ᠮᠠᠰᠢᠨ ᠲᠡᠷᠭᠡᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2017/9/22
      ᠡᠷᠳᠡᠨ ᠤ ᠥᠭᠡᠨ ᠳᠤ᠄ ︽ᠠᠷᠪᠠᠨ ᠡ᠊ᠨᠳᠡᠯ ᠤᠨ ᠶᠢᠰᠤ ᠨᠢ ᠬᠤᠷᠳᠤᠨ ᠬᠥᠶᠥᠯᠭᠡᠭᠰᠡᠨ ᠠᠴᠠ ᠪᠤᠯᠵᠤ᠂ ᠰᠡᠳᠬᠢᠯ ᠰᠠᠨᠠᠭᠠᠨ ᠤ ᠠᠩᠬᠠᠷᠤᠮᠵᠢ ᠥᠭᠡᠢ ᠨᠢ ᠡ᠊ᠨᠳᠡᠯ ᠤᠨ ᠢᠷᠡᠯᠳᠡ︾ ᠭᠡᠳᠡᠭ᠃ ᠮᠠᠰᠢᠨᠳᠤ ᠲᠡᠷᠭᠡ ᠶᠢ ᠵᠢᠯᠤᠭᠤᠳᠤᠨ ᠠᠶᠠᠯᠠᠬᠤ ᠳᠠᠭᠠᠨ ᠲᠤᠤᠷᠠᠬᠢ ᠭᠡᠳᠥᠨ ᠵᠥᠢᠯ ᠢ ᠡᠷᠭᠡᠪᠰᠢ ᠬᠥᠢᠴᠡᠳᠭᠡᠬᠦ ᠭᠡᠷᠡᠭᠳᠡᠢ᠃ ᠲᠤᠬᠠᠢᠢᠯᠠᠪᠠᠯ᠄ ︽ᠬᠠᠤᠯᠢ ᠶᠤᠰᠤᠭᠠᠷ ᠮᠠᠰᠢᠨᠳᠤ ᠲᠡᠷᠭᠡ ᠶᠢᠨ ᠵᠢᠯᠤᠭᠤᠴᠢ ᠶᠢᠨ ᠥᠨᠡᠮᠯᠡᠯ ᠠᠪᠬᠤ ᠭᠡᠷᠡᠭᠳᠡᠢ︔ ᠵᠠᠰᠠᠮᠠᠯ ᠵᠠᠮ ᠤᠨ ᠪᠠᠷᠠᠭᠤᠨ ᠲᠠᠯ᠎ᠠ ᠪᠠᠷ ᠠᠶᠠᠯᠠᠬᠤ ᠭᠡᠷᠡᠭᠳᠡᠢ︔ ᠮᠠᠰᠢᠨᠳᠤ ᠲᠡᠷᠭᠡᠨ ᠤ ᠠᠶᠠᠯᠠᠯ ᠤᠨ ᠲᠤᠭᠳᠠᠭᠠᠯ᠂ ᠠᠴᠢᠶᠠᠯᠭ᠎ᠠ ᠶᠢᠨ ᠲᠤᠭᠳᠠᠭᠠᠯ᠂ ᠠᠶᠠᠨᠴᠢᠳ ᠰᠠᠭᠤᠯᠭᠠᠬᠤ ᠲᠤᠭᠳᠠᠭᠠᠯ᠂ ᠬᠥᠶᠥᠯᠭᠡᠭᠡᠬᠦ ᠬᠤᠷᠳᠤᠴᠠ ᠶᠢᠨ ᠲᠤᠭᠳᠠᠭᠠᠯ᠂ ᠲᠡᠷᠭᠡ ᠵᠤᠭᠰᠤᠭᠠᠬᠤ ᠲᠤᠭᠳᠠᠭᠠᠯ ᠢ ᠴᠢᠩᠭ᠎ᠠ ᠵᠢᠷᠤᠮᠯᠠᠬᠤ ᠭᠡᠷᠡᠭᠳᠡᠢ︔ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠶᠢ ᠲᠠᠭᠠᠬᠤ ᠭᠡᠷᠡᠭᠳᠡᠢ᠃︾        ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ      ● ᠵᠠᠮ ᠬᠠᠷᠢᠯᠴᠠᠭᠠᠨ ᠤ ᠡ᠊ᠨᠳᠡᠯ ᠡᠬᠦᠰᠥᠭᠰᠡᠨ ᠥᠶ᠎ᠡ ᠳᠤ ᠲᠡᠷᠦ᠋ᠢᠬᠠᠨ ᠲᠡᠷᠭᠡ ᠪᠠᠨ ᠵᠤᠭᠰᠤᠭᠠᠵᠤ᠂ ᠲᠤᠬᠠᠢ ᠶᠢᠨ ᠭᠠᠵᠠᠷ ᠢ ᠬᠠᠮᠠᠭᠠᠯᠠᠨ᠂ ᠠᠶᠤᠯ ᠲᠥᠭᠰᠢᠬᠦᠷᠢ ᠶᠢ ᠮᠡᠳᠡᠭᠡᠯᠡᠬᠦ ᠲᠤᠬᠢᠶᠠᠨ ᠳ᠋ᠧᠩ ᠢ ᠭᠡᠷᠡᠯᠳᠥᠬᠦᠯᠬᠦ ᠶᠢᠨ ᠲᠠᠭᠠᠤ ᠲᠡᠷᠭᠡ ᠢᠷᠡᠬᠦ ᠵᠥᠭ ᠲᠤ 50 ᠮᠧᠳ᠋ᠷ ᠠᠴᠠ 100 ᠮᠧᠳ᠋ᠷ ᠲᠤ ᠲᠤᠬᠢᠶᠠᠨ ᠤ ᠲᠡᠮᠳᠡᠭ ᠲᠠᠯᠪᠢᠵᠤ ᠰᠡᠷᠡᠮᠵᠢ ᠦᠭᠬᠦᠨ᠎ᠡ᠃      ● ᠬᠥᠮᠥᠨ ᠠᠮᠢᠳᠠᠨ ᠰᠢᠷᠬᠠᠳᠤᠭᠰᠠᠨ ᠪᠤᠯ ᠵᠢᠯᠤᠭᠤᠴᠢ ᠨᠢ ᠲᠡᠷᠦ᠋ᠢᠬᠠᠨ ᠰᠢᠷᠬᠠᠳᠤᠭᠰᠠᠳ ᠢ ᠠᠪᠤᠷᠠᠨ ᠲᠤᠰᠠᠯᠠᠬᠤ ᠶᠢᠨ ᠲᠠᠭᠠᠤ ᠴᠠᠭᠳᠠᠭ᠎ᠠ ᠳᠤ ᠲᠥᠷᠭᠡᠨ ᠮᠡᠳᠡᠭᠦᠯᠦᠨ᠎ᠡ᠃      ● ᠰᠢᠷᠬᠠᠳᠤᠭᠰᠠᠳ ᠢ ᠠᠪᠤᠷᠠᠬᠤ ᠶᠢᠨ ᠲᠤᠰᠠᠳᠠ ᠲᠤᠬᠠᠢ ᠶᠢᠨ ᠲᠠᠯᠠᠪᠠᠢ ᠶᠢ ᠥᠭᠡᠷᠡᠴᠢᠯᠡᠬᠦ ᠥᠶᠡᠰ᠂ ᠡ᠊ᠨᠳᠡᠯ ᠤᠨ ᠲᠡᠷᠭᠡ ᠪᠤᠯᠤᠨ ᠬᠥᠮᠥᠨ ᠤ ᠪᠠᠶᠢᠷᠢᠰᠢᠯ ᠢ ᠲᠤᠳᠤᠷᠬᠠᠶᠢᠯᠠᠨ᠎ᠠ᠃      ● ᠵᠠᠮ ᠲᠡᠭᠡᠷ᠎ᠠ ᠵᠠᠮ ᠬᠠᠷᠢᠯᠴᠠᠭᠠᠨ ᠤ ᠡ᠊ᠨᠳᠡᠯ ᠭᠠᠷᠴᠤ᠂ ᠬᠥᠮᠥᠨ ᠬᠠᠷ᠎ᠠ ᠥᠬᠦᠵᠤ ᠰᠢᠷᠬᠠᠳᠤᠭᠰᠠᠨ ᠥᠭᠡᠢ ᠪᠤᠶᠤ ᠡᠳ᠋ ᠬᠥᠷᠥᠩᠭᠡ ᠲᠡᠮᠡᠢ ᠬᠤᠬᠢᠷᠠᠵᠤ ᠰᠥᠢᠳᠥᠭᠰᠡᠨ ᠥᠭᠡᠢ ᠪᠤᠯ ᠲᠤᠬᠠᠢ ᠶᠢᠨ ᠬᠥᠮᠥᠨ ᠨᠢ ᠤᠷᠢᠳᠠᠪᠡᠷ ᠲᠤᠬᠠᠢ ᠶᠢᠨ ᠲᠠᠯᠠᠪᠤᠷ ᠠᠴᠠ ᠵᠠᠶᠢᠯᠠᠵᠤ᠂ ᠲᠡᠬᠢᠨ ᠵᠥᠪᠳᠡᠯᠴᠡᠨ ᠰᠢᠢᠳᠪᠥᠷᠢᠯᠡᠵᠤ ᠪᠤᠯᠤᠨ᠎ᠠ᠃       ᠲᠤᠰᠬᠠᠢ ᠮᠡᠷᠭᠡᠵᠢᠯᠳᠡᠨ ᠤ ᠰᠠᠨᠠᠭᠤᠯᠤᠮᠵᠢ      ◇ ᠡᠪᠳᠡᠷᠭᠡᠢ ᠲᠡᠷᠭᠡ ᠵᠢᠯᠤᠭᠤᠳᠤᠨ ᠠᠶᠠᠯᠠᠵᠤ ᠪᠤᠯᠬᠤ ᠥᠭᠡᠢ᠃      ◇ ᠠᠭᠤᠯᠠᠨ ᠤ ᠵᠠᠰᠠᠮᠠᠯ ᠵᠠᠮ ᠢᠶᠠᠷ ᠠᠶᠠᠯᠠᠬᠤ ᠳᠠᠭᠠᠨ ᠬᠠᠰᠢᠷ ᠵᠢᠯᠤᠭᠤᠴᠢ ᠶᠢ ᠰᠤᠩᠭᠤᠨ ᠵᠢᠯᠤᠭᠤᠳᠤᠭᠤᠯᠬᠤ ᠭᠡᠷᠡᠭᠳᠡᠢ᠃      ◇ ᠠᠷᠢᠬᠢ ᠤᠤᠭᠤᠭᠠᠳ ᠲᠡᠷᠭᠡ ᠵᠢᠯᠤᠭᠤᠳᠬᠤ᠂ ᠥᠨᠡᠮᠯᠡᠯ ᠥᠭᠡᠢ ᠪᠠᠷ ᠲᠡᠷᠭᠡ ᠵᠢᠯᠤᠭᠤᠳᠬᠤ᠂ ᠶᠡᠳᠠᠷᠠᠯ ᠲᠠᠢ ᠪᠠᠷ ᠲᠡᠷᠭᠡ ᠵᠢᠯᠤᠭᠤᠳᠬᠤ ᠶᠢ ᠴᠠᠭᠠᠵᠠᠯᠠᠬᠤ ᠪᠥᠭᠡᠳ ᠲᠡᠷᠭᠡ ᠵᠢᠯᠤᠭᠤᠳᠴᠤ ᠪᠠᠶᠢᠭᠠᠳ ᠭᠠᠷ ᠤᠳᠠᠰᠤ ᠪᠠᠷ ᠤᠳᠠᠰᠤᠳᠠᠬᠤ ᠶᠢ ᠴᠠᠭᠠᠵᠠᠯᠠᠨ᠎ᠠ᠃       ◇ ᠲᠡᠮᠥᠷ ᠵᠠᠮ ᠤᠨ ᠠᠭᠤᠯᠵᠠᠷ ᠢᠶᠠᠷ ᠥᠡᠭᠭᠡᠷᠡᠬᠦ ᠳᠡᠭᠡᠨ ᠭᠠᠯ ᠲᠡᠷᠭᠡᠨ ᠳᠤ ᠰᠠᠨᠠᠭᠠᠴᠢᠯᠠᠭ᠎ᠠ ᠠᠴᠠ ᠪᠠᠨ ᠵᠠᠮ ᠲᠠᠯᠪᠢᠵᠤ ᠥᠭᠬᠦ ᠭᠡᠷᠡᠭᠳᠡᠢ᠃ ᠵᠠᠪᠳᠤᠨ ᠲᠤᠪᠳᠤᠯᠬᠤ᠂ ᠪᠤᠯᠢᠶᠠᠯᠳᠤᠨ ᠲᠤᠪᠳᠤᠯᠬᠤ ᠠᠵᠢᠯᠯᠠᠭ᠎ᠠ ᠶᠢ ᠡᠷᠡᠰ ᠴᠡᠭᠡᠷᠯᠡᠨ᠎ᠡ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1