ᠲᠥᠷᠭᠡᠨ ᠬᠤᠷᠳᠤᠴᠠᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2017/9/22
     ᠲᠥᠷᠭᠡᠨ ᠬᠤᠷᠳᠤᠴᠠᠳᠤ ᠵᠠᠰᠠᠮᠠᠯ ᠵᠠᠮ ᠢᠶᠠᠷ ᠲᠡᠷᠭᠡ ᠠᠶᠠᠯᠠᠬᠤ ᠳᠠᠭᠠᠨ ᠬᠥᠶᠥᠬᠦ ᠨᠢ ᠲᠥᠷᠭᠡᠨ᠂ ᠵᠢᠯᠤᠭᠤᠴᠢ ᠶᠢᠨ ᠬᠥᠳᠡᠯᠥᠩᠬᠦᠢ ᠬᠠᠷᠠᠴᠠ ᠪᠠᠭᠤᠷᠠᠵᠤ᠂ ᠥᠵᠡᠬᠦ ᠥᠷᠭᠡᠴᠡ ᠨᠢ ᠢᠪᠴᠤᠷᠠᠵᠤ᠂ ᠮᠠᠭᠠᠳᠯᠠᠬᠤ ᠴᠢᠳᠠᠪᠤᠷᠢ ᠨᠢ ᠪᠠᠭᠤᠷᠠᠵᠤ᠂ ᠲᠡᠩᠴᠡᠬᠦᠷᠢᠳᠤ ᠰᠡᠷᠡᠯ ᠨᠢ ᠴᠤ ᠬᠤᠪᠢᠷᠠᠯᠳᠠ ᠲᠠᠢ ᠪᠤᠯᠳᠠᠭ ᠲᠤᠯᠠ ᠵᠠᠮ ᠬᠠᠷᠢᠯᠴᠠᠭᠠᠨ ᠤ ᠡ᠊ᠨᠳᠡᠯ ᠲᠤᠩ ᠠᠮᠠᠷᠬᠠᠨ ᠡᠬᠦᠰᠳᠡᠭ᠃       ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ     ● ᠮᠠᠰᠢᠨᠳᠤ ᠲᠡᠷᠭᠡ ᠨᠢ ᠲᠥᠷᠭᠡᠨ ᠬᠤᠷᠳᠤᠴᠠᠳᠤ ᠵᠠᠰᠠᠮᠠᠯ ᠵᠠᠮ ᠲᠡᠭᠡᠷ᠎ᠡ ᠡ᠊ᠨᠳᠡᠯ ᠭᠠᠷᠬᠤ ᠳᠤ ᠬᠥᠷᠪᠡᠯ᠂ ᠲᠡᠷᠭᠡ ᠪᠠᠨ ᠲᠡᠷᠦ᠋ᠢᠬᠠᠨ ᠵᠤᠭᠰᠤᠭᠠᠵᠤ᠂ ᠲᠤᠬᠠᠢ ᠶᠢᠨ ᠲᠠᠯᠠᠪᠠᠢ ᠶᠢ ᠬᠠᠮᠠᠭᠠᠯᠠᠬᠤ ᠭᠡᠷᠡᠭᠳᠡᠢ᠃ ᠴᠠᠭᠳᠠᠭ᠎ᠠ ᠳᠤ ᠤᠳᠠᠰᠤᠳᠠᠨ ᠮᠡᠳᠡᠬᠦᠯᠬᠦ ᠳᠡᠭᠡᠨ ᠬᠡᠷᠡᠭ ᠭᠠᠷᠤᠭᠰᠠᠨ ᠴᠠᠭ᠂ ᠤᠷᠤᠨ ᠪᠠᠶᠢᠷᠢ᠂ ᠥᠷ᠎ᠡ ᠳ᠋ᠦᠩ ᠵᠡᠷᠭᠡ ᠶᠢ ᠲᠤᠳᠤᠷᠬᠠᠢ ᠮᠡᠳᠡᠭᠳᠡᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠪᠠᠶᠢᠴᠠᠭᠠᠬᠤ ᠳᠤ ᠬᠠᠮᠵᠢᠯᠴᠠᠬᠤ ᠭᠡᠷᠡᠭᠳᠡᠢ᠃     ● ᠬᠥᠮᠥᠨ ᠥᠬᠦᠵᠤ ᠰᠢᠷᠬᠠᠳᠤᠭᠰᠠᠨ ᠡ᠊ᠨᠳᠡᠯ ᠭᠠᠷᠤᠭᠰᠠᠨ ᠪᠤᠯ ᠤᠷᠢᠳᠠᠪᠡᠷ ᠬᠥᠮᠥᠨ ᠢ ᠠᠪᠤᠷᠠᠬᠤ ᠶᠢᠨ ᠲᠠᠭᠠᠤ 122᠂ 120᠎ ᠳᠤ ᠲᠡᠷᠦ᠋ᠢᠬᠠᠨ ᠤᠳᠠᠰᠤᠳᠠᠭᠠᠷᠠᠢ᠃     ● ᠠᠶᠤᠯ ᠲᠥᠭᠰᠢᠬᠦᠷᠢ ᠶᠢ ᠮᠡᠳᠡᠬᠦᠯᠬᠦ ᠳ᠋ᠧᠩ ᠢᠶᠠᠨ ᠨᠡᠭᠡᠭᠡᠵᠤ᠂ ᠲᠡᠷᠭᠡ ᠢᠷᠡᠬᠦ ᠵᠥᠭ ᠲᠤ 150 ᠮᠧᠳ᠋ᠷ ᠠᠴᠠ ᠭᠠᠳᠠᠨ᠎ᠠ ᠰᠠᠷᠠᠮᠵᠢ ᠶᠢᠨ ᠲᠡᠮᠳᠡᠭ ᠭᠠᠷᠭᠠᠨ᠎ᠠ᠃     ● ᠲᠡᠷᠭᠡᠨ ᠲᠡᠭᠡᠷᠡᠬᠢ ᠬᠥᠮᠥᠰ ᠢ ᠵᠠᠮ ᠤᠨ ᠪᠠᠷᠠᠭᠤᠨ ᠲᠠᠯ᠎ᠠ ᠪᠤᠶᠤ ᠪᠠᠴᠢᠮ ᠠᠷᠭᠠᠴᠠᠬᠤ ᠲᠡᠷᠭᠡᠨ ᠲᠡᠭᠡᠷ᠎ᠡ ᠲᠥᠷᠭᠡᠨ ᠰᠢᠯᠵᠢᠬᠦᠯᠬᠦ ᠭᠡᠷᠡᠭᠳᠡᠢ︔ ᠥᠪᠡᠷᠰᠡᠳ ᠢᠶᠠᠨ ᠵᠥᠪᠳᠡᠯᠴᠡᠨ ᠰᠢᠢᠳᠪᠥᠷᠢᠯᠡᠵᠤ ᠲᠡᠶᠢᠯᠬᠦ ᠬᠥᠡᠭᠭᠡᠨ ᠡ᠊ᠨᠳᠡᠯ ᠪᠤᠯ ᠮᠠᠰᠢᠨᠳᠤ ᠲᠡᠷᠭᠡ ᠶᠢ ᠲᠡᠷᠦ᠋ᠢᠬᠠᠨ ᠪᠠᠴᠢᠮ ᠠᠪᠤᠷᠠᠬᠤ ᠵᠠᠮ ᠪᠤᠶᠤ ᠥᠢᠯᠡᠴᠢᠯᠡᠭᠡᠨ ᠤ ᠲᠤᠭᠤᠷᠢᠬ ᠲᠤ ᠪᠤᠯᠪᠠᠤ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ    ◇ ᠡ᠊ᠨᠳᠡᠯ ᠤᠨ ᠲᠤᠰᠬᠠᠢ ᠲᠠᠯᠠᠪᠤᠷ ᠪᠠ ᠰᠢᠷᠬᠠᠳᠠᠨ ᠤ ᠭᠡᠪᠳᠡᠭᠡ ᠪᠠᠶᠢᠷᠢᠰᠢᠯ ᠳᠤ ᠲᠡᠮᠳᠡᠭ ᠲᠡᠯᠪᠢᠵᠤ᠂ ᠲᠤᠬᠠᠢ ᠶᠢᠨ ᠲᠠᠯᠠᠪᠤᠷ ᠤᠨ ᠮᠥᠷ ᠰᠤᠷᠪᠢ ᠪᠤᠳᠠᠰ ᠤᠨ ᠬᠡᠷᠡᠴᠢ ᠶᠢ ᠪᠥᠷᠢᠨ ᠬᠠᠮᠠᠭᠠᠯᠠᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠬᠠᠪᠰᠤᠷᠤᠨ ᠬᠡᠷᠡᠴᠢᠯᠡᠬᠦ ᠬᠥᠮᠥᠰ ᠢ ᠡᠷᠢᠵᠤ ᠤᠯᠬᠤ ᠭᠡᠷᠡᠭᠳᠡᠢ᠃    ◇ ᠥᠷᠬᠦᠯᠵᠢᠯᠡᠨ ᠤᠷᠤᠭᠤ ᠪᠠᠭᠤᠬᠤ ᠳᠤ ᠲᠤᠷᠤᠮᠰᠤᠯᠠᠭᠤᠷ ᠢᠶᠠᠨ ᠬᠠᠭᠠᠵᠤ ᠭᠤᠯᠭᠤᠭᠤᠯᠵᠤ ᠪᠤᠯᠬᠤ ᠥᠭᠡᠢ︔ ᠬᠥᠨᠳᠤ ᠠᠴᠢᠶ᠎ᠠ ᠲᠠᠢ ᠮᠠᠰᠢᠨ ᠲᠡᠷᠭᠡ ᠨᠢ ᠠᠯᠢ ᠴᠢᠳᠠᠬᠤ ᠪᠠᠷ ᠲᠤᠮᠳᠠᠴᠢ ᠬᠤᠷᠳᠤᠴᠠ ᠶᠢᠨ ᠲᠤᠷᠤᠮᠰᠤᠯᠠᠭᠤᠷ ᠢᠶᠠᠷ ᠠᠶᠠᠯᠠᠵᠤ᠂ ᠲᠤᠷᠤᠮᠰᠤᠯᠠᠭᠤᠷ ᠨᠢ ᠬᠡᠳᠥᠷᠭᠡᠢ ᠬᠠᠯᠠᠭᠠᠤᠨ ᠥᠢᠯᠡᠳᠥᠯ ᠢᠶᠠᠨ ᠠᠯᠳᠠᠬᠤ ᠠᠴᠠ ᠰᠡᠷᠭᠡᠶᠢᠯᠡᠨ᠎ᠡ᠃    ◇ ᠡᠮᠥᠨ᠎ᠡ ᠲᠡᠯ᠎ᠠ ᠳᠤ ᠲᠡᠷᠭᠡ ᠲᠥᠭᠵᠢᠷᠡᠭᠰᠡᠨ ᠪᠠᠶᠢᠪᠠᠯ ᠲᠡᠰ ᠲᠠᠷᠠᠭᠠᠯᠠᠨ ᠮᠥᠷᠯᠡᠨ ᠬᠥᠯᠢᠶᠡᠬᠦ ᠭᠡᠷᠡᠭᠳᠡᠢ᠂ ᠠᠵᠠ ᠭᠤᠷᠢᠳᠠᠵᠤ ᠰᠥᠯᠵᠢᠯᠡᠨ ᠶᠠᠪᠤᠬᠤ ᠪᠤᠶᠤ ᠪᠠᠴᠢᠮ ᠠᠷᠭᠠᠴᠠᠭᠠᠬᠤ ᠵᠠᠮ ᠢ ᠡᠵᠡᠯᠡᠵᠤ ᠤᠭᠳᠤ ᠪᠤᠯᠬᠤ ᠥᠭᠡᠢ᠂ ᠢᠡᠭᠬᠢᠬᠦ ᠳᠤ ᠬᠥᠷᠪᠡᠯ᠂ ᠨᠡᠩ ᠬᠥᠨᠳᠤ ᠨᠤᠴᠢᠳᠠᠢ ᠵᠠᠮ ᠬᠠᠷᠢᠯᠴᠠᠭᠠᠨ ᠤ ᠲᠥᠭᠵᠢᠷᠡᠯ ᠢ ᠪᠤᠢ ᠪᠤᠯᠭᠠᠬᠤ ᠪᠥᠭᠡᠳ ᠤᠨᠴᠠ ᠲᠥᠷᠥᠯ ᠤᠨ ᠲᠡᠷᠭᠡ ᠬᠥᠰᠭᠡ ᠶᠢᠨ ᠠᠶᠤᠯ ᠠᠴᠠ ᠠᠪᠤᠷᠠᠬᠤ ᠶᠢ ᠨᠥᠯᠥᠭᠡᠯᠡᠬᠦ ᠪᠤᠯᠤᠨ᠎ᠠ᠃     ◇ ᠰᠠᠯᠬᠢ ᠰᠢᠭᠤᠷᠭᠠᠨ ᠴᠠᠰᠤ ᠮᠥᠰᠤ ᠪᠠ ᠡᠬᠦᠯᠡ ᠮᠠᠨᠠᠨ ᠲᠠᠢ ᠥᠶᠡᠰ ᠠᠭᠠᠵᠢᠮ ᠠᠶᠠᠯᠠᠬᠤ ᠶᠢᠨ ᠲᠠᠭᠠᠤ ᠵᠠᠮ ᠤᠨ ᠴᠠᠭᠳᠠᠭ᠎ᠠ ᠶᠢᠨ ᠵᠢᠯᠤᠭᠤᠳᠤᠯᠭ᠎ᠠ ᠶᠢ ᠲᠠᠭᠠᠵᠤ᠂ ᠬᠠᠮᠤᠭ ᠤᠨ ᠤᠢᠢᠷ᠎ᠠ ᠪᠥᠬᠦᠢ ᠭᠠᠷᠬᠤ ᠵᠠᠮ ᠢᠶᠠᠷ ᠲᠥᠷᠭᠡᠨ ᠬᠤᠷᠳᠤᠴᠠᠳᠤ ᠵᠠᠰᠠᠮᠠᠯ ᠵᠠᠮ ᠠᠴᠠ ᠪᠠᠭᠤᠬᠤ ᠪᠤᠶᠤ ᠥᠢᠯᠡᠴᠢᠯᠡᠭᠡᠨ ᠤ ᠲᠤᠭᠤᠷᠢᠬ ᠲᠤ ᠵᠤᠭᠰᠤᠨ ᠠᠮᠠᠷᠠᠬᠤ ᠭᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1