠭᠡ ᠶᠢ ᠲᠠᠪᠠᠵᠤ ᠪᠤᠯᠬᠤ ᠥᠭᠡᠢ᠂ ᠲᠡᠮᠥᠷ ᠵᠠᠮ ᠲᠡᠭᠡᠷ᠎ᠡ ᠪᠤᠶᠤ ᠲᠡᠮᠥᠷ ᠵᠠᠮ ᠤᠨ ᠬᠥᠬᠦᠷᠭᠡ ᠶᠢᠨ ᠬᠤᠶᠠᠷ ᠬᠠᠵᠠᠭᠤ ᠪᠠᠷ ᠶᠠᠪᠤᠵᠤ ᠰᠠᠭᠤᠬᠤ ᠪᠠ ᠰᠡᠯᠡᠬᠦᠴᠡᠨ ᠠᠮᠠᠷᠠᠵᠤ ᠪᠤᠯᠬᠤ ᠥᠭᠡᠢ᠃ ᠥᠷᠳᠡᠭᠡᠨ ᠳᠤ ᠵᠤᠭᠰᠤᠭᠰᠠᠨ ᠭᠠᠯ ᠲᠡᠷᠭᠡ ᠶᠢᠨ ᠲᠤᠭᠤᠤᠷ ᠲᠤᠷ᠎ᠠ ᠪᠠᠷ ᠢᠶᠠᠨ ᠮᠥᠯᠬᠦᠨ ᠭᠠᠷᠴᠤ ᠪᠤᠯᠬᠤ ᠥᠭᠡᠢ᠃ ᠰᠤᠯᠢᠪᠴᠠᠭ᠎ᠠ ᠬᠥᠬᠦᠷᠭᠡᠨ ᠲᠡᠭᠡᠷ᠎ᠡ ᠠᠴᠠ ᠲᠡᠮᠥᠷ ᠵᠠᠮ ᠥᠭᠡᠳᠡ ᠡᠯᠳᠡᠪ ᠶᠠᠭᠤᠮ᠎ᠠ ᠰᠢᠳᠡᠬᠦ ᠶᠢ ᠴᠠᠭᠠᠵᠠᠯᠠᠨ᠎ᠠ᠃      ◇ ᠮᠠᠰᠢᠨᠳᠤ ᠲᠡᠷᠭᠡ ᠲᠡᠮᠥᠷ ᠵᠠᠮ ᠤᠨ ᠠᠭᠤᠯᠵᠠᠷ ᠵᠠᠮ ᠢᠶᠠᠷ ᠥᠡᠭᠭᠡᠷᠡᠬᠦ ᠳᠡᠭᠡᠨ ᠨᠢᠭᠡ ᠳᠤ ᠵᠤᠭᠰᠤᠵᠤ᠂ ᠬᠤᠶᠠᠷ ᠲᠤ ᠬᠠᠷᠠᠵᠤ᠂ ᠭᠤᠷᠪᠠ ᠳᠤ ᠥᠡᠭᠭᠡᠷᠡᠬᠦ ᠵᠠᠷᠴᠢᠮ ᠢ ᠪᠠᠷᠢᠮᠳᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1