ᠨᠤᠷᠠᠨ ᠶᠡᠬᠦᠷᠡᠬᠦ ᠭᠡᠳᠡᠭ ᠨᠢ ᠶᠠᠭᠤ ᠶᠢ ᠬᠡᠯᠡᠵᠤ ᠪᠠᠶᠢᠬᠤ ᠪᠤᠢ
ᠨᠡᠶᠢᠲᠡᠯᠡᠭᠰᠡᠨ ᠴᠠᠭ᠄
2017/9/22
     ᠨᠤᠷᠠᠨ ᠶᠡᠬᠦᠷᠡᠬᠦ ᠭᠡᠳᠡᠭ ᠪᠤᠯ ᠡᠭᠴᠡ ᠠᠭᠤᠯᠠᠨ ᠤ ᠬᠢᠷ᠎ᠠ ᠬᠥᠳᠥᠯ ᠤᠨ ᠴᠢᠯᠠᠭᠤ ᠪᠤᠶᠤ ᠰᠢᠷᠤᠢ ᠨᠢ ᠬᠥᠨᠳᠤ ᠶᠢᠨ ᠬᠥᠴᠥᠨ ᠤ ᠥᠢᠯᠡᠳᠥᠯ ᠲᠤᠤᠷ᠎ᠠ᠂ ᠶᠡᠬᠦᠷᠡᠵᠤ ᠨᠤᠷᠠᠬᠤ ᠪᠠ ᠥᠡᠭᠬᠦᠷᠢᠳᠥᠨ ᠬᠥᠳᠡᠯᠬᠦ ᠥᠵᠡᠭᠳᠡᠯ ᠮᠥᠨ ᠃ ᠨᠤᠷᠠᠵᠤ ᠶᠡᠬᠦᠷᠡᠭᠰᠡᠨ ᠠᠴᠠ ᠪᠤᠯᠵᠤ ᠶᠡᠷᠥᠳᠡᠭᠡᠨ ᠵᠠᠮ ᠬᠠᠷᠢᠯᠴᠠᠭ᠎ᠠ ᠲᠠᠰᠤᠯᠳᠠᠵᠤ ᠪᠥᠭᠯᠡᠷᠡᠨ ᠲᠥᠭᠵᠢᠷᠡᠬᠦ ᠪᠤᠶᠤ ᠠᠭᠤᠯᠠᠨ ᠤ ᠬᠤᠷᠮᠤᠢ ᠳᠠᠬᠢ ᠡᠳ᠋ ᠪᠤᠳᠠᠰ ᠢ ᠡᠪᠳᠡᠯᠵᠤ ᠨᠤᠷᠠᠭᠠᠵᠤ᠂ ᠭᠡᠷᠪᠡ ᠥᠶᠡᠷ ᠪᠤᠯᠪᠠᠯ ᠰᠢᠭᠤᠳ ᠰᠢᠪᠡᠷ ᠴᠢᠯᠠᠭᠤᠨ ᠤ ᠤᠷᠤᠰᠬᠠᠯ ᠪᠤᠯᠵᠤ ᠪᠥᠷᠢᠯᠳᠥᠳᠡᠭ᠃ ᠬᠠᠮᠤᠭ ᠬᠥᠨᠳᠤ ᠨᠤᠴᠢᠳᠠᠢ ᠶᠠᠪᠤᠳᠠᠯ ᠨᠢ ᠪᠤᠯ ᠨᠤᠷᠠᠵᠤ ᠶᠡᠬᠦᠷᠡᠭᠰᠡᠨ ᠠᠴᠠ ᠭᠤᠤᠯ ᠤᠨ ᠤᠷᠤᠰᠬᠠᠯ ᠲᠠᠰᠤᠯᠤᠭᠳᠠᠨ ᠪᠥᠭᠯᠡᠷᠡᠵᠤ ᠬᠠᠰᠢᠯᠭ᠎ᠠ ᠪᠥᠷᠢᠯᠳᠥᠵᠤ᠂ ᠲᠡᠭᠡᠳᠤ ᠤᠷᠤᠰᠬᠠᠯ ᠤᠨ ᠤᠰᠤ ᠬᠤᠷᠠᠭᠰᠠᠨ ᠠᠴᠠ ᠪᠤᠯᠵᠤ᠂ ᠭᠤᠤᠯ ᠤᠨ ᠤᠰᠤ ᠪᠢᠯᠬᠠᠷᠠᠨ ᠤᠰᠤᠨ ᠤ ᠭᠠᠮᠰᠢᠬ ᠢ ᠡᠬᠦᠰᠭᠡᠳᠡᠭ᠃      ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ      ○ ᠨᠤᠷᠠᠵᠤ ᠶᠡᠬᠦᠷᠡᠭᠰᠡᠨ ᠥᠶ᠎ᠡ ᠳᠤ ᠲᠡᠷᠭᠡ ᠬᠥᠰᠭᠡ ᠨᠦᠭᠦᠳ ᠭᠢᠷ᠎ᠡ ᠬᠥᠳᠥᠯ ᠤᠨ ᠵᠠᠮ ᠠᠴᠠ ᠥᠳᠳᠥᠷ ᠲᠥᠷᠭᠡᠨ ᠢᠶᠠᠷ ᠵᠠᠶᠢᠯᠠᠨ᠎ᠠ᠃      ○ ᠨᠤᠷᠠᠵᠤ ᠶᠡᠬᠦᠷᠡᠭᠡᠳ ᠵᠠᠮ ᠮᠥᠷ ᠪᠥᠭᠯᠡᠭᠳᠡᠭᠰᠡᠨ ᠪᠤᠯ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠨ ᠲᠠᠭᠠᠭᠤᠯᠬᠤ ᠶᠢ ᠬᠦᠯᠢᠶᠡᠨ᠎ᠡ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ      ◇ ᠵᠤᠨ ᠤ ᠥᠶᠡᠷ ᠤᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠴᠠᠭ ᠠᠭᠤᠷ ᠤᠨ ᠮᠡᠳᠡᠭᠡ ᠶᠢ ᠰᠤᠨᠤᠰᠬᠤ ᠪᠠᠨ ᠠᠩᠬᠠᠷᠴᠤ᠂ ᠶᠡᠭᠡ ᠪᠤᠷᠤᠭᠠᠨ ᠤᠷᠤᠭᠰᠠᠨ ᠤ ᠲᠠᠷᠠᠭ᠎ᠠ ᠪᠤᠶᠤ ᠵᠠᠯᠭᠠᠪᠡᠷ ᠪᠤᠷᠤᠭᠠᠨ ᠤᠷᠤᠭᠰᠠᠨ ᠤ ᠲᠠᠷᠠᠭ᠎ᠠ ᠠᠭᠤᠯᠠᠷᠬᠠᠭ ᠤᠷᠤᠨ ᠤ ᠭᠤᠤ ᠵᠢᠯᠠᠭ᠎ᠠ ᠪᠠᠷ ᠠᠶᠠᠯᠠᠬᠤ ᠠᠴᠠ ᠴᠢᠳᠠᠬᠤ ᠶᠢᠨ ᠲᠤᠳᠤᠷ᠎ᠠ ᠵᠠᠶᠢᠯᠠᠬᠤ ᠭᠡᠷᠡᠭᠳᠡᠢ᠃      ◇ ᠪᠤᠷᠤᠭᠠᠨ ᠤ ᠤᠯᠠᠷᠢᠯ ᠳᠤ ᠡᠭᠴᠡ ᠬᠢᠷ᠎ᠠ ᠬᠥᠳᠥᠯ᠂ ᠠᠶᠤᠯ ᠲᠠᠢ ᠬᠠᠳᠠᠨ ᠤ ᠤᠢᠢᠷᠠᠯᠴᠠᠭ᠎ᠠ ᠵᠤᠭᠰᠤᠬᠤ ᠶᠢ ᠴᠡᠭᠡᠷᠯᠡᠨ᠎ᠡ᠃      ◇ ᠬᠤᠳᠤᠭᠤᠷ ᠪᠠᠯ᠂ ᠠᠶᠤᠯ ᠲᠠᠢ ᠬᠠᠳᠠ ᠴᠢᠯᠠᠭᠤ ᠴᠤᠬᠤᠢᠢᠵᠤ ᠰᠡᠷᠪᠠᠶᠢᠭ᠍ᠰᠡᠨ ᠭᠠᠵᠠᠷ ᠲᠤ ᠪᠤᠷᠤᠭᠠᠨ ᠠᠴᠠ ᠲᠠᠯᠳᠠᠯᠠᠵᠤ᠂ ᠠᠮᠤᠰᠬᠢᠬᠤ ᠪᠤᠶᠤ ᠶᠠᠪᠤᠵᠤ ᠪᠤᠯᠬᠤ ᠥᠭᠡᠢ᠂ ᠠᠶᠤᠯ ᠲᠠᠢ ᠬᠠᠳᠠ ᠴᠢᠯᠠᠭᠤᠨ ᠲᠡᠭᠡᠷ᠎ᠡ ᠠᠪᠠᠷᠢᠵᠤ ᠪᠤᠯᠬᠤ ᠥᠭᠡᠢ᠃      ◇ ᠠᠭᠤᠯᠠᠨ ᠤ ᠬᠢᠷ᠎ᠠ ᠬᠥᠳᠥᠯ ᠤᠨ ᠨᠠᠯᠤ ᠶᠢᠨ ᠭᠡᠮᠵᠢᠶ᠎ᠡ ᠨᠢ 45°᠎ ᠠᠴᠠ ᠶᠡᠭᠡ ᠪᠠᠶᠢᠬᠤ ᠮᠥᠷᠳᠡᠭᠡᠨ ᠥᠨᠳᠥᠷ ᠪᠤᠭᠤᠨᠢ ᠨᠢ ᠨᠡᠯᠢᠶᠡᠳ ᠵᠥᠷᠢᠶᠡᠨ ᠲᠠᠢ ᠪᠤᠶᠤ ᠠᠭᠤᠯᠠᠨ ᠤ ᠬᠢᠷ᠎ᠠ ᠬᠥᠳᠥᠯ ᠨᠢ ᠲᠤᠰᠠᠭᠠᠷᠯᠠᠭᠠᠳ ᠠᠭᠤᠯᠠᠨ ᠬᠤᠰᠢᠭᠤ ᠪᠤᠯᠤᠨ ᠬᠤᠳᠤᠭᠤᠷ ᠬᠢᠷ᠎ᠠ ᠬᠥᠳᠥᠯ ᠵᠡᠷᠭᠡ ᠶᠢᠨ ᠭᠡᠯᠪᠡᠷᠢ ᠲᠠᠢ ᠪᠤᠯᠤᠭᠰᠠᠨ ᠵᠢᠴᠢ ᠬᠢᠷ᠎ᠠ ᠬᠥᠳᠥᠯ ᠤᠨ ᠤᠷᠢᠳᠤᠭᠤᠷᠬᠢ ᠭᠡᠰᠡᠭ ᠨᠢ ᠬᠥᠨᠳᠡᠢ ᠥᠡᠭᠭᠡᠶᠢᠭᠰᠡᠨ᠂ ᠬᠢᠷ᠎ᠠ ᠬᠥᠳᠥᠯ ᠨᠢ ᠮᠡᠳᠡᠭᠳᠡᠮ᠎ᠡ ᠠᠩ ᠵᠠᠪᠰᠠᠷ ᠭᠠᠷᠤᠭᠰᠠᠨ ᠪᠠᠶᠢᠪᠠᠯ ᠴᠥᠮ ᠠᠮᠠᠷᠬᠠᠨ ᠨᠤᠷᠠᠵᠤ ᠶᠡᠬᠦᠷᠡᠬᠦ ᠪᠤᠯᠤᠨ᠎ᠠ᠃      ◇ ᠭᠡᠷᠪᠡ ᠠᠰᠬ᠎ᠠ ᠬᠠᠯᠢᠯ ᠠᠴᠠ ᠰᠢᠷᠤᠢ ᠴᠢᠯᠠᠭᠤ ᠤᠨᠠᠵᠤ ᠪᠠᠶᠢᠪᠠᠯ᠂ ᠲᠤᠤᠭᠤᠷ ᠨᠢ ᠶᠠᠪᠤᠵᠤ ᠪᠤᠯᠬᠤ ᠥᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1